ᠪᠣᠳᠠᠰ᠎ᠤᠨ ᠪᠤᠰᠤ ᠰᠣᠶᠣᠯ᠎ᠤᠨ ᠥᠪ᠎ᠢ ᠰᠤᠨᠢᠷᠬᠠᠵᠦ ᠴᠠᠭᠠᠨ ᠰᠠᠷ᠎ᠠ ᠪᠠᠨ ᠤᠭᠳᠤᠨ᠎ᠠ
2025-01-30 10:54:28
ᠵᠣᠬᠢᠶᠠᠭ᠍ᠴᠢ᠄
ᠹᠸᠩ ᠱᠢᠤᠸᠠᠢ ᠢᠦᠶ
ᠣᠩᠱᠢᠭ᠍ᠰᠠᠨ ᠣᠳᠠᠭ᠎ᠠ᠄
★★★☆☆

《ᠯᠠ ᠰᠠᠷ᠎ᠠ ᠎ᠶ᠋ᠢᠨ ᠬᠣᠷᠢᠨ ᠭᠤᠷᠪᠠᠨ ᠳ᠋ᠤ ᠭᠠᠯ᠎ᠤᠨ ᠪᠤᠷᠬᠠᠨ ᠲᠩᠷᠢ᠎ᠳᠦ ᠮᠤᠷᠳᠠᠨ᠎ᠠ!》 1 ᠰᠠᠷ᠎ᠠ᠎ᠶ᠋ᠢᠨ 22 ᠤ᠋ᠨ ᠤᠷᠤᠢ ᠥᠩᠭᠡᠲᠦ ᠳ᠋ᠧᠩ ᠳᠤᠸᠠᠯᠠᠵᠤ᠂ ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠎ᠤ ᠠᠭᠤᠳᠠᠮ ᠲᠠᠯᠠᠪᠠᠢ ᠳ᠋ᠤ ᠭᠠᠯ ᠲᠠᠬᠢᠬᠤ ᠠᠵᠢᠯᠯᠠᠭ᠎ᠠ ᠶᠠᠪᠤᠭ᠍ᠳᠠᠵᠤ᠂ ᠬᠥᠮᠦᠰ ᠭᠠᠯ ᠳ᠋ᠠᠭᠠᠨ ᠲᠠᠬᠢᠯ ᠡᠷᠭᠦᠵᠤ ᠳᠠᠭᠠᠳᠬᠠᠵᠠᠭᠠᠨ᠎ᠠ᠃

ᠭᠠᠯ ᠲᠠᠬᠢᠯᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ ᠪᠣᠯᠤᠨ᠎ᠠ᠂ ᠬᠥᠮᠦᠰ ᠭᠠᠯ ᠲᠠᠬᠢᠯᠭ᠎ᠠ᠎ᠪᠠᠷ ᠳᠡᠮᠵᠢᠨ ᠰᠠᠢᠨ ᠰᠠᠢᠬᠠᠨ ᠬᠦᠰᠡᠯ ᠡᠷᠡᠮᠡᠯᠵᠡᠯ᠎ᠢᠶᠡᠨ ᠢᠯᠡᠳᠭᠡᠵᠦ᠍᠂ ᠲᠥᠷᠥ᠍ ᠲᠦᠪᠱᠢᠨ ᠲᠦᠮᠡᠨ ᠠᠮᠤᠭᠤᠯᠠᠩ ᠪᠠᠢᠬᠤ᠎ᠶ᠋ᠢ ᠵᠥᠩᠨᠡᠳᠡᠭ᠃

ᠴᠠᠭ ᠦᠶ᠎ᠡ ᠪᠠ ᠲᠡᠤᠬᠡ ᠤᠯᠠᠮᠵᠢᠯᠠᠯ ᠨᠢ ᠡᠯᠪᠡᠭ ᠪᠠᠶᠠᠯᠢᠭ ᠪᠣᠳᠠᠰ᠎ᠤᠨ ᠪᠤᠰᠤ ᠰᠣᠶᠣᠯ᠎ᠤᠨ ᠥᠪ᠎ᠢ ᠪᠤᠢ ᠪᠣᠯᠭᠠᠪᠠ᠃ ᠡᠨᠡ ᠬᠦ᠌ ᠥᠪ ᠰᠤᠶᠤᠯ ᠪᠣᠯ ᠦᠨᠳᠦᠰᠦᠲᠡᠨ᠎ᠦ ᠦᠨᠡᠲᠦ ᠡᠷᠳᠡᠨᠢ᠂ ᠲᠡᠦᠬᠡ᠎ᠶ᠋ᠢᠨ ᠭᠡᠷᠡᠴᠢᠯᠡᠯ᠂ ᠰᠣᠶᠣᠯ᠎ᠤᠨ ᠤᠯᠠᠮᠵᠢᠯᠠᠯ ᠪᠤᠯᠤᠨ᠎ᠠ᠃

2024 ᠣᠨ᠎ᠤ 12 ᠰᠠᠷ᠎ᠠ᠎ᠶ᠋ᠢᠨ 4 ᠤ᠋ ᠡᠳᠦᠷ᠂ 《ᠴᠠᠭᠠᠨ ᠰᠠᠷ᠎ᠠ — ᠲᠤᠮᠳᠠᠳᠤᠴᠤᠳ᠎ᠤᠨ ᠤᠯᠠᠮᠵᠢᠯᠠᠯᠲᠤ ᠱᠢᠨ᠎ᠡ ᠵᠢᠯ᠎ᠢ ᠪᠡᠯᠭᠡᠯᠡᠬᠦ᠌ ᠨᠡᠢᠭᠡᠮ᠎ᠦᠨ ᠦᠢᠯᠡᠳᠦᠯᠭᠡ》 ᠵᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠬᠥᠮᠦᠨ ᠲᠥᠷᠥᠯᠬᠢᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠭ᠌ᠴᠢ ᠪᠦᠲᠦᠭᠡᠯ᠎ᠦᠨ ᠨᠡᠷᠡᠰ᠎ᠲᠦ ᠣᠷᠣᠭᠤᠯᠪᠠ᠃

ᠪᠣᠳᠠᠰ᠎ᠤᠨ ᠪᠤᠰᠤ ᠰᠣᠶᠣᠯ᠎ᠤᠨ ᠥᠪ ᠪᠤᠯᠤᠭᠰᠠᠨ ᠠᠩᠬᠠᠳᠠᠭᠴᠢ ᠴᠠᠭᠠᠨ ᠰᠠᠷ᠎ᠠ᠎ᠳᠤ ᠥᠪᠥᠷ ᠮᠣᠩᠭᠣᠯ᠎ᠤᠨ ᠡᠬᠡ ᠭᠠᠵᠠᠷ ᠲᠦ᠍ ᠬᠡᠷᠡᠯ ᠭᠢᠯᠪᠠᠭ᠎ᠠ ᠰᠠᠴᠤᠷᠠᠵᠤ᠂ ᠪᠠᠶᠠᠷ ᠪᠠᠬᠠᠳᠤᠯ᠎ᠢᠶᠠᠷ ᠪᠢᠯᠬᠠᠨ᠎ᠠ᠃

1 ᠰᠠᠷ᠎ᠠ᠎ᠶ᠋ᠢᠨ 22 ᠤ᠋ᠨ ᠣᠷᠣᠶ 《ᠤᠯᠠᠭᠠᠨᠴᠠᠪ᠎ᠤᠨ ᠦᠳᠡᠰᠢ》 ᠱᠢᠨ᠎ᠡ ᠵᠢᠯ᠎ᠦᠨ ᠳ᠋ᠧᠩ ᠤ᠋ᠨ ᠴᠤᠬᠯᠠᠭᠠᠨ ᠶᠠᠪᠤᠬᠳᠠᠵᠤ᠂ ᠥᠩᠭᠡᠷᠡᠭ᠌ᠰᠡᠨ ᠵᠢᠯ᠎ᠦᠳ᠎ᠲᠡᠶ ᠠᠳᠠᠯᠢ ᠥᠬᠡᠶ ᠨᠢ ᠭᠡᠪᠡᠯ᠂ ᠡᠨᠡ ᠵᠢᠯ ᠡᠨᠳᠡᠬᠢ ᠠᠷᠠᠳ᠎ᠤᠨ ᠵᠠᠩ ᠦᠶ᠋ᠯᠡ᠎ᠶ᠋ᠢᠨ ᠲᠦᠷᠦᠯ ᠵᠦᠢᠯ ᠣᠨᠴᠠᠭᠠᠶ ᠣᠯᠠᠨ ᠪᠠᠢᠵᠤ᠂ ᠪᠥᠬᠥ᠌ ᠤᠯᠤᠰ᠎ᠡᠴᠡ ᠮᠠᠭᠠᠵᠢᠨ ᠰᠢᠬᠢᠷ ᠤ᠋ᠨ ᠭᠠᠷ ᠤᠷᠠᠯᠠᠯ᠎ᠤᠨ ᠤᠯᠠᠮᠵᠢᠯᠠᠭᠴᠢ᠎ᠶ᠋ᠢ ᠤᠷᠢᠵᠤ 6888 ᠵᠢᠩ ᠮᠠᠭᠠᠵᠢᠨ ᠰᠢᠬᠢᠷ ᠬᠢᠯᠭᠡᠵᠤ ᠵᠢᠭᠤᠯᠴᠢᠯᠠᠭᠰᠠᠳ ᠲᠤ᠌ ᠠᠮᠰᠠᠭᠤᠯᠪᠠ᠃

ᠮᠣᠭᠠᠶ ᠵᠢᠯ᠎ᠦᠨ ᠴᠠᠭᠠᠨ ᠰᠠᠷ᠎ᠠ᠎ᠳᠤ᠂ ᠪᠥᠬᠥ᠌ ᠣᠷᠣᠨ᠎ᠤ ᠡᠯ᠎ᠡ ᠭᠠᠵᠠᠷ᠎ᠤᠨ 《ᠴᠠᠭᠠᠨ ᠰᠠᠷ᠎ᠠ᠎ᠶ᠋ᠢᠨ ᠦᠨᠦᠷ ᠠᠮᠲᠠ》 ᠥᠳᠭᠡᠨ  ᠪᠠᠢᠵᠤ᠂ ᠭᠤᠢᠳᠠ ᠰᠠᠢᠬᠠᠨ ᠦᠨᠳᠦᠰᠦᠲᠡᠨ᠎ᠦ ᠵᠠᠩ ᠦᠶ᠋ᠯᠡ᠎ᠶ᠋ᠢᠨ ᠠᠵᠢᠯᠯᠠᠭ᠎ᠠ᠎ᠨᠢ ᠨᠠᠩ ᠴᠤ᠌ ᠬᠠᠭᠤᠴᠢᠨ ᠵᠢᠯ᠎ᠢᠶᠡᠨ ᠦᠳᠡᠵᠦ᠍ ᠱᠢᠨ᠎ᠡ ᠵᠢᠯ᠎ᠢᠶᠡᠨ ᠤᠭ᠍ᠲᠤᠬᠤ᠎ᠳᠤ ᠦᠩᠭᠡ ᠪᠤᠳᠤᠭ ᠨᠡᠮᠡᠷᠢᠯᠡᠭ᠌ᠰᠡᠨ ᠪᠠᠢᠨ᠎ᠠ᠃

ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠬᠰᠠᠭᠠᠳᠠᠨ ᠵᠦᠢ ᠬᠥᠮᠦᠨ ᠵᠦᠢ ᠵᠢᠨ ᠫᠷᠤᠹᠸᠰᠰᠤᠷ ᠤᠴᠢ᠄ 《ᠴᠠᠭᠠᠨ ᠰᠠᠷ᠎ᠠ ᠵᠢᠨ ᠪᠤᠰᠤᠳ ᠪᠠᠶᠠᠷ ᠳᠤᠷᠠᠰᠭᠠᠯ᠎ᠤᠨ ᠡᠳᠦᠷ᠎ᠡᠴᠡ ᠠᠳᠠᠯᠢ ᠦᠭᠡᠢ ᠨᠢ ᠪᠡᠯᠡᠳᠭᠡᠬᠦ ᠴᠠᠭ ᠮᠠᠰᠢ ᠤᠷᠳᠤ ᠪᠠᠢᠳᠠᠭ᠂ ᠶᠡᠷᠦ᠍᠎ᠶ᠋ᠢᠨ ᠦᠭᠡᠨ᠎ᠳᠦ 〈ᠯᠠ ᠰᠠᠷ᠎ᠠ᠎ᠶ᠋ᠢᠨ ᠱᠢᠨ᠎ᠡ᠎ᠶ᠋ᠢᠨ ᠨᠠᠢ᠍ᠮᠠᠨ᠎ᠢ ᠥᠩᠭᠡᠷᠡᠪᠡᠯ ᠳᠠᠷᠤᠢ ᠴᠠᠭᠠᠨ ᠰᠠᠷ᠎ᠠ ᠪᠣᠯᠤᠨ᠎ᠠ〉 ᠭᠡᠳᠡᠭ᠂ ᠬᠠᠭᠤᠴᠢᠨ ᠤᠨ᠎ᠢᠶᠡᠨ ᠦᠳᠡᠬᠦ᠂ ᠭᠡᠷ ᠬᠤᠳᠠᠯᠠᠭᠠᠷ ᠠᠭᠤᠯᠵᠠᠨ ᠵᠤᠯᠭᠠᠬᠤ᠂ ᠰᠢᠨ᠎ᠠ ᠵᠢᠨ ᠵᠤᠯᠭᠠᠯᠳᠠ ᠬᠢᠬᠦ ᠭᠤᠷᠪᠠᠨ ᠱᠠᠳᠤ ᠦᠶ᠎ᠠ᠎ᠶ᠋ᠢᠨ ᠳᠣᠲᠣᠷ᠎ᠠ ᠮᠠᠰᠢ ᠤᠯᠠᠨ ᠠᠵᠢᠯᠯᠠᠭ᠎ᠠ ᠪᠠᠢᠳᠠᠭ᠂ ᠵᠢᠱ᠌ᠢᠶᠡᠯᠡᠪᠡᠯ ᠰᠢᠨ᠎ᠡ᠎ᠶ᠋ᠢᠨ ᠪᠠᠷᠠᠭ᠎ᠠ ᠪᠡᠯᠡᠳᠭᠡᠬᠦ᠂ ᠪᠠᠩᠰᠢ ᠪᠠᠷᠢᠬᠤ᠂ ᠬᠣᠣᠰ ᠤᠶᠠᠩᠭ᠎ᠠ ᠨᠠᠭᠠᠬᠤ ᠳ᠋ᠤ ᠭᠡᠷ ᠬᠤᠳᠠᠯᠠᠭᠠᠷ ᠬᠠᠮᠲᠤ ᠪᠠᠢᠬᠤ᠎ᠶ᠋ᠢ ᠱᠠᠭᠠᠷᠳᠠᠨ᠎ᠠ᠂ ᠴᠠᠭᠠᠨ ᠰᠠᠷ᠎ᠠ ᠪᠣᠯ ᠳᠠᠷᠤᠢ ᠵᠠᠭᠤ ᠮᠢᠩᠭᠠᠨ ᠵᠢᠯ᠎ᠦᠨ ᠲᠤᠷᠱᠢᠬᠢ ᠳᠤᠮᠳᠠᠳᠤᠴᠤᠳ᠎ᠤᠨ ᠦᠢᠯᠡᠳᠦᠯᠭᠡ ᠳᠤᠮᠳᠠ ᠪᠦᠲᠦᠭᠡᠭ᠌ᠰᠡᠨ ᠰᠣᠶᠣᠯ᠎ᠤᠨ ᠶᠡᠷᠦᠩᠬᠡᠢ ᠴᠣᠭ᠍ᠴᠠ ᠪᠣᠯᠤᠨ᠎ᠠ᠂ ᠡᠨᠡ ᠨᠢ ᠳᠤᠮᠳᠠᠳᠤᠴᠤᠳ᠎ᠤᠨ ᠭᠡᠷ ᠬᠤᠳᠠᠯᠠᠭᠠᠷ ᠠᠭᠤᠯᠵᠠᠨ ᠵᠤᠯᠭᠠᠬᠤ ᠵᠢ ᠬᠦᠰᠡᠭᠰᠡᠨ᠂ ᠠᠮᠤᠷ ᠲᠦᠪᠰᠢᠨ ᠪᠠᠢᠬᠤ᠂ ᠤᠯᠤᠰ ᠤᠷᠤᠨ ᠵᠢᠡᠨ ᠬᠠᠢᠷᠠᠯᠠᠬᠤ ᠬᠠᠮᠲᠤ᠎ᠶ᠋ᠢᠨ ᠢᠯᠡᠷᠡᠯ ᠪᠤᠯᠤᠨ᠎ᠠ》 ᠭᠡᠵᠤ ᠬᠡᠯᠡᠪᠡ᠃

ᠥᠪᠥᠷ ᠮᠣᠩᠭᠣᠯ᠎ᠳᠤ ᠦᠯᠡᠮᠵᠢ ᠤᠯᠠᠨ ᠪᠣᠳᠠᠰ᠎ᠤᠨ ᠪᠤᠰᠤ ᠰᠣᠶᠣᠯ᠎ᠤᠨ ᠥᠪ᠎ᠲᠡᠶ᠂ ᠤᠮᠠᠷᠠᠲᠤ ᠬᠢᠯᠢ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠳᠡᠭᠡᠷ ᠨᠢ ᠡᠨᠡ ᠬᠦ᠌ ᠬᠠᠯᠠᠭᠤᠨ ᠬᠥᠷᠥᠰᠥᠨ ᠳ᠋ᠡᠬᠢ ᠬᠥᠮᠦᠰ᠎ᠦᠨ ᠤᠶᠤᠨ ᠰᠠᠨᠠᠭᠠᠨ᠎ᠤ ᠬᠥᠭᠡᠭᠡᠴᠡᠯᠳᠦᠯ᠂ ᠵᠠᠩ ᠴᠢᠨᠠᠷ᠂ ᠤᠶᠤᠨ ᠰᠠᠨᠠᠭᠠᠨ᠎ᠤ ᠬᠦᠴᠦᠨ ᠴᠢᠳᠠᠯ᠎ᠢ ᠠᠮᠢᠳᠤᠯᠢᠭ᠎ᠢᠶᠠᠷ ᠢᠯᠡᠷᠡᠭᠦᠯᠵᠡᠢ᠃

ᠣᠳᠣᠬᠠᠨ ᠪᠣᠯᠲᠠᠯ᠎ᠠ᠂ ᠥᠪᠥᠷ ᠮᠣᠩᠭᠣᠯ᠎ᠳᠤ ᠬᠥᠮᠥᠨ ᠲᠥᠷᠥᠯᠬᠢᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠭᠴᠢ ᠪᠦᠲᠦᠭᠡᠯ᠎ᠦᠨ ᠨᠡᠷᠡᠰ᠎ᠦᠨ ᠵᠢᠭ᠍ᠰᠠᠭᠠᠯᠲᠠ 4 ᠵᠦᠢᠯ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 98 ᠵᠦᠢᠯ 106 ᠭᠠᠵᠠᠷ ᠪᠠᠢᠵᠤ᠂ ᠤᠷᠢᠳ ᠬᠣᠵᠢᠳ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ 82 ᠬᠥᠮᠥᠨ (66 ᠬᠥᠮᠥᠨ᠎ᠨᠢ ᠡᠰᠡᠨ ᠮᠠᠨᠳᠤ ᠪᠣᠶ)᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ 1087 ᠬᠥᠮᠥᠨ (930 ᠬᠥᠮᠥᠨ᠎ᠨᠢ ᠡᠰᠡᠨ ᠮᠠᠨᠳᠤ ᠪᠣᠶ)᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 545 ᠵᠦᠢᠯ 908 ᠭᠠᠵᠠᠷ ᠪᠠᠢᠬᠤ᠎ᠶᠢ ᠮᠠᠭᠠᠳᠯᠠᠨ ᠲᠣᠭᠲᠠᠭᠠᠪᠠ᠃

ᠣᠢᠷ᠎ᠠ᠎ᠶᠢᠨ ᠵᠢᠯ᠎ᠳ᠋ᠤ᠂ ᠥᠪᠥᠷ ᠮᠣᠩᠭᠣᠯ ᠣᠷᠣᠨ ᠨᠤᠲᠤᠭ᠎ᠤᠨ ᠰᠢᠯᠢᠳᠡᠭ ᠤᠯᠠᠮᠵᠢᠯᠠᠯᠲᠤ ᠰᠣᠶᠣᠯ᠎ᠤᠨ ᠬᠡᠯᠪᠡᠷᠢ ᠵᠢᠴᠢ ᠲᠡᠭᠦᠨ᠎ᠢ ᠪᠣᠢᠵᠢᠭᠤᠯᠤᠨ ᠬᠥᠭᠵᠢᠭᠦᠯᠦᠭᠰᠡᠨ ᠰᠣᠶᠣᠯ ᠢᠷᠭᠡᠨᠰᠢᠯ ᠪᠣᠯᠣᠨ ᠪᠠᠢᠭᠠᠯᠢ᠎ᠶᠢᠨ ᠣᠷᠴᠢᠨ ᠲᠣᠭᠣᠷᠢᠨ᠎ᠢ ᠪᠦᠬᠦᠯᠢ ᠴᠣᠭᠴᠠ᠎ᠪᠠᠷ ᠨᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠶᠣᠯ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ᠎ᠢ ᠡᠭᠦᠳᠦᠨ ᠪᠠᠢᠭᠤᠯᠪᠠ᠃ ᠡᠭᠦᠨ᠎ᠦ ᠵᠡᠷᠭᠡ ᠪᠡᠷ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠵᠢᠯ ᠣᠯᠭᠣᠯᠲᠠ᠎ᠶᠢᠨ ᠦᠢᠯᠡᠳᠬᠡᠯ᠎ᠦᠨ ᠭᠠᠵᠠᠷ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠭᠤᠯᠴᠢᠯᠠᠯ᠎ᠤᠨ ᠪᠡᠶᠡᠴᠢᠯᠡᠨ ᠣᠢᠯᠠᠭᠠᠬᠤ ᠰᠠᠭᠤᠷᠢᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠬᠥᠮᠦᠵᠢᠯ᠎ᠦᠨ ᠦᠢᠯᠡᠳᠦᠯᠭᠡ᠎ᠶᠢᠨ ᠰᠠᠭᠤᠷᠢᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠨᠴᠠᠯᠢᠭ᠍ᠲᠤ ᠲᠣᠰᠬᠣᠨ ᠪᠠᠯᠭᠠᠰᠤ ᠵᠡᠭᠡᠯᠢ ᠲᠣᠭᠣᠷᠢᠭ᠋᠎ᠢ ᠡᠭᠦᠳᠦᠨ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠬᠦᠴᠦᠲᠡᠢ ᠨᠥᠬᠥᠪᠦᠷᠢᠯᠡᠯ ᠪᠣᠯᠭᠠᠪᠠ᠃ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠡᠯ᠎ᠡ ᠲᠥᠷᠥᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ  ᠤᠯᠠᠮᠵᠢᠯᠠᠬᠤ ᠵᠢᠭ᠍ᠰᠠᠭᠠᠯ᠎ᠤᠨ ᠭᠠᠵᠠᠷ 155 ᠪᠣᠯᠪᠠ᠃

ᠪᠣᠳᠠᠰ᠎ᠤᠨ ᠪᠤᠰᠤ ᠰᠣᠶᠣᠯ᠎ᠤᠨ ᠥᠪ᠎ᠨᠢ ᠤᠤᠯ ᠡᠴᠡ ᠪᠠᠨ ᠠᠭᠤᠰᠤᠯᠴᠠᠯ᠎ᠤᠨ ᠰᠢᠨᠵᠢ ᠴᠢᠨᠠᠷ᠎ᠲᠠᠢ ᠪᠠᠢᠵᠦ᠂ ᠥᠪᠥᠷ ᠮᠣᠩᠭᠣᠯ ᠴᠤ᠌ 《ᠪᠣᠳᠠᠰ᠎ᠤᠨ ᠪᠤᠰᠤ ᠰᠣᠶᠣᠯ᠎ᠤᠨ ᠥᠪ +》 ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠲᠡᠭᠦᠨ᠎ᠢ ᠵᠢᠭᠤᠯᠴᠢᠯᠠᠯ᠂ ᠨᠠᠢᠷ ᠨᠠᠭᠠᠳᠤᠮ᠂ ᠠᠮᠲᠠᠲᠤ ᠢᠳᠡᠭᠡᠨ᠎ᠲᠠᠢ ᠠᠭᠤᠰᠤᠯᠴᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠨ᠎ᠡ ᠵᠢᠯ ᠴᠠᠭᠠᠨ ᠰᠠᠷ᠎ᠠ᠂ ᠨᠠᠭᠠᠳᠤᠮ᠎ᠤᠨ ᠶᠡᠬᠡ ᠬᠤᠷᠠᠯ ᠵᠡᠷᠭᠡ ᠴᠢᠬᠤᠯᠠ ᠭᠣᠭᠴᠣᠭ᠎ᠠ᠎ᠳᠤ ᠭᠦᠨᠵᠡᠭᠡᠢ ᠠᠭᠤᠰᠤᠯᠴᠠᠬᠤ᠎ᠶᠢ ᠠᠬᠢᠭᠤᠯᠵᠤ᠂ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠰᠠᠷ᠎ᠠ ᠵᠢᠨ ᠪᠠᠷᠠᠭ᠎ᠠ ᠪᠦᠳᠦᠭᠡᠭᠳᠡᠭᠦᠨ᠎ᠤ ᠴᠤᠭᠯᠠᠭ᠎ᠠ᠂ ᠪᠠᠷᠠᠭ᠎ᠠ ᠬᠤᠳᠠᠯᠳᠤᠨ ᠠᠪᠬᠤ ᠨᠠᠢᠷ᠂ ᠠᠮᠲᠠᠲᠤ ᠢᠳᠡᠭᠡᠨ᠎ᠦ ᠨᠠᠢᠷ ᠵᠡᠷᠭᠡ ᠠᠵᠢᠯᠯᠠᠭ᠎ᠠ᠎ᠶᠢ ᠲᠥᠰᠥᠪᠯᠡᠨ ᠡᠷᠬᠢᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠬᠢ ᠪᠠᠶᠠᠯᠢᠭ᠋᠎ᠢ ᠲᠠᠸᠠᠷ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠶᠡᠷᠦᠩᠬᠡᠢᠯᠡᠭᠰᠡᠨ ᠦᠷ᠎ᠡ ᠠᠰᠢᠭ᠋᠎ᠢ ᠳᠡᠭᠡᠭᠰᠢᠯᠡᠭᠦᠯᠪᠡ᠃

ᠣᠯᠠᠨ ᠵᠢᠯ᠎ᠦᠨ ᠲᠤᠷᠰᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠬᠥᠭᠵᠢᠭᠦᠯᠦᠭᠰᠡᠨ ᠥᠪᠥᠷ ᠮᠣᠩᠭᠣᠯ᠎ᠤᠨ ᠦᠢᠯᠡᠳᠦᠯᠭᠡ ᠨᠢ ᠤᠮᠠᠷᠠᠲᠤ ᠬᠢᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠨᠠᠩ ᠠᠮᠢᠳᠤᠯᠢᠭ᠋᠂ ᠨᠠᠩ ᠠᠮᠢᠳᠤᠯᠢᠭ᠋ ᠪᠤᠳᠠᠳᠠᠢ ᠬᠡᠯᠪᠡᠷᠢ᠎ᠪᠡᠷ ᠬᠥᠮᠥᠰ᠎ᠦᠨ ᠬᠠᠷᠠᠭᠠᠨ᠎ᠳᠤ ᠣᠷᠣᠭᠤᠯᠪᠠ᠃

2024 ᠣᠨ᠎ᠡᠴᠡ ᠣᠲᠣᠬᠠᠨ ᠪᠣᠯᠲᠠᠯ᠎ᠠ᠂ ᠤᠮᠠᠷᠠᠲᠤ ᠬᠢᠯᠢ᠎ᠶᠢᠨ ᠰᠣᠶᠣᠯ ᠥᠷᠭᠡᠨ᠎ᠢᠶᠡᠷ ᠳᠡᠯᠭᠡᠷᠡᠬᠦ᠎ᠶᠢ ᠳᠠᠭᠠᠯᠳᠤᠨ᠂ ᠤᠮᠠᠷᠠᠲᠤ ᠬᠢᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ ᠴᠦ᠍ ᠤᠯᠠᠮ᠎ᠡᠴᠡ ᠤᠯᠠᠮ ᠣᠯᠠᠨ ᠬᠥᠮᠥᠰ᠎ᠲᠦ ᠲᠠᠨᠢᠯ ᠲᠡᠰᠦᠯ ᠪᠣᠯᠵᠠᠢ᠃

1 ᠰᠠᠷ᠎ᠠ᠎ᠶᠢᠨ 21 ᠤ᠋ ᠣᠷᠣᠢ᠂ 《ᠳᠤᠮᠳᠠᠳᠤ ᠤᠯᠤᠰ᠎ᠤᠨ ᠼᠢᠷᠺ᠎ᠦᠨ ᠦᠳᠡᠰᠢᠯᠡᠭᠡ》 ᠨᠢ 《ᠼᠢᠷᠺ᠎ᠦᠨ ᠨᠤᠲᠤᠭ》 ᠬᠡᠭᠳᠡᠭᠰᠡᠨ ᠾᠧᠨᠠᠨ᠎ᠤ ᠵᠧᠦ ᠺᠧᠦ ᠳ᠋ᠤ᠌ ᠶᠠᠪᠤᠭᠳᠠᠵᠤ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠼᠢᠷᠺ《ᠭᠠᠬᠴᠠ ᠬᠦᠷᠳᠤᠳᠤ ᠲᠤᠭᠤᠢ ᠲᠡᠷᠭᠡ》 ᠭᠡᠬᠦ ᠲᠣᠭᠯᠠᠯᠲᠠ ᠨᠢ ᠦᠵᠡᠭᠴᠢ ᠲᠦᠮᠡᠨ ᠤ᠋ ᠪᠡᠨ ᠬᠠᠷᠠᠭ᠎ᠠ ᠰᠤᠨᠤᠷ ᠢ᠋ ᠮᠢᠯᠢᠶᠠᠯ᠎ᠠ᠃ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠮᠣᠷᠢᠨ ᠬᠤᠭᠤᠷ᠎ᠤᠨ ᠲᠤᠰᠬᠠᠢ ᠲᠠᠯᠠᠪᠠᠢ ᠳᠠᠭᠤᠤ ᠬᠥᠭᠵᠢᠮ᠎ᠦᠨ ᠦᠳᠡᠰᠢᠯᠡᠭᠡ 《ᠲᠦᠮᠡᠨ ᠠᠭᠲᠠ᠎ᠶᠢᠨ ᠲᠦᠪᠡᠷᠭᠡᠨ》 ᠠᠷᠪᠠᠨ ᠬᠡᠳᠦᠨ ᠬᠤᠳᠠ᠎ᠳᠤ ᠶᠠᠪᠤᠭᠳᠠᠵᠤ᠂ ᠮᠣᠷᠢᠨ ᠬᠤᠭᠤᠷ᠎ᠤᠨ ᠬᠥᠭᠵᠢᠮ᠎ᠦᠨ ᠠᠶᠠᠰ᠎ᠢ ᠲᠤᠮᠳᠠᠳᠤ ᠵᠢᠨ ᠡᠭᠡ ᠭᠠᠵᠠᠷ ᠲᠤ᠌ ᠬᠠᠩᠭᠢᠨᠠᠭᠤᠯᠪᠠ᠃

ᠬᠠᠳᠤᠨ ᠭᠣᠣᠯ᠎ᠤᠨ ᠬᠥᠪᠡᠭᠡᠨ᠎ᠳ᠋ᠤ ᠤᠯᠠᠮᠵᠢᠯᠠᠬᠳᠠᠨ ᠲᠠᠭᠤᠯᠠᠬᠳᠠᠵᠤ ᠪᠠᠢᠬᠰᠡᠨ ᠮᠠᠩᠬᠠᠨ ᠠᠶᠠᠯᠭᠤ᠎ᠨᠢ ᠹᠷᠠᠨᠼᠢ᠎ᠶᠢᠨ ᠫᠠᠷᠢᠰ᠎ᠤᠨ ᠣᠯᠠᠨ ᠤᠯᠤᠰ᠎ᠤᠨ ᠦᠵᠡᠰᠬᠦᠯᠡᠩ᠎ᠦᠨ ᠴᠤᠭᠯᠠᠭᠠᠨ᠎ᠳᠤ ᠴᠤᠤᠷᠢᠶᠠᠳᠤᠵᠤ᠂ ᠢᠷᠠᠭᠤ ᠰᠠᠢᠬᠠᠨ ᠠᠶᠠᠯᠭᠤ ᠳᠠᠭᠤᠨ ᠰᠧᠢᠨ ᠭᠣᠣᠯ᠎ᠤᠨ ᠬᠥᠪᠡᠭᠡ᠎ᠪᠡᠷ ᠤᠳᠠᠲᠠᠯ᠎ᠠ ᠴᠤᠤᠷᠢᠶᠠᠲᠤᠪᠠ᠃

《ᠳᠤᠮᠳᠠᠳᠤ ᠤᠯᠤᠰ᠎ᠢ ᠮᠡᠳᠡᠷᠡᠬᠦᠢ·ᠥᠪᠥᠷ ᠮᠣᠩᠭᠣᠯ᠎ᠤᠨ ᠰᠣᠶᠣᠯ᠎ᠤᠨ ᠭᠠᠷᠠᠭ》᠎ᠤ᠋ᠨ ᠠᠵᠢᠯᠯᠠᠭ᠎ᠠ ᠮᠣᠩᠭᠣᠯ ᠤᠯᠤᠰ᠎ᠤᠨ ᠤᠯᠠᠭᠠᠨᠪᠠᠭᠠᠲᠤᠷ᠎ᠲᠤ ᠶᠠᠪᠤᠭᠳᠠᠵᠤ᠂ ᠥᠪᠥᠷ ᠮᠣᠩᠭᠣᠯ᠎ᠤᠨ ᠤᠯᠠᠮᠵᠢᠯᠠᠯᠲᠤ ᠮᠣᠩᠭᠣᠯ ᠡᠮ ᠡᠮᠨᠡᠯᠭᠡ ᠨᠢ ᠲᠣᠭ᠎ᠠ ᠲᠣᠮᠰᠢ ᠦᠭᠡᠢ ᠡᠪᠡᠳᠴᠢᠲᠡᠨ᠎ᠳᠦ ᠪᠤᠶᠠᠨ ᠦᠢᠯᠡᠳᠪᠡ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号