— ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠪᠠᠢᠷᠢᠯᠠᠭᠤᠯᠤᠯᠲᠠ ᠡᠴᠡ ᠡᠷᠡᠯᠭᠡᠭᠯᠡᠨ ᠤᠷᠤᠭᠰᠢᠯᠠᠵᠤ ᠪᠠᠢᠭ᠎ᠠ ᠥᠪᠥᠷ ᠮᠣᠩᠭᠣᠯ ᠢ᠋ ᠬᠠᠷᠠᠬᠤᠢ
ᠬᠡᠷᠡᠭ᠌ᠯᠡᠭᠡ ᠪᠣᠯ ᠠᠵᠤ ᠠᠬᠤᠢ ᠶ᠋ᠢᠨ ᠬᠥᠭ᠌ᠵᠢᠯᠲᠡ ᠶ᠋ᠢᠨ ᠬᠦᠴᠦᠲᠡᠢ ᠬᠥᠳᠡᠯᠭᠡᠭᠦᠷ ᠮᠥᠨ᠃ ᠥᠪᠥᠷ ᠮᠣᠩᠭᠣᠯ ᠤ᠋ᠨ 2025 ᠣᠨ ᠤ᠋ 《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ》 ᠳ᠋ᠤ᠂ ᠡᠨᠡ ᠵᠢᠯ 《ᠬᠠᠩᠭᠠᠯᠭ᠎ᠠ ᠬᠡᠷᠡᠭ᠌ᠴᠡᠭᠡ ᠬᠣᠶᠠᠷ ᠲᠠᠯ᠎ᠠ ᠵᠢ ᠵᠤᠬᠢᠴᠠᠭᠤᠯᠤᠨ ᠬᠦᠴᠦᠯᠡᠬᠦ᠌ ᠵᠢ ᠪᠠᠷᠢᠮᠲᠠᠯᠠᠵᠤ᠂ ᠠᠷᠭ᠎ᠠ ᠪᠦᠬᠦᠨ ᠢ᠋ ᠰᠦᠪᠡᠭ᠌ᠴᠢᠯᠡᠨ ᠬᠡᠷᠡᠭ᠌ᠯᠡᠭᠡ ᠵᠢ ᠬᠥᠭ᠌ᠵᠢᠭᠡᠬᠦ᠌》 ᠵᠡᠷᠭᠡ 11 ᠲᠠᠯ᠎ᠠ ᠶ᠋ᠢᠨ ᠠᠵᠢᠯ ᠢ᠋ ᠭᠤᠤᠯᠳᠠᠯᠭ᠎ᠠ ᠲᠠᠶ ᠰᠠᠢᠲᠤᠷ ᠬᠢᠬᠦ᠌ ᠵᠢ ᠳᠤᠷᠠᠳᠴᠠᠢ᠃
ᠣᠢᠷ᠎ᠠ ᠶ᠋ᠢᠨ ᠡᠳᠦᠷ ᠤ᠋ᠳ ᠲᠦ᠍ ᠪᠦᠬᠦ ᠣᠷᠣᠨ ᠤ᠋ ᠡᠯ᠎ᠡ ᠭᠠᠵᠠᠷ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ ᠤ᠋ᠨ ᠬᠢᠨ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠡᠷᠡᠭ᠌ᠯᠡᠭᠡ ᠵᠢ ᠬᠥᠭ᠌ᠵᠢᠭᠡᠬᠦ᠌ 《ᠲᠥᠯᠥᠪᠵᠢᠭᠦᠯᠭᠡ ᠶ᠋ᠢᠨ ᠵᠢᠷᠤᠭ》 ᠢ᠋ ᠲᠣᠭ᠍ᠲᠠᠭᠠᠪᠠ᠃ ᠤᠯᠠᠨ ᠢ᠋ᠶ᠋ᠠᠷ ᠢ᠋ᠶ᠋ᠠᠨ ᠮᠣᠩᠭᠣᠯ ᠮᠤᠷᠢᠨ ᠤ᠋ ᠵᠣᠷᠢᠭ ᠰᠠᠨᠠᠭ᠎ᠠ ᠵᠢ ᠶᠡᠬᠡ ᠪᠡᠷ ᠪᠠᠳᠠᠷᠠᠭᠤᠯᠵᠤ᠂ ᠬᠡᠷᠡᠭ᠌ᠯᠡᠭᠡᠨ ᠤ᠋ 《ᠲᠥᠯᠥᠪᠵᠢᠭᠦᠯᠭᠡ ᠶ᠋ᠢᠨ ᠵᠢᠷᠤᠭ》 ᠢ᠋ 《ᠪᠠᠢᠯᠳᠤᠭᠠᠨ ᠤ᠋ ᠵᠢᠷᠤᠭ》᠂ 《ᠪᠣᠳᠠᠲᠤ ᠦᠵᠡᠮᠵᠢ ᠶ᠋ᠢᠨ ᠵᠢᠷᠤᠭ》 ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠵᠡᠭᠡᠨᠠ᠃
ᠬᠥᠳᠡᠯᠭᠡᠭᠦᠷ ᠢ᠋ ᠢᠲᠡᠪᠬᠢᠵᠢᠬᠥᠯᠵᠥ ᠬᠡᠷᠡᠭ᠌ᠯᠡᠭᠡᠨ ᠤ᠋ ᠠᠮᠢᠵᠢᠷᠠᠯ ᠤ᠋ᠨ ᠬᠦᠴᠦᠨ ᠢ᠋ ᠬᠥᠭ᠌ᠵᠢᠭᠡᠨᠡ
1 ᠰᠠᠷ᠎ᠠ ᠶ᠋ᠢᠨ 17 ᠤ᠋ ᠡᠳᠦᠷ ᠂ ᠬᠢᠩᠭᠠᠨ ᠠᠢᠮᠠᠭ 《ᠬᠢᠩᠭᠠᠨ ᠤ᠋ ᠴᠠᠭᠠᠨ ᠰᠠᠷ᠎ᠠ ᠶ᠋ᠢᠨ ᠪᠠᠷᠠᠭᠠᠨ ᠤ᠋ ᠨᠠᠢᠷ·ᠳᠤᠮᠳᠠᠳᠤ ᠤᠯᠤᠰ ᠤ᠋ᠨ ᠴᠠᠭᠠᠨ ᠰᠠᠷ᠎ᠠ ᠪᠠᠨ ᠪᠡᠯᠭᠡᠯᠡᠬᠦ》 ᠲᠣᠮᠣ ᠬᠡᠯᠪᠡᠷᠢ ᠶ᠋ᠢᠨ ᠴᠠᠭᠠᠨ ᠰᠠᠷ᠎ᠠ ᠶ᠋ᠢᠨ ᠪᠠᠷᠠᠭ᠎ᠠ ᠵᠢ ᠴᠤᠭ ᠵᠢᠡᠷ ᠬᠤᠳᠠᠯᠳᠤᠨ ᠠᠪᠬᠤ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ ᠪᠠ ᠣᠨᠴᠠ ᠭᠠᠷᠤᠯᠳᠠ ᠵᠢᠨ ᠪᠣᠷᠣᠯᠠᠭᠤᠯᠭ᠎ᠠ ᠬᠥᠭ᠌ᠵᠢᠶᠡᠨᠲᠡᠶ ᠶᠠᠪᠤᠭᠳᠠᠵᠠᠢ;1ᠰᠠᠷ᠎ᠠ ᠶ᠋ᠢᠨ 20 ᠤ᠋ ᠡᠳᠦᠷ᠂ ᠤᠯᠠᠭᠠᠨᠬᠠᠳᠠ ᠬᠣᠲᠠ ᠬᠡᠷ ᠤ᠋ᠨ ᠴᠠᠬᠢᠯᠭᠠᠨ ᠬᠡᠷᠡᠭ᠌ᠰᠡᠯ᠂ ᠲᠣᠭᠠᠴᠢᠯᠠᠭ᠍ᠰᠠᠨ ᠪᠦᠳᠦᠭᠡᠭᠳᠡᠬᠦᠨ ᠳ᠋ᠤ ᠨᠥᠬᠥᠪᠥᠷᠢ ᠥᠭ᠌ᠬᠦ ᠠᠵᠢᠯᠯᠠᠭ᠎ᠠ ᠵᠢ ᠡᠬᠢᠯᠡᠭᠦᠯᠵᠦ᠍᠂ ᠴᠥᠭᠡᠨ ᠪᠤᠰᠤ ᠬᠡᠷᠡᠭ᠌ᠯᠡᠭ᠌ᠴᠢᠳ ᠤ᠋ᠨ ᠠᠩᠬᠠᠷᠤᠯ ᠢ᠋ ᠲᠡᠳᠡᠪᠠ ᠁
ᠴᠠᠭᠠᠨ ᠰᠠᠷ᠎ᠠ ᠶ᠋ᠢᠨ ᠬᠡᠷᠡᠭ᠌ᠯᠡᠭᠡ ᠵᠢ ᠬᠥᠭ᠌ᠵᠢᠭᠡᠵᠦ᠍᠂ ᠬᠥᠭ᠌ᠵᠢᠯᠲᠡ ᠶ᠋ᠢᠨ ᠬᠥᠳᠡᠯᠭᠡᠭᠦᠷ ᠢ᠋ ᠢᠲᠡᠪᠬᠢᠵᠢᠬᠥᠯᠥᠨᠠ᠃ ᠪᠦᠬᠦ ᠣᠷᠣᠨ ᠤ᠋ ᠡᠯ᠎ᠡ ᠭᠠᠵᠠᠷ ᠤ᠋ᠨ ᠬᠢᠨ ᠪᠠᠶᠠᠷ ᠤ᠋ᠨ ᠡᠳᠦᠷ ᠤ᠋ᠨ ᠬᠡᠷᠡᠭ᠌ᠴᠡᠭᠡ ᠱᠠᠭᠠᠷᠳᠠᠯᠭ᠎ᠠ ᠲᠠᠶ ᠨᠢᠭ᠍ᠲᠠ ᠤᠶᠠᠯᠳᠤᠭᠤᠯᠵᠤ᠂ ᠬᠠᠩᠭᠠᠯᠭ᠎ᠠ ᠵᠢ ᠪᠠᠲᠤᠯᠠᠨ᠂ ᠬᠡᠷᠡᠭ᠌ᠯᠡᠭᠡ ᠵᠢ ᠠᠬᠢᠭᠤᠯᠵᠤ᠂ ᠲᠥᠷᠥ ᠶ᠋ᠢᠨ ᠪᠣᠳᠣᠯᠭ᠎ᠠ ᠶ᠋ᠢᠨ 《ᠬᠠᠮ ᠠᠷᠭ᠎ᠠ》 ᠭᠠᠷᠭᠠᠵᠤ᠂ ᠪᠥᠬᠥ᠌ ᠵᠢᠯ ᠤ᠋ᠨ ᠬᠡᠷᠡᠭ᠌ᠯᠡᠭᠡ ᠵᠢ ᠬᠥᠭ᠌ᠵᠢᠭᠡᠬᠦ᠌ ᠳ᠋ᠤ ᠰᠠᠢᠨ ᠰᠠᠭᠤᠷᠢ ᠲᠠᠯᠪᠢᠯ᠎ᠠ᠃
《2025 ᠣᠨ ᠳ᠋ᠤ ᠣᠷᠳᠣᠰ ᠬᠣᠲᠠ ᠬᠠᠩᠭᠠᠯᠭ᠎ᠠ ᠬᠡᠷᠡᠭ᠌ᠴᠡᠭᠡ ᠵᠢ ᠵᠤᠬᠢᠴᠠᠭᠤᠯᠤᠨ ᠬᠡᠷᠡᠭ᠌ᠯᠡᠭᠡᠨ ᠤ᠋ ᠳᠠᠯᠳᠠ ᠬᠦᠴᠦᠨ ᠢ᠋ ᠬᠥᠭ᠌ᠵᠢᠭᠡᠨᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ᠋ ᠬᠡᠷᠡᠭ᠌ᠯᠡᠭᠡ ᠶ᠋ᠢᠨ ᠵᠦᠶ᠋ᠯᠡᠰ ᠤ᠋ᠨ ᠬᠠᠭᠤᠴᠢᠨ ᠵᠢᠡᠷ ᠱᠢᠨ᠎ᠡ ᠵᠢ ᠰᠣᠯᠢᠬᠤ ᠲᠤᠰᠭᠠᠶ ᠠᠵᠢᠯᠯᠠᠭ᠎ᠠ ᠵᠢ ᠰᠠᠢᠲᠤᠷ ᠨᠠᠢᠳᠠᠪᠤᠷᠢᠵᠢᠭᠤᠯᠵᠤ᠂ ᠬᠡᠷᠡᠭ᠌ᠴᠡᠭᠡ ᠱᠠᠭᠠᠷᠳᠠᠯᠭ᠎ᠠ ᠶ᠋ᠢᠨ ᠳᠠᠯᠳᠠ ᠬᠦᠴᠦᠨ ᠢ᠋ ᠠᠭᠤᠳᠠᠯᠤᠨ᠂ ᠪᠦᠲᠦᠮᠵᠢᠲᠡᠶ ᠬᠠᠩᠭᠠᠯᠭ᠎ᠠ ᠵᠢ ᠠᠬᠢᠭᠤᠯᠤᠨ᠎ᠠ᠃ ᠠᠩᠬ᠎ᠠ ᠳᠠᠷᠬᠠᠭᠠᠬᠤ ᠠᠵᠤ ᠠᠬᠤᠶ᠂ ᠮᠥᠰᠥ᠍ ᠴᠠᠰᠤᠨ ᠤ᠋ ᠠᠵᠤ ᠠᠬᠤᠶ᠂ ᠲᠠᠪᠴᠠᠩ ᠤ᠋ᠨ ᠠᠵᠤ ᠠᠬᠤᠶ ᠵᠡᠷᠭᠡ ᠣᠯᠠᠨ ᠡᠱᠢᠵᠢᠭ᠌ᠰᠡᠨ ᠬᠡᠷᠡᠭ᠌ᠯᠡᠭᠡᠨ ᠤ᠋ ᠪᠠᠢᠳᠠᠯ ᠢ᠋ ᠥᠷᠭᠡᠳᠭᠡᠵᠦ᠍᠂ 〈ᠳᠤᠯᠠᠭᠠᠨ ᠬᠣᠲᠠ ᠶ᠋ᠢᠨ ᠪᠠᠶᠠᠰᠤᠯᠲᠤ ᠬᠤᠳᠠᠯᠳᠤᠭ᠎ᠠ〉 ᠶ᠋ᠢᠨ ᠠᠷᠠᠳ ᠲᠦ᠍ ᠠᠱᠢᠭ ᠬᠦᠷᠲᠡᠭᠡᠬᠦ᠌ ᠨᠥᠬᠥᠪᠥᠷᠢ ᠪᠡᠷ ᠬᠡᠷᠡᠭ᠌ᠯᠡᠭᠡ ᠵᠢ ᠠᠬᠢᠭᠤᠯᠬᠤ ᠱᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠤᠨ᠎ᠠ᠃ ᠠᠩᠬᠠᠨ ᠤ᠋ ᠳᠡᠯᠭᠡᠭᠦᠷ ᠬᠣᠱᠢᠭᠤᠴᠢ ᠳᠡᠯᠭᠡᠭᠦᠷ ᠢ᠋ ᠣᠷᠣᠭᠤᠯᠤᠨ ᠠᠪᠴᠢᠷᠠᠬᠤ ᠲᠥᠷᠥ ᠶ᠋ᠢᠨ ᠪᠣᠳᠣᠯᠭ᠎ᠠ ᠵᠢ ᠲᠣᠭ᠍ᠲᠠᠭᠠᠵᠤ᠂ ᠠᠩᠬᠠᠨ ᠤ᠋ ᠳᠡᠯᠭᠡᠭᠦᠷ ᠬᠣᠱᠢᠭᠤᠴᠢ ᠳᠡᠯᠭᠡᠭᠦᠷ ᠢ᠋ 30 ᠡᠴᠡ ᠳᠡᠭᠡᠭ᠌ᠰᠢ ᠣᠷᠣᠭᠤᠯᠤᠨ ᠠᠪᠴᠢᠷᠠᠵᠤ᠂ 〈ᠨᠢᠭᠡ ᠮᠥᠴᠡ〉 ᠶ᠋ᠢᠨ ᠠᠷᠠᠳ ᠲᠦ᠍ ᠲᠥᠬᠥᠮ ᠦᠵᠡᠭᠦᠯᠬᠦ᠌ ᠠᠮᠢᠳᠤᠷᠠᠯ ᠤ᠋ᠨ ᠲᠣᠭᠣᠷᠢᠭ ᠢ᠋ 35 ᠡᠴᠡ ᠳᠡᠭᠡᠭ᠌ᠰᠢ ᠱᠢᠨ᠎ᠡ ᠪᠡᠷ ᠪᠠᠢᠭᠤᠯᠤᠨ᠎ᠠ᠃ ᠲᠦᠩ ᠯᠦᠸᠧ ᠸᠠᠨ ᠠᠭᠤᠳᠠᠮ ᠲᠠᠯᠠᠪᠠᠶ᠂ ᠸᠠᠨ ᠳ᠋ᠠ ᠶ᠋ᠢᠨ ᠬᠣᠶᠠᠳᠤᠭᠠᠷ ᠬᠤᠭᠤᠴᠠᠭ᠎ᠠ ᠵᠡᠷᠭᠡ ᠪᠦᠷᠢᠨ ᠪᠠᠷᠠᠭᠠᠲᠤ ᠳᠡᠯᠭᠡᠭᠦᠷ ᠪᠠ ᠪᠠᠷᠠᠭ᠎ᠠ ᠬᠤᠳᠠᠯᠳᠤᠨ ᠠᠪᠬᠤ ᠲᠥᠪ ᠤ᠋ᠨ ᠦᠵᠡᠮᠵᠢᠳᠦ ᠲᠠᠯᠠᠪᠠᠶ ᠶ᠋ᠢᠨ ᠥᠭᠡᠷᠡᠴᠢᠯᠡᠯᠲᠡ ᠵᠢ ᠠᠬᠢᠭᠤᠯᠵᠤ᠂〈ᠳᠤᠯᠠᠭᠠᠨ ᠬᠣᠲᠠ ᠶ᠋ᠢᠨ ᠪᠠᠶᠠᠰᠤᠯᠲᠤ ᠬᠤᠳᠠᠯᠳᠤᠭ᠎ᠠ〉 ᠶ᠋ᠢᠨ ᠰᠦᠯᠵᠢᠶᠡᠨ ᠳᠡᠭᠡᠷᠡᠬᠢ ᠬᠡᠷᠡᠭ᠌ᠯᠡᠭᠡᠨ ᠤ᠋ ᠲᠠᠪᠴᠠᠩ ᠢ᠋ ᠪᠠᠢᠷᠢᠯᠠᠭᠤᠯᠤᠨ ᠬᠡᠷᠡᠭ᠌ᠯᠡᠭᠡ ᠳ᠋ᠤ ᠲᠣᠭᠠᠴᠢᠯᠠᠭ᠍ᠰᠠᠨ ᠡᠨᠧᠷᠭᠢ ᠣᠯᠭᠣᠬᠤ ᠵᠢ ᠠᠬᠢᠭᠤᠯᠵᠤ᠂ ᠮᠠᠱᠢᠨ ᠲᠡᠷᠭᠡᠨ ᠤ᠋ ᠪᠣᠷᠣᠯᠠᠭᠤᠯᠭ᠎ᠠ ᠪᠠᠷ ᠭᠤᠤᠯ ᠪᠣᠯᠭᠠᠭ᠍ᠰᠠᠨ ᠣᠷᠣᠨ ᠪᠦᠰᠡ ᠶ᠋ᠢᠨ ᠴᠢᠨᠠᠷᠲᠠᠶ ᠬᠡᠷᠡᠭ᠌ᠯᠡᠭᠡᠨ ᠤ᠋ ᠲᠥᠪ ᠬᠣᠲᠠ ᠵᠢ ᠪᠦᠳᠦᠬᠡᠨ ᠪᠠᠢᠭᠤᠯᠵᠤ᠂ ᠣᠯᠠᠨ ᠲᠠᠰ ᠳᠠᠪᠬᠤᠷᠭ᠎ᠠ ᠣᠯᠠᠨ ᠶᠠᠩᠵᠤ ᠶ᠋ᠢᠨ ᠬᠡᠷᠡᠭ᠌ᠯᠡᠭᠡᠨ ᠤ᠋ ᠱᠢᠰᠲ᠋ᠧᠮ ᠢ᠋ ᠤᠯᠠᠮ ᠨᠢᠭᠡ ᠠᠯᠬᠤᠮ ᠪᠠᠢᠭᠤᠯᠤᠨ᠎ᠠ》 ᠭᠡᠵᠦ᠍ ᠣᠷᠳᠣᠰ ᠬᠣᠲᠠ ᠶ᠋ᠢᠨ ᠬᠤᠳᠠᠯᠳᠤᠭᠠᠨ ᠤ᠋ ᠶᠠᠪᠤᠳᠠᠯ ᠤ᠋ᠨ ᠲᠣᠪᠴᠢᠶ᠎ᠠ ᠶ᠋ᠢᠨ ᠵᠠᠬ᠎ᠠ ᠳᠡᠯᠭᠡᠭᠦᠷ ᠤ᠋ᠨ ᠡᠷᠬᠢᠯᠳᠡ ᠪᠠ ᠬᠡᠷᠡᠭ᠌ᠯᠡᠭᠡ ᠵᠢ ᠠᠬᠢᠭᠤᠯᠬᠤ ᠰᠠᠯᠠᠭᠠᠨ ᠤ᠋ ᠳᠠᠷᠤᠭ᠎ᠠ ᠶ᠋ᠢᠨ ᠴᠧᠩ ᠬᠡᠯᠡᠨ᠎ᠠ᠃
ᠤᠯᠠᠭᠠᠨᠬᠠᠳᠠ ᠬᠣᠲᠠ ᠶ᠋ᠢᠨ ᠬᠤᠳᠠᠯᠳᠤᠭᠠᠨ ᠤ᠋ ᠶᠠᠪᠤᠳᠠᠯ ᠤ᠋ᠨ ᠲᠣᠪᠴᠢᠶ᠎ᠠ ᠶ᠋ᠢᠨ ᠵᠠᠬ᠎ᠠ ᠳᠡᠯᠭᠡᠭᠦᠷ ᠤ᠋ᠨ ᠡᠷᠬᠢᠯᠳᠡ ᠪᠠ ᠬᠡᠷᠡᠭ᠌ᠯᠡᠭᠡ ᠵᠢ ᠠᠬᠢᠭᠤᠯᠬᠤ ᠰᠠᠯᠠᠭᠠᠨ ᠤ᠋ ᠳᠠᠷᠤᠭ᠎ᠠ ᠵᠠᠩ ᠬᠤᠤ ᠨᠠᠨ ᠲᠠᠨᠢᠯᠴᠠᠭᠤᠯᠬᠤ ᠳ᠋ᠠᠭᠠᠨ᠂ 2025 ᠣᠨ ᠳ᠋ᠤ ᠤᠯᠠᠭᠠᠨᠬᠠᠳᠠ ᠬᠣᠲᠠ ᠤᠯᠤᠰ ᠤ᠋ᠨ ᠬᠠᠭᠤᠴᠢᠨ ᠢ᠋ᠶ᠋ᠠᠷ ᠱᠢᠨ᠎ᠡ ᠵᠢ ᠰᠣᠯᠢᠬᠤ ᠨᠥᠬᠥᠪᠥᠷᠢ ᠶ᠋ᠢᠨ ᠲᠥᠷᠥ ᠶ᠋ᠢᠨ ᠪᠣᠳᠣᠯᠭ᠎ᠠ ᠵᠢ ᠪᠥᠬᠥ᠌ ᠬᠦᠴᠦᠨ ᠢ᠋ᠶ᠋ᠡᠷ ᠢ᠋ᠶ᠋ᠡᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠠᠱᠢᠨ ᠲᠡᠷᠭᠡ ᠵᠢ ᠬᠡᠷᠡᠭ᠌ᠯᠡᠭᠡᠨ ᠡᠴᠡ ᠭᠠᠷᠭᠠᠵᠤ ᠰᠣᠯᠢᠬᠤ᠂ ᠬᠡᠷ ᠤ᠋ᠨ ᠵᠠᠰᠠᠯ ᠴᠢᠮᠡᠭ᠌ᠯᠡᠯ ᠲᠣᠭᠣᠭᠠᠨ ᠬᠡᠷ ᠪᠠ ᠵᠤᠷᠯᠤᠩ ᠢ᠋ ᠥᠭᠡᠷᠡᠴᠢᠯᠡᠨ ᠱᠢᠨᠡᠳᠭᠡᠬᠦ᠌ ᠵᠡᠷᠭᠡ ᠬᠦᠷᠢᠶᠡᠨ ᠳ᠋ᠡᠬᠢ ᠨᠥᠬᠥᠪᠥᠷᠢ ᠶ᠋ᠢᠨ ᠲᠤᠬᠠᠢ ᠬᠡᠷᠡᠭ᠌ᠵᠢᠭᠦᠯᠬᠦ᠌ ᠨᠠᠷᠢᠨ ᠲᠦᠷᠢᠮ ᠢ᠋ ᠲᠣᠭ᠍ᠲᠠᠭᠠᠨᠠ᠃ 《1 + 5 + 6 + N》 ᠱᠢᠷᠢᠰ ᠬᠡᠷᠡᠭ᠌ᠯᠡᠭᠡ ᠵᠢ ᠠᠬᠢᠭᠤᠯᠬᠤ ᠠᠵᠢᠯᠯᠠᠭ᠎ᠠ ᠶ᠋ᠢᠨ ᠶᠡᠷᠦᠩᠬᠡᠶ ᠪᠦᠲᠦᠴᠡ ᠶᠣᠰᠣᠭᠠᠷ 《ᠢᠦᠶ ᠯᠦᠩ ᠤ᠋ᠨ ᠱᠧᠩ ᠬᠣᠶ ᠵᠤᠭ᠎ᠠ ᠴᠡᠩᠭᠡᠯᠳᠦ ᠬᠡᠷᠡᠭ᠌ᠯᠡᠭᠡ》 ᠭᠡᠬᠦ᠌ ᠠᠵᠢᠯᠯᠠᠭ᠎ᠠ ᠶ᠋ᠢᠨ ᠲᠦᠷᠦᠯ ᠲᠡᠮᠳᠡᠭ ᠢ᠋ ᠡᠭᠦᠳᠴᠦ᠍᠂ ᠱᠢᠨ᠎ᠡ ᠵᠢᠯ᠂ ᠤᠷᠢᠬᠠᠨ ᠬᠠᠪᠤᠷ᠂ ᠳᠡᠯᠭᠡᠷ ᠵᠣᠨ᠂ ᠠᠯᠲᠠᠨ ᠨᠠᠮᠤᠷ᠂ ᠮᠥᠩᠭᠥᠨ ᠡᠪᠦᠯ ᠵᠡᠷᠭᠡ 5 ᠬᠡᠷᠡᠭ᠌ᠯᠡᠭᠡᠨ ᠤ᠋ ᠬᠤᠭᠤᠴᠠᠭᠠᠨᠤ ᠲᠣᠭᠣᠷᠢᠨ ᠳ᠋ᠤ ᠮᠠᠱᠢᠨ ᠲᠡᠷᠭᠡ᠂ ᠬᠡᠷ ᠤ᠋ᠨ ᠴᠠᠬᠢᠯᠭᠠᠨ ᠬᠡᠷᠡᠭ᠌ᠰᠡᠯ᠂ ᠢᠳᠡᠭᠡᠨ ᠤᠮᠳᠠᠭᠠᠨ᠂ ᠬᠡᠲᠦ ᠳᠡᠯᠭᠡᠭᠦᠷ᠂ ᠠᠩᠬ᠎ᠠ ᠲᠠᠷᠬᠠᠭᠠᠯᠳᠠ᠂ ᠮᠥᠰᠥ᠍ ᠴᠠᠰᠤ ᠵᠡᠷᠭᠡ 6 ᠭᠤᠤᠯᠳᠠᠯᠭ᠎ᠠ ᠲᠠᠶ ᠬᠦᠷᠢᠶᠡᠨ ᠳ᠋ᠤ ᠬᠡᠷᠡᠭ᠌ᠯᠡᠭᠡ ᠵᠢ ᠠᠬᠢᠭᠤᠯᠬᠤ ᠠᠵᠢᠯᠯᠠᠭ᠎ᠠ ᠵᠢ 1600 ᠲᠠᠯᠠᠪᠠᠶ ᠡᠴᠡ ᠳᠡᠭᠡᠭ᠌ᠰᠢ ᠥᠷᠨᠢᠭᠦᠯᠬᠦ᠌ ᠪᠡᠷ ᠲᠥᠯᠥᠪᠯᠡᠵᠦ᠍ ᠪᠠᠢᠨ᠎ᠠ᠃
ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠬᠡᠷᠡᠭ᠌ᠯᠡᠭᠡᠨ ᠤ᠋ ᠳᠠᠯᠳᠠ ᠬᠦᠴᠦᠨ ᠢ᠋ ᠠᠭᠤᠳᠠᠯᠤᠨ᠎ᠠ
ᠡᠭᠦᠷᠭᠡ ᠬᠠᠷᠢᠭᠤᠴᠠᠯᠭ᠎ᠠ ᠬᠥᠭ᠌ᠵᠢᠯᠲᠡ ᠶ᠋ᠢᠨ ᠴᠢᠭ᠌ᠯᠡᠯ ᠢ᠋ ᠬᠥᠲᠥᠯᠥᠨ ᠳᠠᠭᠠᠭᠤᠯᠵᠤ᠂ ᠡᠬᠦᠷᠬᠡ ᠬᠠᠷᠢᠭᠤᠴᠠᠯᠭ᠎ᠠ ᠤᠷᠤᠭ᠍ᠰᠢᠯᠠᠯᠲᠠ ᠶ᠋ᠢᠨ ᠬᠦᠴᠦᠨ ᠢ᠋ ᠨᠢᠭ᠍ᠲᠠᠷᠠᠭᠤᠯᠤᠨᠠ᠃ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠲᠡᠭᠦᠰᠦᠭ᠌ᠰᠡᠨ ᠤ᠋ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠬᠤᠶᠠᠷ ᠬᠤᠷᠠᠯ ᠤ᠋ᠨ ᠵᠤᠷᠢᠭ ᠰᠠᠨᠠᠭ᠎ᠠ ᠵᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠤ᠂ ᠲᠡᠷᠡ ᠳᠠᠷᠤᠶ ᠳ᠋ᠤᠨᠢ ᠪᠥᠬᠥ᠌ ᠺᠠᠳ᠋ᠷ ᠠᠵᠢᠯᠲᠠᠨ ᠢ᠋ ᠵᠣᠬᠢᠶᠠᠨ ᠪᠠᠢᠭᠤᠯᠤᠨ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠶ ᠰᠤᠷᠤᠯᠴᠠᠵᠤ᠂ 《ᠬᠠᠩᠭᠠᠯᠭ᠎ᠠ ᠬᠡᠷᠡᠭ᠌ᠴᠡᠭᠡ ᠬᠣᠶᠠᠷ ᠲᠠᠯ᠎ᠠ ᠵᠢ ᠵᠤᠬᠢᠴᠠᠭᠤᠯᠤᠨ ᠬᠦᠴᠦᠯᠡᠬᠦ᠌ ᠵᠢ ᠪᠠᠷᠢᠮᠲᠠᠯᠠᠵᠤ᠂ ᠠᠷᠭ᠎ᠠ ᠪᠦᠬᠦᠨ ᠢ᠋ ᠰᠦᠪᠡᠭ᠌ᠴᠢᠯᠡᠨ ᠬᠡᠷᠡᠭ᠌ᠯᠡᠭᠡ ᠵᠢ ᠬᠥᠭ᠌ᠵᠢᠭᠡᠬᠦ᠌》 ᠭᠤᠤᠯᠳᠠᠯᠭᠠᠲᠠᠶ ᠠᠵᠢᠯ ᠤ᠋ᠨ ᠲᠣᠭᠣᠷᠢᠨ ᠳ᠋ᠤ ᠠᠵᠢᠯ ᠤ᠋ᠨ ᠰᠡᠳᠭᠢᠮᠵᠢ ᠪᠠᠨ ᠱᠢᠨᠡᠴᠢᠯᠡᠨ᠂ ᠠᠵᠢᠯ ᠤ᠋ᠨ ᠠᠷᠭ᠎ᠠ ᠬᠡᠮᠵᠢᠶ᠎ᠡ ᠭᠠᠷᠭᠠᠪᠠ᠃
1 ᠰᠠᠷ᠎ᠠ ᠶ᠋ᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 2025 ᠣᠨ ᠤ᠋ ᠬᠡᠷ ᠤ᠋ᠨ ᠴᠠᠬᠢᠯᠭᠠᠨ ᠬᠡᠷᠡᠭ᠌ᠰᠡᠯ᠂ ᠲᠣᠭᠠᠴᠢᠯᠠᠭ᠍ᠰᠠᠨ ᠪᠦᠳᠦᠭᠡᠭᠳᠡᠬᠦᠨ ᠤ᠋ ᠬᠡᠷᠡᠭ᠌ᠯᠡᠭᠡ ᠳ᠋ᠤ ᠨᠥᠬᠥᠪᠥᠷᠢ ᠥᠭ᠌ᠬᠦ ᠵᠦᠶ᠋ᠯᠡᠰ ᠤ᠋ᠨ ᠠᠯᠪᠠᠨ ᠵᠠᠷ ᠨᠡᠢᠲᠡᠯᠡᠵᠦ᠍᠂ ᠤᠯᠤᠰ ᠤ᠋ᠨ ᠬᠣᠯᠪᠣᠭ᠍ᠳᠠᠯ ᠪᠥᠬᠥᠶ ᠱᠠᠭᠠᠷᠳᠠᠯᠭ᠎ᠠ ᠶᠣᠰᠣᠭᠠᠷ 1 ᠰᠠᠷ᠎ᠠ ᠶ᠋ᠢᠨ 20 ᠤ᠋ ᠡᠳᠦᠷ ᠡᠴᠡ ᠡᠬᠢᠯᠡᠨ ᠪᠢᠴᠢᠯ ᠳᠣᠯᠭᠢᠶᠠᠨᠲᠤ ᠵᠤᠤᠬ᠎ᠠ᠂ ᠤᠰᠤ ᠴᠡᠪᠡᠷᠱᠢᠭᠦᠯᠦᠭ᠌ᠴᠢ᠂ ᠠᠶᠠᠭ᠎ᠠ ᠤᠬᠢᠶᠠᠬᠤ ᠮᠠᠱᠢᠨ᠂ ᠴᠠᠬᠢᠯᠭᠠᠨ ᠲᠣᠭᠣᠭ᠎ᠠ ᠵᠡᠷᠭᠡ 4 ᠲᠥᠷᠥᠯ ᠤ᠋ᠨ ᠬᠡᠷ ᠤ᠋ᠨ ᠴᠠᠬᠢᠯᠭᠠᠨ ᠬᠡᠷᠡᠭ᠌ᠰᠡᠯ ᠠᠪᠤᠪᠠᠯ ᠬᠡᠷᠡᠭ᠌ᠯᠡᠭᠡᠨ ᠤ᠋ ᠨᠥᠬᠥᠪᠥᠷᠢ ᠬᠦᠷᠳᠡᠬᠡᠨ᠎ᠠ; ᠬᠤᠪᠢ ᠬᠥᠮᠦᠨ ᠭᠠᠷ ᠤᠲᠠᠰᠤ᠂ ᠬᠠᠪᠲᠠᠰᠤᠨ ᠺᠤᠮᠫᠢᠥ᠋ᠲ᠋ᠧᠷ᠂ ᠤᠶᠤᠨᠴᠢ ᠭᠠᠷ ᠴᠠᠭ ᠵᠡᠷᠭᠡ 3 ᠲᠥᠷᠥᠯ ᠤ᠋ᠨ ᠲᠣᠭᠠᠴᠢᠯᠠᠭ᠍ᠰᠠᠨ ᠦᠢᠯᠡᠳᠬᠦᠨ ᠤ᠋ ᠪᠠᠷᠠᠭ᠎ᠠ ᠠᠪᠬᠤ ᠳ᠋ᠤ ᠦᠨ᠎ᠡ ᠬᠠᠩᠰᠢ ᠨᠢ 6000 ᠲᠥᠭᠥᠷᠢᠭ ᠡᠴᠡ ᠬᠡᠲᠦᠷᠡᠬᠦ᠌ ᠥᠬᠡᠶ ᠦᠶ᠎ᠠ ᠳ᠋ᠤ ᠬᠤᠳᠠᠯᠳᠤᠭᠠᠨᠤ ᠱᠢᠨ᠎ᠡ ᠨᠥᠬᠥᠪᠥᠷᠢ ᠭᠥᠷᠳᠡᠬᠡᠵᠦ᠍᠂ ᠬᠥᠮᠦᠨ ᠪᠦᠷᠢ ᠳᠤ ᠲᠥᠷᠥᠯ ᠪᠦᠷᠢ ᠵᠢᠨ 1 ᠪᠠᠷᠠᠭ᠎ᠠ ᠳ᠋ᠤᠨᠢ ᠨᠥᠬᠥᠪᠥᠷᠢ ᠤᠯᠭᠤᠵᠤ᠂ ᠪᠠᠷᠠᠭ᠎ᠠ ᠪᠤᠯᠭᠠᠨ ᠳ᠋ᠤ 500 ᠲᠦᠬᠦᠷᠢᠭ ᠡᠴᠡ ᠳᠠᠪᠠᠭᠤᠯᠬᠤ ᠦᠬᠡᠢ᠃
ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠬᠠᠮᠢᠶ᠎ᠠ ᠪᠥᠬᠥᠶ ᠰᠠᠯᠠᠭᠠᠨ ᠤ᠋ ᠬᠠᠷᠢᠭᠤᠴᠠᠯᠭᠠᠲᠠᠨ ᠲᠠᠨᠢᠯᠴᠠᠭᠤᠯᠬᠤ ᠳ᠋ᠠᠭᠠᠨ᠄ 《ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠡᠴᠡ ᠤᠯᠤᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠬᠡᠷᠡᠭ᠌ᠯᠡᠭᠡ ᠵᠢ ᠬᠥᠭ᠌ᠵᠢᠭᠡᠬᠦ᠌ ᠲᠤᠰᠭᠠᠶ ᠠᠵᠢᠯᠯᠠᠭ᠎ᠠ ᠶ᠋ᠢᠨ ᠪᠠᠢᠷᠢᠯᠠᠭᠤᠯᠤᠯᠲᠠ ᠵᠢ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠡᠬᠢ ᠪᠦᠬᠡᠮ ᠲᠠᠧᠠᠷ ᠤ᠋ᠨ ᠬᠡᠷᠡᠭ᠌ᠯᠡᠭᠡ ᠵᠢ ᠠᠬᠢᠭᠤᠯᠬᠤ ᠲᠤᠬᠠᠶ ᠱᠠᠭᠠᠷᠳᠠᠯᠭ᠎ᠠ ᠳ᠋ᠤ ᠠᠩᠬᠠᠷᠤᠯ ᠵᠢᠡᠨ ᠲᠦᠪᠯᠡᠷᠡᠬᠦᠯᠵᠤ᠂ ᠬᠡᠷᠡᠭ᠌ᠯᠡᠭᠡ ᠶ᠋ᠢᠨ ᠲᠠᠰ ᠳᠡᠪᠱᠢᠬᠦ᠌ ᠬᠠᠨᠳᠤᠰᠢ ᠳ᠋ᠤ ᠵᠣᠬᠢᠴᠠᠭᠤᠯᠤᠨ᠂ 2025 ᠣᠨ ᠤ᠋ ᠬᠡᠷᠡᠭ᠌ᠯᠡᠭᠡ ᠶ᠋ᠢᠨ ᠵᠦᠶ᠋ᠯᠡᠰ ᠤ᠋ᠨ ᠬᠠᠭᠤᠴᠢᠨ ᠵᠢᠡᠷ ᠱᠢᠨ᠎ᠡ ᠵᠢ ᠰᠣᠯᠢᠬᠤ ᠠᠵᠢᠯ ᠢ᠋ ᠭᠤᠤᠯᠳᠠᠯᠭ᠎ᠠ ᠲᠠᠶ ᠬᠡᠷᠡᠭ᠌ᠵᠢᠭᠦᠯᠵᠦ᠍᠂ ᠲᠤᠬᠠᠶ ᠶ᠋ᠢᠨ ᠭᠠᠵᠠᠷ ᠣᠷᠣᠨ ᠤ᠋ ᠪᠤᠳᠠᠳᠤ ᠪᠠᠢᠳᠠᠯ ᠳ᠋ᠤ ᠳᠣᠭᠢᠷᠠᠭᠤᠯᠤᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠲᠣᠭ᠍ᠲᠠᠭᠠᠨ᠂ ᠨᠥᠬᠥᠪᠥᠷᠢ ᠭᠤᠶᠤᠴᠢᠯᠠᠨ ᠠᠪᠬᠤ ᠲᠠᠰ ᠳᠠᠷᠠᠭᠠᠯᠠᠯ ᠢ᠋ ᠳᠥᠭᠥᠮᠴᠢᠯᠡᠵᠤ᠂ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠣᠶᠤᠨᠴᠢ ᠬᠡᠷ ᠤ᠋ᠨ ᠴᠠᠬᠢᠯᠭᠠᠨ ᠬᠡᠷᠡᠭ᠌ᠰᠡᠯ ᠬᠡᠷ ᠤ᠋ᠨ ᠡᠳ᠋ᠯᠡᠯ ᠬᠡᠷᠡᠭ᠌ᠰᠡᠯ᠂ ᠲᠣᠭᠠᠴᠢᠯᠠᠭ᠍ᠰᠠᠨ ᠦᠢᠯᠡᠳᠬᠦᠨ ᠮᠡᠳᠤ ᠵᠢᠨ ᠬᠡᠷᠡᠭ᠌ᠯᠡᠭᠡᠨ ᠤ᠋ ᠳᠠᠯᠳᠠ ᠬᠦᠴᠦᠨ ᠢ᠋ ᠪᠦᠲᠦᠮᠵᠢᠲᠡᠶ ᠬᠥᠭ᠌ᠵᠢᠭᠡᠵᠦ᠍᠂ ᠱᠢᠨ᠎ᠡ ᠡᠨᠧᠷᠭᠢ ᠶ᠋ᠢᠨ ᠮᠠᠱᠢᠨ ᠲᠡᠷᠭᠡ ᠰᠣᠯᠢᠬᠤ᠂ ᠬᠡᠷ ᠤ᠋ᠨ ᠴᠠᠬᠢᠯᠭᠠᠨ ᠬᠡᠷᠡᠭ᠌ᠰᠡᠯ ᠢ᠋ᠶ᠋ᠡᠨ ᠣᠶᠤᠨᠴᠢ ᠴᠠᠬᠢᠯᠭᠠᠨ ᠬᠡᠷᠡᠭᠰᠡᠯ ᠢ᠋ᠶ᠋ᠡᠷ ᠰᠣᠯᠢᠬᠤ᠂ ᠬᠡᠷ ᠤ᠋ᠨ ᠵᠠᠰᠠᠯ ᠴᠢᠮᠡᠭᠯᠡᠯ ᠲᠣᠭᠣᠭᠠᠨ ᠬᠡᠷᠪᠠ ᠵᠤᠷᠯᠤᠩ ᠢ᠋ᠶ᠋ᠡᠨ ᠵᠠᠰᠠᠨ ᠰᠢᠨᠡᠳᠬᠡᠬᠦ ᠵᠢ ᠨᠢ ᠬᠦᠴᠦᠯᠡᠨ ᠠᠬᠢᠭᠤᠯᠤᠨ᠎ᠠ》 ᠭᠡᠵᠡᠢ᠃
《ᠪᠢᠳᠡ ᠨᠢᠭᠡᠨᠲᠡ 〈ᠥᠪᠡᠷᠲᠡᠭᠡᠨ ᠵᠠᠰᠠᠬᠤ ᠣᠷᠣᠨ ᠤ᠋ 2025 ᠣᠨ ᠳ᠋ᠤ ᠶᠡᠬᠡ ᠬᠡᠪᠴᠢᠶᠡᠨ ᠤ᠋ ᠲᠣᠨᠣᠭ ᠲᠥᠬᠥᠭᠡᠷᠦᠮᠵᠢ ᠵᠢ ᠱᠢᠨᠡᠳᠭᠡᠬᠦ᠌ ᠪᠠ ᠬᠡᠷᠡᠭ᠌ᠯᠡᠭᠡᠨ ᠤ᠋ ᠵᠦᠶ᠋ᠯᠡᠰ ᠤ᠋ᠨ ᠬᠠᠭᠤᠴᠢᠨ ᠵᠢᠡᠷ ᠱᠢᠨ᠎ᠡ ᠵᠢ ᠰᠣᠯᠢᠬᠤ ᠲᠥᠷᠥ ᠶ᠋ᠢᠨ ᠪᠣᠳᠣᠯᠭ᠎ᠠ ᠵᠢ ᠬᠦᠴᠦᠯᠡᠨ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ〉 ᠢ᠋ ᠰᠤᠳᠤᠯᠤᠨ ᠲᠤᠭᠤᠷᠪᠢᠵᠤ᠂ ᠲᠣᠨᠣᠭ ᠲᠥᠬᠥᠭᠡᠷᠦᠮᠵᠢ ᠵᠢ ᠱᠢᠨᠡᠳᠭᠡᠬᠦ᠌ ᠵᠢ ᠬᠦᠴᠦᠯᠡᠨ ᠠᠬᠢᠭᠤᠯᠬᠤ᠂ ᠬᠡᠷᠡᠭ᠌ᠯᠡᠭᠡᠨ ᠤ᠋ ᠵᠦᠶ᠋ᠯᠡᠰ ᠤ᠋ᠨ ᠬᠠᠭᠤᠴᠢᠨ ᠵᠢᠡᠷ ᠱᠢᠨ᠎ᠡ ᠵᠢ ᠰᠣᠯᠢᠬᠤ ᠵᠢ ᠥᠷᠭᠡᠳᠭᠡᠨ ᠳᠡᠮᠵᠢᠬᠦ᠌᠂ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠱᠢᠭ᠍ᠯᠠᠬᠤ ᠲᠦᠪᠰᠢᠨ ᠢ᠋ ᠲᠦᠷᠭᠡᠳᠭᠡᠨ ᠳᠡᠭᠡᠭ᠌ᠰᠢᠯᠡᠭᠦᠯᠬᠦ᠌ ᠵᠡᠷᠭᠡ ᠲᠠᠯ᠎ᠠ ᠪᠡᠷ ᠬᠢ ᠬᠠᠮᠢᠶ᠎ᠠ ᠪᠥᠬᠥᠶ ᠭᠤᠤᠯᠳᠠᠯᠭ᠎ᠠ ᠲᠠᠶ ᠡᠭᠦᠷᠭᠡ ᠵᠢᠴᠢ ᠠᠵᠢᠯ ᠤ᠋ᠨ ᠬᠤᠪᠢᠶᠠᠷᠢᠯᠠᠯ ᠢ᠋ ᠲᠣᠬᠢᠷᠠᠭᠤᠯᠤᠨ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ 2025 ᠣᠨ ᠳ᠋ᠤ ᠬᠡᠪᠴᠢᠶ᠎ᠡ ᠵᠢ ᠥᠷᠭᠡᠳᠭᠡᠨ 〈ᠬᠣᠶᠠᠷ ᠱᠢᠨ᠎ᠡ〉 ᠵᠢᠨ ᠲᠥᠷᠥ ᠶ᠋ᠢᠨ ᠪᠣᠳᠣᠯᠭ᠎ᠠ ᠵᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠵᠢ ᠦᠨᠡᠨ ᠬᠦ᠌ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠭᠠᠵᠠᠷ ᠤ᠋ᠨ ᠳᠠᠷᠤᠭ᠎ᠠ ᠸᠠᠩ ᠶᠧ ᠲᠠᠨᠢᠯᠴᠠᠭᠤᠯᠤᠨ᠎ᠠ᠃
2025 ᠣᠨ ᠳ᠋ᠤ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠡᠷᠡᠭ᠌ᠯᠡᠭᠡ ᠶ᠋ᠢᠨ ᠬᠦᠷᠢᠶᠡᠨ ᠳ᠋ᠡᠬᠢ ᠲᠣᠪᠣᠢᠮ᠎ᠠ ᠠᠰᠠᠭᠤᠳᠠᠯ ᠢ᠋ ᠪᠥᠬᠥ᠌ ᠲᠠᠯ᠎ᠠ ᠪᠠᠷ ᠵᠠᠰᠠᠵᠤ᠂ ᠠᠮᠤᠷ ᠲᠦᠪᠱᠢᠨ ᠪᠥᠭᠡᠳ ᠦᠨᠡᠨᠴᠢ ᠢᠲᠡᠭᠡᠮᠵᠢᠲᠡᠶ ᠬᠡᠷᠡᠭ᠌ᠯᠡᠭᠡ ᠶ᠋ᠢᠨ ᠣᠷᠴᠢᠨ ᠨᠥᠬᠥᠴᠡᠯ ᠢ᠋ ᠬᠦᠴᠦᠯᠡᠨ ᠪᠣᠶ ᠪᠣᠯᠭᠠᠬᠤ ᠪᠡᠷ 3 ᠲᠠᠯ᠎ᠠ ᠵᠢᠨ ᠠᠵᠢᠯ ᠢ᠋ ᠰᠠᠢᠳᠤᠷ ᠬᠢᠬᠦ ᠪᠤᠯᠤᠨ᠎ᠠ᠃ ᠡᠩ ᠲᠡᠷᠢᠭᠦᠨ ᠳ᠋ᠤ ᠪᠠᠷᠢᠮᠵᠢᠶ᠎ᠠ ᠪᠠᠷ ᠬᠡᠷᠡᠭ᠌ᠯᠡᠭᠡᠨ ᠤ᠋ ᠬᠡᠪᠴᠢᠶ᠎ᠡ ᠵᠢ ᠥᠷᠭᠡᠳᠭᠡᠨ ᠲᠡᠰ ᠳᠡᠪᠱᠢᠭᠦᠯᠬᠦ ᠵᠢ ᠬᠦᠳᠦᠯᠦᠨ ᠳᠠᠭᠠᠭᠤᠯᠤᠨ᠎ᠠ; ᠲᠠᠷᠠᠭ᠎ᠠ ᠨᠢ ᠵᠣᠷᠢᠭ ᠱᠢᠭᠤᠳᠤᠨ ᠬᠡᠷᠡᠭ᠌ᠯᠡᠭᠡᠨ ᠤ᠋ ᠬᠦᠷᠢᠶᠡᠨ ᠤ᠋ ᠬᠦᠴᠢᠷ ᠲᠦᠪᠡᠭ ᠲᠠᠢ ᠠᠰᠠᠭᠤᠳᠠᠯ ᠢ᠋ ᠱᠢᠢᠳᠪᠦᠷᠢᠯᠡᠨᠡ; ᠳᠠᠬᠢᠪᠠᠯ᠂ ᠬᠡᠷᠡᠭ᠌ᠯᠡᠭᠴᠢᠳ ᠤ᠋ᠨ ᠬᠠᠥᠯᠢ ᠶᠤᠰᠤᠨ ᠤ᠋ ᠡᠷᠬᠡ ᠠᠰᠢᠬ ᠵᠢᠡᠨ ᠬᠠᠮᠠᠭᠠᠯᠠᠬᠤ ᠠᠵᠢᠯ ᠤ᠋ᠨ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ ᠪᠡᠷ ᠪᠤᠢ᠃