ᠤᠶᠤᠨᠲᠤ ᠬᠦᠯᠡᠮᠵᠢ᠂ ᠱᠢᠨᠵᠢᠯᠡᠬᠦ᠌ ᠤᠬᠠᠭᠠᠨᠴᠢ ᠲᠠᠷᠢᠬᠤ ᠠᠷᠭ᠎ᠠ᠂ ᠡᠭᠦᠯᠡᠨ ᠪᠤᠳᠤᠯᠲᠠ᠂ ᠲᠣᠮᠣ ᠳ᠋ᠠᠢᠲ᠋ᠠ᠂ ᠵᠠᠩᠭᠢ ᠵᠢᠨ ᠴᠦᠷᠭᠡᠯᠡᠭᠡ ᠪᠠ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ᠎ᠢ ᠭᠦᠨᠵᠡᠭᠡᠶ ᠠᠭᠤᠰᠤᠯᠴᠠᠭᠤᠯᠵᠤ᠂ ᠭᠠᠷ ᠤᠲᠠᠰᠤᠨ᠎ᠤ ᠳᠡᠯᠭᠡᠴᠡᠳᠡᠭᠡᠷᠡ ᠪᠠᠨ ᠲᠣᠭ᠎ᠠ ᠪᠠᠷᠢᠮᠲᠠ᠎ᠶ᠋ᠢ ᠠᠯᠤᠰ ᠡᠴᠡ ᠬᠢᠨᠠᠨ ᠡᠵᠡᠮᠳᠡᠨ᠎ᠡ ᠁
ᠪᠢᠲᠡᠭᠦᠨ᠎ᠡᠴᠡ ᠡᠮᠦᠨᠡᠬᠡᠨ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠳ᠋ᠤᠸᠠᠨ ᠵᠢᠶᠠ ᠶᠣᠣ ᠲᠣᠰᠭᠣᠨ᠎ᠳᠤ ᠪᠠᠢᠷᠢᠯᠠᠭ᠎ᠠ ᠥᠪᠥᠷ ᠮᠣᠩᠭᠣᠯ᠎ᠤᠨ ᠢᠦᠢ ᠱᠧᠩ ᠯᠸ ᠭᠦ᠋ ᠹᠸᠩ ᠤᠳᠤ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠳᠦ ᠬᠦᠷᠬᠦ ᠪᠡᠷ ᠲᠸᠭᠨᠢᠭ ᠮᠡᠷᠭᠡᠵᠢᠯ ᠢ᠋ ᠠᠰᠢᠭᠯᠠᠭᠰᠠᠨ ᠳᠦᠭᠦᠭᠡᠷᠦᠮᠵᠢᠳᠦ ᠲᠠᠷᠢᠶᠠᠯᠠᠩ ᠨᠢ ᠬᠦᠮᠦᠰ᠎ᠢ ᠭᠠᠢᠬᠠᠰᠢ ᠠᠯᠳᠠᠭᠤᠯᠤᠨ᠎ᠠ᠃
ᠠᠵᠢᠯᠲᠠᠨ᠎ᠤ ᠵᠢᠯᠣᠭᠣᠳᠣᠯᠭ᠎ᠠ ᠳᠤᠤᠷ᠎ᠠ᠂ ᠰᠤᠷᠪᠤᠯᠵᠢᠯᠠᠭ᠍ᠴᠢ ᠠᠮᠠᠪᠴᠢ ᠵᠡᠭᠦᠵᠦ᠍ ᠬᠠᠮᠠᠭᠠᠯᠠᠯᠲᠠ᠎ᠶ᠋ᠢᠨ ᠬᠤᠪᠴᠠᠰᠤ ᠡᠮᠦᠰᠴᠦ᠍ ᠠᠷᠢᠭᠤᠳᠭᠠᠯ ᠬᠢᠭᠰᠡᠨ᠎ᠤ ᠳᠠᠷᠠᠭ᠎ᠠ ᠡᠨᠡ ᠬᠦ᠌ ᠭᠦᠵᠡᠯᠵᠡᠭᠡᠨ᠎ᠡ᠎ᠶ᠋ᠢᠨ 《ᠲᠣᠭᠠᠴᠢᠯᠠᠭ᠍ᠰᠠᠨ ᠤᠶᠤᠨᠳᠤ ᠦᠶ᠋ᠯᠡᠳᠪᠦᠷᠢ》 ᠳ᠋ᠤ ᠣᠷᠣᠪᠠ᠃
《ᠳᠥᠷᠪᠡᠨ ᠬᠡᠮᠵᠢᠯᠳᠦ ᠠᠮᠢ ᠠᠬᠤᠶ᠎ᠶ᠋ᠢᠨ ᠤᠷᠭᠤᠮᠠᠯ᠎ᠤᠨ ᠲᠣᠭᠠᠴᠢᠯᠠᠭ᠍ᠰᠠᠨ ᠤᠶᠤᠨᠳᠤ ᠦᠶ᠋ᠯᠡᠳᠪᠦᠷᠢ ᠪᠣᠯ ᠳᠥᠷᠪᠡᠨ ᠬᠡᠮᠵᠢᠯᠳᠦ ᠠᠮᠢ ᠠᠬᠤᠶ᠎ᠶ᠋ᠢᠨ ᠣᠶᠤᠨᠴᠢ ᠡᠭᠦᠯᠡᠨ ᠲᠠᠪᠴᠠᠩ᠎ᠳᠤ ᠰᠠᠭᠤᠷᠢᠯᠠᠵᠤ᠂ ᠵᠣᠬᠢᠶᠠᠮᠠᠯ ᠣᠶᠤᠨ ᠴᠢᠳᠠᠪᠤᠷᠢ᠂ ᠪᠠᠷᠠᠭᠠᠨ᠎ᠤ ᠰᠦᠯᠵᠢᠶ᠎ᠡ᠂ ᠲᠣᠮᠣ ᠳ᠋ᠠᠢᠲ᠋ᠠ ᠵᠡᠷᠭᠡ ᠵᠥᠭᠡᠯᠡᠨ ᠲᠣᠨᠣᠭ᠎ᠤᠨ ᠮᠡᠷᠭᠡᠵᠢᠯ᠎ᠲᠡᠶ ᠤᠶᠠᠯᠳᠤᠭᠤᠯᠵᠠᠢ᠃ ᠤᠯᠠᠮᠵᠢᠯᠠᠯᠲᠤ ᠳᠠᠷᠢᠵᠤ ᠤᠷᠭᠤᠭᠤᠯᠬᠤ ᠠᠷᠭ᠎ᠠ᠎ᠲᠠᠶ ᠠᠳᠠᠯᠢ ᠥᠬᠡᠶ ᠨᠢ ᠭᠡᠪᠡᠯ᠂ ᠬᠠᠮᠢᠶᠠᠷᠤᠯᠲᠠ᠎ᠶ᠋ᠢᠨ ᠠᠵᠢᠯᠲᠠᠨ ᠡᠴᠡ ᠭᠤᠤᠯ ᠬᠢᠨᠠᠨ ᠡᠵᠡᠮᠳᠡᠬᠦ᠌ ᠱᠢᠰᠲ᠋ᠧᠮ ᠪᠤᠶᠤ ᠭᠠᠷ ᠤᠲᠠᠰᠤᠨ᠎ᠤ ᠵᠢᠵᠢᠭ ᠫᠷᠤᠭ᠌ᠷᠠᠮ᠎ᠢᠶᠠᠷ ᠳᠠᠮᠵᠢᠨ᠂ ᠳᠤᠯᠠᠭᠠᠨ᠎ᠤ ᠬᠡᠮᠵᠢᠶ᠎ᠡ᠂ ᠴᠢᠭᠢᠭ᠎ᠦᠨ ᠬᠡᠮᠵᠢᠶ᠎ᠡ᠂ ᠬᠡᠷᠡᠯ᠎ᠦᠨ ᠲᠤᠰᠤᠯᠲᠠ ᠪᠠ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠥᠳᠭᠡᠴᠡ᠎ᠶ᠋ᠢ ᠴᠠᠭ ᠲᠤᠬᠠᠶ᠎ᠳᠤᠨᠢ ᠬᠢᠨᠠᠨ ᠡᠵᠡᠮᠳᠡᠵᠦ᠍ ᠪᠣᠯᠬᠤ᠎ᠶ᠋ᠢᠨ ᠤᠯᠠᠮ ᠡᠴᠡ ᠱᠢᠮ᠎ᠡ ᠲᠡᠵᠢᠭᠡᠯ᠎ᠦᠨ ᠱᠢᠩᠭᠡᠨᠦ ᠬᠠᠷᠢᠴᠠᠯ᠎ᠳᠤ ᠲᠣᠬᠢᠷᠠᠭᠤᠯᠤᠯᠲᠠ ᠬᠢᠵᠦ᠍᠂ 24 ᠴᠠᠭ᠎ᠢᠶᠡᠷ ᠵᠢᠮᠢᠰ ᠢᠳᠡᠱᠢᠨ ᠨᠣᠭᠣᠭ᠎ᠠ᠎ᠳᠤ ᠬᠡᠷᠡᠭ᠌ᠰᠡᠬᠦ᠌ ᠱᠢᠮ᠎ᠡ ᠲᠡᠵᠢᠭᠡᠯ᠎ᠢ ᠲᠠᠰᠤᠷᠠᠯᠲᠠ ᠥᠬᠡᠶ ᠬᠠᠩᠭᠠᠵᠤ᠂ ᠪᠥᠬᠥ᠌ ᠵᠢᠯ᠎ᠳᠦ ᠦᠷᠭᠦᠯᠵᠢᠯᠡᠨ ᠦᠶ᠋ᠯᠡᠳᠪᠦᠷᠢᠯᠡᠵᠦ ᠴᠢᠳᠠᠨ᠎ᠠ》ᠭᠡᠵᠦ ᠥᠪᠥᠷ ᠮᠣᠩᠭᠣᠯ᠎ᠤᠨ ᠢᠦᠶ ᠱᠧᠩ ᠯᠸ ᠬᠥ᠋ ᠹᠸᠩ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠳ᠋ᠤᠸᠠᠨ ᠵᠢᠶᠦ᠋ᠨ ᠺᠠᠶ ᠲᠠᠨᠢᠯᠴᠠᠭᠤᠯᠪᠠ᠃
ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠬᠣᠲᠣᠩ ᠠᠷᠠᠳ᠎ᠤᠨ ᠲᠣᠭᠣᠷᠢᠭ᠎ᠤᠨ ᠢᠷᠡᠭᠡᠳᠦᠶ᠎ᠶ᠋ᠢᠨ ᠬᠥᠳᠡᠭᠡ ᠲᠣᠰᠭᠣᠨ᠎ᠤ ᠬᠥᠭ᠌ᠵᠢᠯᠲᠡ᠎ᠳᠦ ᠨᠠᠩ ᠰᠠᠢᠨ ᠬᠦᠴᠦᠨ ᠨᠡᠮᠡᠷᠢᠯᠡᠬᠦ᠌᠎ᠶ᠋ᠢᠨ ᠲᠥᠯᠥᠭᠡ 2024 ᠣᠨ᠎ᠳᠤ᠂ ᠬᠣᠲᠣᠩ ᠠᠷᠠᠳ᠎ᠤᠨ ᠲᠣᠭᠣᠷᠢᠭ ᠪᠠᠢᠭᠠᠯᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠱᠢᠭ᠌ᠯᠡᠨ ᠵᠠᠬ᠎ᠠ ᠳᠡᠯᠭᠡᠭᠦᠷᠴᠢᠯᠡᠨ ᠠᠵᠢᠯᠯᠠᠬᠤ ᠵᠠᠭ᠍ᠪᠤᠷ᠎ᠢᠶᠠᠷ ᠰᠤᠯᠠ ᠲᠠᠯᠪᠢᠭ᠍ᠳᠠᠵᠤ ᠪᠠᠢᠭ᠎ᠠ ᠡᠬᠢ ᠪᠠᠶᠠᠯᠢᠭ᠎ᠢ ᠠᠮᠢᠯᠠᠭᠤᠯᠵᠤ᠂ ᠳᠥᠷᠪᠡᠨ ᠬᠡᠮᠵᠢᠯᠳᠦ ᠠᠮᠢ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ (ᠬᠠᠩᠵᠧᠦ) ᠤ᠋ᠨ ᠬᠢᠵᠠᠭᠠᠷᠲᠤ ᠺᠣᠮᠫᠠᠨᠢ ᠵᠢ ᠣᠷᠣᠭᠤᠯᠤᠨ ᠠᠪᠴᠢᠷᠠᠵᠤ ᠢᠦᠶ ᠱᠧᠩ ᠯᠸ ᠬᠥ᠋ ᠹᠸᠩ ᠣᠲᠣ ᠦᠶ᠎ᠡ᠎ᠶ᠋ᠢᠨ ᠲᠠᠷᠢᠶᠠᠯᠠᠩ᠎ᠤᠨ ᠲᠥᠷᠥᠯ ᠵᠦᠶ᠋ᠯ᠎ᠢ ᠬᠡᠷᠡᠭ᠌ᠵᠢᠭᠦᠯᠪᠡ᠃
ᠲᠣᠰ ᠲᠥᠷᠥᠯ ᠵᠦᠶ᠋ᠯ ᠨᠢ ᠡᠮᠦᠨ᠎ᠡ ᠤᠮᠠᠷ᠎ᠠ᠎ᠶ᠋ᠢ ᠬᠣᠯᠪᠣᠭ᠍ᠰᠠᠨ ᠦᠵᠡᠮᠵᠢ᠎ᠶ᠋ᠢᠨ ᠭᠤᠤᠯ᠎ᠤᠨ ᠵᠠᠮ᠎ᠢᠶᠠᠷ ᠲᠡᠩᠭᠡᠯᠢᠭ ᠱᠤᠭᠤᠮ ᠪᠣᠯᠭᠠᠵᠤ᠂ ᠭᠤᠤᠯᠳᠠᠭᠤ ᠲᠠᠪᠤᠨ ᠥᠩᠭᠡᠳᠦ ᠵᠢᠵᠢᠭ ᠤᠳᠪᠠᠯᠠ ᠴᠡᠴᠡᠭ᠂ ᠤᠷᠭᠤᠮᠠᠯ᠎ᠤᠨ ᠲᠤᠭᠠᠴᠢᠯᠠᠭᠰᠠᠨ ᠤᠶᠤᠨᠳᠤ ᠦᠢᠯᠡᠳᠪᠦᠷᠢ᠂ ᠰᠤᠳᠤᠯᠤᠨ ᠰᠤᠷᠤᠯᠴᠠᠬᠤ ᠰᠠᠭᠤᠷᠢᠨ᠂ ᠲᠠᠷᠢᠮᠠᠯ᠎ᠢ ᠪᠡᠶᠡᠴᠢᠯᠡᠨ ᠣᠢᠯᠠᠭᠠᠬᠤ ᠣᠷᠣᠨ᠂ ᠳ᠋ᠣᠺᠲ᠋ᠣᠷ᠎ᠤᠨ ᠦᠢᠯᠡᠴᠢᠯᠡᠭᠡᠨ᠎ᠦ ᠥᠷᠲᠡᠭᠡ 5 ᠬᠡᠰᠡᠭ᠎ᠢ ᠪᠠᠭᠳᠠᠭᠠᠵᠤ᠂ ᠪᠠᠰᠠ ᠨᠡᠷᠡᠨ᠎ᠦ ᠭᠡᠷᠡᠯ᠎ᠦᠨ 15 ᠬᠦᠯᠡᠮᠵᠢ᠎ᠪᠡᠷ ᠰᠠᠭᠤᠷᠢ ᠪᠣᠯᠭᠠᠵᠤ᠂ ᠪᠦᠬᠦ᠌ ᠬᠣᠲᠠ᠎ᠶ᠋ᠢᠨ ᠠᠩᠬᠠᠳᠠᠭ᠍ᠴᠢ 7000 ᠲᠡᠭ᠌ᠰᠢ ᠳᠥᠷᠪᠡᠯᠵᠢᠨ ᠮᠧᠲᠷ᠎ᠤᠨ 4.0 ᠬᠡᠪᠯᠡᠯ᠎ᠦᠨ ᠭᠦᠵᠡᠯᠵᠡᠭᠡᠨ᠎ᠡ᠎ᠶ᠋ᠢᠨ ᠲᠤᠭᠠᠴᠢᠯᠠᠭᠰᠠᠨ ᠤᠶᠤᠨᠳᠤ ᠤᠷᠭᠤᠮᠠᠯ᠎ᠤᠨ ᠦᠢᠯᠡᠳᠪᠦᠷᠢ᠎ᠶ᠋ᠢ ᠪᠠᠢᠭᠤᠯᠵᠤ᠂ 《ᠭᠦᠵᠡᠯᠵᠡᠭᠡᠨ᠎ᠡ᠎ᠶ᠋ᠢᠨ ᠲᠣᠭᠠᠴᠢᠯᠠᠭ᠍ᠰᠠᠨ ᠣᠶᠤᠨᠳᠤ ᠦᠶ᠋ᠯᠡᠳᠪᠦᠷᠢᠯᠡᠯ + ᠤᠶᠤᠨᠲᠤ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠵᠡᠭᠦᠯᠭᠡ + ᠣᠲᠣ ᠦᠶ᠎ᠡ᠎ᠶ᠋ᠢᠨ ᠲᠠᠷᠢᠶᠠᠯᠠᠩ᠎ᠤᠨ ᠰᠣᠶᠣᠯ ᠵᠢᠭᠤᠯᠴᠢᠯᠠᠯ᠎ᠤᠨ ᠰᠤᠳᠤᠯᠭᠠᠨ ᠰᠤᠳᠤᠯᠤᠯ》᠎ᠢ᠋ ᠨᠢᠭᠡ ᠴᠣᠭ᠍ᠴᠠᠵᠢᠭᠤᠯᠤᠭ᠍ᠰᠠᠨ ᠴᠢᠨᠠᠷ ᠰᠠᠢᠲᠠᠶ ᠣᠨᠴᠠᠯᠢᠭ᠍ᠲᠤ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠎ᠢ ᠬᠦᠴᠦᠯᠡᠨ ᠪᠠᠢᠭᠤᠯᠵᠤ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠪᠡᠷ ᠬᠦᠳᠦᠯᠦᠨ ᠳᠠᠭᠠᠭᠤᠯᠬᠤ᠂ ᠠᠵᠤ ᠦᠢᠯᠡᠰ᠎ᠤᠨ ᠬᠦᠷᠢᠶᠡᠯᠡᠩ᠂ ᠤᠢᠷ᠎ᠠ ᠬᠠᠪᠢ᠎ᠶᠢᠨ ᠳᠤᠰᠬᠤᠨ ᠬᠤᠯᠪᠤᠭᠠᠯᠠᠨ ᠬᠦᠳᠡᠯᠦᠯᠴᠡᠭᠦ》 ᠬᠠᠮᠳᠤ ᠪᠡᠷ ᠪᠠᠶᠠᠵᠢᠬᠤ ᠰᠢᠨ᠎ᠡ ᠪᠠᠢᠳᠠᠯ᠎ᠢ ᠪᠠᠢᠭᠤᠯᠵᠠᠢ᠃
ᠰᠤᠷᠪᠤᠯᠵᠢᠯᠠᠭ᠍ᠴᠢ ᠵᠠᠯᠭᠠᠭᠠᠳ ᠤᠷᠭᠤᠮᠠᠯ᠎ᠤᠨ ᠲᠤᠭᠠᠴᠢᠯᠠᠭᠰᠠᠨ ᠤᠶᠤᠨᠳᠤ ᠦᠢᠯᠡᠳᠪᠦᠷᠢ ᠲᠠᠢ ᠬᠥᠷᠰᠢᠯᠡᠵᠦ ᠪᠠᠢᠭ᠎ᠠ ᠨᠡᠷᠡᠨ᠎ᠦ ᠭᠡᠷᠡᠯ᠎ᠦᠨ ᠬᠦᠯᠡᠮᠵᠢ᠎ᠳᠦ ᠬᠦᠷᠬᠦ ᠪᠡᠷ ᠰᠢᠯᠦᠰᠦ ᠬᠤᠷᠠᠭᠤᠯᠤᠮᠠ ᠵᠢᠮᠢᠰ ᠨᠣᠭᠣᠭ᠎ᠠ᠎ᠶ᠋ᠢᠨ ᠦᠨᠦᠷ ᠬᠠᠩᠬᠤᠯᠤᠨ᠎ᠠ᠃ ᠵᠢᠮᠢᠰ ᠨᠣᠭᠣᠭ᠎ᠠ᠎ᠶ᠋ᠢᠨ ᠲᠤᠰᠭᠠᠢ ᠲᠤᠭᠤᠷᠢᠭ᠎ᠲᠦ᠂ ᠵᠡᠯ᠎ᠡ ᠳᠦᠭᠦᠷᠡᠩ ᠰᠠᠭᠤᠭᠰᠠᠨ ᠤᠯᠠᠭᠠᠨ ᠦᠩᠭᠡ᠎ᠶᠢᠨ ᠭᠦᠵᠡᠯᠵᠡᠭᠡᠨ᠎ᠡ᠂ ᠲᠥᠪᠡᠳ ᠬᠠᠰᠢ᠎ᠶ᠋ᠢᠨ ᠤᠷᠭᠤᠴᠠ ᠰᠡᠳᠬᠢᠯ᠎ᠢ ᠪᠠᠶᠠᠰᠬᠠᠨ᠎ᠠ᠃ ᠬᠦᠷᠦᠯᠴᠡᠨ ᠢᠷᠡᠭᠰᠡᠨ ᠬᠦᠮᠦᠰ ᠭᠦᠵᠡᠯᠵᠡᠭᠡᠨ᠎ᠡ ᠲᠡᠭᠦᠬᠦ᠌᠎ᠶ᠋ᠢᠨ ᠳᠠᠭᠠᠤ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ ᠪᠠᠢᠯ᠎ᠠ᠃
ᠬᠥᠬᠡᠬᠣᠲᠠ᠎ᠶ᠋ᠢᠨ ᠬᠤᠳᠠ᠎ᠶᠢᠨ ᠠᠷᠠᠳ ᠶᠤᠸᠠᠢ ᠱᠢᠨ᠄ 《ᠵᠢᠯ ᠴᠠᠭᠠᠨ ᠰᠠᠷ᠎ᠠ ᠪᠤᠯᠤᠯ᠎ᠠ᠂ ᠪᠢ ᠬᠡᠳᠦᠨ ᠬᠠᠢᠷᠴᠠᠭ ᠭᠦᠵᠡᠯᠵᠡᠭᠡᠨ᠎ᠡ ᠠᠪᠴᠤ᠌ ᠬᠡᠷ᠎ᠦᠨ ᠬᠥᠮᠦᠰ ᠳᠡᠭᠡᠨ ᠠᠮᠲᠠᠯᠠᠭᠤᠯᠬᠤ ᠰᠠᠨᠠᠭ᠎ᠠ ᠲᠠᠢ》ᠭᠡᠪᠠ᠃ 《ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠶ᠋ᠯᠡᠰ᠎ᠦᠨ ᠬᠦᠷᠢᠶᠡᠯᠡᠩ᠎ᠦᠨ ᠣᠳᠣᠬᠠᠨ ᠤ᠋ ᠳᠠᠷᠢᠵᠤ ᠪᠠᠢᠭ᠎ᠠ ᠵᠢᠮᠢᠰ ᠢᠳᠡᠱᠢᠨ ᠨᠣᠭᠣᠭ᠎ᠠ᠎ᠳᠤ ᠭᠦᠵᠡᠯᠵᠡᠭᠡᠨ᠎ᠡ᠎ᠡᠴᠡ ᠭᠠᠳᠠᠨ᠎ᠠ ᠪᠠᠰᠠ ᠲᠥᠪᠡᠳ ᠬᠠᠰᠢ᠂ ᠢᠩᠲᠣᠣᠷ ᠵᠡᠷᠭᠡ ᠪᠣᠶ᠃ ᠰᠡᠭᠦᠯᠡᠷ ᠪᠠᠰᠠ ᠡᠮᠲᠦ ᠤᠷᠭᠤᠮᠠᠯ᠂ ᠢᠳᠡᠱᠢᠨ ᠴᠡᠴᠡᠭ ᠵᠡᠷᠭᠡ᠎ᠶ᠋ᠢ ᠲᠠᠷᠢᠨ᠎ᠠ᠃ ᠪᠢᠳᠡ ᠣᠲᠣ ᠪᠠᠢᠭ᠎ᠠ ᠴᠢᠬᠢ ᠪᠣᠢᠵᠢᠭᠤᠯᠬᠤ ᠦᠶ᠋ᠯᠡᠳᠪᠦᠷᠢ᠎ᠪᠡᠷ ᠤᠷᠭᠤᠮᠠᠯ᠎ᠤᠨ ᠦᠶ᠋ᠯᠡᠳᠪᠦᠷᠢ᠎ᠶ᠋ᠢᠨ ᠴᠢᠬᠢ ᠪᠣᠢᠵᠢᠭᠤᠯᠬᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢᠨ ᠨᠥᠬᠥᠪᠥᠷᠢ ᠪᠣᠯᠭᠠᠵᠤ᠂ ᠢᠳᠡᠱᠢᠨ ᠨᠣᠭᠣᠭ᠎ᠠ ᠳᠠᠷᠢᠬᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠪᠠᠲᠤᠯᠠᠬᠤ᠎ᠶ᠋ᠢᠨ ᠬᠠᠮᠲᠤ ᠵᠢᠮᠢᠰ ᠨᠣᠭᠣᠭ᠎ᠠ᠂ ᠡᠮ᠎ᠳᠦ ᠬᠡᠷᠡᠭ᠌ᠯᠡᠬᠦ᠌ ᠤᠷᠭᠤᠮᠠᠯ᠂ ᠬᠤᠸᠠᠷ ᠴᠡᠴᠡᠭ ᠵᠡᠷᠭᠡ ᠦᠷ᠎ᠡ᠎ᠶ᠋ᠢᠨ ᠴᠢᠬᠢ᠎ᠶ᠋ᠢ ᠰᠤᠳᠤᠯᠤᠨ ᠨᠡᠭᠡᠭᠡᠬᠦ᠌ ᠪᠠ ᠳᠡᠯᠭᠡᠷᠡᠭᠦᠯᠬᠦ᠌ ᠡᠷᠴᠢᠮ᠎ᠢ ᠴᠢᠩᠭᠠᠷᠠᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ᠎ᠠ》᠃ ᠳ᠋ᠤᠸᠠᠨ ᠵᠢᠶᠦ᠋ᠨ ᠺᠠᠢ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠳᠡᠮᠵᠢᠯᠭᠡ ᠳᠣᠣᠷ᠎ᠠ᠂ ᠤᠷᠭᠤᠮᠠᠯ᠎ᠤᠨ ᠦᠢᠯᠡᠳᠪᠦᠷᠢ᠎ᠳᠦ ᠣᠷᠭᠣᠵᠦ᠍ ᠪᠠᠢᠭ᠎ᠠ ᠵᠢᠮᠢᠰ ᠢᠳᠡᠱᠢᠨ ᠨᠣᠭᠣᠭ᠎ᠠ᠎ᠶ᠋ᠢᠨ ᠤᠨᠠᠯᠲᠠ ᠨᠡᠮᠡᠭᠳᠡᠭᠰᠡᠨ᠎ᠢᠶᠡᠷ ᠪᠠᠷᠠᠬᠤ ᠦᠭᠡᠢ ᠶᠠᠰᠤ ᠴᠢᠨᠠᠷ᠎ᠢ ᠡᠵᠡᠮᠳᠡᠵᠦ᠍ ᠳᠡᠢᠯᠬᠦ᠌᠂ ᠡᠬᠢ ᠡᠭᠦᠰᠦᠯ᠎ᠢ ᠨᠢ ᠮᠥᠷᠳᠡᠵᠦ᠍ ᠳᠡᠢᠯᠬᠦ᠌ ᠪᠣᠯᠵᠠᠢ ᠭᠡᠵᠦ ᠳᠠᠨᠢᠯᠴᠠᠭᠤᠯᠪᠠ᠃