ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 49 ᠳ᠋ᠤᠭᠡᠷ ᠤᠳᠠᠭ᠎ᠠ᠎ᠶ᠋ᠢᠨ ᠡᠷᠬᠢᠯᠡᠭ᠌ᠴᠢᠳ᠎ᠦᠨ ᠬᠤᠷᠠᠯ ᠬᠢᠵᠤ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠷᠪᠠᠨ ᠲᠠᠪᠤᠳᠤᠭᠠᠷ ᠬᠤᠷᠠᠯ᠎ᠢ 2 ᠰᠠᠷ᠎ᠠ᠎ᠶ᠋ᠢᠨ 13 ᠤ᠋ ᠡᠳᠦᠷ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠰᠦᠨ ᠱᠤᠤ ᠴᠧᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠵᠦ᠍ ᠂ ᠳᠡᠳ᠋ ᠡᠷᠬᠢᠯᠡᠭ᠌ᠴᠢ ᠳ᠋ᠤᠸᠠᠨ ᡁᠢ ᠴᠢᠶᠠᠩ᠂ ᠵᠧᠩ ᠬᠣᠩ ᠹᠠᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠷᠪᠠᠨ ᠲᠠᠪᠤᠳᠤᠭᠠᠷ ᠬᠤᠷᠠᠯ᠎ᠤᠨ ᠵᠥᠪᠯᠡᠬᠦ᠌ ᠵᠦᠶ᠋ᠯᠡᠰ (ᠲᠥᠰᠦᠯ) ᠢ᠋ ᠪᠠᠳᠤᠯᠠᠪᠠ᠄
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢᠳ᠎ᠦᠨ ᠬᠤᠷᠠᠯ᠎ᠤᠨ《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠠᠵᠢᠯ᠎ᠢ ᠴᠢᠩᠭᠠᠳᠭᠠᠬᠤ ᠲᠤᠬᠠᠶ ᠲᠣᠭ᠍ᠲᠠᠭᠠᠯ〉 ᠵᠡᠷᠭᠡ 2 ᠲᠣᠭ᠍ᠲᠠᠭᠠᠯ᠎ᠤᠨ ᠵᠠᠰᠠᠪᠤᠷᠢ ᠣᠷᠣᠭᠤᠯᠤᠬᠰᠠᠨ ᠲᠥᠰᠦᠯ (ᠲᠥᠰᠦᠯ)》 ᠢ᠋ ᠬᠢᠨᠠᠨ ᠵᠥᠪᠯᠡᠭᠦᠯᠬᠦ᠌᠎ᠪᠡᠷ ᠳᠡᠪᠱᠢᠭᠦᠯᠬᠦ᠌ ᠲᠤᠬᠠᠶ ᠰᠠᠨᠠᠯ ᠵᠥᠪᠯᠡᠯᠭᠡ᠎ᠶ᠋ᠢ ᠬᠢᠨᠠᠨ ᠵᠥᠪᠯᠡᠨ᠎ᠡ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ᠎ᠶ᠋ᠢᠨ ᠬᠠᠮᠢᠶᠠᠷᠤᠯᠲᠠ᠎ᠶ᠋ᠢᠨ ᠲᠦᠷᠢᠮ (ᠲᠥᠰᠦᠯ᠎ᠦᠨ ᠬᠣᠶᠠᠳᠠᠬᠢ ᠵᠠᠰᠠᠪᠤᠷᠢ ᠣᠷᠣᠭᠤᠯᠤᠭ᠍ᠰᠠᠨ ᠨᠤᠤᠷᠠᠭ)》 ᠢ᠋ ᠬᠢᠨᠠᠨ ᠵᠥᠪᠯᠡᠨᠠ᠃
ᠠᠵᠢᠯᠳᠠᠨ ᠤ ᠶᠠᠪᠤᠳᠠᠯ᠎ᠤᠨ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ ᠨᠢ ᠪᠠᠭᠤᠯᠭᠠᠬᠤ ᠵᠦᠢᠯᠡᠰ᠃