《ᠲᠠᠪᠤᠨ ᠳᠠᠩᠰᠤᠭ ᠬᠥᠯᠥᠨ ᠪᠣᠢᠷ 》 ᠤ᠋ᠨ ᠪᠦᠬᠦ᠌ ᠤᠯᠤᠰ ᠲᠠᠬᠢ ᠲᠣᠭᠣᠷᠢᠨ ᠲᠣᠭ᠍ᠯᠠᠯᠲᠠ ᠥᠨᠳᠥᠷᠯᠡᠪᠡ
2025-01-27 10:11:13
ᠵᠣᠬᠢᠶᠠᠭ᠍ᠴᠢ᠄
ᠬᠦᠭᠵᠢᠯᠳᠤ
ᠣᠩᠱᠢᠭ᠍ᠰᠠᠨ ᠣᠳᠠᠭ᠎ᠠ᠄
★★★☆☆

ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ 《ᠲᠠᠪᠤᠨ ᠳᠠᠩᠰᠤᠭ ᠬᠥᠯᠥᠨ ᠪᠣᠢᠷ》 ᠬᠡᠦᠬᠡᠳ ᠤ᠋ᠨ ᠨᠠᠢᠷᠠᠯ ᠳᠠᠭᠤᠤ ᠶ᠋ᠢᠨ ᠪᠦᠯᠬᠦᠮ ᠤ᠋ᠨ 2025 ᠣᠨ ᠤ᠋ ᠪᠦᠬᠦ᠌ ᠤᠯᠤᠰ ᠲᠠᠬᠢ ᠲᠣᠭᠣᠷᠢᠨ ᠲᠣᠭ᠍ᠯᠠᠯᠲᠠ ᠲᠦᠷᠦᠬᠦᠬᠡᠨ ᠭᠤᠸᠠᠩᠳᠦ᠋ᠩ ᠮᠤᠵᠢ ᠶ᠋ᠢᠨ ᠳ᠋ᠦᠩᠭᠤᠸᠠᠨ ᠬᠤᠳᠠ ᠳ᠋ᠦ ᠥᠨᠳᠥᠷᠯᠡᠪᠡ᠃ 25 ᠪᠢᠴᠢᠬᠠᠨ ᠳᠠᠭᠤᠴᠢᠨ ᠢ᠋ᠶ᠋ᠡᠷ ᠪᠦᠷᠢᠯᠳᠦᠭ᠌ᠰᠡᠨ ᠲᠤᠰ ᠪᠦᠯᠬᠦᠮ ᠤ᠋ᠨ ᠬᠢᠨ ᠠᠯᠵᠢᠶᠠᠯ ᠵᠦᠳᠡᠷᠡᠯ ᠢ᠋ ᠳᠡᠰᠪᠦᠷᠢᠯᠡᠨ ᠠᠶᠠᠨ ᠵᠠᠮ ᠬᠦᠭᠡᠭᠡᠵᠦ᠂ ᠳᠠᠭᠤᠤ ᠤᠷᠠᠯᠢᠭ ᠢ᠋ᠶ᠋ᠡᠷ ᠢ᠋ᠶ᠋ᠠᠨ ᠤᠮᠠᠷᠠᠲᠤ ᠬᠢᠯᠢ ᠶ᠋ᠢᠨ ᠰᠣᠶᠣᠯ ᠤ᠋ᠨ ᠰᠤᠳᠤᠨ ᠰᠠᠢᠬᠠᠨ ᠢ᠋ ᠡᠬᠡ ᠤᠯᠤᠰ ᠤ᠋ᠨ ᠡᠯ᠎ᠡ ᠭᠠᠵᠠᠷ ᠲᠦ᠍ ᠲᠦᠬᠡᠭᠡᠭᠰᠡᠨ ᠪᠠᠢᠨ᠎ᠠ᠃

ᠲᠤᠰ ᠪᠦᠯᠬᠦᠮ 1 ᠰᠠᠷ᠎ᠠ ᠵᠢᠨ 9 ᠤ᠋ ᠡᠳᠦᠷ ᠠᠩᠬᠠᠨ ᠤ᠋ ᠳᠠᠯᠠᠪᠠᠢ ᠲᠤᠭᠯᠠᠯᠳᠠ ᠪᠠᠨ ᠵᠢᠶᠠᠩᠰᠢ ᠮᠤᠵᠢ ᠶ᠋ᠢᠨ ᠨᠠᠨᠴᠠᠩ ᠬᠣᠲᠠ ᠳ᠋ᠦ ᠲᠤᠭᠯᠠᠨ ᠪᠦᠬᠦ ᠤᠯᠤᠰ ᠲᠡᠬᠢ ᠲᠤᠭᠤᠷᠢᠨ ᠲᠤᠭᠯᠠᠯᠳᠠ ᠪᠠᠨ ᠡᠬᠢᠯᠡᠬᠦᠯᠦᠭᠰᠡᠨ ᠪᠤᠯ᠂  ᠳ᠋ᠦᠩᠭᠤᠸᠠᠨ ᠬᠤᠳᠠ ᠳ᠋ᠤ ᠭᠠᠷᠭᠠᠭᠰᠠᠨ ᠡᠴᠦᠰ᠎ᠤᠨ ᠲᠣᠭ᠍ᠯᠠᠯᠲᠠ ᠳ᠋ᠠᠭᠠᠨ ᠭᠣᠢᠳᠠ ᠰᠠᠢᠬᠠᠨ ᠦᠨᠳᠦᠰᠦᠲᠡᠨ ᠤ᠋ ᠬᠤᠪᠴᠠᠰᠤ ᠵᠠᠰᠠᠯ ᠢ᠋ᠶ᠋ᠠᠨ ᠡᠮᠦᠰᠴᠦ᠍᠂ ᠤᠶᠠᠨ ᠨᠡᠮᠡᠬᠦᠨ ᠲᠡᠭᠦᠯᠳᠡᠷ ᠬᠤᠭᠤᠷ ᠤ᠋ᠨ ᠬᠠᠪᠰᠤᠷᠤᠯᠭ᠎ᠠ ᠲᠤᠤᠷ᠎ᠠ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠲᠤᠩᠭᠠᠯᠠᠭ ᠴᠡᠬᠡᠯᠬᠡᠨ ᠬᠤᠭᠤᠯᠠᠢ ᠪᠠᠷ ᠢ᠋ᠶ᠋ᠠᠨ 18 ᠰᠣᠩᠭᠣᠳᠠᠭ ᠳᠠᠭᠤᠤ᠎ᠳᠠᠭᠤᠯᠠᠵᠤ᠂ ᠠᠬᠤᠢ ᠲᠠᠯᠠᠪᠠᠢ ᠶ᠋ᠢᠨ ᠦᠵᠡᠭ᠌ᠴᠢᠳ ᠤ᠋ᠨ ᠬᠠᠯᠠᠭᠤᠨ ᠠᠯᠠᠭ᠎ᠠ ᠲᠠᠱᠢᠯᠳᠠ ᠪᠠ ᠳᠡᠭᠡᠳᠦ ᠬᠡᠮᠵᠢᠶᠡᠨ ᠤ᠋ ᠮᠠᠭ᠍ᠲᠠᠭᠠᠯ ᠰᠠᠢᠱᠢᠶᠠᠯ ᠢ᠋ ᠤᠯᠪᠠ᠃

《ᠲᠠᠪᠤᠨ ᠳᠠᠩᠰᠤᠭ ᠬᠥᠯᠥᠨ ᠪᠣᠢᠷ》 ᠬᠡᠦᠬᠡᠳ ᠤ᠋ᠨ ᠨᠠᠢᠷᠠᠯ ᠳᠠᠭᠤᠤ ᠶ᠋ᠢᠨ ᠪᠦᠯᠬᠦᠮ ᠲᠣᠰ ᠤᠳᠠᠭ᠎ᠠ ᠵᠢᠨ ᠲᠣᠭᠣᠷᠢᠨ ᠲᠣᠭ᠍ᠯᠠᠯᠲᠠ ᠳ᠋ᠦ ᠵᠤᠷᠢᠭᠤᠯᠤᠨ 2024 ᠣᠨ ᠤ᠋ 3 ᠰᠠᠷ᠎ᠠ ᠡᠴᠡ ᠡᠬᠢᠯᠡᠨ ᠨᠠᠷᠢᠨ ᠨᠢᠮᠪᠠᠶ ᠪᠡᠯᠡᠳᠭᠡᠵᠦ᠍ ᠪᠣᠯᠪᠠᠰᠤᠷᠠᠵᠠᠶ᠃ ᠲᠡᠳᠡ ᠭᠠᠷᠠᠭ ᠪᠦᠷᠢ ᠶ᠋ᠢᠨ ᠭᠠᠷᠠᠭ ᠤ᠋ᠨ ᠨᠢᠭᠡᠨ᠂ ᠬᠣᠶᠠᠷ᠂ ᠭᠤᠷᠪᠠᠨ ᠪᠠ ᠵᠢᠷᠭᠤᠭᠠᠨ ᠤ᠋ ᠤᠷᠤᠢ ᠴᠥᠮ 2 ᠴᠠᠭ ᠤ᠋ᠨ ᠪᠣᠯᠪᠠᠰᠤᠷᠠᠯ ᠢ᠋ᠶ᠋ᠠᠨ ᠪᠠᠷᠢᠮᠲᠠᠯᠠᠵᠤ᠂ ᠡᠪᠦᠯ ᠤ᠋ᠨ ᠠᠮᠠᠷᠠᠯᠲᠠ ᠶ᠋ᠢᠨ ᠬᠤᠭᠤᠴᠠᠭᠠᠨ ᠳ᠋ᠦ ᠨᠠᠩ ᠴᠤ᠌ ᠪᠥᠬᠦᠯᠢ ᠡᠳᠦᠷ ᠢ᠋ᠶ᠋ᠡᠷ ᠪᠤᠯᠪᠠᠰᠤᠷᠠᠭᠰᠠᠨ ᠪᠠᠢᠨ᠎ᠠ᠃ ᠲᠣᠰ ᠤᠳᠠᠭ᠎ᠠ ᠵᠢᠨ 10 ᠡᠳᠦᠷ ᠤ᠋ᠨ ᠲᠣᠭᠣᠷᠢᠨ ᠲᠣᠭ᠍ᠯᠠᠯᠲᠠ ᠳ᠋ᠦ ᠨᠠᠢᠷᠠᠯ ᠳᠠᠭᠤᠤ ᠶ᠋ᠢᠨ ᠪᠦᠯᠬᠦᠮ ᠤ᠋ᠨ ᠬᠢᠨ ᠤᠷᠢᠳ ᠬᠤᠵᠢᠳ 3 ᠮᠤᠵᠢ 4 ᠬᠣᠲᠠ ᠳ᠋ᠦ ᠬᠦᠷᠴᠦ᠍᠂ ᠬᠦᠷᠦᠭ᠌ᠰᠡᠨ ᠭᠠᠵᠠᠷ ᠪᠤᠯᠭᠠᠨ ᠳ᠋ᠤ ᠦᠵᠡᠭᠴᠢᠳ ᠤ᠋ᠨ ᠰᠠᠢᠨ ᠦᠨᠡᠯᠡᠯᠲᠡ ᠶ᠋ᠢ ᠣᠯᠵᠤ᠂ ᠬᠦᠯᠦᠨ ᠪᠤᠢᠷ ᠲᠡᠷᠡᠴᠢᠯᠡᠨ ᠦᠪᠦᠷ ᠮᠤᠨᠭᠭᠤᠯ ᠤ᠋ᠨ ᠦᠩᠬᠡ ᠦᠵᠡᠮᠵᠢ᠂ ᠡᠯᠪᠡᠭ ᠪᠠᠶᠠᠨ ᠵᠠᠩ ᠦᠢᠯᠡ ᠪᠠ ᠤᠷᠠᠯᠢᠭ ᠰᠤᠶᠤᠯ ᠢ᠋ ᠮᠡᠳᠡᠷᠡᠬᠦᠯᠵᠡᠢ᠃  《ᠲᠠᠪᠤᠨ ᠳᠠᠩᠰᠤᠭ ᠬᠥᠯᠥᠨ ᠪᠣᠢᠷ》 ᠬᠡᠦᠬᠡᠳ ᠤ᠋ᠨ ᠨᠠᠢᠷᠠᠯ ᠳᠠᠭᠤᠤ ᠶ᠋ᠢᠨ ᠪᠦᠯᠬᠦᠮ ᠨᠢᠭᠡᠨᠲᠡ ᠬᠥᠯᠥᠨ ᠪᠣᠢᠷ ᠤ᠋ᠨ ᠦᠵᠡᠰᠭᠦᠯᠡᠩᠲᠦ ᠰᠠᠢᠬᠠᠨ ᠰᠣᠶᠣᠯ ᠤ᠋ᠨ ᠨᠡᠷ᠎ᠡ ᠶ᠋ᠢᠨ ᠬᠠᠭᠤᠳᠠᠰᠤ ᠪᠣᠯᠵᠣ᠂ ᠤᠮᠠᠷᠠᠲᠤ ᠬᠢᠯᠢ ᠶ᠋ᠢᠨ ᠰᠣᠶᠣᠯ ᠤ᠋ᠨ ᠲᠥᠷᠥᠯ ᠲᠡᠮᠳᠡᠭ ᠢ᠋ ᠳᠡᠯᠭᠡᠷᠡᠭᠦᠯᠬᠦ᠌᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠪᠠᠳᠠᠷᠠᠭᠤᠯᠬᠤ ᠳ᠋ᠤ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号