2025 ᠣᠨ᠎ᠤ ᠴᠠᠭᠠᠨ ᠰᠠᠷ᠎ᠠ ᠬᠦᠷᠴᠦ᠍ ᠢᠷᠡᠪᠡ᠃ ᠭᠡᠷ ᠬᠣᠲᠠᠯᠠᠭᠠᠷ᠎ᠢᠶᠠᠨ ᠤᠴᠠᠷᠠᠨ ᠵᠤᠯᠭᠠᠬᠤ ᠦᠯᠵᠡᠢᠳᠡᠢ ᠮᠦᠴᠡ ᠳ᠋ᠤ ᠪᠤᠭᠤᠲᠤ ᠬᠣᠲᠠ᠎ᠶ᠋ᠢᠨ ᠠᠬᠠᠮᠠᠳ ᠦᠶ᠎ᠠ ᠵᠢᠨ ᠬᠢᠨ ᠳ᠋ᠤ ᠠᠪᠴᠤ᠌ ᠬᠡᠯᠡᠪᠡᠯ ᠰᠠᠶᠢᠬᠠᠨ ᠵᠠᠰᠠᠵᠤ ᠳᠠᠭᠤᠰᠤᠭᠰᠠᠨ 《ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠲᠡᠤᠬᠡ ᠰᠤᠶᠤᠯ ᠤ᠋ᠨ ᠵᠡᠭᠡᠯᠢ ᠭᠤᠳᠤᠮᠵᠢ》 ᠪᠡᠷ ᠲᠣᠭᠣᠷᠢᠬᠤ ᠨᠢ ᠡᠨᠡ ᠵᠢᠯ᠎ᠦᠨ ᠴᠠᠭᠠᠨ ᠰᠠᠷ᠎ᠠ᠎ᠶ᠋ᠢᠨ ᠴᠢᠬᠤᠯᠠ ᠠᠵᠢᠯᠯᠠᠭ᠎ᠠ ᠪᠤᠯᠵᠠᠢ᠃ ᠬᠠᠭᠤᠴᠢᠨ ᠵᠡᠭᠡᠯᠢ ᠪᠡᠷ ᠲᠤᠭᠤᠷᠢᠬᠤ ᠨᠢ ᠲᠤᠬᠠᠶ᠎ᠶ᠋ᠢᠨ ᠭᠠᠵᠠᠷ᠎ᠤᠨ ᠬᠦᠮᠦᠰ ᠲᠤ᠌ ᠠᠪᠴᠤ᠌ ᠬᠡᠯᠡᠪᠡᠯ᠂ ᠬᠦᠷ ᠬᠦᠭᠵᠢᠶᠡᠨ ᠲᠡᠳᠦᠢ ᠦᠭᠡᠢ ᠨᠡᠩ ᠴᠤ᠌ ᠰᠡᠳᠭᠢᠯ ᠤ᠋ᠨ ᠭᠦᠨ ᠳ᠋ᠡᠬᠢ ᠲᠡᠷᠡ ᠬᠦ᠌ ᠳᠤᠷᠠᠰᠤᠮᠵᠢ ᠪᠠᠨ ᠡᠷᠭᠢᠴᠡᠭᠦᠯᠬᠦ ᠶᠠᠪᠤᠳᠠᠯ ᠪᠤᠯᠤᠨ᠎ᠠ᠃
《ᠪᠠᠭ᠎ᠠ᠎ᠳᠠᠭᠠᠨ ᠪᠢ ᠳ᠋ᠦᠩ ᠾᠸ ᠵᠢᠨ ᠪᠸᠢ ᠯᠢᠶᠠᠩ᠎ᠳᠤ ᠠᠮᠢᠳᠤᠷᠠᠵᠤ ᠪᠠᠢᠵᠠᠢ᠂ ᠡᠨᠡ ᠡᠳᠦᠷ ᠪᠢ ᠤᠤᠯ ᠤ᠋ᠨ ᠬᠠᠮᠲᠤ ᠠᠮᠢᠳᠤᠷᠠᠵᠤ ᠪᠠᠢᠭ᠍ᠰᠠᠨ ᠰᠠᠢ᠌ᠨ ᠨᠠᠢᠵᠠ ᠨᠠᠷᠲᠠᠶᠪᠠᠨ ᠠᠭᠤᠯᠵᠠᠵᠤ᠂ ᠡᠨᠳᠡ ᠢᠷᠡᠵᠦ᠍ ᠥᠩᠭᠡᠷᠡᠭ᠌ᠰᠡᠨ᠎ᠦ ᠠᠮᠢᠳᠤᠷᠠᠯ᠎ᠢᠶᠠᠨ ᠳᠤᠷᠠᠰᠴᠤ᠂ ᠥᠩᠭᠡᠷᠡᠭ᠌ᠰᠡᠨ᠎ᠦ ᠦᠨᠦᠷ ᠠᠮᠲᠠ ᠵᠢ ᠠᠮᠲᠠᠯᠠᠬᠤ᠎ᠪᠠᠷ ᠢᠷᠡᠯ᠎ᠠ》᠂ ᠬᠠᠷᠢ ᠭᠠᠵᠠᠷ ᠡᠴᠡ ᠨᠤᠲᠤᠭ ᠲᠠᠭᠠᠨ ᠱᠢᠨᠡᠯᠡᠬᠦ᠌᠎ᠪᠡᠷ ᠢᠷᠡᠭ᠌ᠰᠡᠨ ᠹᠸᠡᠭ᠌ ᠠᠪᠤᠭᠠᠢ ᠪᠢᠲᠡᠭᠦᠨ᠎ᠦ ᠡᠳᠦᠷ ᠤ᠋ᠨ ᠡᠨᠡ ᠬᠦ᠌ ᠦᠳᠡ ᠵᠢᠨ ᠬᠣᠭᠣᠯᠠ ᠵᠢ ᠪᠡᠯᠡᠳᠭᠡᠵᠤ᠂ ᠤᠨᠠᠭᠠᠨ ᠨᠠᠢᠵᠠ ᠨᠠᠷ ᠲᠠᠢ ᠪᠠᠨ ᠴᠤᠭᠯᠠᠷᠠᠵᠤ ᠨᠤᠲᠤᠭ ᠤ᠋ᠨ ᠬᠤᠭᠤᠯᠠ ᠪᠠᠨ ᠵᠤᠭᠤᠭᠯᠠᠵᠤ᠂ ᠦᠩᠭᠡᠷᠡᠭᠰᠡᠨ ᠵᠢᠡᠨ ᠶᠠᠷᠢᠯᠴᠠᠨ ᠡᠷᠭᠢᠴᠡᠭᠦᠯᠬᠦ ᠪᠡᠷ ᠶᠠᠭᠠᠷᠠᠨ᠎ᠠ᠃
ᠬᠠᠭᠤᠴᠢᠨ ᠵᠡᠭᠡᠯᠢ᠂ ᠨᠤᠲᠤᠭ᠎ᠤᠨ ᠮᠥᠷᠥᠭᠡᠳᠦᠯ ᠪᠤᠯᠠᠢ᠃ ᠪᠤᠭᠤᠲᠤ ᠳ᠋ᠡᠬᠢ 《ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠲᠡᠤᠬᠡ ᠰᠤᠶᠤᠯ ᠤ᠋ᠨ ᠬᠠᠭᠤᠴᠢᠨ ᠵᠡᠭᠡᠯᠢ ᠭᠤᠳᠤᠮᠵᠢ》 ᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠵᠡᠭᠡᠯᠢ ᠲᠣᠭᠣᠷᠢᠭ ᠪᠠᠢᠵᠤ᠂ ᠪᠤᠭᠤᠲᠤ ᠶ᠋ᠢᠨ ᠤᠯᠠᠮᠵᠢᠯᠠᠯᠲᠤ ᠰᠣᠶᠣᠯ᠎ᠤᠨ ᠠᠴᠢᠶᠠᠯᠠᠪᠤᠷᠢ ᠪᠠ ᠴᠢᠬᠤᠯᠠ ᠰᠣᠶᠣᠯ᠎ᠤᠨ ᠥᠪ ᠪᠣᠯᠤᠨ᠎ᠠ᠃ ᠵᠠᠰᠠᠵᠤ ᠳᠠᠭᠤᠰᠤᠭᠰᠠᠨ ᠤ᠋ ᠳᠠᠷᠠᠭᠠᠬᠢ ᠬᠠᠭᠤᠴᠢᠨ ᠵᠡᠭᠡᠯᠢ ᠲᠣᠭᠣᠷᠢᠭ ᠨᠢ ᠪᠤᠭᠤᠲᠤ ᠬᠣᠲᠠ᠎ᠳᠤ ᠨᠢᠭᠡ ᠱᠢᠨ᠎ᠡ ᠰᠡᠯᠡᠭᠦᠴᠡᠨ ᠵᠢᠭᠤᠯᠴᠢᠯᠠᠬᠤ ᠭᠠᠵᠠᠷ ᠨᠡᠮᠡᠭᠳᠡᠭᠰᠡᠨ᠎ᠢᠶᠡᠷ ᠪᠠᠷᠠᠬᠤ ᠥᠬᠡᠶ ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠲᠡᠤᠬᠡ ᠰᠤᠶᠤᠯ᠎ᠢ ᠣᠢᠯᠠᠭᠠᠬᠤ ᠭᠠᠵᠠᠷ ᠪᠤᠯᠵᠤ᠂ ᠪᠤᠭᠤᠲᠤ᠎ᠶ᠋ᠢᠨ ᠤᠤᠯ᠎ᠤᠨ ᠳᠦᠷᠰᠦ ᠪᠠᠢᠳᠠᠯ᠎ᠢ ᠦᠵᠡᠶ᠎ᠠ ᠭᠡᠪᠡᠯ ᠡᠨᠳᠡ ᠢᠷᠡᠬᠦ ᠨᠢ ᠬᠠᠮᠤᠭ᠎ᠤᠨ ᠰᠠᠢᠨ ᠰᠤᠩᠭᠤᠯᠳᠠ ᠪᠤᠯᠤᠨ᠎ᠠ᠃
ᠯᠢᠦ ᠠᠪᠠᠬᠠᠢ᠄《ᠥᠩᠭᠡᠷᠡᠭ᠌ᠰᠡᠨ᠎ᠳᠦ ᠬᠠᠶᠠ ᠢᠷᠡᠵᠦ ᠡᠳᠡᠭᠡᠷ ᠬᠠᠭᠤᠴᠢᠨ ᠪᠠᠢᠱᠢᠩᠤᠳᠢ ᠦᠵᠡᠳᠡᠭ ᠪᠠᠢᠵᠠᠢ᠃ ᠤᠳᠤ ᠡᠨᠳᠡᠬᠢ ᠬᠠᠭᠤᠴᠢᠨ ᠪᠠᠢᠱᠢᠩᠤᠳᠢ ᠰᠡᠯᠪᠢᠨ ᠵᠠᠰᠠᠵᠤ᠂ ᠪᠠᠰᠠ ᠡᠯᠪᠡᠭ ᠪᠠᠶᠠᠯᠢᠭ ᠦᠨᠳᠦᠰᠦᠲᠡᠨ᠎ᠦ ᠵᠠᠩ ᠦᠢᠯᠡ᠎ᠶ᠋ᠢᠨ ᠠᠵᠢᠯᠯᠠᠭ᠎ᠠ ᠦᠷᠨᠢᠭᠦᠯᠵᠦ ᠂ ᠪᠤᠭᠤᠲᠤ᠎ᠶ᠋ᠢᠨ ᠦᠩᠭᠡᠷᠡᠭᠰᠡᠨ᠎ᠤ ᠲᠡᠦᠬᠡ ᠪᠣᠯᠤᠨ ᠰᠣᠶᠣᠯ᠎ᠤᠨ ᠤᠯᠠᠮᠵᠢᠯᠠᠯ᠎ᠢ ᠤᠯᠠᠨ ᠵᠦᠢᠯ᠎ᠦᠨ ᠬᠡᠯᠪᠡᠷᠢ᠎ᠪᠡᠷ ᠢᠯᠡᠷᠡᠭᠦᠯᠦᠭ᠌ᠰᠡᠨ ᠨᠢ ᠮᠠᠰᠢ ᠶᠡᠬᠡ ᠠᠴᠢ ᠬᠣᠯᠪᠣᠭ᠍ᠳᠠᠯ᠎ᠲᠠᠶ》ᠭᠡᠵᠠᠢ᠃
ᠲᠤᠬᠠᠶ᠎ᠶ᠋ᠢᠨ ᠭᠠᠵᠠᠷ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ ᠪᠦᠷᠢᠳᠭᠡᠯ᠎ᠢ ᠦᠨᠳᠦᠰᠦᠯᠡᠪᠡᠯ 1 ᠰᠠᠷ᠎ᠠ᠎ᠶ᠋ᠢᠨ 19 ᠤ᠋ ᠡᠳᠦᠷ᠂ ᠪᠤᠭᠤᠲᠤ᠎ᠶ᠋ᠢᠨ 《ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠲᠡᠤᠬᠡ ᠰᠤᠶᠤᠯ ᠤ᠋ᠨ ᠵᠡᠭᠡᠯᠢ ᠭᠤᠳᠤᠮᠵᠢ》 ᠶᠢ ᠠᠩᠬ᠎ᠠ ᠤᠳᠠᠭ᠎ᠠ ᠨᠡᠬᠡᠭᠡᠬᠡᠳ 7 ᠲᠦᠮᠡ ᠭᠠᠷᠤᠶ ᠬᠥᠮᠦᠨ ᠤᠳᠠᠭ᠎ᠠ ᠵᠢᠨ ᠵᠢᠭᠤᠯᠴᠢᠯᠠᠭᠴᠢ᠎ᠶᠢ ᠭᠥᠯᠢᠶᠡᠨ ᠠᠪᠴᠤ᠌᠂ ᠪᠣᠷᠣᠯᠠᠭᠤᠯᠭ᠎ᠠ᠎ᠶ᠋ᠢᠨ ᠣᠷᠣᠯᠭ᠎ᠠ᠎ᠨᠢ 25 ᠲᠦᠮᠡᠨ ᠲᠥᠭᠥᠷᠢᠭ᠎ᠢ ᠳᠠᠪᠠᠵᠠᠶ᠃
ᠪᠤᠭᠤᠲᠤ᠎ᠶ᠋ᠢᠨ 《ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠲᠡᠤᠬᠡ ᠰᠤᠶᠤᠯ ᠤ᠋ᠨ ᠵᠡᠭᠡᠯᠢ ᠭᠤᠳᠤᠮᠵᠢ》 ᠪᠡᠷ ᠲᠤᠭᠤᠷᠢᠬᠤ ᠳ᠋ᠤ ᠶᠠᠷᠢᠶᠠᠨ ᠦᠭᠡᠢ ᠲᠤᠬᠠᠢ ᠵᠢᠨ ᠭᠠᠵᠠᠷ ᠤ᠋ᠨ ᠠᠮᠳᠠᠳᠤ ᠢᠳᠡᠭᠡᠨ ᠤᠮᠳᠠᠭᠠᠨ ᠢ᠋ ᠠᠮᠰᠠᠬᠤ ᠬᠡᠷᠡᠭᠳᠠᠢ᠃ ᠪᠸᠢ ᠯᠢᠶᠠᠩ ᠤ᠋ᠨ ᠴᠢᠨᠠᠭᠰᠠᠨ ᠭᠦᠵᠡᠭᠡ᠂ ᠱᠤᠤᠮᠠᠢ᠂ ᠴᠠᠢ ᠲᠠᠢ ᠱᠦᠯᠦ᠁ ᠬᠦᠮᠦᠨ ᠤ᠋ ᠬᠤᠪᠳᠤᠭ ᠢ᠋ ᠬᠦᠳᠡᠯᠭᠡᠮ᠎ᠠ ᠠᠮᠳᠠᠳᠤ ᠬᠤᠭᠤᠯᠠ ᠤᠮᠳᠠ ᠨᠤᠭᠤᠳ ᠨᠢ ᠡᠨᠡ ᠬᠦ᠌ ᠵᠡᠭᠡᠯᠢ ᠭᠤᠳᠤᠮᠵᠢ ᠵᠢ ᠠᠮᠢᠵᠢᠷᠠᠯ ᠲᠠᠢ ᠪᠤᠯᠭᠠᠵᠤ᠂
ᠦᠪᠡᠷᠮᠢᠴᠡ ᠦᠵᠡᠮᠵᠢ ᠵᠢ ᠪᠦᠷᠢᠯᠳᠦᠭᠦᠯᠪᠡ᠃
1 ᠳ᠋ᠤᠭᠡᠷ ᠨᠣᠮᠧᠷᠲᠤ ᠬᠦᠷᠢᠶ᠎ᠠ ᠵᠢᠨ ᠮᠠ ᠬᠦᠢ ᠵᠧᠨ ᠤ᠋ ᠴᠢᠨᠠᠭᠰᠠᠨ ᠭᠦᠵᠡᠭᠡ ᠨᠢ ᠤᠯᠠᠨ᠎ᠤ ᠬᠦᠷᠢᠶᠡᠯᠡᠯ᠎ᠢ ᠣᠯᠵᠠᠢ᠃《ᠡᠨᠡ ᠬᠡᠳᠦᠨ ᠡᠳᠦᠷ᠎ᠦᠨ ᠠᠷᠠᠯᠵᠢᠶ᠎ᠠ ᠮᠠᠰᠢ ᠬᠥᠭ᠌ᠵᠢᠶᠡᠨᠲᠡᠶ᠂ ᠪᠢᠳᠡ ᠮᠠᠰᠢ ᠶᠠᠭᠠᠷᠠᠦ ᠪᠠᠢᠨ᠎ᠠ᠃ ᠮᠠᠨ᠎ᠤ ᠪᠸᠢ ᠯᠢᠶᠠᠩ᠎ᠤᠨ ᠴᠢᠨᠠᠭᠰᠠᠨ ᠭᠦᠵᠡᠭᠡ 34 ᠵᠢᠯ᠎ᠦᠨ ᠲᠡᠦᠬᠡ᠎ᠲᠡᠶ᠂ ᠫᠦᠰᠡ᠎ᠪᠡᠨ ᠡᠨᠳᠡ ᠨᠡᠬᠡᠬᠡᠳ ᠨᠠᠳᠠ᠎ᠳᠤ ᠥᠩᠭᠡᠷᠡᠭ᠌ᠰᠡᠨ ᠴᠠᠭ ᠮᠥᠴᠡ᠎ᠶ᠋ᠢ ᠪᠤᠳᠤᠭ᠍ᠳᠠᠭᠤᠯᠵᠠᠢ》 ᠭᠡᠵᠦ᠍ ᠮᠠ ᠬᠦᠢ ᠵᠧᠨ ᠬᠡᠯᠡᠪᠡ᠃
ᠡᠷᠲᠡᠨ᠎ᠦ ᠬᠦᠷᠢᠶ᠎ᠡ ᠬᠠᠱᠢᠶ᠎ᠠ᠂ ᠵᠡᠭᠡᠯᠢ ᠭᠤᠳᠤᠮᠵᠢ᠎ᠪᠠᠷ ᠬᠥᠮᠦᠨ ᠬᠠᠷ᠎ᠠ ᠰᠦᠯᠵᠢᠯᠳᠦᠨ᠎ᠡ᠃ ᠵᠢᠭᠤᠯᠴᠢᠯᠠᠭ᠍ᠴᠢ ᠸᠠᠩ ᠠᠪᠤᠭᠠᠶ ᠬᠡᠦᠬᠡᠳ᠎ᠢᠶᠡᠨ ᠳᠠᠭᠠᠭᠤᠯᠤᠨ ᠲᠤᠭᠤᠷᠢᠬᠤ ᠳ᠋ᠠᠭᠠᠨ᠄ 《ᠪᠢ ᠵᠠᠪᠠᠯ ᠬᠡᠦᠬᠡᠳ᠎ᠢᠶᠡᠨ ᠳᠠᠭᠠᠭᠤᠯᠵᠤ ᠢᠷᠡᠨ᠎ᠠ᠂ ᠡᠲᠡᠭᠡᠷ ᠬᠠᠭᠤᠴᠢᠨ ᠪᠠᠷᠢᠯᠭ᠎ᠠ ᠪᠠ ᠰᠣᠨᠢᠷᠬᠠᠯᠲᠠᠶ ᠠᠷᠠᠳ᠎ᠤᠨ ᠵᠠᠩ ᠦᠶ᠋ᠯᠡ᠎ᠶ᠋ᠢᠨ ᠠᠵᠢᠯᠯᠠᠭ᠎ᠠ᠎ᠪᠠᠷ ᠳᠠᠮᠵᠢᠭᠤᠯᠤᠨ ᠵᠠᠯᠠᠭᠤ ᠨᠢᠭᠡ ᠦᠶ᠎ᠡ᠎ᠶ᠋ᠢᠨ᠎ᠬᠢᠨ᠎ᠳᠦ ᠲᠡᠦᠬᠡ᠎ᠶ᠋ᠢ ᠢᠯᠡᠭᠦᠬᠡᠨ ᠣᠢᠯᠠᠭᠠᠭᠤᠯᠵᠤ᠂ ᠮᠠᠨ᠎ᠤ ᠪᠤᠭᠤᠲᠤ᠎ᠶ᠋ᠢᠨ 〈ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠲᠡᠤᠬᠡ ᠰᠤᠶᠤᠯ〉᠎ᠢ᠋ ᠰᠠᠢᠲᠤᠷ ᠤᠯᠠᠮᠵᠢᠯᠠᠬᠤ᠎ᠶ᠋ᠢ ᠬᠦᠰᠡᠵᠦ᠍ ᠪᠠᠢᠨ᠎ᠠ》 ᠭᠡᠪᠡ᠃
ᠬᠠᠭᠤᠴᠢᠨ ᠵᠡᠭᠡᠯᠢ ᠭᠤᠳᠤᠮᠵᠢ᠂ ᠬᠠᠭᠤᠴᠢᠨ ᠬᠦᠷᠢᠶ᠎ᠡ ᠬᠠᠱᠢᠶ᠎ᠠ᠂ ᠦᠩᠭᠡᠷᠡᠭᠰᠡᠨ ᠤ᠋ ᠳᠤᠷᠠᠰᠤᠮᠵᠢ ᠨᠢ ᠪᠤᠭᠤᠲᠤ᠎ᠶ᠋ᠢᠨ 《ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠲᠡᠤᠬᠡ ᠰᠤᠶᠤᠯ》 ᠤ᠋ᠨ ᠥᠪᠡᠷᠮᠢᠴᠡ ᠷᠢᠳᠢ ᠱᠢᠳᠢ᠎ᠶ᠋ᠢ ᠪᠦᠷᠢᠯᠳᠦᠭᠦᠯᠵᠡᠢ᠃ ᠵᠢᠭᠤᠯᠴᠢᠯᠠᠭᠰᠠᠳ ᠵᠡᠭᠡᠯᠢ ᠭᠤᠳᠤᠮᠵᠢ᠎ᠪᠠᠷ ᠲᠣᠭᠣᠷᠢᠵᠤ᠂ ᠪᠤᠭᠤᠲᠤ᠎ᠶ᠋ᠢᠨ ᠤᠯᠠᠮᠵᠢᠯᠠᠯᠲᠤ ᠠᠷᠠᠳ᠎ᠤᠨ ᠣᠷᠣᠨ ᠰᠠᠭᠤᠴᠠ᠎ᠪᠡᠷ ᠠᠯᠭᠤᠷᠬᠠᠨ ᠠᠯᠬᠤᠵᠤ᠂ ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠦᠯᠢᠭᠡᠷ ᠪᠣᠯᠤᠨ ᠬᠠᠭᠤᠴᠢᠨ ᠪᠤᠭᠤᠲᠤ᠎ᠶ᠋ᠢᠨ ᠨᠤᠲᠤᠭ ᠤᠰᠤᠨ᠎ᠤ ᠵᠠᠩ ᠠᠭᠠᠯᠢ᠎ᠶ᠋ᠢ ᠪᠡᠶᠡᠴᠢᠯᠡᠨ ᠣᠢᠯᠠᠭᠠᠵᠤ᠂ ᠠᠬᠠᠮᠠᠳ ᠦᠶ᠎ᠡ᠎ᠶ᠋ᠢᠨ ᠬᠢᠨ᠎ᠦ ᠪᠠᠷᠠᠭᠤᠨ ᠲᠠᠯ᠎ᠠ ᠪᠡᠷ ᠮᠤᠩᠭᠤᠯ ᠤᠷᠤᠨ ᠳ᠋ᠦ ᠨᠡᠭᠦᠭᠰᠡᠨ ᠬᠦᠴᠢᠷ ᠪᠡᠷᠬᠡᠱᠢᠶᠡᠯ᠎ᠢ ᠭᠦᠨᠵᠡᠭᠡᠢ ᠤᠢᠯᠠᠭᠠᠵᠤ᠂ ᠤᠯᠠᠨ ᠵᠦᠢᠯ ᠤ᠋ᠨ ᠰᠣᠶᠣᠯ ᠪᠤᠭᠤᠲᠤ ᠳ᠋ᠤ ᠠᠭᠤᠰᠤᠯᠴᠠᠭᠰᠠᠨᠷᠢᠳᠢ ᠱᠢᠳᠢ᠎ᠶ᠋ᠢ ᠤᠢᠯᠠᠭᠠᠪᠠ᠃
ᠰᠥᠨᠢ᠎ᠶ᠋ᠢᠨ ᠬᠥᠱᠢᠭᠡ ᠪᠠᠭᠤᠵᠤ᠂ ᠥᠩᠭᠡᠲᠦ ᠳ᠋ᠧᠩ ᠭᠢᠯᠠᠯᠵᠠᠨ᠎ᠠ᠃ ᠥᠩᠭᠡᠲᠦ ᠳ᠋ᠧᠩ᠎ᠦᠨ ᠬᠡᠷᠡᠯ ᠭᠢᠯᠪᠠᠭ᠎ᠠ ᠳᠤᠮᠳᠠ ᠡᠨᠡ ᠬᠦ᠌ ᠥᠩᠭᠡᠷᠡᠭ᠌ᠰᠡᠨ᠎ᠦ ᠬᠠᠭᠤᠴᠢᠨ ᠵᠡᠭᠡᠯᠢ ᠭᠤᠳᠤᠮᠵᠢ ᠠᠮᠢᠵᠢᠷᠠᠯ᠎ᠤᠨ ᠬᠦᠴᠦᠨ᠎ᠢᠶᠡᠨ ᠳᠠᠬᠢᠨᠲᠠ ᠪᠠᠳᠠᠷᠠᠭᠤᠯᠵᠤ᠂ ᠪᠤᠭᠤᠲᠤ᠎ᠶ᠋ᠢᠨ ᠬᠥᠭ᠌ᠵᠢᠯ ᠴᠡᠴᠡᠭ᠌ᠯᠡᠯ᠎ᠢ ᠦᠷᠭᠦᠯᠵᠢᠯᠡᠨ ᠭᠡᠷᠡᠴᠢᠯᠡᠵᠦ᠍᠂ ᠡᠨᠡ ᠬᠦ᠌ ᠬᠣᠲᠠ᠎ᠶ᠋ᠢᠨ ᠥᠨᠢᠳᠡ᠎ᠶ᠋ᠢᠨ ᠳᠤᠷᠠᠳᠭᠠᠯ ᠪᠠ ᠣᠮᠣᠭ᠍ᠰᠢᠯ ᠪᠣᠯᠵᠣ᠂ ᠨᠠᠩ ᠣᠯᠠᠨ ᠬᠥᠮᠦᠰ ᠡᠨᠳᠡ ᠢᠷᠡᠵᠦ᠍ ᠲᠡᠭᠦᠨ᠎ᠦ ᠷᠢᠳᠢ ᠱᠢᠳᠢ᠎ᠶ᠋ᠢ ᠡᠷᠢᠯᠬᠢᠯᠡᠬᠦ᠌ ᠪᠤᠯᠤᠨ᠎ᠡ᠃