《ᠴᠠᠭᠠᠨ ᠰᠠᠷ᠎ᠠ — ᠲᠤᠮᠳᠠᠳᠤᠴᠤᠳ ᠤ᠋ᠨ ᠤᠯᠠᠮᠵᠢᠯᠠᠯᠳᠤ ᠴᠠᠭᠠᠨ ᠰᠠᠷ᠎ᠠ ᠪᠠᠨ ᠪᠡᠯᠬᠡᠯᠡᠬᠦ ᠨᠡᠢᠬᠡᠮ ᠤ᠋ᠨ ᠦᠢᠯᠡᠳᠦᠯᠬᠡ》 ᠬᠥᠮᠦᠨ ᠲᠥᠷᠥᠯᠬᠢᠲᠡᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠦᠯᠦᠬᠡᠯᠡᠬᠦ ᠪᠦᠳᠦᠬᠡᠯ ᠳ᠋ᠤ ᠤᠷᠤᠭᠰᠠᠨ ᠳᠠᠰᠢᠷᠠᠮ ᠢ᠋ᠶ᠋ᠡᠷ ᠥᠪᠥᠷ ᠮᠣᠩᠭᠣᠯ ᠤ᠋ᠨ ᠦᠵᠡᠰᠬᠦᠯᠡᠩ ᠤ᠋ᠨ ᠤᠷᠳᠤᠨ《ᠪᠣᠳᠠᠰ ᠤ᠋ᠨ ᠪᠤᠰᠤ ᠰᠣᠶᠣᠯ ᠤ᠋ᠨ ᠥᠪ ᠢ᠋ᠶ᠋ᠡᠷ ᠴᠠᠭᠠᠨ ᠰᠠᠷ᠎ᠠ ᠵᠢ ᠪᠡᠯᠭᠡᠯᠡᠬᠦ᠌》 ᠰᠢᠷᠢᠰ ᠠᠵᠢᠯᠯᠠᠭ᠎ᠠ ᠡᠷᠬᠢᠯᠡᠨ ᠬᠦᠷ ᠬᠦᠭᠵᠢᠶᠡᠨᠳᠡᠢ ᠶᠠᠪᠤᠭᠳᠠᠭᠤᠯᠵᠦ ᠪᠤᠢ᠃
ᠯᠠ ᠰᠠᠷ᠎ᠠ ᠶ᠋ᠢᠨ ᠬᠣᠷᠢᠨ ᠭᠤᠷᠪᠠᠨ ᠤ᠋ ᠡᠳᠦᠷ ᠲᠦ᠍ ᠤᠯᠠᠮᠵᠢᠯᠠᠯᠲᠤ ᠭᠠᠯ ᠲᠠᠬᠢᠯᠭ᠎ᠠ ᠶ᠋ᠢᠨ ᠠᠵᠢᠯᠯᠠᠭ᠎ᠠ ᠡᠴᠡ ᠭᠠᠳᠠᠨ᠎ᠠ ᠪᠠᠰᠠ ᠮᠠᠭᠠᠵᠢᠨ ᠱᠢᠬᠢᠷ ᠬᠢᠬᠦ᠌ ᠤᠷ᠎ᠠ ᠮᠡᠷᠭᠡᠵᠢᠯ ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠢ᠋ ᠰᠤᠳᠤᠯᠤᠨ ᠰᠤᠷᠤᠯᠴᠠᠬᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠳᠡᠯᠭᠡᠨ ᠦᠵᠡᠭᠦᠯᠬᠦ᠌᠂ ᠤᠭᠠᠯᠵᠠ ᠡᠷᠬᠢᠬᠦ᠂ ᠬᠤᠸᠠᠷ ᠫᠤᠤᠵᠢᠩ ᠰᠣᠨᠢᠷᠬᠠᠬᠤ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠲᠠᠲᠤ ᠢᠳᠡᠭᠡᠨ ᠠᠮᠳᠠᠯᠠᠬᠤ ᠵᠡᠷᠭᠡ ᠤᠯᠠᠨ ᠰᠠᠢᠬᠠᠨ ᠠᠵᠢᠯᠯᠠᠭ᠎ᠠ ᠦᠷᠨᠢᠬᠦᠯᠵᠦ᠂ ᠬᠤᠳᠠ ᠶ᠋ᠢᠨ ᠠᠷᠠᠳ ᠬᠢᠭᠡᠳ ᠵᠢᠭᠤᠯᠴᠢᠯᠠᠭᠰᠠᠳ ᠲᠦ᠍ ᠤᠯᠠᠮᠵᠢᠯᠠᠯᠳᠦ ᠰᠤᠶᠤᠯ ᠤ᠋ᠨ ᠭᠠᠢᠬᠠᠮᠰᠢᠭ ᠢ᠋ ᠮᠡᠳᠡᠷᠡᠬᠦᠯᠵᠡᠢ᠃ ᠤᠢᠯᠠᠭᠠᠭᠰᠠᠨ ᠵᠢᠡᠷ᠂ ᠥᠪᠥᠷ ᠮᠣᠩᠭᠣᠯ ᠤ᠋ᠨ ᠦᠵᠡᠰᠬᠦᠯᠡᠩ ᠤ᠋ᠨ ᠤᠷᠳᠤᠨ 2 ᠰᠠᠷ᠎ᠠ ᠶ᠋ᠢᠨ 17 ᠤ᠋ ᠡᠳᠤᠷ ᠪᠤᠯᠳᠠᠯ᠎ᠠ ᠤᠭᠠᠯᠵᠠ ᠡᠷᠬᠢᠬᠦᠯᠬᠦ᠂ ᠴᠡᠴᠡᠭᠳᠦ ᠳ᠋ᠧᠩ ᠰᠣᠨᠢᠷᠬᠠᠬᠤ᠂ ᠥᠯᠵᠡᠢᠲᠦ ᠪᠤᠭᠤᠷᠰᠤᠭ ᠵᠤᠭᠤᠭᠯᠠᠬᠤ᠂《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠳ᠋ᠦ ᠨᠡᠢᠲᠡᠯᠡᠭ᠌ᠰᠡᠨ 100 ᠳᠠᠭᠤᠤ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠴᠠᠭᠠᠨ ᠰᠠᠷ᠎ᠠ ᠶ᠋ᠢᠨ ᠵᠠᠩ ᠦᠢᠯᠡ ᠵᠡᠷᠭᠡ ᠠᠭᠤᠯᠭ᠎ᠠ ᠶ᠋ᠢᠨ ᠲᠤᠭᠤᠷᠢᠨ ᠳ᠋ᠦ ᠣᠨᠢᠰᠤᠭ᠎ᠠ ᠳᠠᠭᠠᠬᠤ᠂ ᠰᠡᠳᠦᠪ ᠬᠠᠷᠢᠭᠤᠯᠬᠤ᠂ ᠳᠠᠭᠤᠤ ᠶ᠋ᠢᠨ ᠦᠭᠡᠳᠠᠭᠠᠬᠤ ᠵᠡᠷᠭᠡ ᠠᠵᠢᠯᠯᠠᠭ᠎ᠠ ᠥᠷᠨᠢᠭᠦᠯᠦᠨ᠎ᠠ; ᠴᠠᠭᠠᠨ ᠰᠠᠷ᠎ᠠ ᠶ᠋ᠢᠨ ᠬᠤᠭᠤᠴᠠᠭᠠᠨ ᠳ᠋ᠦ ᠮᠠᠭᠠᠵᠢᠨ ᠱᠢᠬᠢᠷ ᠬᠢᠬᠦ᠌ ᠤᠷ᠎ᠠ ᠮᠡᠷᠭᠡᠵᠢᠯ᠂ ᠴᠣᠩᠬᠣᠨ ᠬᠤᠸᠠᠷ ᠬᠠᠢᠴᠢᠯᠠᠬᠤ᠂ ᠬᠤᠤᠰ ᠤᠶᠠᠩᠭ᠎ᠠ ᠪᠢᠴᠢᠬᠦ᠌᠂ ᠭᠤᠯᠢᠷ ᠤ᠋ᠨ ᠪᠠᠷᠢᠮᠠᠯ ᠬᠢᠬᠦ᠌᠂ ᠳ᠋ᠧᠩᠯᠦ᠍ ᠭᠦᠷᠦᠬᠦ᠌ ᠤᠷ᠎ᠠ ᠮᠡᠷᠭᠡᠵᠢᠯ᠂ ᠮᠣᠭᠠᠶ ᠶ᠋ᠢᠨ ᠳ᠋ᠧᠩ᠂ ᠬᠤᠸᠠᠷ ᠳᠠᠷᠤᠮᠠᠯᠯᠠᠨ ᠵᠢᠷᠤᠭ ᠭᠠᠷᠭᠠᠬᠤ ᠵᠡᠷᠭᠡ ᠵᠢ ᠪᠠᠭ᠍ᠲᠠᠭᠠᠭ᠍ᠰᠠᠨ ᠤᠯᠠᠮᠵᠢᠯᠠᠯᠲᠤ ᠭᠠᠷ ᠤᠷᠠᠯᠠᠯ ᠤ᠋ᠨ ᠪᠡᠶᠡᠴᠢᠯᠡᠨ ᠣᠢᠯᠠᠭᠠᠯᠲᠠ ᠬᠢᠵᠦ᠍᠂ ᠠᠷᠠᠳ ᠣᠯᠠᠨ ᠳ᠋ᠦ ᠪᠠᠶᠠᠷ ᠤ᠋ᠨ ᠡᠳᠦᠷ ᠤ᠋ᠨ ᠰᠢᠨ᠎ᠠ ᠰᠡᠪᠡᠬᠦᠨ ᠪᠡᠶᠡᠴᠢᠯᠡᠨ ᠣᠢᠯᠠᠭᠠᠯᠲᠠ ᠬᠦᠷᠳᠡᠭᠡᠵᠦ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠤ᠋ᠨ ᠷᠢᠳᠢ ᠱᠢᠳᠢ ᠵᠢ ᠮᠡᠳᠡᠷᠡᠬᠦᠯᠦᠨᠠ᠃ ᠡᠬᠦᠨ ᠤ᠋ ᠬᠠᠮᠳᠦ᠂ ᠭᠣᠣᠯ ᠰᠡᠳᠦᠪᠲᠦ ᠦᠵᠡᠭᠦᠯᠭᠡ ᠪᠠ ᠴᠠᠭᠠᠨ ᠰᠠᠷ᠎ᠠ ᠶ᠋ᠢᠨ ᠱᠢᠷᠢᠰ ᠠᠵᠢᠯᠯᠠᠭ᠎ᠠ ᠳ᠋ᠦ ᠲᠦᠱᠢᠭ᠌ᠯᠡᠨ ᠪᠢᠴᠢᠬᠠᠨ ᠲᠠᠢᠯᠪᠤᠷᠢᠯᠠᠭ᠍ᠴᠢ ᠶ᠋ᠢᠨ ᠪᠣᠯᠪᠠᠰᠤᠷᠠᠯ ᠥᠷᠨᠢᠭᠦᠯᠵᠦ᠍᠂ ᠤᠷ᠎ᠠ ᠮᠡᠷᠭᠡᠵᠢᠯ᠂ ᠶᠣᠰᠣᠯᠠᠯ ᠤ᠋ᠨ ᠪᠣᠯᠪᠠᠰᠤᠷᠠᠯ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠭᠠᠷ ᠤᠷᠠᠯᠠᠯ ᠤ᠋ᠨ ᠬᠢᠴᠢᠶᠡᠯ ᠤ᠋ᠨ ᠲᠠᠩᠬᠢᠮ᠂ ᠴᠠᠭᠠᠨ ᠰᠠᠷ᠎ᠠ ᠶ᠋ᠢᠨ ᠶᠤᠰᠤ ᠵᠠᠩᠰᠢᠯ ᠵᠡᠷᠭᠡ ᠬᠢᠴᠢᠶᠡᠯ ᠵᠢᠡᠷ ᠳᠠᠮᠵᠢᠨ ᠨᠡᠩ ᠤᠯᠠᠨ ᠬᠡᠦᠬᠡᠳ ᠲᠦ᠍ ᠴᠠᠭᠠᠨ ᠰᠠᠷ᠎ᠠ ᠶ᠋ᠢᠨ ᠰᠣᠶᠣᠯ ᠤ᠋ᠨ ᠠᠬᠤᠢ ᠪᠠᠢᠳᠠᠯ ᠪᠠ ᠤᠯᠠᠮᠵᠢᠯᠠᠯᠲᠤ ᠵᠠᠩ ᠳᠠᠳᠭᠠᠯ ᠢ᠋ ᠤᠢ᠍ᠢᠯᠠᠭᠠᠭᠤᠯᠤᠨᠠ᠃ ᠲᠤᠰ ᠠᠵᠢᠯᠯᠠᠭ᠎ᠠ 3 ᠰᠠᠷᠠᠶᠢᠨ 1 ᠤ᠋ ᠡᠳᠤᠷ ᠪᠤᠯᠳᠠᠯ᠎ᠠ ᠦᠷᠬᠦᠯᠵᠢᠯᠡᠬᠦ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号