ᠮᠠᠨ ᠤ᠋ ᠤᠷᠤᠨ ᠴᠠᠭᠠᠨ ᠰᠠᠷ᠎ᠠ ᠶ᠋ᠢᠨ ᠵᠠᠬ᠎ᠠ ᠳᠡᠯᠭᠡᠭᠦᠷ ᠤ᠋ᠨ ᠡᠮᠬᠢ ᠵᠢᠷᠦᠮ ᠢ᠋ ᠰᠠᠢᠳᠤᠷ ᠪᠠᠳᠤᠯᠠᠵᠤ ᠪᠠᠢᠨ᠎ᠠ
2025-01-30 11:09:33
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠶ᠋ᠢᠨ ᠬᠤᠭᠤᠴᠠᠭᠠᠨ ᠤ᠋ ᠵᠠᠬ᠎ᠠ ᠳᠡᠯᠭᠡᠭᠦᠷ ᠤ᠋ᠨ ᠬᠠᠩᠭᠠᠯᠭ᠎ᠠ ᠵᠢ ᠪᠠᠲᠤᠯᠠᠵᠤ ᠶᠠᠰᠤ ᠴᠢᠨᠠᠷ ᠢ᠋ ᠲᠣᠭ᠍ᠲᠠᠪᠤᠷᠢᠵᠢᠭᠤᠯᠬᠤ ᠠᠵᠢᠯ ᠢ᠋ ᠰᠠᠢᠲᠤᠷ ᠬᠢᠬᠦ᠌ ᠶ᠋ᠢᠨ ᠲᠥᠯᠥᠭᠡ᠂ ᠣᠢᠷ᠎ᠠ ᠳ᠋ᠤ᠂ ᠪᠥᠬᠥ᠌ ᠣᠷᠣᠨ ᠤ᠋ ᠡᠯ᠎ᠡ ᠭᠠᠵᠠᠷ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠡᠬᠢ ᠴᠠᠭᠠᠨ ᠰᠠᠷ᠎ᠠ ᠶ᠋ᠢᠨ ᠬᠡᠷᠡᠭ᠌ᠯᠡᠭᠡᠨ ᠤ᠋ ᠠᠰᠠᠭᠤᠳᠠᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠪᠠᠶᠠᠷ ᠤ᠋ᠨ ᠡᠳᠦᠷ ᠡᠴᠡ ᠡᠮᠦᠨᠡᠬᠢ ᠵᠠᠬ᠎ᠠ ᠳᠡᠯᠭᠡᠭᠦᠷ ᠤ᠋ᠨ ᠪᠠᠢᠴᠠᠭᠠᠯᠲᠠ ᠬᠢᠵᠦ᠍᠂ ᠴᠠᠭᠠᠨ ᠰᠠᠷ᠎ᠠ ᠶ᠋ᠢᠨ ᠵᠠᠬ᠎ᠠ ᠳᠡᠯᠭᠡᠭᠦᠷ ᠤ᠋ᠨ ᠡᠮᠬᠢ ᠵᠢᠷᠦᠮ ᠢ᠋ ᠰᠠᠢᠳᠤᠷ ᠪᠠᠳᠤᠯᠠᠵᠤ ᠪᠠᠢᠨ᠎ᠠ᠃

1 ᠰᠠᠷ᠎ᠠ ᠶ᠋ᠢᠨ 13 ᠤ᠋ ᠡᠳᠦᠷ᠂ ᠬᠥᠬᠡᠬᠣᠲᠠ ᠶ᠋ᠢᠨ ᠬᠣᠷᠢᠨᠭᠡᠷ ᠱᠢᠶᠠᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠴᠧᠩ ᠭᠤᠸᠠᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠭᠠᠵᠠᠷ᠎ᠤᠨ ᠬᠢᠨ ᠱᠢᠶᠠᠨ ᠤ᠋ ᠳᠣᠲᠣᠭᠠᠳᠤ ᠵᠢ ᠬᠠᠮᠠᠭᠠᠯᠠᠬᠤ ᠲᠣᠪᠴᠢᠶ᠎ᠠ ᠶ᠋ᠢᠨ ᠢᠳᠡᠭᠡᠨ ᠪᠠ ᠡᠮ ᠤ᠋ᠨ ᠵᠦᠶ᠋ᠯᠡᠰ ᠣᠷᠴᠢᠨ ᠲᠣᠭᠣᠷᠢᠨ ᠤ᠋ ᠬᠠᠤᠯᠢ ᠬᠡᠷᠡᠭᠵᠢᠭᠦᠯᠬᠦ ᠶᠡᠬᠡ ᠠᠩᠭᠢ ᠲᠠᠢ ᠬᠠᠮᠲᠤᠷᠠᠨ ᠪᠠᠶᠠᠷ ᠤ᠋ᠨ ᠡᠳᠦᠷ ᠡᠴᠡ ᠡᠮᠦᠨᠡᠬᠢ ᠢᠳᠡᠭᠡᠨ ᠤ᠋ ᠠᠮᠤᠷ ᠲᠦᠪᠱᠢᠨ ᠤ᠋ ᠬᠢᠨᠠᠯᠲᠠ ᠪᠠᠢᠴᠠᠭᠠᠯᠲᠠ ᠵᠢ ᠥᠷᠨᠢᠭᠦᠯᠪᠡ᠃ ᠪᠤᠭᠤᠲᠤ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠥᠬᠥ᠌ ᠬᠣᠲᠠ ᠶ᠋ᠢᠨ ᠬᠡᠪᠴᠢᠶᠡᠨ ᠳ᠋ᠡᠬᠡᠨ ᠵᠦᠶ ᠪᠤᠰᠤ ᠥᠷᠢᠰᠥᠯᠳᠦᠭᠡᠨ ᠢ᠋ ᠡᠰᠡᠷᠭᠦᠴᠡᠬᠦ᠌ ᠵᠢᠴᠢ ᠱᠢᠭᠤᠳ ᠪᠣᠷᠣᠯᠠᠭᠤᠯᠭ᠎ᠠ ᠵᠢ ᠵᠢᠷᠤᠮᠵᠢᠭᠤᠯᠬᠤ ᠬᠢᠨᠠᠯᠲᠠ ᠪᠠᠢᠴᠠᠭᠠᠯᠲᠠ ᠥᠷᠨᠢᠭᠦᠯᠪᠡ᠃ 1 ᠰᠠᠷ᠎ᠠ ᠶ᠋ᠢᠨ 17 ᠤ᠋ ᠡᠳᠦᠷ᠂ ᠬᠥᠯᠥᠨ ᠪᠣᠢᠷ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠬᠣᠲᠠ ᠶ᠋ᠢᠨ ᠳᠣᠲᠣᠭᠠᠳᠤ ᠵᠢ ᠬᠠᠮᠠᠭᠠᠯᠠᠬᠤ ᠲᠣᠪᠴᠢᠶ᠎ᠠ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ᠂ ᠬᠥᠯᠥᠨ ᠨᠠᠭᠤᠷ ᠤ᠋ᠨ ᠤᠯᠤᠰ ᠤ᠋ᠨ ᠲᠠᠰ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨ ᠤ᠋ ᠬᠠᠮᠢᠶᠠᠷᠤᠯᠲᠠ ᠶ᠋ᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠬᠠᠷᠢᠶ᠎ᠠ ᠣᠷᠣᠨ ᠤ᠋ ᠳᠣᠲᠣᠷᠠᠬᠢ ᠵᠠᠬ᠎ᠠ ᠳᠡᠯᠭᠡᠭᠦᠷ ᠤ᠋ᠨ ᠬᠡᠭᠡᠷ᠎ᠡ ᠶ᠋ᠢᠨ ᠠᠮᠢᠲᠠᠨ ᠢ᠋ ᠫᠠᠨᠽᠠᠯᠠᠬᠤ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠎ᠳᠤ ᠴᠢᠡᠭᠭ᠎ᠠ ᠴᠤᠬᠢᠯᠳᠠ ᠦᠭᠬᠦ ᠠᠵᠢᠯᠯᠠᠭ᠎ᠠ ᠦᠷᠨᠢᠬᠦᠯᠪᠠ᠃ ᠬᠢᠩᠭᠠᠨ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠴᠠᠭᠠᠨ ᠰᠠᠷ᠎ᠠ ᠶ᠋ᠢᠨ ᠬᠤᠭᠤᠴᠠᠭᠠᠨ ᠳ᠋ᠡᠬᠢ ᠢᠳᠡᠭᠡᠨ ᠤᠮᠳᠠᠭᠠᠨ ᠤ᠋ ᠦᠶ᠋ᠯᠡᠴᠢᠯᠡᠭᠡᠨ ᠤ᠋ ᠢᠳᠡᠭᠡᠨ ᠤ᠋ ᠠᠮᠤᠷ ᠲᠦᠪᠱᠢᠨ ᠤ᠋ ᠲᠤᠰᠭᠠᠶ ᠪᠠᠢᠴᠠᠭᠠᠯᠲᠠ ᠵᠢ ᠥᠷᠨᠢᠭᠦᠯᠪᠡ᠃ 1 ᠰᠠᠷ᠎ᠠ ᠶ᠋ᠢᠨ 21 ᠤ᠋ ᠡᠳᠦᠷ᠂ ᠲᠦᠩᠯᠢᠶᠣᠤ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠲᠦᠨᠭᠯᠢᠶᠤᠤ ᠬᠤᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠲᠠᠢ ᠬᠠᠮᠲᠤᠷᠠᠨ ᠪᠠᠶᠠᠷ ᠤ᠋ᠨ ᠡᠳᠦᠷ ᠤ᠋ᠨ ᠬᠤᠭᠤᠴᠠᠭᠠᠨ ᠳ᠋ᠡᠬᠢ ᠢᠳᠡᠭᠡᠨ ᠤ᠋ ᠠᠮᠤᠷ ᠲᠦᠪᠱᠢᠨ ᠤ᠋ ᠬᠢᠨᠠᠯᠲᠠ ᠪᠠᠢᠴᠠᠭᠠᠯᠲᠠ ᠵᠢ ᠥᠷᠨᠢᠭᠦᠯᠪᠡ᠃ ᠤᠯᠠᠭᠠᠨᠬᠠᠳᠠ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠠᠶᠠᠷ ᠤ᠋ᠨ ᠡᠳᠦᠷ ᠡᠴᠡ ᠡᠮᠦᠨᠡᠬᠢ ᠵᠠᠬ᠎ᠠ ᠳᠡᠯᠭᠡᠭᠦᠷ ᠤ᠋ᠨ ᠦᠨ᠎ᠡ ᠬᠠᠩᠰᠢ ᠶ᠋ᠢᠨ ᠲᠤᠰᠭᠠᠶ ᠪᠠᠢᠴᠠᠭᠠᠯᠲᠠ ᠵᠢ ᠥᠷᠨᠢᠭᠦᠯᠪᠡ᠃ ᠱᠢᠯᠢ ᠶ᠋ᠢᠨ ᠭᠤᠤᠯ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠱᠢᠯᠢᠩᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠲᠠᠢ ᠬᠠᠮᠲᠤᠷᠠᠨ ᠴᠠᠭᠠᠨ ᠰᠠᠷ᠎ᠠ ᠡᠴᠡ ᠡᠮᠦᠨᠡᠬᠢ ᠬᠡᠮᠵᠢᠯᠲᠡ ᠶ᠋ᠢᠨ ᠲᠤᠰᠭᠠᠶ ᠬᠢᠨᠠᠯᠲᠠ ᠪᠠᠢᠴᠠᠭᠠᠯᠲᠠ ᠵᠢ ᠥᠷᠨᠢᠭᠦᠯᠪᠡ᠃ ᠤᠯᠠᠭᠠᠨᠴᠠᠪ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠠᠶᠠᠷ ᠤ᠋ᠨ ᠡᠳᠦᠷ ᠤ᠋ᠨ ᠡᠮᠦᠨᠡᠬᠢ ᠢᠳᠡᠭᠡᠨ ᠤᠮᠳᠠᠭᠠᠨ ᠤ᠋ ᠢᠳᠡᠭᠡᠨ ᠤ᠋ ᠠᠮᠤᠷ ᠲᠦᠪᠱᠢᠨ ᠤ᠋ ᠲᠤᠰᠭᠠᠶ ᠪᠠᠢᠴᠠᠭᠠᠯᠲᠠ ᠶ᠋ᠢᠨ ᠠᠵᠢᠯᠯᠠᠭ᠎ᠠ ᠵᠢ ᠪᠥᠬᠥ᠌ ᠲᠠᠯ᠎ᠠ ᠪᠡᠷ ᠡᠬᠢᠯᠡᠭᠦᠯᠪᠡ᠃ ᠣᠷᠳᠣᠰ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠥᠬᠥ᠌ ᠬᠣᠲᠠ ᠶ᠋ᠢᠨ ᠬᠡᠪᠴᠢᠶᠡᠨ ᠳ᠋ᠤ 《ᠪᠢᠲᠡᠭᠦᠨ ᠤ᠋ ᠬᠣᠭᠣᠯᠠ》 ᠶ᠋ᠢᠨ ᠢᠳᠡᠭᠡᠨ ᠤ᠋ ᠠᠮᠤᠷ ᠲᠦᠪᠱᠢᠨ ᠤ᠋ ᠲᠤᠰᠭᠠᠶ ᠪᠠᠢᠴᠠᠭᠠᠯᠲᠠ ᠵᠢ ᠪᠠᠢᠷᠢᠯᠠᠭᠤᠯᠤᠨ ᠥᠷᠨᠢᠭᠦᠯᠪᠡ᠃ ᠪᠠᠶᠠᠨᠨᠠᠭᠤᠷ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠢᠳᠡᠭᠡᠨ ᠤᠮᠳᠠᠭᠠᠨ ᠤ᠋ ᠨᠢᠭᠡᠴᠢ ᠵᠡᠷᠭᠡ ᠪᠡᠷ ᠭᠤᠤᠯᠳᠠᠭᠤᠯᠤᠨ ᠢᠳᠡᠭᠡᠨ ᠤ᠋ ᠠᠮᠤᠷ ᠲᠦᠪᠱᠢᠨ ᠤ᠋ ᠰᠤᠭᠤᠴᠢᠨ ᠪᠠᠢᠴᠠᠭᠠᠯᠲᠠ ᠬᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号