ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ 《ᠪᠦᠰᠡᠯᠡᠯᠳᠡ ᠱᠢᠪᠲᠤᠯᠬᠤ》 ᠶ᠋ᠢ ᠬᠦᠴᠦᠯᠡᠨ ᠠᠬᠢᠭᠤᠯᠵᠤ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠲᠦᠷᠭᠡᠳᠭᠡᠨ ᠪᠣᠢᠵᠢᠭᠤᠯᠤᠨ ᠬᠥᠭ᠌ᠵᠢᠭᠦᠯᠦᠨ᠎ᠡ
2025-01-26 10:45:22
ᠵᠣᠬᠢᠶᠠᠭ᠍ᠴᠢ᠄
ᠪᠠᠢ ᠯᠢᠶᠠᠨ ᠮᠧᠢ ᠭᠠᠩ ᠯᠢᠦ ᡁᠢ ᠱᠢᠶᠠᠨ ᠮᠠ ᠹᠠᠩ ᠵᠤᠤ ᠨᠠ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠪᠠᠢᠷᠢᠯᠠᠭᠤᠯᠤᠯᠲᠠ ᠡᠴᠡ ᠡᠷᠡᠯᠬᠡᠭᠯᠡᠨ ᠤᠷᠤᠭᠰᠢᠯᠠᠵᠦ ᠪᠠᠢᠭ᠎ᠠ ᠥᠪᠥᠷ ᠮᠣᠩᠭᠣᠯ ᠢ᠋ ᠬᠠᠷᠠᠬᠤᠢ


ᠱᠢᠨ᠎ᠡ ᠵᠢ ᠡᠭᠦᠳᠬᠦ᠌ ᠪᠡᠷ ᠬᠥᠭ᠌ᠵᠢᠯᠲᠡ ᠵᠢ ᠬᠥᠲᠥᠯᠥᠨ ᠳᠠᠭᠠᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠢᠡᠷ ᠢᠷᠡᠭᠡᠳᠦᠶ ᠵᠢ ᠴᠣᠭ᠍ᠴᠠᠯᠠᠨ᠎ᠠ᠃ ᠥᠪᠥᠷ ᠮᠣᠩᠭᠣᠯ ᠤ᠋ᠨ 2025 ᠣᠨ ᠤ᠋ 《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ》 ᠳ᠋ᠤ᠂ ᠡᠨᠡ ᠵᠢᠯ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 〈ᠪᠦᠰᠡᠯᠡᠯᠳᠡ ᠱᠢᠪᠲᠤᠯᠬᠤ〉 ᠢᠨᠵᠧᠨᠧᠷᠢᠩ ᠢ᠋ ᠦᠷᠭᠦᠯᠵᠢᠯᠡᠨ ᠠᠬᠢᠭᠤᠯᠵᠤ᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠲᠦᠷᠭᠡᠳᠭᠡᠨ ᠬᠥᠭ᠌ᠵᠢᠭᠦᠯᠬᠦ᠌》 ᠵᠡᠷᠭᠡ 11 ᠲᠠᠯ᠎ᠠ ᠶ᠋ᠢᠨ ᠠᠵᠢᠯ ᠢ᠋ ᠭᠤᠤᠯᠳᠠᠯᠭ᠎ᠠ ᠲᠠᠶ ᠰᠠᠢᠲᠤᠷ ᠬᠢᠬᠦ᠌ ᠬᠡᠷᠡᠭ᠌ᠲᠡᠶ ᠭᠡᠵᠦ᠍ ᠳᠤᠷᠠᠳᠴᠠᠶ᠃

ᠤᠢ᠍ᠢᠷ᠎ᠠ ᠶ᠋ᠢᠨ ᠡᠳᠦᠷ ᠤ᠋ᠳ ᠲᠦ᠍ ᠪᠦᠬᠦ᠌ ᠣᠷᠣᠨ ᠤ᠋ ᠡᠯ᠎ᠡ ᠭᠠᠵᠠᠷ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠤ᠋ᠨ ᠬᠢᠨ ᠴᠠᠭ ᠢ᠋ ᠠᠮᠵᠢᠨ ᠥᠷᠯᠥᠭᠡ ᠦᠳᠡᠰᠢ ᠵᠢ ᠲᠡᠮᠡᠴᠡᠬᠦ᠌ ᠡᠷᠴᠢ ᠵᠣᠷᠢᠭ ᠢ᠋ᠶ᠋ᠠᠷ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠴᠢᠳᠠᠪᠤᠷᠢᠲᠠᠨ ᠢ᠋ ᠨᠢᠭᠡ ᠴᠤᠬ᠍ᠴᠠᠵᠢᠭᠤᠯᠤᠨ ᠬᠥᠭ᠌ᠵᠢᠭᠦᠯᠬᠦ ᠵᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠡᠷ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲᠸᠮ ᠤ᠋ᠨ ᠪᠠᠢᠭᠤᠯᠤᠯᠲᠠ ᠵᠢ ᠬᠦᠳᠦᠯᠦᠨ ᠳᠠᠭᠠᠭᠤᠯᠵᠤ᠂ ᠴᠢᠨᠠᠷ ᠰᠠᠢᠲᠠᠢ ᠬᠥᠭ᠌ᠵᠢᠯᠲᠡ ᠳ᠋ᠤ ᠬᠦᠴᠦᠨ ᠨᠡᠮᠡᠷᠢᠯᠡᠬᠦ ᠪᠡᠷ ᠬᠦᠴᠦᠯᠡᠨ ᠠᠵᠢᠯᠯᠠᠵᠦ ᠪᠤᠢ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ 《ᠪᠦᠰᠡᠯᠡᠯᠳᠡ ᠱᠢᠪᠲᠤᠯᠬᠤ》 ᠵᠢ ᠠᠬᠢᠭᠤᠯᠵᠤ ᠱᠢᠨ᠎ᠡ ᠵᠢ ᠡᠭᠦᠳᠬᠦ᠌ ᠠᠮᠢᠵᠢᠷᠠᠯ ᠤ᠋ᠨ ᠬᠦᠴᠦᠨ ᠢ᠋ ᠦᠷᠭᠦᠯᠵᠢᠯᠡᠨ ᠬᠥᠭ᠌ᠵᠢᠭᠡᠨ᠎ᠠ

ᠬᠠᠷᠠᠯᠲᠠ ᠨᠢᠬᠡᠨᠳᠡ ᠲᠤᠳᠤᠷᠬᠠᠢ ᠪᠤᠯᠵᠤ᠂ ᠴᠤᠬᠤᠮ ᠶᠠᠭᠠᠬᠢᠵᠤ ᠪᠣᠳᠠᠲᠠᠶ ᠬᠢᠬᠦ᠌ ᠪᠤᠢ? ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ ᠦᠳᠲᠡᠷ ᠲᠦᠷᠭᠡᠨ ᠬᠥᠳᠡᠯᠦᠯᠴᠡᠯ᠎ᠠ᠃ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ ᠵᠠᠩ ᠸᠧᠨ ᠲᠤᠤ ᠵᠢᠨ ᠲᠠᠨᠢᠯᠴᠠᠭᠤᠯᠤᠭᠰᠠᠨ ᠵᠢᠡᠷ᠂ ᠎ᠲᠤᠰ ᠲᠢᠩᠬᠢᠮ ᠤᠯᠤᠰ ᠤ᠋ᠨ ᠴᠢᠬᠤᠯᠠ ᠶᠡᠬᠡ ᠪᠠᠢᠯᠳᠤᠬᠤ ᠪᠣᠳᠣᠯᠭ᠎ᠠ ᠶ᠋ᠢᠨ ᠬᠡᠷᠡᠭ᠌ᠴᠡᠭᠡ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠯᠲᠡ ᠶ᠋ᠢᠨ ᠪᠣᠳᠠᠲᠤ ᠪᠠᠢᠳᠠᠯ ᠲᠠᠶ ᠨᠢᠭ᠍ᠲᠠ ᠤᠶᠠᠯᠳᠤᠭᠤᠯᠤᠨ᠂ ᠪᠠᠷᠠᠯᠠᠯᠳᠤ ᠰᠡᠳᠬᠢᠬᠦᠢ ᠪᠠ ᠱᠢᠰᠲ᠋ᠧᠮᠵᠢᠭ᠌ᠰᠡᠨ ᠤᠢᠯᠠᠭᠠᠭᠳᠠᠬᠤᠨ ᠵᠢᠡᠷ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠨ᠎ᠠ᠃ ᠭᠣᠣᠯᠳᠠᠯᠭ᠎ᠠ ᠲᠠᠶ ᠬᠦᠷᠢᠶᠡᠨ ᠳ᠋ᠤ ᠠᠩᠬᠠᠷᠤᠯ ᠢ᠋ᠶ᠋ᠠᠨ ᠲᠥᠪᠯᠡᠷᠡᠭᠦᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠡᠯᠡᠯᠳᠡ ᠰᠢᠪᠳᠤᠯᠬᠤ》 ᠪᠠᠢᠷᠢ ᠴᠡᠭ ᠢ᠋ ᠣᠨᠣᠪᠴᠢᠲᠠᠢ ᠪᠠᠢᠷᠢᠱᠢᠭᠤᠯᠵᠤ᠂ ᠵᠣᠬᠢᠶᠠᠮᠠᠯ ᠤᠶᠤᠨ ᠴᠢᠳᠠᠪᠤᠷᠢ + ᠂ ᠤᠢᠷ᠎ᠠ ᠤᠭᠳᠠᠷᠭᠤᠢ ᠶ᠋ᠢᠨ ᠠᠵᠤ ᠠᠬᠤᠢ᠂ ᠠᠮᠢᠳᠤ ᠪᠣᠳᠠᠰ ᠤ᠋ᠨ ᠮᠡᠷᠭᠡᠵᠢᠯ ᠵᠡᠷᠭᠡ ᠬᠣᠱᠢᠭᠤᠷᠠᠯ ᠬᠦᠷᠢᠶ᠎ᠠ ᠵᠢᠨ ᠲᠣᠭᠣᠷᠢᠨ ᠳ᠋ᠤ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠣᠭᠣᠮᠲᠠ ᠱᠢᠪᠲᠤᠯᠬᠤ ᠡᠭᠦᠷᠭᠡ ᠵᠢ ᠱᠢᠨ᠎ᠡ ᠪᠡᠷ ᠪᠠᠢᠷᠢᠱᠢᠭᠤᠯᠤᠨ᠎ᠠ᠃ ᠪᠦᠬᠦ᠌ ᠬᠡᠯᠬᠢᠶ᠎ᠡ ᠪᠡᠷ ᠲᠥᠯᠥᠪᠵᠢᠭᠦᠯᠬᠦ ᠵᠢ ᠴᠢᠩᠭᠠᠳᠭᠠᠨ᠂ ᠲᠥᠪ ᠪᠠ ᠣᠷᠣᠨ ᠨᠤᠲᠤᠭ ᠬᠠᠮᠵᠢᠯᠴᠠᠬᠤ᠂ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠬᠦ᠌ ᠪᠠ ᠡᠬᠢ ᠪᠠᠶᠠᠯᠢᠭ ᠢ᠋ ᠨᠡᠢᠳᠭᠡᠬᠦ ᠵᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠡᠯᠡᠯᠲᠡ ᠱᠢᠪᠲᠤᠯᠬᠤ》 ᠠᠵᠢᠯ ᠳ᠋ᠤ ᠡᠷᠲᠡᠬᠡᠨ ᠦᠷ᠎ᠡ ᠪᠦᠲᠦᠭᠡᠯ ᠭᠠᠷᠭᠠᠵᠤ᠂ ᠲᠤᠮᠤ ᠦᠷ᠎ᠡ ᠪᠦᠲᠦᠭᠡᠯ ᠭᠠᠷᠭᠠᠬᠤ ᠵᠢ ᠠᠬᠢᠭᠤᠯᠤᠨ᠎ᠠ᠃ ᠱᠢᠨ᠎ᠡ ᠵᠢ ᠡᠭᠦᠳᠬᠦ᠌ ᠲᠠᠪᠴᠠᠩ ᠤ᠋ᠨ ᠪᠠᠢᠭᠤᠯᠤᠯᠲᠠ ᠵᠢ ᠴᠢᠩᠭᠠᠷᠠᠭᠤᠯᠤᠨ᠂ ᠣᠲᠣ ᠶ᠋ᠢᠨ ᠪᠠᠢᠭ᠎ᠠ ᠤᠯᠤᠰ ᠤ᠋ᠨ ᠲᠠᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠱᠢᠨ᠎ᠡ ᠵᠢ ᠡᠭᠦᠳᠬᠦ᠌ ᠲᠠᠪᠴᠠᠩ ᠢ᠋ ᠪᠠᠢᠭᠤᠯᠤᠨ ᠬᠦᠴᠦᠷᠬᠡᠭ᠌ᠵᠢᠭᠦᠯᠵᠦ᠍᠂ 《ᠮᠸᠩ ᠺᠸ ᠵᠢᠤᠢ》 ᠲᠠᠪᠴᠠᠩ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠦᠷ᠎ᠡ ᠪᠦᠲᠦᠭᠡᠯ ᠢ᠋ ᠤᠯᠠᠷᠢᠭᠤᠯᠬᠤ ᠵᠢ ᠠᠬᠢᠭᠤᠯᠤᠨ᠎ᠠ᠃ ᠴᠢᠳᠠᠪᠤᠷᠢᠲᠠᠨ ᠢ᠋ᠶ᠋ᠠᠷ ᠬᠥᠳᠡᠯᠭᠡᠭᠦᠷ ᠪᠣᠯᠭᠠᠬᠤ ᠵᠢ ᠴᠢᠩᠭᠠᠳᠭᠠᠵᠤ᠂ 《ᠴᠢᠳᠠᠪᠤᠷᠢᠲᠠᠨ ᠢ᠋ᠶ᠋ᠠᠷ ᠥᠪᠥᠷ ᠮᠣᠩᠭᠣᠯ ᠵᠢᠡᠨ ᠮᠠᠨᠳᠤᠭᠤᠯᠬᠤ》 ᠢᠨᠵᠧᠨᠧᠷᠢᠩ ᠳ᠋ᠤ ᠬᠦᠴᠦᠨ ᠨᠡᠮᠡᠷᠢᠯᠡᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭ᠎ᠠ ᠶ᠋ᠢᠨ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠳᠠᠬᠢᠨ ᠢ᠋ᠶ᠋ᠠᠷ ᠨᠡᠮᠡᠭ᠌ᠳᠡᠬᠦᠯᠬᠦ ᠲᠥᠯᠥᠪᠯᠡᠭᠡ》 ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠠᠬᠢᠭᠤᠯᠵᠤ᠂ ᠱᠢᠨ᠎ᠡ ᠵᠢ ᠡᠭᠦᠳᠬᠦ᠌ ᠬᠦᠴᠦᠨ ᠵᠦᠶ᠋ᠯ ᠢ᠋ ᠬᠥᠲᠥᠯᠥᠨ ᠵᠢᠯᠣᠭᠣᠳᠴᠤ᠌ ᠪᠠᠢᠭᠠᠳ ᠥᠪᠥᠷ ᠮᠣᠩᠭᠣᠯ ᠳ᠋ᠤ ᠲᠥᠪᠯᠡᠷᠡᠭᠦᠯᠦᠨ᠎ᠡ᠃ ᠡᠭᠦᠨ ᠤ᠋ ᠬᠠᠮᠲᠤ ᠤᠯᠠᠨ ᠤᠯᠤᠰ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍᠂ 《ᠨᠢᠭᠡ ᠪᠦᠰᠡ ᠨᠢᠭᠡ ᠵᠠᠮ》 ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠠᠵᠢᠯᠯᠠᠭᠠᠨ ᠤ᠋ ᠲᠥᠯᠥᠪᠯᠡᠭᠡ ᠳ᠋ᠤ ᠠᠭᠤᠰᠤᠯᠴᠠᠭᠤᠯᠤᠨ᠎ᠠ᠃ 《1 + 7》 ᠵᠢᠨ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠲᠥᠷᠥ ᠶ᠋ᠢᠨ ᠪᠣᠳᠣᠯᠭ᠎ᠠ ᠶ᠋ᠢᠨ ᠱᠢᠰᠲ᠋ᠧᠮ ᠢ᠋ ᠨᠠᠢᠳᠠᠪᠤᠷᠢᠵᠢᠭᠤᠯᠤᠨ᠂ ᠵᠠᠰᠠᠭ ᠤ᠋ᠨ ᠣᠷᠳᠣᠨ ᠤ᠋ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠣᠷᠣᠭᠤᠯᠤᠯᠲᠠ ᠶ᠋ᠢᠨ ᠵᠠᠢᠯᠠᠰᠢ ᠥᠬᠡᠶ ᠨᠡᠮᠡᠭ᠌ᠳᠡᠯ ᠤ᠋ᠨ ᠲᠣᠭ᠍ᠲᠠᠴᠠ ᠵᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠢᠯᠠᠯ ᠤ᠋ᠨ ᠰᠤᠳᠤᠯᠤᠨ ᠨᠡᠭᠡᠭᠡᠬᠦ᠌ ᠣᠷᠣᠭᠤᠯᠤᠯᠲᠠ ᠪᠠᠨ ᠨᠡᠮᠡᠭ᠌ᠳᠡᠭᠦᠯᠬᠦ ᠵᠢ ᠬᠥᠲᠥᠯᠦᠨ ᠵᠢᠯᠣᠭᠣᠳᠴᠤ᠌᠂ ᠪᠠᠯᠠ ᠬᠤᠷᠠᠮᠳᠤᠭᠤᠯᠬᠤ ᠠᠷᠭ᠎ᠠ ᠵᠠᠮ ᠢ᠋ ᠱᠢᠯᠤᠭᠤᠳᠭᠠᠬᠤ ᠪᠤᠯᠤᠨ᠎ᠠ᠃

ᠠᠵᠢᠯᠲᠠᠨ ᠠᠵᠢᠯᠴᠢᠨ ᠤ᠋ ᠱᠢᠨ᠎ᠡ ᠵᠢ ᠡᠭᠦᠳᠬᠦ ᠵᠢ ᠰᠠᠢᠲᠤᠷ ᠠᠳᠭᠤᠬᠤ ᠪᠣᠯ ᠠᠵᠢᠯᠴᠢᠨ ᠤ᠋ ᠡᠪᠯᠡᠯ ᠤ᠋ᠨ ᠵᠣᠬᠢᠶᠠᠨ ᠪᠠᠢᠭᠤᠯᠤᠯᠲᠠ ᠶ᠋ᠢᠨ ᠦᠪᠡᠷᠳᠡᠬᠡᠨ ᠵᠠᠰᠠᠬᠤ ᠤᠷᠤᠨ ᠤ᠋ ᠬᠣᠶᠠᠷ ᠶᠡᠬᠡ ᠶᠠᠪᠤᠳᠠᠯ ᠢ᠋ ᠰᠠᠢᠲᠤᠷ ᠪᠡᠶᠡᠯᠡᠭᠦᠯᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠡᠯᠡᠯᠲᠡ ᠱᠢᠪᠲᠤᠯᠬᠤ》 ᠢᠨᠵᠧᠨᠧᠷᠢᠩ ᠢ᠋ ᠨᠠᠢᠳᠠᠪᠤᠷᠢᠵᠢᠭᠤᠯᠬᠤ ᠳ᠋ᠤ ᠬᠦᠴᠦᠨ ᠨᠡᠮᠡᠷᠢᠯᠡᠬᠦ᠌ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠤ᠋ᠨ ᠠᠵᠤ ᠠᠬᠤᠢ ᠶ᠋ᠢᠨ ᠭᠠᠵᠠᠷ ᠤ᠋ᠨ ᠳᠠᠷᠤᠭ᠎ᠠ ᠵᠠᠩ ᠵᠢᠦ ᠮᠢᠨ᠄ 《ᠪᠢᠳᠡ ᠠᠵᠤ ᠦᠢᠯᠡᠰ ᠤ᠋ᠨ ᠠᠵᠢᠯᠴᠢᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠪᠡᠷ ᠭᠣᠣᠯ ᠱᠢᠵᠢᠮ ᠪᠣᠯᠭᠠᠨ᠂ ᠠᠵᠢᠯᠳᠠᠨ ᠠᠵᠢᠯᠴᠢᠨ ᠤ᠋ ᠭᠠᠪᠢᠶ᠎ᠠ ᠪᠠᠢᠭᠤᠯᠤᠨ ᠦᠢᠯᠡᠰ ᠪᠦᠲᠦᠭᠡᠵᠤ ᠱᠢᠨ᠎ᠡ ᠵᠢ ᠡᠭᠦᠳᠬᠦ᠌ ᠡᠭᠦᠳᠦᠨ ᠪᠦᠲᠦᠭᠡᠬᠦ᠌ ᠪᠠᠢᠭᠤᠯᠤᠯᠲᠠ ᠶ᠋ᠢᠨ ᠢᠨᠵᠧᠨᠧᠷᠢᠩ ᠢ᠋ ᠵᠣᠬᠢᠶᠠᠨ ᠪᠠᠢᠭᠤᠯᠵᠤ ᠬᠡᠷᠡᠭ᠌ᠵᠢᠭᠦᠯᠦᠨ᠂ ᠠᠵᠤ ᠦᠢᠯᠡᠰ ᠤ᠋ᠨ ᠠᠵᠢᠯᠴᠢᠨ ᠤ᠋ ᠡᠩᠨᠡᠭᠡ ᠵᠢᠨ ᠪᠠᠢᠭᠤᠯᠤᠯᠲᠠ ᠶ᠋ᠢᠨ ᠢᠨᠵᠧᠨᠧᠷᠢᠩ᠂ ᠨᠡᠢᠲᠡᠯᠢᠭ ᠬᠡᠪ ᠳᠠᠭᠤᠷᠢᠶᠠᠯ ᠢ᠋ ᠪᠣᠢᠵᠢᠭᠤᠯᠵᠤ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠪᠠᠢᠭᠤᠯᠤᠯᠲᠠ ᠶ᠋ᠢᠨ ᠢᠨᠵᠧᠨᠧᠷᠢᠩ᠂ ᠬᠥᠳᠡᠯᠮᠦᠷᠢ ᠪᠠ ᠮᠡᠷᠭᠡᠵᠢᠯ ᠴᠢᠳᠠᠪᠤᠷᠢ ᠶ᠋ᠢᠨ ᠤᠷᠤᠯᠳᠤᠭᠠᠨ ᠤ᠋ ᠠᠵᠢᠯ ᠤ᠋ᠨ ᠱᠢᠰᠲ᠋ᠧᠮ᠂ ᠠᠵᠢᠯᠲᠠᠨ ᠠᠵᠢᠯᠴᠢᠨ ᠤ᠋ ᠮᠡᠷᠭᠡᠵᠢᠯ ᠤ᠋ᠨ ᠤᠷ᠎ᠠ ᠴᠢᠳᠠᠪᠤᠷᠢ ᠶ᠋ᠢᠨ ᠪᠦᠷᠢᠯᠳᠦᠯ ᠪᠠ ᠳᠡᠭᠡᠭ᠌ᠰᠢᠯᠡᠬᠦᠯᠦᠯᠲᠡ ᠶ᠋ᠢᠨ ᠱᠢᠰᠲ᠋ᠧᠮ᠂ ᠠᠵᠢᠯᠲᠠᠨ ᠠᠵᠢᠯᠴᠢᠨ ᠤ᠋ ᠱᠢᠨ᠎ᠡ ᠵᠢ ᠡᠭᠦᠳᠬᠦ᠌ ᠠᠵᠢᠯ ᠤ᠋ᠨ ᠱᠢᠰᠲ᠋ᠧᠮ᠂ ᠬᠥᠳᠡᠯᠮᠦᠷᠢ ᠶ᠋ᠢᠨ ᠵᠢᠱ᠌ᠢᠶᠡᠴᠢ ᠪᠠ ᠤᠷᠠᠨ ᠳᠠᠷᠬᠠᠨ ᠤ᠋ ᠠᠵᠢᠯ ᠤ᠋ᠨ ᠱᠢᠰᠲ᠋ᠧᠮ᠂ ᠠᠵᠢᠯᠲᠠᠨ ᠠᠵᠢᠯᠴᠢᠨ ᠤ᠋ ᠬᠥᠳᠡᠯᠮᠦᠷᠢ ᠶ᠋ᠢᠨ ᠠᠮᠤᠷ ᠲᠦᠪᠱᠢᠨ ᠡᠷᠡᠭᠦᠯ ᠬᠠᠮᠠᠭᠠᠯᠠᠯ ᠤ᠋ᠨ ᠡᠷᠬᠡ ᠠᠱᠢᠭ ᠢ᠋ ᠬᠠᠮᠠᠭᠠᠯᠠᠬᠤ ᠠᠵᠢᠯ ᠤ᠋ᠨ ᠱᠢᠰᠲ᠋ᠧᠮ ᠢ᠋ ᠬᠦᠴᠦᠯᠡᠨ ᠪᠠᠢᠭᠤᠯᠵᠦ᠂ ᠠᠵᠤ ᠦᠢᠯᠡᠰ ᠤ᠋ᠨ ᠠᠵᠢᠯᠴᠢᠨ ᠤ᠋ ᠮᠡᠷᠭᠡᠵᠢᠯ ᠴᠢᠳᠠᠪᠤᠷᠢ ᠶ᠋ᠢᠨ ᠬᠡᠪ ᠪᠤᠯᠪᠠᠰᠤᠷᠠᠯ ᠢ᠋ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠂ ᠠᠵᠢᠯᠲᠠᠨ ᠠᠵᠢᠯᠴᠢᠨ ᠤ᠋ ᠱᠢᠨ᠎ᠡ ᠵᠢ ᠡᠭᠦᠳᠴᠦ᠍ ᠡᠭᠦᠳᠦᠨ ᠪᠦᠲᠦᠭᠡᠬᠦ᠌ ᠬᠠᠯᠠᠭᠤᠨ ᠤᠷᠮ᠎ᠠ ᠵᠢ ᠬᠥᠭ᠌ᠵᠢᠭᠡᠨ᠎ᠡ》 ᠭᠡᠵᠤ ᠬᠡᠯᠡᠪᠡ᠃

ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ᠶ᠋ᠡᠷ ᠪᠠᠷᠢᠮᠵᠢᠶ᠎ᠠ ᠪᠣᠯᠭᠠᠵᠤ ᠴᠢᠳᠠᠪᠤᠷᠢᠲᠠᠨ ᠤ᠋ ᠠᠮᠢ ᠠᠬᠤᠢ ᠣᠷᠴᠢᠨ ᠨᠦᠬᠦᠴᠡᠯ ᠢ᠋ ᠱᠢᠯᠢᠳᠡᠭ᠌ᠵᠢᠭᠦᠯᠦᠨ᠎ᠡ

ᠴᠢᠳᠠᠪᠤᠷᠢᠲᠠᠨ ᠪᠣᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠶ᠋ᠢᠨ ᠦᠨᠳᠦᠰᠦ ᠰᠠᠭᠤᠷᠢ ᠮᠥᠨ᠃ ᠣᠳᠣᠬᠠᠨ ᠳ᠋ᠤ ᠪᠦᠬᠦ᠌ ᠣᠷᠣᠨ ᠤ᠋ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠳᠠᠲᠤ ᠠᠵᠢᠯᠯᠠᠭ᠎ᠠ ᠪᠠ ᠦᠨᠡᠨ ᠪᠣᠳᠠᠲᠤ ᠲᠦᠷᠦ᠍ ᠶ᠋ᠢᠨ ᠪᠤᠳᠤᠯᠭ᠎ᠠ ᠠᠷᠭ᠎ᠠ ᠬᠡᠮᠵᠢᠶ᠎ᠡ ᠪᠡᠷ ᠡᠯ᠎ᠡ ᠲᠦᠷᠦᠯ ᠤ᠋ᠨ ᠴᠢᠳᠠᠪᠤᠷᠢᠲᠠᠨ ᠤ᠋ ᠦᠢᠯᠡᠳᠦᠯ ᠢ᠋ᠶ᠋ᠡᠨ ᠪᠠᠳᠠᠷᠠᠭᠤᠯᠬᠤ ᠳ᠋ᠤ ᠨᠥᠬᠥᠴᠡᠯ ᠪᠦᠷᠢᠯᠳᠦᠭᠦᠯᠵᠤ ᠪᠠᠢᠨ᠎ᠠ᠃

《ᠪᠢᠳᠡ ᠮᠡᠷᠭᠡᠵᠢᠯ ᠤᠷ᠎ᠠ ᠮᠡᠷᠭᠡᠵᠢᠯ ᠤ᠋ᠨ ᠴᠢᠳᠠᠪᠤᠷᠢᠲᠠᠨ ᠢ᠋ ᠣᠷᠣᠭᠤᠯᠤᠨ ᠠᠪᠴᠢᠷᠠᠵᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠢᠨᠵᠧᠨᠧᠷᠢᠩ ᠢ᠋ ᠭᠦᠨᠵᠡᠭᠡᠶ ᠬᠡᠷᠡᠭ᠌ᠵᠢᠭᠦᠯᠵᠦ᠍᠂ ᠱᠠᠲᠤ ᠳᠠᠷᠠᠭᠠᠯᠠᠨ ᠳᠠᠪᠱᠢᠬᠤ ᠴᠢᠳᠠᠪᠤᠷᠢᠲᠠᠨ ᠢ᠋ ᠱᠢᠯᠢᠨ ᠰᠣᠩᠭᠣᠵᠤ ᠦᠨᠡᠯᠡᠬᠦ᠌ ᠱᠢᠰᠲ᠋ᠧᠮ ᠢ᠋ ᠲᠡᠭᠦᠯᠳᠡᠷᠵᠢᠭᠦᠯᠤᠨ᠂ 〈ᠴᠢᠳᠠᠪᠤᠷᠢᠲᠠᠨ ᠢ᠋ᠶ᠋ᠠᠷ ᠥᠪᠥᠷ ᠮᠣᠩᠭᠣᠯ ᠢ᠋ᠶ᠋ᠠᠨ ᠮᠠᠨᠳᠤᠭᠤᠯᠬᠤ〉 ᠢᠨᠵᠧᠨᠧᠷᠢᠩ ᠤ᠋ᠨ ᠵᠠᠯᠠᠭᠤ ᠣᠷᠣᠢᠯᠠᠭ᠍ᠰᠠᠨ ᠴᠢᠳᠠᠪᠤᠷᠢᠲᠠᠨ ᠢ᠋ ᠲᠤᠰᠭᠠᠶ ᠬᠥᠮᠦᠵᠢᠭᠦᠯᠬᠦ᠌ ᠲᠥᠯᠥᠪᠯᠡᠭᠡ ᠵᠢ ᠬᠡᠷᠡᠭ᠌ᠵᠢᠭᠦᠯᠵᠦ᠍᠂ ᠥᠪᠥᠷ ᠮᠣᠩᠭᠣᠯ ᠤ᠋ᠨ ᠭᠠᠷᠮᠠᠭᠠᠶ ᠴᠢᠳᠠᠪᠤᠷᠢᠲᠠᠨ ᠤ᠋ ᠱᠠᠩᠨᠠᠯ᠂ ᠴᠢᠳᠠᠪᠤᠷᠢᠳᠠᠨ ᠢ᠋ ᠱᠢᠯᠢᠨ ᠰᠣᠩᠭᠣᠵᠤ ᠬᠥᠬᠢᠭᠦᠯᠦᠨ ᠰᠠᠢᠱᠢᠶᠠᠬᠤ ᠠᠵᠢᠯ ᠢ᠋ ᠥᠷᠨᠢᠭᠦᠯᠦᠨ᠎ᠡ; ᠲᠣᠭᠠᠴᠢᠯᠠᠭ᠍ᠰᠠᠨ ᠮᠡᠷᠭᠡᠵᠢᠯ ᠤ᠋ᠨ ᠴᠢᠳᠠᠪᠤᠷᠢᠲᠠᠨ ᠬᠥᠮᠦᠵᠢᠭᠦᠯᠬᠦ᠌ ᠠᠵᠢᠯᠯᠠᠭ᠎ᠠ ᠵᠢ ᠬᠡᠷᠡᠭ᠌ᠵᠢᠭᠦᠯᠵᠦ᠍᠂ ᠪᠣᠯᠪᠠᠰᠤᠷᠠᠯ ᠤ᠋ᠨ ᠪᠠᠢᠭᠤᠯᠤᠮᠵᠢ ᠲᠣᠭᠠᠴᠢᠯᠠᠭ᠍ᠰᠠᠨ ᠮᠡᠷᠭᠡᠵᠢᠯ ᠤ᠋ᠨ ᠵᠢᠷᠤᠮᠵᠢᠭ᠍ᠰᠠᠨ ᠪᠣᠯᠪᠠᠰᠤᠷᠠᠯ ᠥᠷᠨᠢᠭᠦᠯᠬᠦ ᠵᠢ ᠵᠢᠯᠣᠭᠣᠳᠤᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠢᠩᠬᠢᠮ ᠤ᠋ᠨ ᠬᠥᠮᠦᠨ ᠤ᠋ ᠬᠦᠴᠦᠨ ᠤ᠋ ᠡᠬᠢ ᠪᠠᠶᠠᠯᠢᠭ ᠤ᠋ᠨ ᠨᠡᠭᠡᠭᠡᠯᠲᠡ ᠶ᠋ᠢᠨ ᠭᠠᠵᠠᠷ ᠤ᠋ᠨ ᠳᠠᠷᠤᠭ᠎ᠠ ᠶᠦᠨ ᠱᠢᠶᠠ ᠬᠡᠯᠡᠨ᠎ᠠ᠃

《ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠳ᠋ᠤ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ 〈ᠬᠤᠤᠰ ᠲᠡᠷᠢᠭᠦᠨ ᠵᠡᠷᠭᠡ〉 ᠶ᠋ᠢᠨ ᠪᠥᠲᠥᠭᠡᠨ ᠪᠠᠢᠭᠤᠯᠤᠯᠲᠠ ᠵᠢ ᠦᠷᠭᠦᠯᠵᠢᠯᠡᠨ ᠳᠡᠮᠵᠢᠨ᠎ᠡ ᠭᠡᠵᠦ᠍ ᠲᠣᠳᠣᠷᠬᠠᠶ ᠳᠤᠷᠠᠳᠴᠠᠶ᠂ ᠡᠨᠡ ᠨᠢ ᠰᠤᠷᠭᠠᠨ ᠬᠥᠮᠦᠵᠢᠯ ᠢ᠋ᠶ᠋ᠡᠷ ᠣᠷᠣᠨ ᠢ᠋ᠶ᠋ᠠᠨ ᠬᠦᠴᠦᠷᠬᠡᠭ᠌ᠵᠢᠭᠦᠯᠬᠦ᠌ ᠲᠠᠯ᠎ᠠ ᠪᠡᠷ ᠥᠪᠥᠷ ᠮᠣᠩᠭᠣᠯ ᠤ᠋ᠨ ᠶᠡᠬᠡ ᠰᠤᠷᠭᠠᠭᠤᠯᠢ ᠳ᠋ᠤ ᠱᠢᠨ᠎ᠡ ᠱᠠᠭᠠᠷᠳᠠᠯᠭ᠎ᠠ ᠲᠠᠯᠪᠢᠪᠠ》 ᠬᠡᠵᠤ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠱᠦᠵᠢ ᠴᠧᠩ ᠲᠤᠤ ᠬᠡᠯᠡᠭᠰᠡᠨ ᠵᠢᠡᠨ ᠵᠠᠯᠭᠠᠭᠠᠳ᠄ 《ᠮᠠᠨ ᠤ᠋ ᠰᠤᠷᠭᠠᠭᠤᠯᠢ ᠴᠢᠳᠠᠪᠤᠷᠢᠲᠠᠨ ᠢ᠋ ᠬᠥᠮᠦᠵᠢᠭᠦᠯᠬᠦ᠌ ᠳ᠋ᠤ ᠵᠣᠬᠢᠴᠠᠬᠤ ᠴᠢᠨᠠᠷ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠦᠶ᠋ᠯᠡᠴᠢᠯᠡᠭᠡᠨ ᠤ᠋ ᠬᠤᠪᠢ ᠨᠡᠮᠡᠷᠢ ᠶ᠋ᠢᠨ ᠬᠡᠮᠵᠢᠶ᠎ᠡ᠂ ᠴᠢᠳᠠᠪᠤᠷᠢᠲᠠᠨ ᠤ᠋ ᠡᠩᠨᠡᠭᠡ ᠵᠢᠨ ᠱᠢᠯᠭᠠᠨ ᠦᠨᠡᠯᠡᠯᠳᠡ᠂ ᠨᠡᠭᠡᠭᠡᠯᠲᠡᠲᠦ ᠰᠤᠷᠭᠠᠭᠤᠯᠢ ᠡᠷᠭᠢᠯᠡᠬᠦ᠌ ᠪᠠᠢᠷᠢᠱᠢᠯ ᠪᠠ ᠬᠠᠷᠠᠭᠠᠰᠤ ᠳᠡᠭᠡᠷ᠎ᠡ ᠬᠦᠴᠦ᠍ ᠣᠷᠣᠭᠤᠯᠵᠤ ᠬᠦᠴᠦᠯᠡᠨ ᠠᠬᠢᠭᠤᠯᠤᠨ᠎ᠠ》 ᠭᠡᠵᠦ ᠬᠡᠯᠡᠵᠤ ᠪᠠᠢᠯ᠎ᠠ᠃

ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠢ᠋ ᠣᠷᠣᠨ ᠪᠦᠰᠡ ᠶ᠋ᠢᠨ ᠬᠥᠭ᠌ᠵᠢᠯᠲᠡ᠎ᠯᠦᠭᠡ ᠬᠠᠷᠢᠯᠴᠠᠨ ᠵᠣᠬᠢᠴᠠᠭᠤᠯᠵᠤ᠂ ᠠᠵᠤ ᠦᠢᠯᠡᠰ ᠤ᠋ᠨ ᠪᠠᠢᠷᠢᠱᠢᠭᠤᠯᠤᠯ᠎ᠯᠤᠭ᠎ᠠ ᠵᠣᠯᠭᠠᠯᠴᠠᠭᠤᠯᠬᠤ ᠴᠢᠬᠤᠯᠠ ᠳᠠᠢ ᠶᠤᠮ᠃ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠤ᠋ᠨ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠬᠢᠭᠡᠳ ᠨᠠᠰᠤᠨ ᠳ᠋ᠤ ᠬᠦᠷᠦᠭ᠌ᠰᠡᠳ ᠤ᠋ᠨ ᠰᠤᠷᠭᠠᠨ ᠬᠥᠮᠦᠵᠢᠯ ᠤ᠋ᠨ ᠭᠠᠵᠠᠷ ᠤ᠋ᠨ ᠳᠠᠷᠤᠭ᠎ᠠ ᠯᠢᠨ ᠹᠦ ᠯᠢ᠄ 《ᠪᠢᠳᠡ ᠲᠤᠰᠭᠠᠶ ᠮᠡᠷᠭᠡᠵᠢᠯ ᠬᠢᠭᠡᠳ ᠠᠵᠤ ᠦᠢᠯᠡᠰ ᠤ᠋ᠨ ᠬᠥᠭ᠌ᠵᠢᠯᠲᠡ ᠵᠢ ᠵᠡᠷᠭᠡ ᠪᠡᠷ ᠪᠤᠳᠤᠯᠬᠢᠯᠠᠬᠤ᠂ ᠠᠵᠤ ᠦᠢᠯᠡᠰ ᠬᠢᠭᠡᠳ ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠬᠣᠯᠪᠣᠬᠤ᠂ ᠲᠤᠰᠭᠠᠶ ᠮᠡᠷᠭᠡᠵᠢᠯ ᠬᠢᠭᠡᠳ ᠬᠥᠭ᠌ᠵᠢᠯᠲᠡ ᠶ᠋ᠢᠨ ᠣᠳᠣᠬᠢ ᠪᠠᠢᠳᠠᠯ ᠢ᠋ ᠤᠶᠠᠯᠳᠤᠭᠤᠯᠬᠤ ᠵᠢ ᠦᠷᠭᠦᠯᠵᠢᠯᠡᠨ ᠪᠠᠷᠢᠮᠲᠠᠯᠠᠵᠤ᠂ ᠳᠡᠭᠡᠳᠦ ᠵᠡᠷᠭᠡ ᠶ᠋ᠢᠨ ᠠᠵᠢᠯ ᠮᠡᠷᠭᠡᠵᠢᠯ ᠤ᠋ᠨ ᠰᠤᠷᠭᠠᠭᠤᠯᠢ ᠵᠢ ᠲᠡᠪᠰᠢᠬᠦᠯᠵᠤ ᠳᠤᠮᠳᠠ ᠵᠡᠷᠭᠡ ᠶ᠋ᠢᠨ ᠠᠵᠢᠯ ᠮᠡᠷᠭᠡᠵᠢᠯ ᠤ᠋ᠨ ᠰᠤᠷᠭᠠᠭᠤᠯᠢ ᠵᠢ ᠳᠠᠭᠠᠭᠤᠯᠤᠨ ᠠᠵᠤ ᠦᠢᠯᠡᠰ ᠢ᠋ ᠠᠬᠢᠭᠤᠯᠵᠤ᠂ ᠲᠤᠰᠭᠠᠶ ᠮᠡᠷᠭᠡᠵᠢᠯ ᠢ᠋ ᠱᠢᠯᠢᠳᠡᠭ᠌ᠵᠢᠭᠦᠯᠦᠨ ᠦᠷ᠎ᠡ ᠪᠦᠲᠦᠭᠡᠯ ᠢ᠋ ᠰᠢᠯᠢᠳᠡᠭᠵᠢᠬᠦᠯᠬᠦ᠎ᠵᠢ ᠭᠦᠨᠵᠡᠭᠡᠢᠷᠡᠭᠦᠯᠦᠨ᠎ᠡ》 ᠭᠡᠵᠤ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号