《ᠣᠯᠠᠨ᠎ᠢᠶᠠᠷ᠎ᠢᠶᠠᠨ ᠰᠠᠢᠬᠠᠨ ᠮᠥᠷᠯᠡᠭᠡᠷᠡᠢ᠂ ᠪᠢᠳᠡ ᠳᠡᠰ ᠳᠠᠷᠠᠭ᠎ᠠ᠎ᠲᠠᠢ ᠪᠠᠷ ᠭᠠᠷᠤᠨ ᠦᠰᠦᠭ ᠵᠢᠷᠤᠵᠤ ᠬᠤᠪᠢᠴᠠᠭ᠎ᠠ ᠵᠢᠨ ᠠᠱᠢᠭ ᠵᠢᠡᠨ ᠲᠤᠰᠴᠤ ᠠᠪᠤᠶ᠎ᠠ》 ᠁ ᠴᠠᠭᠠᠨ ᠰᠠᠷ᠎ᠠ᠎ᠡᠴᠡ ᠡᠮᠦᠨᠡᠬᠡᠨ᠂ ᠰᠢᠯᠢᠩᠬᠤᠳᠠ᠎ᠶ᠋ᠢᠨ ᠪᠤᠯᠠᠭᠠᠨ ᠰᠤᠮᠤ᠎ᠶ᠋ᠢᠨ ᠬᠠᠨ᠎ᠠ ᠠᠭᠤᠯᠠ ᠭᠠᠴᠠᠭ᠎ᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠵᠦ᠍᠂ ᠮᠠᠯᠴᠢᠳ᠎ᠢ ᠬᠠᠯᠠᠭᠤᠨ ᠲᠤᠯᠠᠭᠠᠨ ᠪᠠᠶᠠᠷᠳᠤ ᠴᠠᠭᠠᠨ ᠰᠠᠷ᠎ᠠ ᠥᠩᠭᠡᠷᠡᠭᠦᠯᠬᠦ᠌᠎ᠶ᠋ᠢᠨ ᠲᠥᠯᠥᠭᠡ᠂ ᠭᠠᠴᠠᠭᠠᠨ᠎ᠤ ᠬᠤᠪᠢᠴᠠᠭᠠᠳᠤ ᠠᠵᠤ ᠠᠬᠤᠶ᠎ᠶ᠋ᠢᠨ ᠬᠣᠷᠱᠢᠶ᠎ᠠ᠎ᠶ᠋ᠢᠨ 2025 ᠣᠨ᠎ᠤ ᠠᠱᠢᠭ ᠬᠤᠪᠢᠶᠠᠷᠢᠯᠠᠬᠤ ᠶᠡᠬᠡ ᠬᠤᠷᠠᠯ ᠬᠢᠪᠡ᠃
ᠠᠱᠢᠭ ᠬᠤᠪᠢᠶᠠᠷᠢᠯᠠᠬᠤ ᠲᠤᠬᠠᠶ᠎ᠶ᠋ᠢᠨ ᠲᠠᠯᠠᠪᠠᠶ᠎ᠳᠤ ᠬᠥᠷ ᠬᠥᠭ᠌ᠵᠢᠶᠡᠨ᠎ᠢᠶᠡᠷ ᠪᠢᠯᠬᠠᠵᠤ᠂ ᠮᠠᠯᠴᠢᠳ᠎ᠤᠨ ᠴᠢᠷᠠᠶ᠎ᠳᠤ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ᠎ᠶ᠋ᠢᠨ ᠨᠡᠮᠡᠭ᠌ᠳᠡᠯ ᠡᠴᠡ ᠬᠦᠷᠳᠡᠭᠰᠡᠨ ᠪᠠᠶᠠᠷ ᠪᠠᠬᠠᠳᠤᠯ ᠪᠠ ᠵᠣᠯ ᠵᠢᠷᠭᠠᠯ ᠵᠢᠡᠷ ᠪᠢᠯᠬᠠᠵᠤ ᠪᠠᠢᠯ᠎ᠠ᠃ ᠲᠡᠳᠡ ᠬᠤᠪᠢᠴᠠᠭ᠎ᠠ ᠤᠷᠤᠬᠰᠠᠨ ᠡᠷᠬᠡ᠎ᠶ᠋ᠢᠨ ᠦᠨᠡᠮᠯᠡᠯ᠎ᠤᠨ 《ᠵᠢᠵᠢᠭ ᠤᠯᠠᠭᠠᠨ ᠳᠡᠪᠲᠡᠷ》 ᠵᠢᠨᠨ ᠠᠪᠴᠤ᠌᠂ ᠡᠮᠬᠢ ᠵᠢᠷᠤᠮ᠎ᠲᠠᠶ ᠮᠥᠷᠯᠡᠵᠦ᠍᠂ ᠭᠠᠷᠤᠨ ᠦᠰᠦᠭ ᠵᠢᠷᠤᠨ᠎ᠠ᠃
ᠲᠣᠰ ᠤᠳᠠᠭ᠎ᠠ ᠵᠢᠨ ᠠᠱᠢᠭ ᠬᠤᠪᠢᠶᠠᠷᠢᠯᠠᠭ᠍ᠰᠠᠨ ᠶᠡᠷᠦᠩᠬᠡᠶ ᠵᠣᠭᠣᠰ᠎ᠤᠨ ᠲᠣᠭ᠎ᠠ 252 ᠲᠦᠮᠡᠨ ᠲᠥᠭᠥᠷᠢᠭ᠂ ᠬᠤᠪᠢᠴᠠᠭ᠎ᠠ ᠪᠦᠷᠢ ᠵᠢ 1560 ᠲᠥᠭᠥᠷᠢᠭ᠎ᠢᠶᠡᠷ ᠨᠤᠭᠳᠠᠭᠤᠯᠤᠨ ᠠᠱᠢᠭ ᠬᠤᠪᠢᠶᠠᠷᠢᠯᠠᠵᠤ᠂ ᠲᠣᠰ ᠭᠠᠴᠠᠭᠠᠨ᠎ᠤ 177 ᠡᠷᠦᠬᠡ᠂ 450 ᠬᠡᠰᠢᠬᠦᠨ ᠡᠨᠡ ᠬᠦ᠌ ᠰᠢᠨ᠎ᠡ ᠵᠢᠯ᠎ᠤᠨ ᠡᠬᠢᠨ᠎ᠤ 《ᠲᠤᠮᠤ ᠪᠡᠯᠡᠭ》᠎ᠢ ᠲᠤᠰᠴᠠᠢ᠃
《ᠡᠨᠡ ᠡᠳᠦᠷ ᠦᠨᠡᠬᠡᠷ ᠰᠠᠢᠨ ᠡᠳᠦᠷ ᠪᠠᠢᠨ᠎ᠠ᠂ ᠪᠢᠳᠡ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠠᠱᠢᠭ᠎ᠢ ᠳᠤᠰᠴᠡᠶ᠂ ᠮᠠᠨ᠎ᠤ ᠬᠢᠨ 5 ᠬᠥᠮᠦᠨ ᠠᠮᠠ᠎ᠲᠠᠶ᠂ ᠨᠡᠢᠲᠡ 4 ᠬᠤᠪᠢᠴᠠᠭ᠎ᠠ ᠤᠷᠤᠵᠦ ᠲᠤᠰ ᠤᠳᠠᠭ᠎ᠠ 31200 ᠲᠥᠭᠥᠷᠢᠭ᠎ᠤᠨ ᠠᠰᠢᠭ ᠬᠤᠪᠢᠶᠠᠷᠢᠯᠠᠨ ᠤᠯᠵᠤ᠂ ᠬᠤᠪᠢᠴᠠᠭ᠎ᠠ ᠪᠦᠷᠢ᠎ᠶ᠋ᠢᠨ ᠵᠤᠭᠤᠰ ᠨᠢ ᠨᠢᠳᠤᠨᠤᠨ᠎ᠤ ᠬᠢ᠎ᠡᠴᠡ 464 ᠲᠥᠭᠥᠷᠢᠭ ᠨᠡᠮᠡᠭ᠌ᠳᠡᠪᠡ᠂ ᠪᠢᠳᠡ ᠴᠠᠭᠠᠨ ᠰᠠᠷ᠎ᠠ᠎ᠶ᠋ᠢᠨ ᠪᠠᠷᠠᠭ᠎ᠠ ᠢᠯᠡᠭᠦᠬᠡᠨ ᠬᠤᠳᠠᠯᠳᠤᠨ ᠠᠪᠴᠤ᠌᠂ ᠴᠠᠭᠠᠨ ᠰᠠᠷ᠎ᠠ᠎ᠪᠠᠨ ᠪᠠᠶᠠᠷ ᠬᠥᠷ᠎ᠲᠡᠶ ᠥᠩᠭᠡᠷᠡᠭᠦᠯᠦᠨᠠ》 ᠭᠡᠵᠦ᠍ ᠮᠠᠯᠴᠢᠨ ᠠᠯᠲᠠᠪᠦᠢ᠍ᠷᠭᠦᠳ ᠪᠠᠶᠠᠷᠲᠠᠶ ᠬᠡᠯᠡᠨ᠎ᠡ᠃
ᠬᠠᠨ᠎ᠠ ᠠᠭᠤᠯᠠ ᠭᠠᠴᠠᠭ᠎ᠠ᠎ᠶ᠋ᠢᠨ ᠬᠤᠪᠢᠴᠠᠭᠠᠳᠤ ᠠᠵᠤ ᠠᠬᠤᠶ᠎ᠶ᠋ᠢᠨ ᠬᠣᠷᠱᠢᠶ᠎ᠠ 2020 ᠣᠨ᠎ᠤ 1 ᠰᠠᠷ᠎ᠠ᠎ᠳᠤ ᠪᠠᠢᠭᠤᠯᠤᠭ᠍ᠳᠠᠵᠤ᠂ ᠡᠳ᠋ ᠬᠥᠷᠥᠩᠭᠡ᠎ᠶ᠋ᠢᠨ ᠶᠡᠷᠦᠩᠬᠡᠶ ᠵᠤᠭᠤᠰ᠎ᠤᠨ ᠲᠣᠭ᠎ᠠ 7211.41 ᠲᠦᠮᠡᠨ ᠲᠥᠭᠥᠷᠢᠭ᠂ ᠴᠡᠪᠡᠷ ᠡᠳ᠋ ᠬᠥᠷᠥᠩᠭᠡ᠎ᠶ᠋ᠢᠨ ᠶᠡᠷᠦᠩᠬᠡᠶ ᠵᠤᠭᠤᠰ᠎ᠤᠨ ᠲᠣᠭ᠎ᠠ 5742.6 ᠲᠦᠮᠡᠨ ᠲᠥᠭᠥᠷᠢᠭ᠂ ᠬᠤᠪᠢᠴᠠᠭᠠᠳᠤ ᠬᠦᠷᠦᠩᠭᠡ᠎ᠶ᠋ᠢᠨ ᠶᠡᠷᠦᠩᠬᠡᠶ ᠵᠤᠭᠤᠰ᠎ᠤᠨ ᠲᠣᠭ᠎ᠠ 5742.6 ᠲᠦᠮᠡᠨ ᠲᠥᠭᠥᠷᠢᠭ᠂ ᠬᠡᠰᠢᠬᠦᠳ᠎ᠤᠨ ᠬᠤᠪᠢᠴᠠᠭ᠎ᠠ ᠤᠷᠤᠭᠰᠠᠨ ᠬᠦᠷᠦᠩᠭᠡ ᠵᠢᠨ ᠶᠡᠷᠦᠩᠬᠡᠶ ᠵᠤᠭᠤᠰ᠎ᠤᠨ ᠲᠣᠭ᠎ᠠ 3445.56 ᠲᠦᠮᠡᠨ ᠲᠥᠭᠥᠷᠢᠭ᠂ ᠬᠠᠮᠲᠤ᠎ᠶ᠋ᠢᠨ ᠬᠤᠪᠢᠴᠠᠭ᠎ᠠ ᠤᠷᠤᠭᠰᠠᠨ ᠬᠦᠷᠦᠩᠭᠡ ᠵᠢᠨ ᠶᠡᠷᠦᠩᠬᠡᠶ ᠵᠤᠭᠤᠰ᠎ᠤᠨ ᠲᠣᠭ᠎ᠠ 2297.04 ᠲᠦᠮᠡᠨ ᠲᠥᠭᠥᠷᠢᠭ᠎ᠲᠦ ᠬᠦᠷᠴᠡᠶ᠃ ᠬᠣᠷᠱᠢᠶᠠᠨ᠎ᠤ ᠬᠡᠰᠢᠬᠦᠳ᠎ᠤᠨ ᠤᠷᠤᠭᠰᠠᠨ ᠬᠤᠪᠢᠴᠠᠭ᠎ᠠ᠎ᠶ᠋ᠢ 4 ᠬᠤᠪᠢᠴᠠᠭ᠎ᠠ᠂ 3 ᠬᠤᠪᠢᠴᠠᠭ᠎ᠠ᠂ 2 ᠬᠤᠪᠢᠴᠠᠭ᠎ᠠ᠂ 1 ᠬᠤᠪᠢᠴᠠᠭ᠎ᠠ ᠭᠡᠵᠦ᠍ ᠬᠡᠳᠦᠨ ᠲᠥᠷᠥᠯ ᠬᠤᠪᠢᠶᠠᠨ ᠨᠡᠢᠲᠡ 1628 ᠬᠤᠪᠢᠴᠠᠭ᠎ᠠ ᠪᠠᠢᠵᠤ᠂ ᠬᠤᠪᠢᠴᠠᠭ᠎ᠠ ᠪᠦᠷᠢ ᠨᠢ 21164.39 ᠲᠥᠭᠥᠷᠢᠭ ᠪᠣᠯᠤᠨ᠎ᠠ᠃ ᠬᠤᠷᠱᠢᠶ᠎ᠠ ᠪᠠᠢᠭᠤᠯᠤᠭ᠍ᠳᠠᠭ᠍ᠰᠠᠨ᠎ᠡᠴᠡ ᠨᠠᠭᠠᠰᠢ᠂ ᠡᠵᠡᠩᠨᠡᠯᠲᠡ᠎ᠶ᠋ᠢᠨ ᠴᠢᠨᠠᠷᠲᠠᠢ ᠶᠡᠷᠦᠩᠬᠡᠢ ᠣᠷᠣᠯᠭ᠎ᠠ 1000 ᠭᠠᠷᠤᠢ ᠲᠦᠮᠡᠨ ᠲᠥᠭᠥᠷᠢᠭ᠎ᠲᠦ ᠬᠦᠷᠴᠡᠢ᠃
ᠣᠢᠷ᠎ᠠ᠎ᠶ᠋ᠢᠨ ᠵᠢᠯ᠎ᠦᠳ᠎ᠲᠦ᠂ ᠲᠣᠰ ᠠᠵᠤ ᠠᠬᠤᠶ᠎ᠶ᠋ᠢᠨ ᠬᠣᠷᠱᠢᠶ᠎ᠠ ᠣᠨᠴᠠᠯᠢᠭ᠍ᠲᠤ ᠲᠡᠵᠢᠭᠡᠨ ᠦᠷᠡᠵᠢᠭᠦᠯᠬᠦ᠌᠂ ᠮᠠᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠡᠷᠭᠢᠯᠡᠬᠦ᠌᠂ ᠠᠵᠤ ᠠᠬᠤᠢᠯᠠᠯ᠎ᠲᠠᠶ ᠬᠠᠮᠲᠤᠷᠠᠨ ᠬᠡᠷ ᠭᠠᠵᠠᠷ᠎ᠤᠨ ᠬᠥᠷᠥᠩᠭᠡ᠂ ᠪᠠᠭᠤᠳᠠᠯ ᠡᠷᠬᠢᠯᠡᠬᠦ ᠵᠡᠷᠭᠡ ᠣᠯᠠᠨ ᠠᠷᠭ᠎ᠠ ᠬᠡᠯᠪᠡᠷᠢ᠎ᠪᠡᠷ ᠳᠠᠮᠵᠢᠭᠤᠯᠤᠨ ᠬᠠᠮᠲᠤ᠎ᠶ᠋ᠢᠨ ᠠᠵᠤ ᠠᠬᠤᠶ ᠪᠠᠨ ᠲᠠᠰᠤᠷᠠᠯᠲᠠ ᠥᠬᠡᠶ ᠬᠥᠭ᠌ᠵᠢᠭᠦᠯᠦᠨ ᠪᠤᠵᠠᠭᠠᠢᠷᠠᠭᠤᠯᠪᠠ᠃ ᠬᠠᠮᠲᠤ᠎ᠶ᠋ᠢᠨ ᠠᠵᠤ ᠠᠬᠤᠢ᠎ᠶ᠋ᠢᠨ ᠠᠱᠢᠭ ᠣᠷᠣᠯᠭ᠎ᠠ᠎ᠶ᠋ᠢᠨ ᠪᠠᠢᠳᠠᠯ᠎ᠢ ᠦᠨᠳᠦᠰᠦᠯᠡᠨ᠂ ᠪᠡᠯᠡᠨ ᠵᠣᠭᠣᠰ ᠪᠠ ᠬᠣᠷᠱᠢᠭ᠍ᠰᠠᠨ ᠡᠮ ᠡᠮᠨᠡᠯᠭᠡ᠎ᠶ᠋ᠢᠨ ᠳᠠᠭᠠᠳᠭᠠᠯ᠎ᠢ ᠣᠷᠣᠯᠠᠨ ᠲᠤᠱᠢᠶᠠᠬᠤ ᠬᠡᠯᠪᠡᠷᠢ᠎ᠪᠡᠷ ᠬᠡᠰᠢᠬᠦᠳ ᠲᠡᠬᠡᠨ ᠠᠱᠢᠭ ᠬᠤᠪᠢᠶᠠᠵᠤ᠂ ᠮᠠᠯᠴᠢᠳ᠎ᠤᠨ ᠪᠣᠳᠠᠲᠤ ᠠᠱᠢᠭ ᠲᠤᠰᠠ᠎ᠶ᠋ᠢ ᠦᠨᠡᠨ ᠬᠦ᠌ ᠪᠠᠲᠤᠯᠠᠵᠤ᠂ ᠥᠷᠭᠡᠨ ᠣᠯᠠᠨ ᠮᠠᠯᠴᠢᠨ ᠳ᠋ᠦ ᠬᠠᠮᠲᠤ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠱᠢᠭ᠎ᠢ ᠬᠦᠷᠲᠡᠭᠡᠪᠡ᠃
《ᠬᠣᠷᠱᠢᠶ᠎ᠠ ᠪᠠᠢᠭᠤᠯᠤᠭ᠍ᠳᠠᠭ᠍ᠰᠠᠨ᠎ᠡᠴᠡ ᠨᠠᠭᠠᠱᠢ ᠭᠤᠷᠪᠠᠳᠠᠬᠢ ᠤᠳᠠᠭ᠎ᠠ ᠪᠠᠨ ᠠᠱᠢᠭ ᠬᠤᠪᠢᠶᠠᠷᠢᠯᠠᠵᠤ ᠪᠤᠢ᠃ ᠲᠠᠷᠠᠭᠠᠴᠢ᠎ᠪᠡᠷ᠂ ᠪᠢᠳᠡ 2000 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ 800 ᠭᠠᠷᠤᠶ ᠮᠥ᠍ ᠲᠠᠯᠠᠪᠠᠶᠪᠦᠬᠦᠢ ᠮᠠᠯ ᠪᠡᠯᠴᠢᠭᠡᠷ᠎ᠢ ᠨᠢᠭᠡ ᠴᠤᠭ᠍ᠴᠠᠵᠢᠭᠤᠯᠤᠭ᠍ᠰᠠᠨ ᠬᠦᠷᠢᠶᠡᠯᠡᠩ ᠲᠣᠭᠣᠷᠢᠭ᠎ᠢ ᠪᠥᠲᠥᠭᠡᠨ ᠪᠠᠢᠭᠤᠯᠵᠤ᠂ ᠮᠠᠯᠴᠢᠳ᠎ᠤᠨ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠢᠲᠡᠭᠡᠯ ᠵᠣᠷᠢᠭ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠪᠥᠭᠡᠳ ᠬᠣᠢᠱᠢᠳᠠ᠎ᠶ᠋ᠢᠨ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠬᠥᠭ᠌ᠵᠢᠨ ᠪᠤᠵᠠᠭᠠᠢᠷᠠᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭ᠌ᠭᠦᠨ᠎ᠡ》 ᠭᠡᠵᠦ᠍ ᠱᠢᠯᠢᠩᠬᠣᠲᠠ᠎ᠶ᠋ᠢᠨ ᠪᠤᠯᠠᠭᠠᠨ ᠰᠤᠮᠤ᠎ᠶ᠋ᠢᠨ ᠬᠠᠨ᠎ᠠ ᠠᠭᠤᠯᠠ ᠭᠠᠴᠠᠭᠠᠨ᠎ᠤ ᠨᠠᠮ᠎ᠤᠨ ᠡᠭᠦᠷ᠎ᠦᠨ ᠱᠦᠵᠢ᠂ ᠭᠠᠴᠠᠭᠠᠨ ᠳᠠᠷᠤᠭ᠎ᠠ᠂ ᠬᠤᠪᠢᠴᠠᠭᠠᠳᠤ ᠠᠵᠤ ᠠᠬᠤᠢ᠎ᠶ᠋ᠢᠨ ᠬᠤᠷᠰᠢᠶ᠎ᠠ ᠵᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠳᠠᠭᠤᠯᠠ ᠬᠡᠯᠡᠪᠡ᠃