1 ᠰᠠᠷ᠎ᠠ᠎ᠶ᠋ᠢᠨ 27 ᠤ᠋ ᠡᠳᠦᠷ᠂ ᠬᠤᠳᠠ᠎ᠳᠤ ᠴᠠᠭᠠᠨ ᠰᠠᠷ᠎ᠠ᠎ᠶ᠋ᠢᠨ ᠪᠠᠶᠠᠷ᠎ᠤᠨ ᠡᠳᠦᠷ᠎ᠤᠨ ᠠᠭᠤᠷ ᠠᠮᠢᠰᠭᠤᠯ ᠵᠢᠡᠷ ᠪᠢᠯᠬᠠᠵᠤ ᠪᠠᠢᠬᠤ᠎ᠳᠦ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠱᠧᠩᠯᠢ ᠡᠨᠧᠷᠭᠢ᠎ᠶ᠋ᠢᠨ ᠺᠣᠮᠫᠠᠨᠢ᠎ᠶ᠋ᠢᠨ ᠨᠡᠭᠦᠷᠡᠰᠦᠨ᠎ᠦ ᠦᠢᠯᠡᠳᠪᠦᠷᠢᠯᠡᠯ᠎ᠦᠨ ᠲᠤᠬᠠᠢ᠎ᠶ᠋ᠢᠨ ᠲᠠᠯᠠᠪᠠᠢ ᠮᠥᠨ ᠬᠦ᠌ ᠶᠠᠭᠠᠷᠠᠯᠲᠠᠢ ᠬᠡᠪ᠎ᠢᠶᠡᠷ᠎ᠢᠶᠡᠨ ᠪᠠᠢᠯ᠎ᠠ᠃
ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠱᠧᠩᠯᠢ ᠡᠨᠧᠷᠭᠢ᠎ᠶ᠋ᠢᠨ ᠺᠣᠮᠫᠠᠨᠢ ᠨᠢ ᠥᠪᠥᠷ ᠮᠣᠩᠭᠣᠯ᠎ᠤᠨ ᠵᠡᠭᠦᠨ ᠬᠡᠰᠡᠭ᠎ᠦᠨ ᠣᠷᠣᠨ ᠪᠦᠰᠡ ᠳ᠋ᠡᠬᠢ ᠨᠡᠭᠦᠷᠡᠰᠦᠨ᠎ᠦ ᠬᠠᠩᠭᠠᠯᠭ᠎ᠠ᠎ᠶ᠋ᠢᠨ ᠴᠢᠬᠤᠯᠠ ᠰᠤᠷᠪᠤᠯᠵᠢ ᠪᠣᠯᠤᠭ᠍ᠰᠠᠨ᠎ᠤ ᠬᠤᠪᠢ᠎ᠳᠤ᠂ ᠡᠷᠬᠢᠨ ᠲᠣᠭᠣᠷᠢᠨ᠎ᠤ ᠤᠯᠠᠨ ᠴᠠᠬᠢᠯᠭᠠᠨ᠎ᠤ ᠦᠢᠯᠡᠳᠪᠦᠷᠢ᠎ᠳᠦ 《ᠠᠮᠤ ᠬᠦᠨᠡᠰᠤ》ᠬᠠᠩᠭᠠᠬᠤ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠬᠠᠩᠭᠠᠯᠭ᠎ᠠ᠎ᠶ᠋ᠢ ᠪᠠᠲᠤᠯᠠᠬᠤ ᠡᠭᠦᠷᠭᠡ ᠲᠤᠢᠯ᠎ᠤᠨ ᠪᠡᠷᠬᠡ ᠬᠠᠲᠠᠭᠤᠵᠢᠯᠲᠠᠢ ᠪᠠᠢᠳᠠᠭ᠃ ᠡᠳᠦᠷ ᠪᠦᠷᠢ ᠶᠡᠬᠡ ᠬᠡᠮᠵᠢᠶᠡᠨ᠎ᠦ ᠨᠡᠭᠦᠷᠡᠰᠦ᠎ᠶ᠋ᠢ ᠬᠤᠪᠠᠨᠴᠢᠷ ᠲᠠᠢᠫ ᠮᠠᠱᠢᠨ᠎ᠢᠶᠠᠷ ᠳᠠᠮᠵᠢᠭᠤᠯᠵᠤ᠂ ᠳᠠᠬᠢᠨ ᠲᠤᠰᠭᠠᠶ ᠴᠤᠪᠤᠭ᠎ᠠ ᠭᠠᠯᠲᠤ ᠲᠡᠷᠭᠡ᠎ᠪᠡᠷ ᠨᠡᠭᠦᠷᠡᠰᠦ ᠬᠡᠷᠡᠭ᠌ᠯᠡᠬᠦ᠌ ᠡᠯ᠎ᠡ ᠭᠠᠵᠠᠷ ᠳᠡᠢᠰᠢ ᠲᠡᠭᠡᠭᠡᠪᠦᠷᠢᠯᠡᠵᠦ᠂ ᠲᠤᠰ ᠺᠣᠮᠫᠠᠨᠢ ᠨᠢ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠵᠢᠱ᠌ᠢᠯᠲᠡ᠎ᠪᠡᠷ ᠡᠳᠦᠷ ᠪᠦᠷᠢ 50 ᠲᠦᠮᠡ ᠢᠯᠡᠬᠦᠦ ᠲᠣᠨ ᠨᠡᠭᠦᠷᠡᠰᠦ ᠬᠦᠷᠭᠡᠵᠦ᠂ ᠣᠷᠣᠨ ᠪᠦᠰᠡ᠎ᠶ᠋ᠢᠨ ᠡᠨᠧᠷᠭᠢ᠎ᠶ᠋ᠢᠨ ᠬᠠᠩᠭᠠᠯᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠦ ᠪᠠᠢᠨ᠎ᠠ᠃
ᠬᠤᠪᠠᠨᠴᠢᠷ ᠲᠠᠢᠫ ᠮᠠᠱᠢᠨ ᠪᠣᠯ ᠨᠡᠭᠦᠷᠡᠰᠦ ᠲᠡᠭᠡᠭᠡᠪᠦᠷᠢᠯᠡᠬᠦ᠌ ᠵᠠᠩᠭᠢᠯᠠᠭ᠎ᠠ᠎ᠶ᠋ᠢᠨ ᠭᠣᠭ᠍ᠴᠣᠭ᠎ᠠ ᠪᠠᠢᠵᠤ᠂ ᠲᠣᠭ᠍ᠲᠠᠭᠤᠨ᠎ᠢᠶᠠᠷ ᠠᠵᠢᠯᠯᠠᠬᠤ ᠨᠢ ᠮᠠᠰᠢ ᠴᠢᠬᠤᠯᠠ ᠶᠤᠮ᠃ ᠬᠠᠬᠢᠷ ᠬᠦᠢᠲᠡᠨ ᠡᠪᠦᠯ᠎ᠦᠨ ᠤᠯᠠᠷᠢᠯ᠎ᠳᠤ᠂ ᠬᠤᠪᠠᠨᠴᠢᠷ ᠲᠠᠢᠫ ᠮᠠᠱᠢᠨ ᠲᠣᠭ᠍ᠲᠠᠭᠤᠨ᠎ᠢᠶᠠᠷ ᠠᠵᠢᠯᠯᠠᠬᠤ᠎ᠳᠤ ᠮᠠᠰᠢ ᠣᠯᠠᠨ ᠱᠢᠯᠭᠠᠯᠲᠠ᠎ᠳᠤ ᠲᠤᠯᠭᠠᠷᠠᠳᠠᠭ᠂ ᠵᠢᠱ᠌ᠢᠶᠡᠯᠡᠪᠡᠯ ᠥᠩᠬᠥᠷᠢᠯᠳᠦ ᠮᠥᠰᠥ᠍ ᠬᠥᠯᠳᠡᠬᠦ᠌ ᠂ ᠰᠤᠷ ᠳᠠᠮᠵᠢᠭᠤᠯᠭ᠎ᠠ ᠨᠢ ᠬᠠᠵᠠᠢᠬᠤ ᠵᠡᠷᠭᠡ ᠪᠠᠢᠳᠠᠯ ᠭᠠᠷᠳᠠᠬ᠃ ᠬᠤᠪᠠᠨᠴᠢᠷ ᠲᠠᠢᠫ ᠮᠠᠱᠢᠨ᠎ᠤ ᠲᠣᠭᠣᠷᠢᠨ ᠪᠠᠢᠴᠠᠭᠠᠭ᠍ᠴᠢ᠎ᠶ᠋ᠢᠨ ᠠᠵᠢᠯ ᠪᠣᠯ ᠳᠠᠷᠤᠶ ᠡᠲᠡᠭᠡᠷ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠬᠦ᠌᠎ᠶ᠋ᠢᠨ ᠬᠠᠮᠲᠤ ᠱᠢᠶ᠋ᠳᠪᠦᠷᠢᠯᠡᠵᠦ᠍᠂ ᠬᠤᠪᠠᠨᠴᠢᠷ ᠲᠠᠢᠫ ᠮᠠᠱᠢᠨ᠎ᠤ ᠬᠡᠪ᠎ᠢᠶᠡᠷ ᠠᠵᠢᠯᠯᠠᠬᠤ᠎ᠶ᠋ᠢ ᠪᠠᠲᠤᠯᠠᠬᠤ ᠶᠠᠪᠤᠳᠠᠯ ᠪᠣᠯᠤᠨ᠎ᠠ᠃
ᠡᠨᠡ ᠵᠢᠯ 38 ᠨᠠᠰᠤᠲᠠᠢ ᠸᠠᠩ ᠪᠦ᠋ ᠪᠢᠩ ᠪᠣᠯᠤᠨ 28 ᠨᠠᠰᠤᠲᠠᠢ ᠯᠢ ᠬᠣᠩ ᠢᠦᠢ ᠪᠣᠯ ᠲᠤᠰ ᠲᠤᠰ ᠬᠤᠪᠠᠨᠴᠢᠷ ᠲᠠᠢᠫ ᠮᠠᠱᠢᠨ᠎ᠤ ᠭᠣᠣᠯ ᠲᠣᠭᠣᠷᠢᠨ ᠪᠠᠢᠴᠠᠭᠠᠭ᠍ᠴᠢ ᠪᠣᠯᠤᠨ ᠳᠡᠳ᠋ ᠲᠣᠭᠣᠷᠢᠨ ᠪᠠᠢᠴᠠᠭᠠᠭ᠍ᠴᠢ ᠪᠣᠯᠤᠨ᠎ᠠ᠃ 1 ᠰᠠᠷ᠎ᠠ᠎ᠶ᠋ᠢᠨ 27 ᠤ᠋ ᠡᠳᠦᠷ ᠳᠡᠳᠡᠨᠤ᠋ ᠰᠥᠨᠢ᠎ᠶ᠋ᠢᠨ ᠡᠭᠡᠯᠵᠢ ᠪᠣᠯᠪᠠ᠂ ᠬᠡᠷ᠎ᠦᠨ ᠭᠠᠳᠠᠨᠠᠬᠢ ᠬᠠᠮᠤᠭ᠎ᠤᠨ ᠳᠤᠤᠷ᠎ᠠ ᠠᠭᠠᠷ᠎ᠤᠨ ᠳᠤᠯᠠᠭᠠᠨ ᠲᠡᠭ ᠡᠴᠡ ᠳᠣᠷᠣᠭ᠍ᠰᠢ 35 ᠭᠷᠠᠳᠦ᠋ᠰ᠎ᠲᠦ ᠣᠢᠷᠠᠲᠤᠵᠤ᠂ ᠲᠠᠳᠠ ᠡᠭᠡᠯᠵᠢ ᠰᠤᠯᠢᠬᠤ ᠠᠵᠢᠯᠲᠠᠨ᠎ᠲᠠᠶ ᠠᠵᠢᠯ᠎ᠢᠶᠠᠨ ᠨᠠᠷᠢᠨ ᠨᠢᠮᠪᠠᠶ ᠶᠠᠷᠢᠯᠴᠠᠭᠰᠠᠨ᠎ᠤ ᠳᠠᠷᠠᠭ᠎ᠠ ᠳᠠᠷᠤᠶ ᠲᠦᠷᠭᠡᠨ ᠠᠵᠢᠯ᠎ᠳᠠᠭᠠᠨ ᠣᠷᠣᠯ᠎ᠠ᠃
ᠸᠠᠩ ᠪᠦ᠋ ᠪᠢᠩ ᠪᠣᠯᠤᠨ ᠯᠢ ᠬᠣᠩ ᠢᠦᠢ᠎ᠶ᠋ᠢᠨ ᠪᠠᠭᠠᠵᠢ ᠬᠡᠷᠡᠭ᠌ᠰᠡᠯ᠎ᠦᠨ ᠪᠣᠭ᠍ᠴᠣᠨᠳᠤ ᠭᠠᠷ ᠳ᠋ᠧᠩ᠂ ᠬᠠᠯᠠᠭᠤᠨ᠎ᠤ ᠬᠡᠮᠵᠢᠭᠦᠷ ᠪᠣᠯᠤᠨ ᠠᠪᠴᠤ᠌ ᠶᠠᠪᠤᠬᠤ᠎ᠳᠤ ᠳᠥᠭᠥᠮ ᠰᠠᠭᠠᠳᠠᠯ᠎ᠤᠨ ᠪᠠᠢᠴᠠᠭᠠᠯᠳᠠ ᠵᠢᠨ ᠬᠡᠮᠵᠢᠭᠦᠷ ᠪᠠᠢᠳᠠᠭ᠃ ᠲᠡᠳᠡ ᠬᠤᠪᠠᠨᠴᠢᠷ ᠲᠠᠢᠫ ᠮᠠᠱᠢᠨ᠎ᠤ ᠵᠠᠮ ᠱᠤᠭᠤᠮ᠎ᠢ ᠳᠠᠭᠠᠨ ᠲᠣᠭᠣᠷᠢᠨ ᠪᠠᠢᠴᠠᠭᠠᠵᠤ᠂ ᠯᠢ ᠬᠣᠩ ᠢᠦᠢ ᠭᠠᠷ ᠳ᠋ᠧᠩ᠎ᠢᠶᠡᠨ ᠠᠰᠠᠭᠠᠵᠤ᠂ ᠬᠤᠪᠠᠨᠴᠢᠷ ᠲᠠᠢᠫᠤᠨ ᠭᠠᠳᠠᠷᠭᠤ ᠨᠢ ᠡᠯᠡᠭ᠌ᠳᠡᠭ᠌ᠰᠡᠨ ᠡᠰᠡᠬᠦ᠌᠂ ᠤᠷᠠᠭ᠍ᠳᠠᠭ᠍ᠰᠠᠨ ᠡᠰᠡᠬᠦ᠌ ᠵᠡᠷᠭᠡ ᠪᠠᠢᠳᠠᠯ᠎ᠢ ᠨᠠᠷᠢᠨ ᠪᠠᠢᠴᠠᠭᠠᠨ᠂ ᠸᠠᠩ ᠪᠦᠦ ᠪᠢᠩ ᠳᠤᠯᠠᠭᠠᠨ᠎ᠤ ᠬᠡᠮᠵᠢᠭᠦᠷ᠎ᠢᠶᠡᠷ ᠥᠩᠬᠥᠷᠢᠯ᠂ ᠴᠠᠬᠢᠯᠭᠠᠨ ᠮᠠᠱᠢᠨ ᠵᠡᠷᠭᠡ ᠵᠠᠩᠭᠢᠯᠠᠭ᠎ᠠ᠎ᠶ᠋ᠢᠨ ᠬᠡᠰᠡᠭ᠎ᠦᠨ ᠳᠤᠯᠠᠭᠠᠨ᠎ᠤ ᠬᠡᠮᠵᠢᠶ᠎ᠡ᠎ᠶ᠋ᠢ ᠬᠡᠮᠵᠢᠵᠦ᠍ ᠪᠠᠢᠪᠠ᠃ ᠬᠡᠰᠡᠭ ᠵᠠᠭᠤᠷ᠎ᠠ ᠶᠠᠪᠤᠬᠤ ᠪᠦᠷᠢ ᠲᠡᠳᠡ ᠪᠠᠢᠴᠠᠭᠠᠬᠤ ᠮᠠᠱᠢᠨ᠎ᠢᠶᠠᠷ ᠬᠤᠪᠠᠨᠴᠢᠷ ᠲᠠᠢᠫᠤᠨ ᠲᠡᠯᠡᠯᠲᠡ᠎ᠶ᠋ᠢᠨ ᠬᠦᠴᠦᠨ ᠬᠡᠪ᠎ᠦᠨ ᠪᠠᠢᠬᠤ ᠡᠰᠡᠬᠦ᠌᠂ ᠲᠥᠬᠥᠭᠡᠷᠦᠮᠵᠢ ᠡᠴᠡ ᠬᠡᠪ᠎ᠦᠨ ᠪᠤᠰᠤ ᠳᠠᠭᠤ ᠭᠠᠷᠴᠤ ᠪᠠᠢᠬᠤ ᠡᠰᠡᠬᠦ᠌᠎ᠶ᠋ᠢ ᠪᠠᠢᠴᠠᠭᠠᠨ᠎ᠠ᠃
ᠲᠣᠭᠣᠷᠢᠨ ᠪᠠᠢᠴᠠᠭᠠᠬᠤ ᠶᠠᠪᠤᠴᠠ᠎ᠳᠤ᠂ ᠲᠠᠳᠠ ᠴᠠᠭ ᠢᠮᠠᠭ᠍ᠲᠠ ᠰᠡᠷᠡᠮᠵᠢ᠎ᠲᠡᠶ ᠪᠠᠢᠵᠤ ᠶᠠᠮᠠᠷᠪᠠ ᠨᠠᠷᠢᠨ ᠵᠦᠶ᠋ᠯᠡᠰ᠎ᠢ ᠴᠦ᠍ ᠣᠷᠬᠢᠭ᠍ᠳᠠᠭᠤᠯᠬᠤ ᠥᠬᠡᠶ ᠪᠠᠢᠯ᠎ᠠ᠃ ᠬᠦᠴᠢᠷ ᠠᠰᠠᠭᠤᠳᠠᠯ ᠲᠤᠯᠭᠠᠷᠠᠪᠠᠯ ᠳᠡᠳᠡ ᠬᠣᠶᠠᠭᠤᠯᠠ ᠪᠠᠨ ᠨᠠᠷᠢᠨ ᠨᠢᠮᠪᠠᠶ ᠰᠤᠳᠤᠯᠤᠨ ᠮᠠᠭᠠᠳᠯᠠᠳᠠᠭ᠃ ᠨᠢᠭᠡ ᠤᠳᠠᠭ᠎ᠠ᠎ᠶᠢᠨ ᠲᠣᠭᠣᠷᠢᠨ ᠪᠠᠢᠴᠠᠭᠠᠬᠤ ᠠᠵᠢᠯ᠎ᠤᠨ ᠶᠠᠪᠤᠴᠠ᠎ᠳᠤ ᠲᠡᠳᠡ 15 ᠺᠢᠯᠣᠮᠧᠲ᠋ᠷ ᠱᠢᠬᠠᠮ ᠠᠯᠬᠤᠵᠤ᠂ ᠲᠣᠨᠣᠭ ᠲᠥᠬᠥᠭᠡᠷᠦᠮᠵᠢ᠎ᠪᠡᠨ ᠵᠠᠭᠤ ᠭᠠᠷᠤᠶ ᠤᠳᠠᠭ᠎ᠠ ᠪᠠᠢᠴᠠᠭᠠᠨ ᠦᠵᠡᠳᠡᠭ᠃
《ᠡᠨᠡ ᠡᠪᠦᠯ ᠮᠠᠰᠢ ᠬᠦᠢᠲᠡᠨ᠂ ᠲᠥᠬᠥᠭᠡᠷᠦᠮᠵᠢ᠎ᠶᠢᠨ ᠰᠠᠭᠠᠳᠠᠯ᠎ᠤᠨ ᠲᠣᠬᠢᠶᠠᠯᠳᠤᠮᠵᠢ ᠴᠦ᠍ ᠡᠩ᠎ᠦᠨ ᠦᠶ᠎ᠡ᠎ᠡᠴᠡ ᠥᠨᠳᠥᠷ᠂ ᠪᠢᠳᠡ ᠢᠯᠡᠭᠦᠬᠡᠨ ᠠᠩᠬᠠᠷᠬᠤ ᠴᠢᠬᠤᠯᠠᠳᠠᠢ》 ᠭᠡᠵᠦ ᠸᠠᠩ ᠪᠦ᠋ ᠪᠢᠩ ᠬᠡᠯᠡᠪᠡ᠃ 《ᠬᠤᠪᠠᠨᠴᠢᠷ ᠲᠠᠢᠫ ᠮᠠᠱᠢᠨ ᠬᠡᠪ᠎ᠦᠨ ᠪᠠᠢᠳᠠᠯ᠎ᠢᠶᠠᠷ ᠠᠵᠢᠯᠯᠠᠵᠤ ᠨᠡᠭᠦᠷᠡᠰᠦ᠎ᠶ᠋ᠢ ᠰᠠᠭᠠᠳ ᠥᠬᠡᠶ ᠬᠦᠷᠭᠡᠵᠦ᠍ ᠪᠠᠢᠬᠤ᠎ᠶ᠋ᠢ ᠣᠯᠵᠤ ᠦᠵᠡᠪᠡᠯ ᠠᠯᠢᠪᠠ ᠪᠦᠬᠦᠨ ᠴᠥᠮ ᠪᠡᠨ᠎ᠡ᠎ᠲᠡᠶ ᠭᠡᠵᠦ᠍ ᠪᠤᠳᠤᠨ᠎ᠠ᠂ ᠣᠯᠠᠨ᠎ᠢᠶᠠᠷ᠎ᠢᠶᠠᠨ ᠴᠠᠭᠠᠨ ᠰᠠᠷ᠎ᠠ᠎ᠪᠠᠨ ᠳᠤᠯᠠᠭᠠᠬᠠᠨ ᠥᠩᠭᠡᠷᠡᠭᠦᠯᠬᠦ᠌᠎ᠳᠦ ᠪᠢᠳᠡᠨ᠎ᠦ ᠨᠢᠭᠡ ᠬᠤᠪᠢ ᠴᠢᠷᠮᠠᠢᠯᠭ᠎ᠠ ᠪᠠᠢᠨ᠎ᠠ ᠰᠢᠤ》 ᠭᠡᠵᠦ ᠯᠢ ᠬᠣᠩ ᠢᠦᠢ ᠢᠨᠢᠶᠡᠮᠰᠦᠭ᠌ᠯᠡᠨ ᠬᠡᠯᠡᠯ᠎ᠡ᠃
ᠥᠩᠭᠡᠷᠡᠭ᠌ᠰᠡᠨ ᠵᠢᠯ᠎ᠦᠳ᠎ᠲᠡᠶ ᠠᠳᠠᠯᠢᠬᠠᠨ ᠵᠢᠡᠷ ᠡᠨᠡ ᠵᠢᠯ ᠸᠠᠩ ᠪᠦ ᠪᠢᠩ ᠪᠣᠯᠤᠨ ᠯᠢ ᠬᠣᠩ ᠢᠦᠢ ᠴᠠᠭᠠᠨ ᠰᠠᠷ᠎ᠠ ᠪᠠᠨ ᠠᠵᠢᠯ᠎ᠤᠨ ᠪᠠᠢᠷᠢ ᠳᠡᠭᠡᠷ᠎ᠡ᠎ᠪᠡᠨ ᠥᠩᠭᠡᠷᠡᠭᠦᠯᠬᠦ᠌ ᠪᠣᠯᠤᠨ᠎ᠠ᠃ ᠲᠡᠳᠡᠨ᠎ᠳᠦ ᠠᠪᠴᠤ᠌ ᠬᠡᠯᠡᠪᠡᠯ ᠪᠠᠶᠠᠷ᠎ᠤᠨ ᠡᠳᠦᠷ ᠠᠵᠢᠯ᠎ᠤᠨ ᠪᠠᠢᠷᠢ ᠪᠠᠨ ᠰᠠᠬᠢᠬᠤ ᠨᠢ ᠠᠯᠢ ᠡᠷᠲᠡ ᠨᠢᠭᠡ ᠵᠦᠶ᠋ᠯ᠎ᠦᠨ ᠳᠠᠳᠭᠠᠯ ᠪᠣᠯᠵᠠᠶ᠃ 《ᠮᠠᠨ᠎ᠤ ᠡᠨᠡ ᠠᠵᠢᠯ᠎ᠢ ᠬᠢᠵᠦ᠍ ᠪᠠᠢᠭ᠎ᠠ ᠪᠢᠳᠡᠨ ᠳ᠋ᠦ ᠠᠪᠴᠤ ᠬᠡᠯᠡᠪᠡᠯ ᠪᠠᠶᠠᠷ ᠳᠤᠷᠠᠰᠬᠠᠯ᠎ᠤᠨ ᠡᠳᠦᠷ ᠨᠢ ᠡᠩ᠎ᠤᠨ ᠦᠶ᠎ᠡ ᠲᠠᠢ ᠪᠠᠨ ᠡᠭᠡᠭᠡ ᠠᠳᠠᠯᠢᠬᠠᠨ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠪᠣᠯ ᠰᠠᠶᠢ ᠬᠠᠮᠤᠭ᠎ᠤᠨ ᠴᠢᠬᠤᠯᠠ ᠶᠤᠮ》 ᠭᠡᠵᠦ ᠸᠠᠩ ᠪᠦ᠋ ᠪᠢᠩ ᠪᠣᠷᠣᠭ᠍ᠵᠢᠭᠤᠨ ᠶᠠᠷᠢᠯ᠎ᠠ᠃
ᠬᠠᠤ᠎ᠬᠢᠨ ᠱᠤᠤᠭᠢᠬᠤ ᠬᠦᠶ᠋ᠲᠡᠨ ᠵᠢᠪᠠᠷ ᠲᠦ᠍ ᠬᠤᠪᠠᠨᠴᠢᠷ ᠲᠠᠢᠫ ᠮᠠᠱᠢᠨ ᠵᠤᠭᠰᠤᠯ ᠥᠬᠡᠶ ᠠᠵᠢᠯᠯᠠᠵᠤ᠂ ᠨᠡᠭᠦᠷᠡᠰᠦ᠎ᠶ᠋ᠢ ᠵᠣᠷᠢᠭ᠍ᠰᠠᠨ ᠭᠠᠵᠠᠷ᠎ᠲᠤᠨᠢ ᠲᠠᠰᠤᠷᠠᠯᠲᠠ ᠥᠬᠡᠶ ᠬᠦᠷᠭᠡᠨ᠎ᠠ᠃ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ ᠥᠨᠳᠥᠷ ᠪᠦᠲᠦᠮᠵᠢᠲᠡᠶ ᠪᠡᠶᠡᠯᠡᠭᠦᠯᠬᠦ᠌᠎ᠶ᠋ᠢᠨ ᠲᠥᠯᠥᠭᠡ᠂ ᠲᠣᠰ ᠺᠣᠮᠫᠠᠨᠢ᠎ᠳᠤ ᠪᠠᠰᠠ ᠸᠠᠩ ᠪᠦ᠋ ᠪᠢᠩ ᠪᠣᠯᠤᠨ ᠯᠢ ᠬᠣᠩ ᠢᠦᠶ ᠮᠡᠲᠦ᠍᠎ᠶ᠋ᠢᠨ 900 ᠭᠠᠷᠤᠶ ᠠᠵᠢᠯᠲᠠᠨ ᠥᠪᠡᠷ ᠥᠪᠡᠷ᠎ᠦᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠬᠠᠬᠢᠷ ᠬᠦᠶ᠋ᠲᠡᠨ᠎ᠢ ᠰᠦᠷᠴᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ ᠪᠠ ᠡᠭᠦᠷᠭᠡᠯᠡᠯ᠎ᠢᠶᠡᠨ ᠲᠣᠳᠣᠷᠬᠠᠢᠯᠠᠵᠤ᠂ ᠲᠦᠭ ᠲᠦᠮᠡᠨ ᠠᠢᠯ ᠡᠷᠦᠬᠡ᠎ᠳᠦ ᠬᠠᠢᠷ᠎ᠠ ᠬᠠᠯᠠᠮᠵᠢ ᠪᠠ ᠬᠡᠷᠡᠯ ᠭᠡᠭᠡ ᠬᠦᠷᠭᠡᠵᠦ ᠪᠠᠢᠨ᠎ᠠ᠃