30 ᠵᠦᠢᠯ᠎ᠤᠨ ᠤᠯᠠᠨ ᠲᠦᠮᠡᠨᠴᠢ ᠴᠢᠨᠠᠷᠳᠠᠢ ᠰᠤᠶᠤᠯ ᠤ᠋ᠨ ᠠᠵᠢᠯᠯᠠᠭ᠎ᠠ ᠨᠢ ᠬᠥᠬᠡᠬᠣᠲᠠ᠎ᠶᠢᠨ ᠴᠠᠭᠠᠨ ᠰᠠᠷ᠎ᠠ ᠳ᠋ᠤ ᠦᠪᠡᠷᠮᠢᠴᠡ ᠬᠦᠭ ᠠᠶᠠᠰ ᠨᠠᠮᠠᠷᠢᠯᠠᠨ᠎ᠠ
2025-01-31 16:33:22
ᠵᠣᠬᠢᠶᠠᠭ᠍ᠴᠢ᠄
​ ᠵᠧᠩ ᠰᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠵᠡᠭᠦᠨ ᠦᠷᠳᠡᠬᠡ᠎ᠳᠦ ᠠᠶᠠᠨᠴᠢᠳ ᠭᠠᠯᠲᠤ ᠲᠡᠷᠭᠡᠨ᠎ᠡᠴᠡ ᠪᠠᠭᠤᠮᠠᠬᠴᠠ ᠦᠷᠳᠡᠭᠡᠨ᠎ᠤ ᠠᠵᠢᠯᠲᠠᠳ ᠪᠣᠯᠣᠨ ᠰᠠᠢᠨ ᠲᠤᠷᠠᠴᠤᠳ ᠬᠠᠯᠠᠭᠤᠮᠰᠤᠭ ᠵᠢᠡᠷ ᠤᠭᠲᠤᠨ ᠠᠪᠴᠤ᠂ ᠠᠭᠤᠷ ᠪᠠᠭᠠᠬᠢᠭᠰᠠᠨ ᠰᠦ ᠲᠠᠢ ᠴᠠᠢ ᠬᠦᠷᠭᠡᠵᠦ ᠢᠷᠡᠨ᠎ᠠ᠃

ᠠᠶᠠᠨᠴᠢᠳ ᠥᠷᠲᠡᠭᠡᠨ᠎ᠡᠴᠡ ᠭᠠᠷᠬᠤ ᠶᠡᠬᠡ ᠲᠢᠩᠬᠢᠮ᠎ᠳᠦ ᠤᠷᠤᠬᠤ ᠳ᠋ᠦ ᠬᠥᠭᠵᠢᠮ᠎ᠦᠨ ᠠᠶᠠᠰ ᠴᠤᠤᠷᠢᠶᠠᠲᠤᠵᠤ᠂ ᠪᠠᠶᠠᠷ᠎ᠲᠤᠷᠠᠰᠬᠠᠯ ᠤ᠋ᠨ ᠬᠤᠪᠴᠠᠰᠤ ᠵᠠᠰᠠᠯ ᠵᠢᠡᠷ ᠵᠢᠡᠨ ᠴᠢᠮᠡᠭᠯᠡᠭᠰᠡᠨ ᠲᠣᠭᠯᠠᠭ᠍ᠴᠢᠳ᠎ᠤᠨ ᠣᠷᠭᠢᠯᠤᠮ᠎ᠠ ᠬᠠᠯᠠᠭᠤᠨ ᠰᠡᠳᠬᠢᠯᠭᠡ᠎ᠲᠠᠢ ᠳᠠᠭᠤᠤ ᠪᠥᠵᠢᠭ᠎ᠦᠨ ᠲᠣᠭᠯᠠᠯᠲᠠ ᠨᠢ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ᠎ᠢ ᠬᠣᠷᠣᠮᠬᠠᠨ ᠵᠠᠭᠤᠷ᠎ᠠ ᠬᠥᠭᠵᠢᠭᠡᠵᠦ᠂ ᠠᠶᠠᠨᠴᠢᠳ᠎ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ ᠰᠠᠢᠰᠢᠶᠠᠯ᠎ᠢ ᠣᠯᠳᠠᠭ᠃

《ᠲᠡᠷᠭᠡᠨ᠎ᠡᠴᠡ ᠪᠠᠭᠤᠮᠠᠭᠴᠠ ᠨᠤᠲᠤᠭ᠎ᠤᠨ᠎ᠢᠶᠠᠨ ᠰᠦ᠎ᠲᠠᠢ ᠴᠠᠢ ᠡᠴᠡ ᠠᠮᠰᠠᠵᠤ᠂ ᠲᠤᠰᠬᠠᠢᠯᠠᠨ ᠪᠡᠯᠡᠳᠬᠡᠭᠰᠡᠨ ᠲᠣᠭᠯᠠᠯᠲᠠ᠎ᠶᠢ ᠰᠤᠨᠢᠷᠬᠠᠭᠠᠳ ᠰᠡᠳᠬᠢᠯ ᠳ᠋ᠦ ᠮᠠᠰᠢ ᠳᠤᠯᠠᠭᠠᠬᠠᠨ ᠰᠠᠨᠠᠬᠳᠠᠨ᠎ᠠ!》 ᠭᠡᠵᠦ ᠨᠢᠭᠡᠨ ᠠᠶᠠᠨᠴᠢᠨ ᠳᠣᠭᠳᠣᠯᠤᠨ ᠬᠡᠯᠡᠪᠡ᠃

1 ᠰᠠᠷ᠎ᠠ᠎ᠶᠢᠨ 22 ᠡᠴᠡ 24 ᠤ᠋ ᠡᠳᠦᠷ ᠪᠣᠯᠲᠠᠯ᠎ᠠ᠂ ᠬᠥᠬᠡᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠬᠥᠬᠡᠬᠣᠲᠠ ᠵᠡᠭᠦᠨ ᠥᠷᠲᠡᠭᠡ᠂ ᠴᠠᠭᠠᠨ ᠰᠤᠪᠤᠷᠭ᠎ᠠ ᠨᠢᠰᠬᠡᠯ᠎ᠦᠨ ᠪᠠᠭᠤᠳᠠᠯ᠂ ᠰᠢᠨᠬᠤᠸᠠ ᠠᠭᠤᠳᠠᠮ ᠲᠠᠯᠠᠪᠠᠶ᠎ᠶᠢᠨ ᠭᠠᠵᠠᠷ ᠳᠣᠣᠷᠠᠬᠢ ᠲᠡᠮᠦᠷ ᠵᠠᠮ᠎ᠤᠨ ᠥᠷᠲᠡᠭᠡ᠎ᠳᠦ 6 ᠲᠠᠯᠠᠪᠤᠷ ᠭᠣᠢᠳᠠ ᠰᠠᠢᠬᠠᠨ ᠴᠠᠷᠬᠢᠶ᠎ᠠ ᠲᠤᠬᠯᠠᠯᠳᠠ ᠵᠢᠨ ᠠᠵᠢᠯᠯᠠᠭ᠎ᠠ ᠥᠷᠨᠢᠭᠦᠯᠵᠦ᠂ ᠭᠡᠷ᠎ᠲᠡᠬᠡᠨ ᠬᠠᠷᠢᠵᠤ ᠢᠷᠡᠭᠰᠡᠨ ᠠᠶᠠᠨᠴᠢᠳ᠎ᠲᠤ ᠭᠦᠨ ᠵᠤᠵᠠᠭᠠᠨ ᠨᠤᠲᠤᠭ᠎ᠤᠨ ᠰᠡᠳᠬᠢᠯᠭᠡ ᠪᠠ ᠬᠠᠢᠷ᠎ᠠ ᠬᠠᠯᠠᠮᠵᠢ᠎ᠶᠢ ᠮᠡᠳᠡᠷᠡᠭᠦᠯᠪᠡ᠃

《ᠴᠠᠭᠠᠨ ᠰᠠᠷ᠎ᠠ᠂ ᠥᠯᠵᠡᠢᠲᠦ ᠡᠳᠦᠷ᠎ᠦᠨ ᠪᠠᠶᠠᠷ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠤᠭ᠎ᠤᠨ ᠴᠢᠬᠤᠯᠠ ᠤᠯᠠᠮᠵᠢᠯᠠᠯᠲᠤ ᠪᠠᠶᠠᠷ᠎ᠤᠨ ᠡᠳᠦᠷ ᠮᠥᠨ᠂ ᠮᠣᠭᠠᠢ ᠵᠢᠯ᠎ᠦᠨ ᠴᠠᠭᠠᠨ ᠰᠠᠷ᠎ᠠ ᠪᠣᠯ ᠪᠤᠳᠠᠰ ᠤ᠋ᠨ ᠪᠤᠰᠤ ᠰᠤᠶᠤᠯ ᠤ᠋ᠨ ᠥᠪ᠎ᠢᠶᠡᠷ ᠭᠤᠶᠤᠴᠢᠯᠡᠨ ᠮᠡᠳᠡᠬᠦᠯᠦᠭᠰᠡᠨ᠎ᠤ ᠳᠠᠷᠠᠭᠠᠬᠢ ᠠᠩᠬᠠᠳᠠᠭ᠍ᠴᠢ ᠴᠠᠭᠠᠨ ᠰᠠᠷ᠎ᠠ ᠮᠥᠨ᠃ ᠲᠤᠰ ᠤᠳᠠᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠦᠨᠡᠯᠡᠭᠳᠡᠭᠰᠡᠨ ᠨᠢ ᠴᠠᠭᠠᠨ ᠰᠠᠷ᠎ᠠ᠎ᠶᠢᠨ ᠡᠨᠡ ᠬᠦ᠌ 〈ᠳᠤᠮᠳᠠᠳᠤ ᠤᠯᠤᠰ᠎ᠤᠨ ᠴᠠᠭᠠᠨ ᠰᠠᠷ᠎ᠠ〉 ᠵᠢ ᠳᠡᠯᠡᠬᠡᠢ ᠳ᠋ᠠᠬᠢᠨ᠎ᠳᠤ ᠨᠡᠩ ᠶᠡᠬᠡ ᠨᠥᠯᠥᠭᠡᠯᠡᠬᠦ ᠬᠦᠴᠦᠨ᠎ᠲᠠᠢ ᠪᠣᠯᠭᠠᠵᠠᠢ᠃ ᠡᠢᠮᠦ᠎ᠡᠴᠡ ᠡᠨᠡ ᠵᠢᠯ᠎ᠦᠨ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠬᠥᠬᠡᠬᠣᠲᠠ ᠥᠷᠭᠡᠨ ᠣᠯᠠᠨ ᠬᠣᠲᠠ᠎ᠶᠢᠨ ᠠᠷᠠᠳ ᠪᠣᠯᠣᠨ ᠵᠢᠭᠤᠯᠴᠢᠯᠠᠬᠰᠡᠳ᠎ᠲᠤ ᠡᠯᠪᠡᠭ ᠪᠠᠶᠠᠯᠢᠭ᠋ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢ ᠨᠠᠷᠢᠨ ᠨᠢᠮᠪᠠᠢ ᠪᠡᠯᠡᠳᠬᠡᠵᠦ᠂ 1 ᠰᠠᠷ᠎ᠠ᠎ᠶᠢᠨ 22 ᠎ᠤ᠋ᠨ ᠡᠳᠦᠷ᠎ᠡᠴᠡ 2 ᠰᠠᠷ᠎ᠠ᠎ᠶᠢᠨ 12 ᠎ᠤ᠋ᠨ ᠡᠳᠦᠷ ᠪᠣᠯᠲᠠᠯ᠎ᠠ᠂ ᠬᠥᠬᠡᠭᠡ ᠰᠠᠷ᠎ᠠ᠎ᠶᠢᠨ ᠬᠣᠷᠢᠨ ᠭᠤᠷᠪᠠᠨ᠎ᠡᠴᠡ ᠴᠠᠭᠠᠨ ᠰᠠᠷ᠎ᠠ᠎ᠶᠢᠨ ᠠᠷᠪᠠᠨ ᠲᠠᠪᠤᠨ ᠪᠣᠯᠲᠠᠯ᠎ᠠ᠂ ᠪᠥᠬᠥ ᠬᠣᠲᠠ ᠨᠡᠶ᠋ᠢᠲᠡ 30 ᠵᠦᠢᠯ᠎ᠦᠨ ᠣᠯᠠᠨ ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ᠎ᠶᠢ ᠵᠣᠬᠢᠶᠠᠨ ᠪᠠᠢᠭᠤᠯᠬᠤ ᠪᠤᠯᠤᠨ᠎ᠠ》 ᠭᠡᠵᠦ 1 ᠰᠠᠷ᠎ᠠ᠎ᠶᠢᠨ 28 ᠎ᠤ᠋ ᠡᠳᠦᠷ ᠬᠥᠬᠡᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠠᠯᠠᠭᠠᠨ᠎ᠤ ᠳᠠᠷᠤᠭ᠎ᠠ ᠰᠥᠩ ᠷᠦᠩ ᠹᠠᠩ ᠰᠤᠷᠪᠤᠯᠵᠢᠯᠠᠭ᠍ᠴᠢ᠎ᠳᠤ ᠬᠡᠯᠡᠪᠡ᠃

ᠬᠥᠬᠡᠭᠴᠢᠨ ᠮᠣᠭᠠᠢ ᠵᠢᠯ᠎ᠦᠨ ᠠᠷᠪᠠᠨ ᠬᠣᠶᠠᠷ ᠵᠢᠯ᠎ᠦᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠦᠵᠡᠭᠦᠯᠭᠡ᠎ᠶᠢᠨ ᠰᠢᠨ᠎ᠡ ᠡᠭᠦᠳᠦᠯᠲᠡ᠎ᠶᠢᠨ ᠴᠢᠨᠠᠷᠲᠠᠢ ᠦᠵᠡᠭᠦᠯᠭᠡ᠎ᠶᠢᠨ ᠢᠵᠢ ᠪᠦᠷᠢᠳᠦᠭᠰᠡᠨ ᠰᠣᠶᠣᠯ᠎ᠤᠨ ᠡᠭᠦᠳᠦᠯᠲᠡ᠎ᠶᠢᠨ ᠴᠤᠭᠯᠠᠭ᠎ᠠ ᠮᠠᠢᠮᠠᠢ᠎ᠶᠢᠨ ᠵᠠᠭᠪᠤᠷ᠎ᠢ ᠭᠠᠷᠭᠠᠵᠤ᠂ ᠬᠠᠭᠠᠨ᠎ᠤ ᠣᠷᠳᠣᠨ᠎ᠤ ᠮᠦᠽᠧᠢ᠂ ᠰᠦᠵᠧᠦ᠎ᠶᠢᠨ ᠮᠦᠽᠧᠢ᠂ ᠾᠧᠨᠠᠨ᠎ᠤ ᠮᠦᠽᠧᠢ᠂ ᠵᠢᠶᠠᠩᠰᠢ ᠮᠤᠵᠢ᠎ᠶᠢᠨ ᠮᠦᠽᠧᠢ᠂ ᠳ᠋ᠦᠨᠬᠤᠸᠠᠩ᠎ᠤᠨ ᠰᠤᠳᠤᠯᠭᠠᠨ᠎ᠤ ᠬᠦᠷᠢᠶᠡᠯᠡᠩ᠂ ᠱᠠᠩᠬᠠᠢ᠎ᠶᠢᠨ ᠮᠦᠽᠧᠢ ᠵᠡᠷᠭᠡ ᠨᠥᠯᠥᠭᠡᠯᠡᠬᠦ ᠬᠦᠴᠦᠨ᠎ᠲᠠᠢ ᠲᠣᠮᠣ᠌ ᠣᠷᠳᠣᠨ᠎ᠢ ᠣᠷᠣᠭᠤᠯᠤᠨ ᠠᠪᠴᠢᠷᠠᠬᠤ᠎ᠪᠠᠷ ᠳᠠᠮᠵᠢᠨ ᠪᠥᠬᠥ ᠤᠯᠤᠰ᠎ᠤᠨ ᠠᠩᠬᠠᠳᠠᠭ᠍ᠴᠢ 《ᠰᠣᠶᠣᠯ᠎ᠤᠨ ᠡᠬᠦᠳᠤᠯᠳᠠ ᠵᠢᠨ ᠰᠢᠨ᠎ᠠ ᠣᠷᠣᠨ ᠵᠠᠢ》 ᠵᠢ ᠬᠠᠮᠲᠤᠷᠠᠨ ᠪᠣᠶ ᠪᠣᠯᠭᠠᠪᠠ᠃ ᠲᠤᠬᠠᠢ᠎ᠶᠢᠨ ᠲᠠᠯᠠᠪᠠᠶ᠎ᠶᠢᠨ ᠰᠣᠳᠣᠨ ᠪᠦᠲᠦᠭᠡᠯ 1000 ᠭᠠᠷᠤᠢ ᠵᠦᠢᠯ ᠪᠠᠢᠵᠤ᠂ 50 ᠭᠠᠷᠤᠢ ᠵᠦᠢᠯ᠎ᠦᠨ ᠰᠤᠶᠤᠯ ᠤ᠋ᠨ ᠡᠬᠦᠳᠤᠯᠳᠠ ᠵᠢᠨ ᠰᠣᠳᠣᠨ ᠪᠦᠲᠦᠭᠡᠯ ᠪᠣᠶ᠃

1 ᠰᠠᠷ᠎ᠠ᠎ᠶᠢᠨ 24 ᠎ᠤ᠋ ᠣᠷᠣᠢ᠂ ᠰᠤᠷᠪᠤᠯᠵᠢᠯᠠᠭ᠍ᠴᠢ ᠬᠥᠬᠡᠬᠣᠲᠠ᠎ᠶᠢᠨ ᠱᠤᠭᠤᠮᠠᠯ᠎ᠤᠨ ᠤᠷᠠᠯᠢᠭ᠋᠎ᠤᠨ ᠣᠷᠳᠣᠨ᠎ᠳᠤ ᠬᠥᠷᠪᠡ᠃ ᠰᠥᠨᠢ᠎ᠶᠢᠨ ᠵᠢᠭᠤᠯᠴᠢᠯᠠᠯ ᠢ᠋ ᠡᠬᠢᠯᠡᠬᠦᠯᠦᠭᠰᠡᠨ ᠤ᠋ ᠳᠠᠷᠠᠭ᠎ᠠ ᠡᠨᠳᠡ ᠨᠢᠭᠡᠨᠲᠡ ᠵᠡᠭᠦᠳᠦ ᠵᠡᠷᠭᠡᠯᠭᠡᠨ᠎ᠰᠢᠤᠬᠠᠨ ᠬᠡᠦᠬᠡᠳ᠎ᠦᠨ ᠦᠯᠢᠭᠡᠷ᠎ᠦᠨ ᠶᠢᠷᠲᠢᠨᠴᠦ ᠪᠣᠯᠵᠠᠢ᠃

1 ᠰᠠᠷ᠎ᠠ᠎ᠶᠢᠨ 22 ᠎ᠤ᠋ᠨ ᠡᠳᠦᠷ᠎ᠡᠴᠡ 2 ᠰᠠᠷ᠎ᠠ᠎ᠶᠢᠨ 12 ᠎ᠤ᠋ᠨ ᠡᠳᠦᠷ ᠪᠣᠯᠲᠠᠯ᠎ᠠ᠂ ᠬᠥᠬᠡᠬᠣᠲᠠ᠎ᠶᠢᠨ ᠱᠤᠭᠤᠮᠠᠯ ᠤᠷᠠᠯᠢᠭ᠋᠎ᠤᠨ ᠣᠷᠳᠣᠨ᠎ᠤ ᠡᠳᠦᠷ ᠪᠦᠷᠢ᠎ᠶᠢᠨ ᠡᠭᠦᠳᠡ᠎ᠪᠡᠨ ᠬᠠᠭᠠᠬᠤ ᠴᠠᠭ᠎ᠢ 22 ᠴᠠᠭ ᠪᠣᠯᠲᠠᠯ᠎ᠠ ᠤᠷᠲᠤᠳᠬᠠᠪᠠ᠃ ᠱᠤᠭᠤᠮᠠᠯ ᠤᠷᠠᠯᠢᠭ᠋᠎ᠤᠨ ᠣᠷᠳᠣᠨ A᠂ B ᠬᠣᠶᠠᠷ ᠦᠵᠡᠭᠦᠯᠭᠡ᠎ᠶᠢᠨ ᠲᠢᠩᠬᠢᠮ᠎ᠳᠦ ᠳᠤᠮᠳᠠᠳᠤ ᠤᠯᠤᠰ᠎ᠤᠨ ᠬᠤᠳᠠ᠎ᠶᠢᠨ ᠱᠤᠭᠤᠮᠠᠯᠴᠢᠳ᠎ᠤᠨ ᠨᠡᠢᠭᠡᠮᠯᠢᠭ᠎ᠦᠨ ᠡᠷᠳᠡᠮ ᠰᠢᠨᠵᠢᠯᠡᠭᠡᠨ᠎ᠦ ᠵᠥᠪᠯᠡᠯ᠎ᠡᠴᠡ ᠰᠣᠩᠭᠣᠨ ᠰᠢᠯᠭᠠᠷᠠᠭᠤᠯᠤᠭᠰᠠᠨ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 75 ᠵᠢᠯ᠎ᠦᠨ ᠤᠢ᠎ᠶᠢ ᠪᠡᠯᠭᠡᠯᠡᠬᠦ ᠠᠭᠤᠤ ᠶᠡᠬᠡ ᠰᠢᠨ᠎ᠡ ᠴᠠᠭ ᠦᠶ᠎ᠡ᠎ᠶᠢ ᠮᠠᠭᠲᠠᠨ ᠰᠠᠢᠰᠢᠶᠠᠭᠰᠠᠨ ᠱᠤᠭᠤᠮᠠᠯ ᠤᠷᠠᠯᠢᠭ᠋᠎ᠤᠨ ᠪᠦᠲᠦᠭᠡᠯ ᠵᠢᠴᠢ ᠤᠳᠠᠭ᠎ᠠ ᠪᠦᠷᠢ᠎ᠶᠢᠨ ᠱᠤᠭᠤᠮᠠᠯ᠎ᠤᠨ ᠭᠣᠣᠯ ᠰᠡᠳᠦᠪᠲᠦ ᠦᠵᠡᠭᠦᠯᠭᠡ᠎ᠡᠴᠡ ᠰᠣᠩᠭᠣᠨ ᠰᠢᠯᠭᠠᠷᠠᠭᠤᠯᠤᠭᠰᠠᠨ ᠰᠢᠯᠢᠳᠡᠭ ᠱᠤᠭᠤᠮᠠᠯ᠎ᠤᠨ ᠪᠦᠲᠦᠭᠡᠯ᠎ᠦᠨ ᠰᠣᠩᠭᠣᠳᠠᠭ ᠪᠦᠲᠦᠭᠡᠯ᠎ᠢ ᠳᠡᠯᠭᠡᠨ ᠦᠵᠡᠭᠦᠯᠦᠨ᠎ᠡ᠃

1 ᠰᠠᠷ᠎ᠠ᠎ᠶᠢᠨ 22 ᠎ᠡᠴᠡ 1 ᠰᠠᠷ᠎ᠠ᠎ᠶᠢᠨ 27 ᠎ᠤ᠋ ᠦᠳᠡ᠎ᠶᠢᠨ ᠬᠣᠢᠨ᠎ᠠ ᠪᠣᠯᠲᠠᠯ᠎ᠠ᠂  ᠴᠠᠭᠠᠨ ᠰᠠᠷ᠎ᠠ᠎ᠶᠢᠨ ᠬᠣᠣᠰ ᠤᠶᠠᠩᠭ᠎ᠠ ᠪᠢᠴᠢᠬᠦ᠂ ᠴᠣᠩᠬᠣᠨ ᠬᠠᠢᠴᠢᠯᠠᠮᠠᠯ ᠬᠠᠢᠴᠢᠯᠠᠬᠤ᠂ ᠥᠩᠭᠡᠯᠡᠨ ᠪᠤᠳᠤᠬᠤ ᠵᠡᠷᠭᠡ ᠤᠯᠠᠮᠵᠢᠯᠠᠯᠲᠤ ᠵᠠᠩ ᠦᠢᠯᠡ᠎ᠶᠢᠨ ᠠᠵᠢᠯᠯᠠᠭ᠎ᠠ ᠥᠷᠨᠢᠭᠦᠯᠵᠦ᠂ ᠬᠣᠲᠠ᠎ᠶᠢᠨ ᠠᠷᠠᠳ ᠵᠢᠭᠤᠯᠴᠢᠯᠠᠭ᠍ᠰᠠᠳ ᠲᠤᠰᠬᠠᠢ ᠪᠠᠭ᠍ᠰᠢ᠎ᠶᠢᠨ ᠵᠢᠯᠣᠭᠣᠳᠤᠯᠭ᠎ᠠ ᠳᠣᠣᠷ᠎ᠠ ᠥᠯᠵᠡᠢ ᠪᠡᠯᠭᠡ᠎ᠶᠢ ᠪᠡᠯᠭᠡᠳᠡᠭᠰᠡᠨ ᠴᠠᠭᠠᠨ ᠰᠠᠷ᠎ᠠ᠎ᠶᠢᠨ ᠬᠣᠣᠰ ᠤᠶᠠᠩᠭ᠎ᠠ᠎ᠶᠢ ᠥᠪᠡᠷ᠎ᠢᠶᠠᠨ ᠪᠢᠴᠢᠵᠦ᠂ ᠨᠠᠷᠢᠯᠢᠭ᠋ ᠰᠠᠢᠬᠠᠨ ᠴᠣᠩᠬᠣᠨ ᠬᠠᠢᠴᠢᠯᠠᠮᠠᠯ ᠬᠠᠢᠴᠢᠯᠠᠵᠤ᠂ ᠤᠶᠠᠵᠤ ᠪᠤᠳᠤᠬᠤ ᠥᠪᠡᠷᠮᠢᠴᠡ ᠪᠦᠲᠦᠭᠡᠯ᠎ᠢ ᠦᠢᠯᠡᠳᠴᠦ᠂ ᠴᠠᠭᠠᠨ ᠰᠠᠷ᠎ᠠ ᠵᠢᠨ ᠥᠳᠬᠡᠨ ᠵᠤᠵᠠᠭᠠᠨ ᠦᠨᠦᠷ ᠠᠮᠲᠠ᠎ᠶᠢ ᠮᠡᠳᠡᠷᠡᠭᠦᠯᠪᠡ᠃

1 ᠰᠠᠷ᠎ᠠ᠎ᠶᠢᠨ 31 ᠎ᠡᠴᠡ 2 ᠰᠠᠷ᠎ᠠ᠎ᠶᠢᠨ 12  ᠪᠣᠯᠲᠠᠯ᠎ᠠ᠂ ᠭᠤᠯᠢᠷ ᠪᠠᠷᠢᠮᠠᠯ᠂ ᠰᠢᠪᠠᠷ ᠪᠠᠷᠢᠮᠠᠯ ᠬᠢᠬᠦ ᠵᠡᠷᠭᠡ ᠬᠤᠷᠰᠢᠯᠴᠠᠬᠤ ᠠᠵᠢᠯᠯᠠᠭ᠎ᠠ᠎ᠵᠠᠯᠭᠠᠭ᠎ᠠ ᠪᠡᠷ ᠲᠠᠢᠰᠠᠨ᠎ᠳᠤ ᠭᠠᠷᠴᠤ᠂ ᠬᠥᠮᠥᠰ ᠤᠯᠠᠮᠵᠢᠯᠠᠯᠲᠤ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠰᠤᠷᠤᠯᠴᠠᠬᠤ᠎ᠶᠢᠨ ᠵᠡᠷᠭᠡ ᠪᠡᠷ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠳᠡᠯᠭᠡᠷᠡᠭᠦᠯᠬᠦ ᠪᠣᠯᠣᠨ᠎ᠠ᠃

ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ 2025 ᠣᠨ᠎ᠤ ᠬᠥᠬᠡᠬᠣᠲᠠ᠎ᠶᠢᠨ ᠴᠠᠭᠠᠨ ᠰᠠᠷ᠎ᠠ᠎ᠶᠢᠨ ᠰᠣᠶᠣᠯ᠎ᠤᠨ ᠰᠦᠮ᠎ᠡ᠎ᠶᠢᠨ ᠬᠤᠷᠠᠯ 2 ᠰᠠᠷ᠎ᠠ᠎ᠶᠢᠨ 3 ᠡᠴᠡ 2 ᠰᠠᠷ᠎ᠠ᠎ᠶᠢᠨ 12 ᠤ᠋ᠨ ᠡᠳᠦᠷ ᠪᠣᠯᠲᠠᠯ᠎ᠠ ᠲᠣᠰ ᠲᠣᠰ ᠪᠤᠭᠤᠮᠳᠠ ᠵᠢᠨ ᠭᠠᠳᠠᠨᠠᠬᠢ ᠬᠠᠭᠤᠴᠢᠨ ᠵᠡᠭᠡᠯᠢ᠎ᠶᠢᠨ ᠬᠡᠰᠡᠭ᠂ ᠬᠥᠬᠡᠬᠣᠲᠠ᠎ᠶᠢᠨ ᠱᠤᠭᠤᠮᠠᠯ ᠤᠷᠠᠯᠢᠭ᠋᠎ᠤᠨ ᠣᠷᠳᠣᠨ ᠪᠣᠯᠣᠨ ᠮᠤᠨᠢ ᠠᠭᠤᠯᠠ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤ ᠵᠡᠷᠭᠡ ᠭᠠᠵᠠᠷ᠎ᠲᠤ ᠶᠠᠪᠤᠭᠳᠠᠬᠤ ᠪᠣᠯᠣᠨ᠎ᠠ᠃

ᠤᠯᠠᠮᠵᠢᠯᠠᠯᠲᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠷᠠᠳ ᠤ᠋ᠨ ᠨᠠᠢᠷ ᠨᠠᠭᠠᠳᠤᠮ ᠤ᠋ᠨ ᠦᠵᠡᠭᠦᠯᠭᠡ ᠪᠣᠯᠣᠨ ᠤᠷᠠᠨ ᠰᠠᠢᠬᠠᠨ᠎ᠤ ᠲᠣᠭᠯᠠᠯᠲᠠ᠎ᠡᠴᠡ ᠭᠠᠳᠠᠨ᠎ᠠ ᠪᠣᠭᠣᠮᠲᠠ᠎ᠶᠢᠨ ᠭᠠᠳᠠᠨᠠᠬᠢ ᠬᠠᠭᠤᠴᠢᠨ ᠵᠡᠭᠡᠯᠢ᠎ᠶᠢᠨ ᠭᠣᠣᠯ ᠲᠠᠢᠰᠠᠨ᠎ᠳᠤ ᠶᠠᠪᠤᠭᠳᠠᠬᠤ ᠴᠠᠭᠠᠨ ᠰᠠᠷ᠎ᠠ᠎ᠶᠢᠨ ᠰᠢᠨ᠎ᠡ᠎ᠶᠢᠨ ᠵᠢᠷᠭᠤᠭᠠᠨ᠎ᠤ 《ᠣᠭᠲᠠᠷᠭᠤᠢ᠎ᠳᠤ ᠳᠡᠭᠦᠯᠢᠭᠰᠡᠨ ᠯᠣᠣ》 ᠵᠢᠨ ᠦᠵᠡᠭᠦᠯᠭᠡ ᠪᠣᠯᠣᠨ ᠴᠠᠭᠠᠨ ᠰᠠᠷ᠎ᠠ᠎ᠶᠢᠨ ᠠᠷᠪᠠᠨ ᠲᠠᠪᠤᠨ᠎ᠤ ᠪᠠᠷᠠᠭᠤᠨ ᠬᠤᠳᠠ᠎ᠶᠢᠨ ᠡᠭᠦᠳᠡᠨ ᠠᠰᠠᠷ ᠤ᠋ᠨ《ᠬᠥᠬᠡᠬᠣᠲᠠ ᠵᠢᠨ ᠱᠠᠩ ᠶᠤᠸᠠᠨ ᠬᠤᠳᠠᠯᠳᠤᠭᠠᠨ ᠤ᠋ ᠵᠡᠭᠡᠯᠢ ᠨᠡᠭᠡᠭᠡᠬᠦ ᠦᠵᠡᠭᠦᠯᠭᠡ》᠂ ᠴᠠᠭᠠᠨ ᠰᠠᠷ᠎ᠠ᠎ᠶᠢᠨ ᠰᠢᠨ᠎ᠡ᠎ᠶᠢᠨ ᠨᠠᠢ᠍ᠮᠠᠨ᠎ᠤ ᠬᠥᠬᠡᠬᠣᠲᠠ᠎ᠶᠢᠨ ᠱᠤᠭᠤᠮᠠᠯ ᠤᠷᠠᠯᠢᠭ᠋᠎ᠤᠨ ᠣᠷᠳᠣᠨ᠎ᠳᠤ ᠬᠦᠨᠵᠡᠭᠡᠢ ᠪᠠᠶᠠᠴᠢᠯᠡᠨ ᠤᠢᠯᠠᠭᠠᠬᠤ ᠮᠠᠶᠢᠭ ᠤ᠋ᠨ ᠤᠯᠤᠰ᠎ᠤᠨ ᠤᠷᠤᠰᠬᠠᠯ᠎ᠤᠨ ᠲᠣᠭᠣᠷᠢᠨ ᠦᠵᠡᠭᠦᠯᠭᠡ ᠨᠢ ᠮᠣᠭᠠᠢ ᠵᠢᠯ᠎ᠦᠨ ᠴᠠᠭᠠᠨ ᠰᠠᠷ᠎ᠠ᠂ ᠥᠯᠵᠡᠢᠲᠦ ᠡᠳᠦᠷ᠎ᠦᠨ ᠰᠣᠶᠣᠯ᠎ᠤᠨ ᠰᠦᠮ᠎ᠡ᠎ᠶᠢᠨ ᠬᠤᠷᠠᠯ᠎ᠤᠨ ᠠᠵᠢᠯᠯᠠᠭ᠎ᠠ᠎ᠶᠢᠨ ᠪᠠᠰᠠ ᠨᠢᠭᠡᠨ ᠬᠢᠯᠠᠰ ᠴᠡᠭ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号