ᠪᠠᠶᠠᠷ ᠴᠡᠡᠭᠬᠡᠯ ᠵᠢᠡᠷ ᠲᠦᠭᠦᠷᠡᠡᠭ 《 ᠤᠳᠭ᠎ᠠ ᠤᠷᠠᠯᠢᠭ᠎ᠤᠨ ᠵᠢᠵᠢᠭ ᠲᠣᠰᠭᠣᠨ 》
2025-01-29 14:41:55
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

《ᠭᠠᠷ᠎ᠢᠶᠠᠷ ᠪᠢᠴᠢᠭ᠌ᠰᠡᠨ ᠬᠣᠣᠰ ᠤᠶᠠᠩᠭ᠎ᠠ ᠮᠠᠱᠢᠨ᠎ᠢᠶᠠᠷ ᠬᠡᠪᠯᠡᠭ᠌ᠰᠡᠨ ᠡᠴᠡ ᠨᠢ ᠬᠤᠯᠠ ᠰᠠᠢᠬᠠᠨ ᠡ!》᠂ 《ᠡᠨᠡ ᠬᠦ᠌ ᠪᠡᠬᠡ᠎ᠶ᠋ᠢᠨ ᠦᠨᠦᠷ ᠬᠠᠩᠬᠤᠯᠤᠭ᠍ᠰᠠᠨ ᠬᠤᠤᠰ ᠤᠶᠠᠩᠭ᠎ᠠ᠎ᠶ᠋ᠢ ᠨᠠᠭᠠᠪᠠᠯ᠂ ᠱᠢᠨ᠎ᠡ ᠵᠢᠯ᠎ᠦᠨ ᠠᠵᠠ ᠵᠢᠷᠭᠠᠯ ᠬᠣᠷᠣᠮᠬᠠᠨ ᠵᠠᠭᠤᠷ᠎ᠠ ᠡᠭᠦᠳᠡᠨ ᠳᠡᠭᠡᠷ᠎ᠡ ᠢᠷᠡᠭ᠌ᠰᠡᠨ ᠮᠡᠲᠦ ᠰᠠᠨᠠᠭ᠍ᠳᠠᠨ᠎ᠠ︾᠃ ᠲᠦᠷᠦᠭᠦᠭᠡᠨ  ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠫᠢᠩ ᠳ᠋ᠢ ᠴᠢᠤᠸᠠᠨ ᠪᠠᠯᠭᠠᠰᠤᠨ᠎ᠤ ᠨᠠᠨ ᠼᠦᠨ ᠲᠣᠰᠭᠣᠨ ᠳ᠋ᠤ ᠬᠦᠮᠦᠨ ᠤ᠋ ᠴᠤᠭᠯᠠᠭᠠᠨ ᠪᠤᠯᠵᠤ᠂ ᠬᠦᠷ ᠬᠥᠭ᠌ᠵᠢᠶᠡᠨ᠎ᠢᠶᠡᠷ ᠪᠢᠯᠬᠠᠨ᠎ᠠ᠃

ᠬᠥᠳᠡᠭᠡ ᠲᠣᠰᠭᠣᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠦᠨᠳᠦᠰᠦᠨ ᠱᠠᠲᠤᠨ᠎ᠤ ᠤᠳᠭ᠎ᠠ ᠤᠷᠠᠯᠢᠭ᠎ᠤᠨ ᠴᠢᠳᠠᠪᠤᠷᠢᠲᠠᠨ᠎ᠤ ᠤᠷ᠎ᠠ ᠴᠢᠳᠠᠪᠤᠷᠢ ᠪᠠ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠯᠠᠭᠠᠨᠴᠠᠪ ᠬᠣᠲᠠ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠠᠮᠢᠶ᠎ᠠ ᠪᠥᠬᠥᠶ ᠨᠢᠭᠡᠴᠢ ᠬᠠᠮᠲᠤᠷᠠᠨ 《ᠪᠠᠶᠠᠷ ᠪᠠᠶᠠᠰᠤᠯ ᠎ᠢ ᠦᠨᠳᠦᠰᠦᠨ ᠱᠠᠲᠤᠨ᠎ᠳᠤ ᠬᠦᠷᠭᠡᠬᠦ᠌》 ᠤᠳᠭ᠎ᠠ ᠤᠷᠠᠯᠢᠭ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠢᠴᠢ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ 2025 ᠣᠨ᠎ᠤ ᠰᠣᠶᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ《ᠭᠤᠷᠪᠠ᠎ᠶ᠋ᠢ ᠬᠥᠳᠡᠭᠡ ᠪᠠᠭᠤᠯᠭᠠᠬᠤ》  ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠲᠣᠰᠭᠣᠨ᠎ᠤ ᠠᠷᠠᠳ᠎ᠲᠤ ᠡᠯᠪᠡᠭ ᠪᠠᠶᠠᠯᠢᠭ ᠠᠷᠠᠳ᠎ᠲᠤ ᠠᠱᠢᠭ ᠬᠦᠷᠲᠡᠭᠡᠬᠦ᠌《ᠱᠢᠨ᠎ᠡ ᠵᠢᠯ᠎ᠦᠨ ᠪᠠᠷᠠᠭ᠎ᠠ》 ᠬᠦᠷᠭᠡᠵᠦ᠍᠂ ᠣᠯᠠᠨ᠎ᠢᠶᠠᠷ᠎ᠢᠶᠠᠨ ᠪᠠᠶᠠᠷ ᠪᠠᠶᠠᠰᠭᠤᠯᠠᠩᠲᠤ ᠡᠶ᠎ᠡ ᠨᠠᠢᠷᠲᠠᠢ ᠠᠭᠤᠷ ᠠᠮᠢᠰᠭᠤᠯ᠎ᠤᠨ ᠳᠤᠮᠳᠠ ᠱᠢᠨ᠎ᠡ ᠵᠢᠯ᠎ᠢᠶᠡᠨ ᠤᠭ᠍ᠲᠤᠯ᠎ᠠ᠃

ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠤᠷᠠᠯᠢᠭᠴᠢᠳ ᠤ᠋ᠨ ᠦᠷᠦᠭᠡ ᠳ᠋ᠤ ᠣᠷᠣᠬᠤ᠎ᠳᠤ᠂ ᠤᠷᠳᠤ ᠱᠢᠷᠡᠭᠡ᠎ᠨᠦᠭᠦᠳ ᠢ᠋ ᠨᠢᠭᠡ ᠮᠦᠷ ᠲᠠᠯᠪᠢᠵᠤ᠂ ᠤᠷᠠᠨ ᠪᠢᠴᠢᠯᠭᠡᠲᠡᠨ ᠪᠠ ᠤᠷᠠᠨ ᠪᠢᠴᠢᠯᠭᠡ ᠵᠢᠨ ᠪᠠᠬᠠᠲᠡᠳ ᠲᠤᠬᠠᠢ᠎ᠶ᠋ᠢᠨ ᠲᠠᠯᠠᠪᠠᠢ᠎ᠳᠤ ᠤᠰᠤᠨ ᠪᠢᠷ ᠡᠷᠬᠢᠭᠦᠯᠵᠤ᠂ ᠤᠷ᠎ᠠ ᠠᠪᠢᠶᠠᠰ ᠵᠢᠡᠨ ᠭᠠᠷᠭᠠᠵᠤ ᠬᠤᠤᠰ ᠤᠶᠠᠡᠭᠭ᠎ᠠ ᠪᠢᠴᠢᠵᠤ᠂ ᠲᠣᠰᠭᠣᠨ᠎ᠤ ᠠᠷᠠᠳ᠎ᠲᠤ ᠪᠡᠯᠡᠭᠯᠡᠨ᠂ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠦᠨ᠎ᠠ᠃

︽ᠡᠨᠡ ᠬᠣᠣᠰ ᠤᠶᠠᠩᠭ᠎ᠠ᠎ᠶ᠋ᠢ ᠦᠨᠡᠬᠡᠷ ᠰᠠᠢᠬᠠᠨ ᠪᠢᠴᠢᠵᠡᠢ︾᠂ 《ᠲᠠ ᠨᠠᠳᠠᠳᠤ ᠨᠢᠭᠡ ᠬᠤᠪᠢ ᠪᠢᠴᠢᠭᠡᠳ ᠥᠭᠭᠦᠨ᠎ᠠ ᠤᠤ?》ᠲᠣᠰᠭᠣᠨ᠎ᠤ ᠠᠷᠠᠳ᠎ᠤᠷᠠᠨ ᠪᠢᠴᠢᠯᠭᠡ ᠵᠢᠨ ᠪᠠᠬᠠᠲᠡᠳ ᠤ᠋ᠨ ᠲᠡᠷᠭᠡᠳᠡ ᠴᠤᠭ᠍ᠯᠠᠷᠠᠨ᠂ ᠥᠪᠡᠷ᠎ᠦᠨ ᠦᠵᠡᠵᠤ ᠲᠤᠭᠤᠭᠰᠠᠨ ᠬᠤᠤᠰ ᠤᠶᠠᠩᠭ᠎ᠠ᠎ᠪᠠᠨ ᠨᠠᠷᠢᠨ ᠨᠢᠮᠪᠠᠶ ᠰᠣᠩᠭᠣᠵᠤ ᠪᠠᠢᠯ᠎ᠠ᠃ ᠲᠡᠳᠡ ᠪᠡᠬᠡ᠎ᠨᠢ ᠬᠠᠲᠠᠭᠠᠳᠤᠢ ᠴᠠᠭᠠᠨ ᠰᠠᠷ᠎ᠠ᠎ᠶ᠋ᠢᠨ ᠬᠣᠣᠰ ᠤᠶᠠᠩᠭ᠎ᠠ᠎ᠪᠠᠨ ᠪᠣᠯᠭᠣᠮᠵᠢᠳᠠᠢ ᠲᠤᠰᠤᠨ ᠠᠪᠴᠤ ᠲᠡᠯᠭᠡᠨ ᠬᠠᠳᠠᠭᠠᠵᠤ᠂ ᠴᠢᠷᠠᠢ ᠲᠦᠭᠦᠷᠡᠡᠭ ᠢᠨᠢᠶᠡᠮᠰᠦᠭ᠌ᠯᠡᠯ ᠲᠣᠳᠣᠷᠠᠨ᠎ᠠ᠃ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ᠎ᠤᠨ ᠨᠥᠯᠥᠭᠡᠯᠡᠯ ᠳᠣᠣᠷ᠎ᠠ᠂ ᠵᠠᠷᠢᠮ ᠲᠣᠰᠭᠣᠨ᠎ᠤ ᠠᠷᠠᠳ ᠪᠢᠷ ᠪᠠᠷᠢᠵᠤ ᠦᠪᠡᠷ ᠲᠡᠭᠡᠨ ᠬᠤᠤᠰ ᠤᠶᠠᠡᠭᠭ᠎ᠠ ᠪᠢᠴᠢᠵᠤ᠂ ᠡᠨᠡ ᠬᠦ᠌ ᠬᠠᠪᠤ ᠴᠡᠡᠭᠬᠡᠯ  ᠢ᠋ ᠬᠠᠮᠳᠤ ᠪᠡᠷ ᠡᠳ᠋ᠯᠡᠨ᠎ᠠ᠃

《ᠡᠨᠡ ᠠᠵᠢᠯᠯᠠᠭ᠎ᠠ ᠳ᠋ᠤ ᠬᠤᠶᠠᠳᠤᠭᠠᠷ ᠤᠳᠠᠭ᠎ᠠ ᠤᠷᠤᠯᠴᠠᠵᠤ ᠪᠤᠢ᠂ ᠲᠣᠰᠭᠣᠨ᠎ᠤ ᠠᠷᠠᠳ᠎ᠲᠤ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠵᠦ᠍ ᠪᠠᠢᠭ᠎ᠠ ᠨᠢ ᠮᠢᠨᠦ᠍ ᠠᠵᠠ ᠵᠠᠪᠱᠢᠶᠠᠨ ᠪᠢᠯᠡ᠃ ᠪᠢ ᠤᠷᠠᠨ ᠪᠢᠴᠢᠯᠭᠡ ᠪᠡᠷ ᠵᠢᠨᠨ ᠳᠠᠮᠵᠢᠨ ᠡᠨᠡ ᠰᠠᠢᠨ ᠰᠠᠢᠬᠠᠨ ᠱᠢᠨ᠎ᠡ ᠵᠢᠯ᠎ᠦᠨ ᠵᠥᠩᠨᠡᠯ᠎ᠢᠶᠡᠨ ᠬᠥᠮᠦᠨ ᠪᠣᠯᠭᠠᠨ᠎ᠳᠤ ᠳᠠᠮᠵᠢᠭᠤᠯᠬᠤ᠎ᠶ᠋ᠢ ᠬᠦᠰᠡᠵᠦ᠍ ᠪᠠᠢᠨ᠎ᠠ》 ᠬᠡᠵᠤ 75 ᠲᠠᠢ ᠤᠷᠠᠨ ᠪᠢᠴᠢᠯᠭᠡ ᠵᠢᠨ ᠪᠠᠬᠠᠲᠡᠳ ᠸᠠᠩ ᠱᠢᠤ ᠶᠢᠩ ᠰᠤᠷᠪᠤᠯᠵᠢᠯᠠᠭ᠍ᠴᠢ᠎ᠳᠤ ᠬᠡᠯᠡᠨ᠎ᠡ᠃

ᠡᠭᠦᠨ᠎ᠡᠴᠡ ᠭᠠᠳᠠᠨ᠎ᠠ᠂ ᠠᠵᠢᠯᠯᠠᠭ᠎ᠠ᠎ᠳᠤ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠤᠬᠠᠭᠤᠯᠭ᠎ᠠ ᠪᠠ ᠡᠷᠡᠭᠦᠯ ᠬᠠᠮᠠᠭᠠᠯᠠᠯ᠎ᠤᠨ ᠠᠯᠪᠠᠨ ᠵᠢᠷᠤᠮ᠎ᠤᠨ ᠡᠮᠴᠢᠯᠡᠭᠡ ᠲᠣᠬᠢᠷᠠᠭᠤᠯᠵᠤ᠂ ᠰᠠᠢᠨ ᠳᠤᠷᠠᠴᠤᠳ ᠲᠣᠰᠭᠣᠨ ᠎ᠤ ᠠᠷᠠᠳ᠎ᠤᠨ ᠠᠰᠠᠭᠤᠯᠲᠠ᠎ᠶ᠋ᠢ ᠬᠦᠯᠢᠴᠡᠩᠭᠦᠢ ᠬᠠᠷᠢᠭᠤᠯᠵᠤ᠂ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠲᠣᠰᠭᠣᠨ᠎ᠤ ᠠᠷᠠᠳ᠎ᠲᠸ᠋ ᠲᠦᠭᠡᠮᠡᠯᠵᠢᠬᠦᠯᠵᠦ᠂ ᠦᠨ᠎ᠡ ᠲᠥᠯᠥᠪᠦᠷᠢ ᠥᠬᠡᠶ ᠡᠷᠡᠭᠦᠯ ᠮᠡᠨᠳᠦ᠍᠎ᠶ᠋ᠢᠨ ᠪᠠᠢᠴᠠᠭᠠᠯᠲᠠ ᠪᠠ ᠵᠥᠪᠯᠡᠯᠭᠡ ᠥᠭ᠌ᠬᠦ ᠦᠶ᠋ᠯᠡᠴᠢᠯᠡᠭᠡ ᠬᠠᠡᠭᠭᠠᠵᠠᠢ᠃

《ᠪᠢᠳᠡ ᠡᠨᠡ ᠬᠦ᠌ ᠠᠵᠢᠯᠯᠠᠭ᠎ᠠ ᠵᠢ ᠵᠤᠬᠢᠶᠠᠨ ᠪᠠᠢᠭᠤᠯᠤᠨ ᠦᠷᠨᠢᠭᠦᠯᠦᠭᠰᠡᠨ ᠨᠢ ᠤᠳᠭ᠎ᠠ ᠤᠷᠠᠯᠢᠭ᠎ᠤᠨ ᠰᠠᠢᠨ ᠳᠤᠷ᠎ᠠ ᠎ᠶ᠋ᠢᠨ ᠦᠶ᠋ᠯᠡᠴᠢᠯᠡᠭᠡᠨ᠎ᠦ ᠬᠡᠯᠪᠡᠷᠢ᠎ᠪᠡᠷ ᠨᠠᠮ᠎ᠤᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠎ᠶ᠋ᠢ ᠬᠥᠳᠡᠭᠡ ᠲᠣᠰᠭᠣᠨ᠎ᠤ ᠥᠨᠴᠥᠭ ᠪᠤᠯᠤᠩ ᠪᠦᠷᠢ᠎ᠳᠦ ᠬᠦᠷᠭᠡᠵᠦ᠍᠂ ᠱᠢᠨᠵᠢᠯᠡᠬᠦ᠌ ᠤᠬᠠᠭᠠᠨ ᠰᠣᠶᠣᠯ᠎ᠤᠨ ᠮᠡᠳᠡᠯᠭᠡ᠎ᠶ᠋ᠢ ᠬᠦᠳᠡᠭᠡ ᠲᠤᠰᠬᠤᠨ ᠳ᠋ᠤ ᠲᠦᠭᠡᠮᠡᠯᠵᠢᠭᠦᠯᠵᠦ᠍᠂ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠲᠦᠭ ᠲᠦᠮᠡᠨ ᠠᠢᠯ ᠡᠷᠦᠬᠡ᠎ᠳᠦ ᠬᠦᠷᠭᠡᠬᠦ᠌ ᠎ᠶ᠋ᠢᠨ ᠲᠥᠯᠥᠭᠡ ᠶᠤᠮ᠃〈ᠭᠤᠷᠪᠠ᠎ᠶ᠋ᠢ ᠬᠥᠳᠡᠭᠡ ᠪᠠᠭᠤᠯᠭᠠᠬᠤ〉ᠠᠵᠢᠯᠯᠠᠭ᠎ᠠ᠎ᠶ᠋ᠢ ᠪᠠᠢᠩᠭᠤᠵᠢᠭᠤᠯᠬᠤ᠂ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠠᠵᠢᠯᠯᠠᠭ᠎ᠠ᠎ᠶ᠋ᠢ ᠦᠨᠡᠨ ᠬᠦ᠌ ᠬᠥᠳᠡᠭᠡ ᠲᠣᠰᠭᠣᠨ᠎ᠳᠤ ᠦᠨᠳᠦᠰᠦᠯᠡᠭᠦᠯᠵᠦ᠍᠂ ᠠᠷᠠᠳ ᠣᠯᠠᠨ᠎ᠳᠤ ᠠᠱᠢᠭ ᠬᠦᠷᠲᠡᠭᠡᠬᠦ᠌᠎ᠶ᠋ᠢ ᠪᠠᠲᠤᠯᠠᠨ᠎ᠠ》 ᠬᠡᠵᠤ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠲᠡᠷᠢᠭᠦᠯᠡᠭ᠌ᠴᠢ ᠯᠢ ᠴᠦᠨ ᠮᠢᠩ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号