ᠵᠢᠭ᠍ᠰᠠᠭᠠᠯ᠎ᠤᠨ ᠭᠠᠵᠠᠷ᠎ᠢ ᠲᠡᠭᠦᠯᠳᠡᠷᠵᠢᠭᠦᠯᠵᠦ᠍ ᠡᠩᠨᠡᠭᠡ ᠵᠢ ᠰᠠᠢᠲᠤᠷ ᠪᠠᠢᠭᠤᠯᠵᠤ ᠭᠤᠤᠯ ᠰᠢᠵᠢᠮ᠎ᠳᠤ ᠠᠩᠬᠠᠷᠤᠯ᠎ᠢᠶᠠᠨ ᠲᠦᠪᠯᠡᠷᠡᠭᠦᠯᠵᠦ ᠤᠯᠠᠭᠠᠨᠬᠠᠳᠠ ᠬᠤᠳᠠ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠠᠷᠠᠳ᠎ᠤᠨ ᠰᠡᠳᠭᠢᠯ᠎ᠳᠦ ᠬᠠᠳᠠᠩᠱᠢᠭᠤᠯᠵᠤ ᠪᠣᠳᠠᠲᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠤᠨ᠎ᠠ
2025-01-03 09:43:15
ᠵᠣᠬᠢᠶᠠᠭ᠍ᠴᠢ᠄
​ ᠯᠢ ᠱᠢᠤᠸᠠᠢ ᠶᠣᠣ
ᠣᠩᠱᠢᠭ᠍ᠰᠠᠨ ᠣᠳᠠᠭ᠎ᠠ᠄
★★★☆☆

ᠡᠨᠡ ᠵᠢᠯ᠎ᠡᠴᠡ ᠨᠠᠭᠠᠰᠢ ᠤᠯᠠᠭᠠᠨᠬᠠᠳᠠ ᠬᠣᠲᠠ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠦᠷ᠎ᠡ ᠪᠦᠲᠦᠭᠡᠯ᠎ᠢᠶᠡᠨ ᠢᠳᠡᠪᠬᠢᠲᠡᠶ ᠪᠡᠬᠢᠵᠢᠭᠦᠯᠦᠨ ᠳᠡᠭᠡᠭ᠌ᠰᠢᠯᠡᠭᠦᠯᠵᠦ᠍᠂ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ》 ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠭᠠᠷᠳᠠᠴᠠ ᠨᠢ ᠢᠯᠡ ᠲᠣᠳᠣ᠂ ᠰᠤᠷᠭᠠᠨ ᠬᠥᠮᠦᠵᠢᠯ᠎ᠤᠨ᠎ᠦᠷ᠎ᠡ ᠪᠦᠲᠦᠮᠵᠢ ᠢᠯᠡᠳᠳᠡ ᠪᠠᠢᠬᠤ ᠪᠡᠷ ᠵᠤᠷᠢᠯᠳᠠ ᠪᠤᠯᠭᠠᠨ᠂  ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠲᠡᠭᠦᠯᠳᠡᠷᠵᠢᠭᠦᠯᠬᠦ᠌᠂ ᠤᠬᠠᠭᠤᠯᠭ᠎ᠠ᠎ᠶ᠋ᠢᠨ ᠡᠩᠨᠡᠭᠡ᠎ᠶ᠋ᠢ ᠰᠠᠢᠲᠤᠷ ᠪᠠᠢᠭᠤᠯᠬᠤ᠂ ᠭᠤᠤᠯ ᠰᠢᠵᠢᠮ᠎ᠳᠤ ᠠᠩᠬᠠᠷᠤᠯ᠎ᠢᠶᠠᠨ ᠲᠥᠪᠯᠡᠷᠡᠭᠦᠯᠬᠦ᠌ ᠭᠤᠷᠪᠠᠨ ᠲᠠᠯ᠎ᠠ ᠪᠡᠷ ᠬᠦᠴᠦᠯᠡᠵᠦ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠂ ᠠᠷᠠᠳ᠎ᠤᠨ ᠰᠡᠳᠭᠢᠯ᠎ᠳᠦ ᠬᠠᠳᠠᠩᠱᠢᠭᠤᠯᠬᠤ᠂ ᠪᠣᠳᠠᠲᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃

ᠤᠯᠠᠭᠠᠨᠬᠠᠳᠠ ᠬᠤᠳᠠ᠎ᠶ᠋ᠢᠨ ᠠᠤᠬᠠᠨ ᠬᠣᠱᠢᠭᠤᠨ᠎ᠤ ᠮᠣᠳᠣᠨ ᠠᠢᠯ ᠱᠢᠶᠠᠩ᠎ᠤᠨ ᠹᠧᠨ ᠽᠢ ᠳ᠋ᠢ ᠲᠣᠰᠭᠣᠨ᠎ᠤ ᠨᠠᠮ᠎ᠤᠨ ᠡᠭᠦᠷ᠎ᠦᠨ ᠱᠦᠵᠢ ᠵᠢᠨ 《ᠵᠢᠵᠢᠭ ᠰᠠᠨᠳᠠᠯᠢ ᠵᠢᠨ ᠨᠡᠭᠦᠳᠡᠯ ᠶᠠᠷᠢᠶᠠᠨ᠎ᠤ ᠲᠠᠩᠬᠢᠮ》 ᠎ᠤ᠋ᠨ ᠤᠬᠠᠭᠤᠯᠤᠨ ᠳᠠᠢᠯᠪᠤᠷᠢᠯᠠᠯᠳᠠ ᠨᠢ 《ᠤᠯᠠᠨ ᠲᠦᠮᠡᠨ᠎ᠢ ᠳᠠᠭᠤᠳᠠᠨ ᠠᠪᠴᠢᠷᠠᠵᠤ》 ᠪᠠᠢᠭ᠍ᠰᠠᠨ᠎ᠢ 《ᠤᠯᠠᠨ ᠲᠦᠮᠡᠨ᠎ᠢ ᠨᠢᠭᠡ ᠳᠣᠣᠷ᠎ᠠ ᠴᠤᠭ᠍ᠯᠠᠷᠠᠭᠤᠯᠬᠤ》 ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠦ ᠣᠢᠯᠠᠭᠠᠬᠤ ᠦᠭᠡ ᠬᠡᠯᠡ᠎ᠪᠡᠷ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠯᠢᠭᠡᠷ᠎ᠢ ᠰᠠᠢᠲᠤᠷ ᠶᠠᠷᠢᠨ᠎ᠠ᠃

《ᠥᠩᠭᠡᠷᠡᠭ᠌ᠰᠡᠨ᠎ᠳᠦ ᠪᠦᠷ ᠲᠣᠰᠭᠣᠨ᠎ᠤ ᠵᠥᠪᠯᠡᠯ᠎ᠦᠨ ᠬᠤᠷᠠᠯ᠎ᠤᠨ ᠬᠡᠷ᠎ᠲᠦ ᠬᠤᠷᠠᠯᠳᠤᠵᠤ ᠪᠠᠢᠭ᠍ᠰᠠᠨ᠂ ᠡᠨᠡ ᠬᠦ᠌ ᠵᠠᠭ᠍ᠪᠤᠷ᠎ᠨᠢ ᠵᠠᠷᠢᠮ᠎ᠳᠠᠭᠠᠨ ᠲᠡᠩᠳᠡᠬᠦᠦ ᠲᠥᠪ ᠴᠢᠬᠢᠮᠠᠢ ᠰᠠᠨᠠᠭᠳᠠᠵᠤ ᠬᠦᠮᠦᠰ᠎ᠤᠨ ᠰᠣᠨᠢᠷᠬᠠᠯ᠎ᠢ ᠲᠠᠳᠠᠵᠤ ᠴᠢᠳᠠᠬᠤ ᠦᠭᠡᠢ᠂ ᠣᠲᠣ ᠰᠤᠯᠠ ᠶᠠᠷᠢᠯᠴᠠᠬᠤ ᠳᠤᠮᠳᠠ ᠰᠤᠷᠤᠯᠴᠠᠬᠤ ᠪᠤᠯᠵᠠᠢ᠂ ᠪᠢᠳᠡ ᠰᠣᠨᠣᠰᠴᠤ ᠲᠡᠢᠯᠬᠦ᠂ ᠰᠠᠭᠤᠵᠤ ᠳᠡᠢᠯᠬᠦ᠌᠂ ᠣᠢᠯᠠᠭᠠᠵᠤ ᠳᠡᠢᠯᠬᠦ᠌ ᠪᠣᠯᠵᠠᠶ》 ᠭᠡᠵᠦ ᠹᠧᠨ ᠽᠢ ᠳ᠋ᠢ ᠲᠣᠰᠭᠣᠨ᠎ᠤ ᠠᠬᠠᠮᠠᠳ ᠨᠠᠮ᠎ᠤᠨ ᠭᠡᠱᠢᠭᠦᠨ ᠵᠢᠨ ᠹᠧᠩ ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭ᠍ᠰᠠᠨ᠎ᠤ ᠳᠠᠷᠠᠭ᠎ᠠ ᠡᠷᠡᠭᠡᠢ ᠭᠠᠷᠭᠠᠨ ᠮᠠᠭᠳᠠᠵᠤ ᠪᠠᠢᠯ᠎ᠠ᠃

ᠤᠯᠠᠭᠠᠨᠬᠠᠳᠠ ᠬᠣᠲᠠ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢᠶᠠᠨ ᠲᠡᠭᠦᠯᠳᠡᠷᠵᠢᠭᠦᠯᠵᠦ᠍᠂ ᠪᠦᠷᠢᠨ ᠵᠠᠭᠤᠴᠢᠯᠠᠭᠤᠷ᠎ᠤᠨ ᠤᠬᠠᠭᠤᠯᠭ᠎ᠠ ᠬᠥᠮᠦᠵᠢᠯ᠎ᠢ  ᠪᠦᠬᠦᠨ ᠳ᠋ᠤ ᠪᠦᠷᠬᠦᠭᠦᠯᠪᠡ᠃ ᠨᠡᠢᠭᠡᠮ ᠲᠣᠭᠣᠷᠢᠭ᠂ ᠲᠣᠰᠭᠣᠨ ᠳᠤᠭᠤᠢᠯᠠᠩ᠎ᠳᠤ 《ᠵᠢᠵᠢᠭ ᠰᠠᠨᠳᠠᠯᠢ ᠵᠢᠨ ᠨᠡᠭᠦᠳᠡᠯ ᠬᠢᠴᠢᠶᠡᠯ᠎ᠦᠨ ᠲᠠᠩᠬᠢᠮ》 ᠎ᠢ᠋ ᠥᠷᠨᠢᠭᠦᠯᠵᠦ᠍᠂ 《ᠪᠠᠭ᠎ᠠ ᠬᠡᠪᠴᠢᠶ᠎ᠡ᠂ ᠴᠥᠭᠡᠨ ᠠᠭᠤᠯᠭ᠎ᠠ᠂ ᠣᠯᠠᠨ ᠤᠳᠠᠭ᠎ᠠ》 ᠵᠢᠨ ᠵᠠᠷᠴᠢᠮ᠎ᠢ ᠪᠠᠷᠢᠮᠲᠠᠯᠠᠨ᠂ 《ᠨᠡᠭᠦᠳᠡᠯ ᠬᠢᠴᠢᠶᠡᠯ᠎ᠦᠨ ᠲᠠᠩᠬᠢᠮ》᠂ 《ᠪᠡᠶᠡᠳᠡᠨ ᠤᠢᠯᠠᠭᠠᠬᠤ ᠬᠢᠴᠢᠶᠡᠯ᠎ᠦᠨ ᠲᠠᠩᠬᠢᠮ》᠂ 《ᠤᠳᠭ᠎ᠠ ᠤᠷᠠᠯᠢᠭ᠎ᠤᠨ ᠬᠢᠴᠢᠶᠡᠯ᠎ᠦᠨ ᠲᠠᠩᠬᠢᠮ》᠂ 《ᠲᠠᠷᠢᠶᠠᠨ ᠳᠤᠮᠳᠠᠬᠢ ᠬᠢᠴᠢᠶᠡᠯ᠎ᠦᠨ ᠲᠠᠩᠬᠢᠮ》 4 ᠬᠢᠴᠢᠶᠡᠯ᠎ᠢ ᠰᠠᠢᠲᠤᠷ ᠣᠷᠣᠵᠤ ᠤᠬᠠᠭᠤᠯᠤᠨ ᠲᠠᠢᠯᠪᠤᠷᠢᠯᠠᠬᠤ ᠦᠷ᠎ᠡ ᠪᠦᠲᠦᠮᠵᠢ ᠵᠢ ᠲᠡᠭᠡᠭᠰᠢᠯᠡᠬᠦᠯᠪᠡ᠃ ᠣᠳᠣᠬᠠᠨ ᠪᠣᠯᠲᠠᠯ᠎ᠠ᠂ ᠤᠯᠠᠭᠠᠨᠬᠠᠳᠠ ᠬᠣᠲᠠ ᠣᠯᠠᠨ ᠲᠦᠮᠡᠨ᠎ᠳᠦ 1.2 ᠲᠦᠮᠡᠨ ᠤᠳᠠᠭ᠎ᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠦ᠍᠂ 8 ᠲᠦᠮᠡ ᠭᠠᠷᠤᠶ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠮᠤᠷᠴᠠᠶ᠃

ᠵᠢᠷᠭᠢᠶ᠎ᠡ᠂ ᠴᠤᠤᠷᠢᠶ᠎ᠠ ᠵᠡᠷᠭᠡ ᠲᠠᠪᠴᠠᠩ᠎ᠢᠶᠠᠷ ᠺᠠᠷᠲ᠋ᠣᠨ ᠵᠢᠷᠤᠭ᠂ ᠣᠬᠣᠷ ᠸᠢᠳᠢᠣ᠋ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ  ᠮᠡᠳᠡᠭᠡ ᠵᠠᠩᠭᠢ  ᠵᠢ ᠨᠡᠪᠳᠡᠷᠡᠬᠦᠯᠵᠦ᠂ 12 ᠬᠣᠱᠢᠭᠤ ᠱᠢᠶᠠᠨ ᠲᠣᠭᠣᠷᠢᠭ᠎ᠢ ᠨᠢᠭᠡᠳᠦᠯᠲᠡᠶ ᠲᠥᠯᠥᠪᠵᠢᠭᠦᠯᠦᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ᠎ᠢ ᠲᠤᠬᠠᠶ᠎ᠶ᠋ᠢᠨ ᠲᠠᠯᠠᠪᠤᠷ᠎ᠲᠤ ᠱᠢᠭᠤᠳ ᠨᠡᠪᠲᠡᠷᠡᠭᠦᠯᠬᠦ᠌᠎ᠶ᠋ᠢᠨ ᠬᠠᠮᠲᠤ᠂ 《ᠭᠤᠤᠯᠯᠠᠨ ᠶᠠᠷᠢᠭᠴᠢ ᠲᠠᠨ᠎ᠢ ᠳᠠᠭᠠᠭᠤᠯᠤᠨ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠬᠤᠢ》᠂ 《ᠤᠯᠠᠭᠠᠨᠮᠥ᠋ᠴᠢᠷ᠎ᠦᠨ ᠬᠤᠪᠢᠶᠠᠷᠢ ᠠᠩᠭᠢ ᠲᠠᠨ᠎ᠢ ᠳᠠᠭᠠᠭᠤᠯᠤᠨ ᠬᠤᠪᠢᠰᠬᠠᠯᠳᠤ ᠳᠠᠭᠤᠤ  ᠵᠢ ᠳᠠᠭᠤᠯᠠᠬᠤᠢ》 ᠵᠡᠷᠭᠡ ᠠᠭᠤᠯᠭ᠎ᠠ᠎ᠶ᠋ᠢ  ᠨᠡᠪᠲᠡᠷᠡᠭᠦᠯᠵᠦ᠍᠂ ᠤᠯᠠᠨ ᠶᠠᠩᠵᠤ ᠬᠡᠯᠪᠡᠷᠢ ᠵᠢᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ; 《ᠤᠬᠠᠭᠤᠯᠭ᠎ᠠ ᠵᠢᠨ ᠬᠠᠮ ᠲᠡᠷᠭᠡ》 ᠂ 《ᠬᠥᠳᠡᠭᠡ ᠲᠣᠰᠭᠣᠨ᠎ᠤ ᠲᠣᠮᠣ ᠪᠦᠷᠢᠶ᠎ᠡ》ᠵᠡᠷᠭᠡ ᠠᠴᠢᠶᠠᠯᠠᠪᠤᠷᠢ᠎ᠶ᠋ᠢ ᠭᠦᠶ᠋ᠴᠡᠳ ᠠᠱᠢᠭ᠍ᠯᠠᠨ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ 《ᠤᠭᠳᠠᠷᠭᠤᠢ ᠳ᠋ᠡᠬᠢ ᠬᠢᠴᠢᠶᠡᠯ᠎ᠦᠨ ᠲᠠᠩᠬᠢᠮ》 ᠢ᠋ ᠪᠠᠢᠭᠤᠯᠵᠤ᠂ ᠡᠳᠦᠷ ᠪᠦᠷᠢ ᠤᠬᠠᠭᠤᠯᠭ᠎ᠠ᠎ᠶ᠋ᠢᠨ ᠡᠳᠦᠷ᠂ ᠴᠠᠭ ᠢᠮᠠᠭ᠍ᠲᠠ ᠤᠬᠠᠭᠤᠯᠤᠭ᠍ᠴᠢ᠎ᠲᠠᠶ ᠪᠠᠢᠬᠤ᠎ᠶ᠋ᠢ ᠪᠡᠶᠡᠯᠡᠭᠦᠯᠪᠡ᠃

ᠣᠯᠠᠨ ᠵᠢᠯ᠎ᠦᠨ ᠲᠤᠷᠰᠢ᠂ ᠤᠯᠠᠭᠠᠨᠬᠠᠳᠠ ᠬᠣᠲᠠ ᠤᠬᠠᠭᠤᠯᠭ᠎ᠠ᠎ᠶ᠋ᠢᠨ ᠡᠩᠨᠡᠭᠡ᠎ᠶ᠋ᠢ ᠰᠠᠢᠲᠤᠷ ᠪᠠᠢᠭᠤᠯᠬᠤ ᠲᠠᠯ᠎ᠠ᠎ᠪᠠᠷ ᠬᠦᠴᠦ᠍ ᠣᠷᠣᠭᠤᠯᠵᠤ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠭᠠᠷᠭᠠᠪᠠ᠃

ᠤᠢ᠍ᠢᠷ᠎ᠠ᠎ᠶ᠋ᠢᠨ ᠡᠳᠦᠷ᠎ᠤᠳ᠎ᠲᠦ᠂ ᠨᠢᠩᠴᠧᠩ ᠱᠢᠶᠠᠨ᠎ᠤ ᠮᠠᠷᠠᠲᠤ ᠪᠠᠯᠭᠠᠰᠤᠨ᠎ᠤ ᠸᠠ ᠨᠠᠨ ᠲᠣᠰᠭᠣᠨ᠎ᠳᠤ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ ᠶᠠᠪᠤᠭᠳᠠᠵᠤ᠂ ᠲᠤᠤᠷᠵᠢᠯ᠎ᠤᠨ ᠠᠵᠢᠯᠲᠠᠨ ᠠᠢᠯ ᠡᠷᠦᠭᠡ᠎ᠪᠡᠷ ᠬᠦᠨᠵᠡᠭᠡᠢᠷᠡᠵᠦ᠂ 《ᠨᠠᠮ᠎ᠤᠨ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ᠎ᠶ᠋ᠢᠨ  ᠮᠡᠳᠡᠯᠭᠡ᠎ᠶ᠋ᠢᠨ ᠭᠠᠷ ᠳᠡᠪᠲᠡᠷ》 ᠂ 《ᠶᠡᠷᠦᠩᠬᠡᠢ ᠱᠦᠵᠢ᠎ᠶ᠋ᠢᠨ ᠶᠠᠷᠢᠵᠤ ᠥᠩᠭᠡᠷᠡᠭ᠌ᠰᠡᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠯᠢᠭᠡᠷ》 ᠵᠡᠷᠭᠡ ᠤᠬᠠᠭᠤᠯᠭ᠎ᠠ᠎ᠶ᠋ᠢᠨ ᠮᠠᠲ᠋ᠧᠷᠢᠶᠠᠯ᠎ᠢ ᠲᠠᠷᠬᠠᠭᠠᠵᠤ᠂ ᠤᠯᠠᠨ ᠲᠦᠮᠡᠨ᠎ᠳᠦ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠦᠭᠡᠮᠡᠯᠵᠢᠭᠦᠯᠪᠡ᠃

《ᠡᠷᠦᠬᠡ᠎ᠳᠦ ᠬᠦᠨᠵᠡᠭᠡᠢᠷᠡᠬᠦ ᠶᠠᠪᠤᠴᠠ᠎ᠳᠤ᠂ ᠣᠯᠠᠨ ᠲᠦᠮᠡᠨ᠎ᠲᠡᠶ ᠨᠢᠭᠤᠷᠲᠠᠨ ᠶᠠᠷᠢᠯᠴᠠᠵᠤ᠂ ᠮᠠᠲᠠᠭ᠎ᠢ ᠨᠢ ᠲᠠᠢᠯᠵᠤ᠂ ᠣᠨᠣᠯ᠎ᠢ 〈ᠬᠡᠢᠰᠪᠦᠷᠢ〉 ᠡᠴᠡ 〈ᠪᠣᠳᠠᠲᠠᠶ〉 ᠪᠣᠯᠭᠠᠪᠠ》 ᠭᠡᠵᠦ᠍ ᠸᠠ ᠨᠠᠨ ᠲᠣᠰᠭᠣᠨ᠎ᠤ ᠲᠣᠣᠷᠵᠢᠯ᠎ᠤᠨ ᠠᠵᠢᠯᠲᠠᠨ ᠯᠢ ᠴᠧᠩ ᠱᠠᠨ ᠬᠡᠯᠡᠨ᠎ᠡ᠃

ᠣᠳᠣᠬᠠᠨ ᠪᠣᠯᠲᠠᠯ᠎ᠠ᠂ ᠤᠯᠠᠭᠠᠨᠬᠠᠳᠠ ᠬᠣᠲᠠ ᠲᠤᠤᠷᠵᠢᠯ᠎ᠤᠨ ᠠᠵᠢᠯᠲᠠᠨ᠎ᠢ ᠳᠠᠢᠴᠢᠯᠠᠨ ᠲᠣᠰᠭᠣᠨ ᠨᠡᠢᠭᠡᠮ ᠲᠣᠭᠣᠷᠢᠭ᠎ᠲᠤ ᠣᠷᠣᠭᠤᠯᠵᠤ᠂ ᠬᠠᠮᠢᠶ᠎ᠠ ᠪᠥᠬᠥᠶ ᠤᠬᠠᠭᠤᠯᠭ᠎ᠠ᠎ᠶ᠋ᠢᠨ ᠮᠡᠳᠡᠯᠭᠡ᠎ᠶ᠋ᠢᠨ ᠤᠩᠱᠢᠬᠤ ᠪᠢᠴᠢᠭ᠂ ᠤᠬᠠᠭᠤᠯᠭ᠎ᠠ᠎ᠶ᠋ᠢᠨ ᠬᠠᠭᠤᠳᠠᠰᠤ ᠵᠡᠷᠭᠡ ᠵᠢ 34 . 7 ᠲᠦᠮᠡ ᠭᠠᠷᠤᠶ ᠳᠡᠪᠲᠡᠷ ᠲᠠᠷᠬᠠᠭᠠᠪᠠ᠃

ᠤᠯᠠᠭᠠᠨᠬᠠᠳᠠ ᠬᠣᠲᠠ ᠪᠠᠰᠠ 《ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠨᠢᠭᠡ ᠤᠳᠠᠭ᠎ᠠ ᠵᠢᠨ ᠬᠢᠴᠢᠶᠡᠯ ᠣᠷᠣᠬᠤ》 ᠬᠡᠯᠪᠡᠷᠢ᠎ᠪᠡᠷ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠣᠨᠣᠯ ᠰᠤᠷᠤᠯᠴᠠᠬᠤ ᠭᠤᠤᠯ ᠳᠤᠭᠤᠢᠯᠠᠩ᠂ 《ᠭᠤᠷᠪᠠᠨ ᠬᠤᠷᠠᠯ ᠨᠢᠭᠡ ᠬᠢᠴᠢᠶᠡᠯ》ᠪᠣᠯᠤᠨ ᠨᠠᠮ᠎ᠤᠨ ᠭᠡᠱᠢᠭᠦᠨ ᠺᠠᠳ᠋ᠷ᠎ᠤᠨ ᠬᠥᠮᠦᠵᠢᠯ ᠪᠣᠯᠪᠠᠰᠤᠷᠠᠯ᠎ᠳᠤ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠵᠠᠪᠠᠯ ᠰᠤᠷᠬᠤ ᠠᠭᠤᠯᠭ᠎ᠠ ᠪᠣᠯᠭᠠᠨ ᠤᠬᠠᠭᠤᠯᠤᠨ ᠲᠠᠢᠯᠪᠤᠷᠢᠯᠠᠵᠤ᠂ ᠨᠠᠮ᠎ᠤᠨ ᠭᠡᠱᠢᠭᠦᠨ ᠺᠠᠳ᠋ᠷ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠬᠤ᠎ᠶ᠋ᠢ ᠦᠨᠡᠨ ᠬᠦ᠌ ᠪᠠᠲᠤᠯᠠᠪᠠ;ᠳᠥᠷᠪᠡᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠬᠣᠲᠠ ᠬᠣᠱᠢᠭᠤ ᠬᠣᠶᠠᠷ ᠱᠠᠲᠤᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠂ ᠶᠡᠬᠡ ᠳᠡᠭᠡᠳᠦ ᠰᠤᠷᠭᠠᠭᠤᠯᠢ᠎ᠶ᠋ᠢᠨ ᠫᠷᠣᠹᠧᠰᠰᠤᠷ ᠵᠡᠷᠭᠡ᠎ᠶ᠋ᠢ ᠲᠡᠳᠡᠨ ᠣᠷᠣᠭᠤᠯᠵᠤ᠂ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠵᠢᠡᠷ 《ᠵᠣᠩᠬᠢᠯᠠᠬᠤ ᠣᠯᠠᠨ ᠲᠣᠭᠠᠲᠠᠨ》 ᠢ᠋ ᠳᠠᠢᠴᠢᠯᠠᠬᠤ ᠤᠬᠠᠭᠤᠯᠬᠤ ᠠᠷᠭ᠎ᠠ ᠬᠡᠯᠪᠡᠷᠢ᠎ᠪᠡᠷ᠂ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠨ ᠤᠬᠠᠭᠤᠯᠬᠤ᠎ᠶ᠋ᠢ ᠪᠦᠬᠦᠨ ᠳ᠋ᠤ ᠪᠦᠷᠬᠦᠭᠦᠯᠬᠦ᠌᠎ᠶ᠋ᠢ ᠪᠡᠶᠡᠯᠡᠭᠦᠯᠪᠠ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠢᠵᠢᠮ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠳᠠᠯᠢ ᠪᠤᠰᠤ ᠬᠥᠮᠦᠰ᠎ᠲᠦ ᠴᠢᠭ᠌ᠯᠡᠭᠦᠯᠦᠨ ᠡᠯ᠎ᠡ ᠲᠥᠷᠥᠯ᠎ᠦᠨ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠴᠢᠩᠭᠠᠳᠬᠠᠵᠤ᠂ ᠬᠤᠪᠢᠶᠠᠷᠢᠴᠢᠯᠠᠬᠰᠠᠨ᠂ ᠪᠣᠰᠣᠭ᠎ᠠ ᠴᠣᠭ᠍ᠴᠠᠲᠤ ᠭᠤᠤᠯ ᠰᠡᠳᠦᠪᠲᠦ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃

ᠬᠠᠷᠠᠴᠢᠨ ᠬᠣᠱᠢᠭᠤᠨ᠎ᠤ ᠤᠯᠠᠭᠠᠨᠮᠥ᠋ᠴᠢᠷ᠎ᠤᠨ ᠬᠢᠨ ᠸᠠᠩ᠎ᠤᠨ ᠣᠷᠳᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ ᠰᠠᠭᠤᠷᠢᠨ ᠳ᠋ᠦ ᠬᠦᠷᠴᠤ 《ᠠᠷᠠᠳ ᠲᠦᠮᠡᠨ᠎ᠦ ᠳᠤᠮᠳᠠ ᠬᠦᠨᠵᠡᠭᠡᠢᠷᠡᠶ᠎ᠡ — 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠰᠠᠷ᠎ᠠ᠎ᠶ᠋ᠢᠨ ᠠᠵᠢᠯᠯᠠᠭ᠎ᠠ》 ᠲᠤᠰᠭᠠᠶ ᠤᠷᠠᠨ ᠰᠠᠢᠬᠠᠨ᠎ᠤ ᠲᠣᠭ᠍ᠯᠠᠯᠲᠠ ᠭᠠᠷᠭᠠᠪᠠ᠃ ᠤᠯᠠᠭᠠᠨᠮᠥ᠋ᠴᠢᠷ᠎ᠤᠨ ᠭᠡᠱᠢᠭᠦᠳ ᠪᠠᠶᠠᠰᠬᠤᠯᠠᠩᠲᠤ ᠪᠥᠵᠢᠭ᠎ᠵᠢᠡᠷ ᠰᠠᠢᠨ ᠰᠠᠢᠬᠠᠨ ᠠᠮᠢᠳᠤᠷᠠᠯ᠎ᠤᠨ ᠲᠤᠬᠠᠢ ᠬᠢᠵᠠᠭᠠᠯᠠᠰᠢ ᠦᠭᠡᠢ ᠬᠠᠯᠠᠭᠤᠨ ᠰᠡᠳᠭᠢᠯᠭᠡ ᠪᠠ ᠬᠦᠰᠡᠯ ᠡᠷᠡᠮᠡᠯᠵᠡᠯ᠎ᠢᠶᠡᠨ ᠢᠯᠡᠳᠭᠡᠵᠦ᠍᠂ ᠢᠷᠠᠭᠤ ᠰᠠᠢᠬᠠᠨ ᠮᠣᠷᠢᠨ ᠬᠤᠭᠤᠷ᠎ᠤᠨ ᠡᠭᠡᠰᠢᠭ᠎ᠢᠶᠠᠷ ᠦᠨᠳᠦᠰᠦᠲᠡᠨ ᠪᠦᠯᠬᠦᠮᠳᠡᠭᠰᠡᠨ ᠡᠶ᠎ᠡ ᠵᠣᠬᠢᠴᠠᠩᠭᠤᠶ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠬᠠᠩᠭᠢᠨᠠᠭᠤᠯᠪᠠ᠃ 《ᠬᠡᠷ᠎ᠦᠨ᠎ᠢᠶᠡᠨ ᠡᠭᠦᠳᠡᠨ᠎ᠲᠡᠭᠡᠷ᠎ᠡ᠂ ᠭᠣᠢᠳᠠ ᠰᠠᠢᠬᠠᠨ ᠲᠣᠭ᠍ᠯᠠᠯᠲᠠ᠎ᠶ᠋ᠢ ᠤᠯᠵᠤ ᠰᠤᠨᠢᠷᠬᠠᠭᠰᠠᠨ ᠳ᠋ᠠᠭᠠᠨ ᠪᠢ ᠮᠠᠰᠢ ᠪᠠᠶᠠᠷᠯᠠᠵᠤ ᠪᠠᠢᠨ᠎ᠠ᠂ ᠡᠬᠡ ᠤᠯᠤᠰ ᠮᠠᠨᠢ ᠨᠠᠩ ᠬᠦᠴᠦᠷᠬᠡᠭ᠌ᠵᠢᠵᠦ᠍᠂ ᠠᠷᠠᠳ ᠎ᠦᠨ ᠠᠮᠢᠳᠤᠷᠠᠯ ᠶᠠᠪᠤᠬᠤ ᠲᠤᠲᠤᠮ ᠰᠠᠢᠵᠢᠷᠠᠬᠤ᠎ᠶ᠋ᠢ ᠬᠦᠰᠡᠵᠦ᠍ ᠪᠠᠢᠨ᠎ᠠ》 ᠭᠡᠵᠦ᠍ ᠦᠵᠡᠭ᠌ᠴᠢ ᠯᠢ ᠴᠢᠶᠠᠩ ᠬᠡᠯᠡᠪᠡ᠃

《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠤ᠋ᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠡᠭᠦᠳᠡᠯ ᠤᠳᠭ᠎ᠠ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠬᠡᠯᠪᠡᠷᠢ᠎ᠪᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠡᠢᠭᠡᠮ ᠵᠢᠷᠤᠮᠲᠦ ᠣᠳᠣᠬᠢᠴᠢᠯᠠᠭ᠍ᠰᠠᠨ ᠱᠢᠨ᠎ᠡ ᠤᠯᠠᠭᠠᠨᠬᠠᠳᠠ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠴᠣᠭ ᠵᠢᠪᠬᠤᠭ᠎ᠠ᠎ᠶ᠋ᠢ ᠬᠥᠭ᠌ᠵᠢᠭᠡᠪᠡ᠃ ᠡᠭᠦᠨ᠎ᠦ ᠬᠠᠮᠲᠤ᠂ ᠰᠤᠷᠭᠠᠭᠤᠯᠢ᠂ ᠠᠵᠤ ᠠᠬᠤᠢᠯᠠᠯ᠂ ᠱᠢᠶᠠᠩ ᠪᠠᠯᠭᠠᠰᠤ ᠰᠤᠮᠤ ᠵᠡᠷᠭᠡ ᠭᠤᠤᠯᠳᠠᠯᠭ᠎ᠠ᠎ᠲᠠᠶ ᠲᠠᠯᠠᠪᠤᠷ᠎ᠲᠤ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠳᠦ ᠠᠭᠤᠰᠤᠯᠴᠠᠭᠤᠯᠵᠤ᠂ 《ᠶᠡᠭᠡ ᠪᠡᠷ ᠬᠥᠳᠡᠭᠡ ᠪᠠᠭᠤᠬᠤ᠂ ᠶᠡᠬᠡ ᠪᠡᠷ ᠠᠢᠯᠴᠢᠯᠠᠨ ᠰᠤᠷᠪᠤᠯᠵᠢᠯᠠᠬᠤ᠂ ᠶᠡᠬᠡ ᠪᠡᠷ᠎ᠤᠬᠠᠭᠤᠯᠤᠨ ᠲᠠᠢᠯᠪᠤᠷᠢᠯᠠᠬᠤ》ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠬᠦᠮᠦᠰ᠎ᠤᠨ ᠲᠠᠷᠢᠬᠢ  ᠲᠤᠯᠤᠭᠠᠢ ᠳ᠋ᠤ ᠬᠠᠳᠠᠩᠰᠢᠭᠤᠯᠬᠤ᠂ ᠭᠤᠤᠯ ᠰᠡᠳᠦᠪᠲᠦ ᠠᠵᠢᠯᠯᠠᠭ᠎ᠠ᠎ᠶ᠋ᠢ ᠬᠦᠮᠦᠰ᠎ᠤᠨ ᠰᠡᠳᠭᠢᠯ ᠵᠢᠷᠦᠭᠡᠨ ᠳ᠋ᠤ ᠬᠠᠳᠠᠩᠱᠢᠭᠤᠯᠬᠤ᠂ ᠦᠶ᠋ᠯᠡᠳᠦᠯᠭᠡ᠎ᠪᠡᠷ ᠠᠵᠢᠯ ᠦᠢᠯᠡᠰ᠎ᠢ ᠠᠬᠢᠭᠤᠯᠬᠤ  ᠵᠢ ᠱᠠᠲᠤ ᠱᠠᠲᠤ᠎ᠪᠠᠷ ᠬᠦᠨᠵᠡᠭᠡᠢᠷᠡᠬᠦᠯᠵᠦ᠂ ᠠᠯᠬᠤᠮ ᠠᠯᠬᠤᠮ᠎ᠢᠶᠠᠷ ᠳᠡᠭᠡᠭ᠌ᠰᠢᠯᠡᠬᠦᠯᠪᠡ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠭᠤᠤᠯ ᠰᠡᠳᠦᠪᠲᠦ ᠴᠡᠴᠡᠷᠯᠢᠭ᠂ ᠤᠷᠴᠢᠨ ᠲᠤᠭᠤᠷᠢᠨ᠎ᠤ ᠡᠷᠡᠬᠦᠯ ᠬᠠᠮᠠᠭᠠᠯᠠᠯ᠎ᠤᠨ ᠠᠵᠢᠯᠴᠢᠨ᠎ᠤ ᠤᠯᠠᠭ᠎ᠠ ᠥᠷᠲᠡᠭᠡ ᠵᠡᠷᠭᠡ ᠭᠤᠤᠯ ᠰᠡᠳᠦᠪᠲᠦ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠪᠠᠲᠤ ᠴᠣᠭ᠍ᠴᠠᠯᠠᠵᠤ᠂ ᠤᠷᠠᠨ ᠬᠠᠳᠭᠤᠮᠠᠯ᠂ ᠳᠤᠮᠳᠠᠳᠤ ᠵᠢᠨ ᠦᠯᠵᠡᠢᠳᠦ ᠵᠠᠩᠭᠢᠶ᠎ᠠ ᠵᠡᠷᠭᠡ ᠳᠤᠮᠳᠠᠳᠤ᠎ᠶ᠋ᠢᠨ ᠰᠣᠶᠣᠯ᠎ᠤᠨ ᠲᠡᠮᠳᠡᠭ᠎ᠢ ᠳᠡᠯᠭᠡᠨ ᠦᠵᠡᠭᠦᠯᠵᠦ᠍᠂ 《ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠬᠤ ᠤᠯᠠᠭ᠎ᠠ ᠥᠷᠲᠡᠭᠡ》 ᠶ᠋ᠢ ᠪᠠᠢᠭᠤᠯᠵᠤ᠂ 《ᠳᠤᠮᠳᠠᠳᠤ᠎ᠶ᠋ᠢᠨ ᠰᠣᠶᠣᠯ᠎ᠤᠨ ᠤᠬᠠᠭᠤᠯᠭ᠎ᠠ᠎ᠶ᠋ᠢᠨ ᠥᠩᠭᠡᠲᠦ ᠬᠡᠷᠡᠮ》ᠢ᠋ ᠵᠢᠷᠤᠭ᠍ᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ  ᠬᠦᠷᠲᠡᠭᠡᠪᠡ᠃

ᠤᠯᠠᠭᠠᠨᠬᠠᠳᠠ᠎ᠶ᠋ᠢᠨ ᠡᠬᠡ ᠭᠠᠵᠠᠷ᠎ᠢᠶᠠᠷ ᠠᠶᠠᠯᠠᠬᠤᠶ᠎ᠠ᠂ ᠦᠨᠳᠦᠰᠦᠲᠡᠨ ᠨᠤᠬᠦᠳ᠎ᠪᠦᠯᠬᠦᠮᠳᠡᠨ ᠲᠠᠪᠰᠢᠭᠰᠠᠨ᠂ ᠡᠶ᠎ᠡ ᠵᠣᠬᠢᠴᠠᠯ ᠲᠠᠢ ᠪᠡᠷ ᠬᠠᠮᠲᠤ ᠣᠷᠣᠱᠢᠭ᠍ᠰᠠᠨ ᠵᠢᠷᠤᠭ ᠳᠦᠷᠰᠦ ᠬᠠᠷᠠᠭᠠᠨ ᠳ᠋ᠤ ᠲᠤᠳᠤᠷᠠᠨ᠎ᠠ᠃  ᠤᠯᠠᠭᠠᠨᠬᠠᠳᠠ᠎ᠶ᠋ᠢᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠎ᠤ ᠳᠤᠤᠭᠠᠷᠪᠠᠯ ᠲᠠᠭᠤᠨ ᠨᠢᠭᠡᠲᠡᠢ ᠳᠤᠭ᠍ᠲᠤᠷᠪᠠᠯ ᠬᠦᠴᠦ᠍ᠨ ᠨᠢᠭᠡᠲᠡᠢ ᠪᠦᠯᠬᠦᠮᠳᠡᠨ ᠲᠡᠮᠡᠴᠡᠬᠦ᠌ ᠵᠣᠷᠢᠭ ᠰᠠᠨᠠᠭ᠎ᠠ ᠨᠢ ᠤᠯᠠᠭᠠᠨᠬᠠᠳᠠ᠎ᠶ᠋ᠢᠨ ᠲᠠᠰᠤᠷᠠᠯᠲᠠ ᠦᠭᠡᠢ ᠬᠥᠭ᠌ᠵᠢᠬᠦ᠌᠎ᠬᠦᠴᠦᠷᠭᠡᠭ ᠶᠡᠭᠡ ᠬᠦᠳᠡᠯᠭᠡᠬᠦ ᠬᠦᠴᠦᠨ ᠪᠤᠯᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号