ᠣᠷᠣᠰ ᠮᠣᠩᠭᠣᠯ ᠤᠯᠤᠰ᠎ᠯᠤᠭ᠎ᠠ᠎ᠶ᠋ᠢᠨ ᠨᠡᠭᠡᠭᠡᠯᠲᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢ ᠪᠠᠢᠭᠤᠯᠤᠨ᠎ᠠ
2025-01-04 11:42:11
ᠵᠣᠬᠢᠶᠠᠭ᠍ᠴᠢ᠄
​ ᠭᠤᠤ ᠬᠤᠢ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠲᠢᠩᠬᠢᠮ᠎ᠦᠨ ᠳᠡᠳ᠋ ᠳᠠᠷᠤᠭ᠎ᠠ  ᠬᠤ᠌ ᠶᠢᠩ ᠹᠧᠩ᠎ᠢ ᠰᠤᠷᠪᠤᠯᠵᠢᠯᠠᠭᠰᠠᠨ ᠨ


《ᠣᠷᠣᠰ ᠮᠣᠩᠭᠣᠯ᠎ᠤᠯᠤᠰ ᠯᠤᠭ᠎ᠠ᠎ᠶ᠋ᠢᠨ ᠨᠡᠭᠡᠭᠡᠯᠲᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠪᠠ ᠵᠡᠭᠦᠨ ᠭᠤᠷᠪᠠᠨ ᠮᠤᠵᠢ ᠵᠡᠷᠭᠡ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠪᠡᠭᠡᠵᠢᠩ ᠥᠪᠥᠷ ᠮᠣᠩᠭᠣᠯ᠎ᠤᠨ ᠪᠥᠬᠥ᠌ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠳᠤᠮᠳᠠ ᠪᠠᠷᠠᠭᠤᠨ ᠬᠡᠰᠡᠭ᠎ᠦᠨ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ》ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠠᠴᠠ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠲᠤᠬᠠᠢ ᠲᠣᠳᠣᠷᠬᠠᠢ ᠪᠠᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠣᠷᠣᠰ ᠮᠣᠩᠭᠣᠯ᠎ᠤᠯᠤᠰ ᠯᠤᠭ᠎ᠠ᠎ᠵᠢᠨ ᠨᠡᠭᠡᠭᠡᠯᠲᠡ᠎ᠶ᠋ᠢ ᠤᠯᠠᠮ ᠨᠢᠭᠡ ᠠᠯᠬᠤᠮ ᠥᠷᠭᠡᠳᠭᠡᠬᠦ᠌ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂  ᠲᠢᠩᠬᠢᠮ᠎ᠦᠨ ᠲᠡᠳ᠋ ᠳᠠᠷᠤᠭ᠎ᠠ ᠬᠤ᠌ ᠶᠢᠩ ᠹᠸᠩ᠎ᠢ ᠰᠤᠷᠪᠤᠯᠵᠢᠯᠠᠪᠠ᠃

《ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠤᠭ᠍ᠰᠠᠨ᠎ᠤ  ᠬᠤᠪᠢ᠎ᠳᠤ᠂ ᠣᠷᠣᠰ ᠮᠣᠩᠭᠣᠯ ᠤᠯᠤᠰ ᠲᠦ᠍ ᠨᠡᠭᠡᠭᠡᠯᠲᠡ ᠬᠢᠬᠦ᠌ ᠲᠠᠯ᠎ᠠ᠎ᠪᠠᠷ ᠵᠠᠩᠭᠢᠯᠠᠭ᠎ᠠ᠎ᠶ᠋ᠢᠨ ᠠᠯᠬᠤᠮ᠎ᠢ ᠠᠯᠬᠤᠵᠤ ᠪᠠᠢᠨ᠎ᠠ᠃ 2024 ᠣᠨ᠎ᠤ 1—11 ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠣᠷᠣᠰ᠎ᠯᠤᠭ᠎ᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠲᠣᠭ᠎ᠠ 322.6 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠡᠭᠡᠷ᠎ᠠ ᠵᠢᠯ᠎ᠤᠨ᠎ᠬᠢ᠎ᠡᠴᠡ ᠪᠠᠨ 3.2% ᠵᠢᠡᠷ ᠨᠡᠮᠡᠭ᠌ᠳᠡᠪᠡ; ᠮᠣᠩᠭᠣᠯ ᠤᠯᠤᠰ᠎ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠲᠣᠭ᠎ᠠ 679.1 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠡᠭᠡᠷ᠎ᠠ ᠵᠢᠯ᠎ᠤᠨ᠎ᠬᠢ᠎ᠡᠴᠡ ᠪᠠᠨ 9.1% ᠎ᠪᠠᠷ ᠨᠡᠮᠡᠭ᠌ᠳᠡᠪᠡ᠃ ᠪᠥᠬᠥ᠌ ᠣᠷᠣᠨ᠎ᠤ ᠪᠣᠭᠣᠮᠲᠠ᠎ᠪᠠᠷ ᠣᠷᠣᠭᠤᠯᠵᠤ ᠭᠠᠷᠭᠠᠭ᠍ᠰᠠᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 11460.8 ᠲᠦᠮᠡᠨ ᠲᠣᠨ᠎ᠳᠤ ᠬᠦᠷᠴᠦ᠍᠂  ᠲᠡᠭᠡᠷ᠎ᠠ ᠵᠢᠯ᠎ᠤᠨ ᠬᠢ᠎ᠡᠴᠡ ᠪᠠᠨ 17.7% ᠎ᠪᠠᠷ ᠨᠡᠮᠡᠭ᠌ᠳᠡᠪᠡ᠃ ᠣᠷᠣᠰ ᠮᠣᠩᠭᠣᠯ ᠤᠯᠤᠰ ᠲᠦ᠍ 46 ᠭᠠᠳᠠᠭᠠᠳᠤ᠎ᠳᠤ ᠪᠠᠯᠠ ᠣᠷᠣᠭᠤᠯᠬᠤ ᠠᠵᠤ ᠠᠬᠤᠢᠯᠠᠯ᠎ᠢ ᠱᠢᠨ᠎ᠡ᠎ᠪᠡᠷ ᠪᠠᠢᠭᠤᠯᠵᠤ᠂ ᠲᠡᠭᠡᠷ᠎ᠠ ᠵᠢᠯ᠎ᠤᠨ ᠬᠢ᠎ᠡᠴᠡ ᠪᠠᠨ 43.8% ᠎ᠪᠠᠷ ᠨᠡᠮᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ  〈 ᠵᠢᠷᠭᠤᠭᠠᠨ ᠠᠵᠢᠯᠯᠠᠭ᠎ᠠ 〉 ᠎ᠶ᠋ᠢᠨ ᠱᠠᠭᠠᠷᠳᠠᠯᠭ᠎ᠠ ᠶᠣᠰᠣᠭᠠᠷ᠂ ᠳᠤᠤᠷᠠᠬᠢ ᠬᠡᠳᠦᠨ ᠲᠠᠯ᠎ᠠ᠎ᠡᠴᠡ ᠭᠠᠷᠳᠠᠵᠤ᠂ ᠣᠷᠣᠰ ᠮᠣᠩᠭᠣᠯ ᠤᠯᠤᠰ ᠲᠦ᠍ ᠨᠡᠭᠡᠭᠡᠯᠲᠡ ᠬᠢᠬᠦ᠌᠎ᠶ᠋ᠢ ᠤᠯᠠᠮ ᠨᠢᠭᠡ ᠠᠯᠬᠤᠮ ᠥᠷᠭᠡᠳᠭᠡᠪᠡ 》 ᠭᠡᠵᠦ᠍ ᠬᠤ᠌ ᠶᠢᠩ ᠹᠸᠩ ᠢᠯᠡᠳᠭᠡᠪᠡ᠃

ᠨᠢᠭᠡ᠎ᠳᠦ᠂ ᠬᠢᠯᠢ᠎ᠶ᠋ᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠢ ᠰᠠᠭᠤᠷᠢᠱᠢᠭᠤᠯᠤᠨ ᠡᠳ᠋ᠱᠢᠭᠦᠯᠬᠦ᠌᠎ᠶ᠋ᠢ ᠦᠷᠭᠦᠯᠵᠢᠯᠡᠨ ᠰᠠᠢᠲᠤᠷ ᠬᠢᠵᠦ᠍᠂ ᠠᠷᠠᠯᠵᠢᠶᠠᠨ᠎ᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠨ᠎ᠡ᠃ ᠮᠠᠨᠵᠤᠤᠷ᠎ᠤᠨ ᠲᠡᠮᠦᠷ ᠵᠠᠮ᠎ᠤᠨ ᠬᠠᠷᠢᠯᠴᠠᠨ ᠠᠷᠠᠯᠵᠢᠶᠠᠯᠠᠬᠤ ᠲᠣᠭᠣᠷᠢᠭ᠎ᠲᠤ ᠰᠠᠭᠤᠷᠢᠱᠢᠭᠤᠯᠤᠨ ᠡᠳ᠋ᠱᠢᠭᠦᠯᠬᠦ᠌ ᠲᠤᠬᠠᠢᠯᠠᠭ᠍ᠰᠠᠨ ᠠᠵᠢᠯ᠎ᠢ ᠤᠷᠢᠳ ᠵᠢᠡᠷ ᠲᠤᠷᠱᠢᠨ ᠥᠷᠨᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠬᠠᠷᠢᠯᠴᠠᠨ ᠠᠷᠠᠯᠵᠢᠶᠠᠯᠠᠬᠤ ᠲᠣᠭᠣᠷᠢᠭ᠎ᠤᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠠᠱᠢᠭ᠍ᠯᠠᠨ ᠣᠷᠣᠰ ᠡᠴᠡ ᠣᠷᠣᠭᠤᠯᠬᠤ ᠠᠮᠤ ᠪᠤᠳᠠᠭᠠᠨ᠎ᠤ ᠲᠥᠷᠥᠯ᠎ᠦᠨ ᠲᠠᠸᠠᠷ᠎ᠤᠨ ᠠᠷᠠᠯᠵᠢᠶ᠎ᠠ᠎ᠶ᠋ᠢᠨ ᠬᠡᠪᠴᠢᠶ᠎ᠡ᠎ᠶ᠋ᠢ ᠪᠤᠵᠠᠭᠠᠢᠷᠠᠭᠤᠯᠵᠤ᠂ ᠠᠮᠤ ᠪᠤᠳᠠᠭ᠎ᠠ ᠲᠣᠰᠣᠨ᠎ᠤ ᠲᠥᠷᠥᠯ᠎ᠦᠨ ᠦᠶ᠋ᠯᠡᠳᠬᠦᠨ᠎ᠢ ᠡᠳ᠋ᠱᠢᠭᠦᠯᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠠᠢᠴᠢᠯᠠᠨ᠎ᠠ᠃ ᠪᠤᠰᠤᠳ ᠨᠥᠬᠥᠴᠡᠯ᠎ᠲᠡᠶ ᠬᠢᠯᠢ᠎ᠶ᠋ᠢᠨ ᠪᠣᠭᠣᠮᠲᠠ᠎ᠶ᠋ᠢᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠦᠨ ᠠᠷᠠᠯᠵᠢᠶ᠎ᠠ᠎ᠶ᠋ᠢ ᠰᠠᠭᠤᠷᠢᠱᠢᠭᠤᠯᠤᠨ ᠡᠳ᠋ᠱᠢᠭᠦᠯᠬᠦ᠌᠎ᠶ᠋ᠢ ᠳᠡᠮᠵᠢᠨ᠎ᠡ᠃ ᠶᠡᠷᠦᠩᠬᠡᠢᠯᠡᠭ᠌ᠰᠡᠨ ᠭᠠᠢᠯᠢ᠎ᠦᠭᠡᠢ ᠣᠷᠣᠨ᠎ᠤ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌ ᠲᠠᠪᠴᠠᠩ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠣᠷᠣᠰ᠎ᠯᠤᠭ᠎ᠠ᠎ᠶ᠋ᠢᠨ ᠪᠠᠷᠠᠭ᠎ᠠ ᠰᠣᠯᠢᠯᠴᠠᠬᠤ ᠠᠷᠠᠯᠵᠢᠶ᠎ᠠ᠎ᠶ᠋ᠢ ᠲᠤᠷᠱᠢᠨ ᠥᠷᠨᠢᠭᠦᠯᠦᠨ᠎ᠡ᠃

ᠬᠣᠶᠠᠷ᠎ᠲᠤ᠂ ᠣᠷᠣᠰ ᠮᠣᠩᠭᠣᠯ ᠤᠯᠤᠰ᠎ᠯᠤᠭ᠎ᠠ᠎ᠶ᠋ᠢᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ ᠪᠠ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ  ᠭᠠᠷᠭᠠᠬᠤ ᠲᠤᠬᠠᠢᠯᠠᠭ᠍ᠰᠠᠨ ᠠᠵᠢᠯ᠎ᠢ ᠥᠷᠭᠡᠳᠭᠡᠨ᠎ᠡ᠃ ᠲᠣᠭᠠᠴᠢᠯᠠᠭ᠍ᠰᠠᠨ ᠠᠷᠠᠯᠵᠢᠶᠠᠨ᠎ᠤ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠴᠢᠳᠠᠪᠤᠷᠢᠲᠠᠨ᠎ᠢ ᠨᠡᠪᠴᠢᠭᠦᠯᠬᠦ᠌ ᠎ᠶ᠋ᠢ  ᠴᠢᠩᠭᠠᠷᠠᠭᠤᠯᠤᠨ᠂ ᠤᠯᠠᠮᠵᠢᠯᠠᠯᠲᠤ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠳᠡᠮᠵᠢᠨ᠎ᠡ᠃      

 ᠮᠠᠨᠵᠤᠤᠷ᠎ᠤᠨ ᠶᠡᠷᠦᠩᠬᠡᠢᠯᠡᠭ᠌ᠰᠡᠨ ᠭᠠᠢᠯᠢ ᠦᠭᠡᠢ ᠣᠷᠣᠨ᠎ᠤ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ O2O ᠪᠡᠶᠡᠴᠢᠯᠡᠨ ᠣᠢᠯᠠᠭᠠᠬᠤ ᠲᠥᠪ (ᠥᠪᠡᠰᠦᠪᠡᠨ ᠭᠠᠷᠭᠠᠨ ᠠᠪᠬᠤ ᠲᠥᠪ) ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠥᠪᠥᠷ ᠮᠣᠩᠭᠣᠯ᠎ᠤᠨ ᠱᠢᠤᠳᠠᠨ᠎ᠤ ᠪᠦᠯᠦᠭ᠌ᠯᠡᠯ᠎ᠢ ᠵᠣᠬᠢᠴᠠᠭᠤᠯᠵᠤ ᠪᠠᠢᠭᠠᠳ ᠡᠷᠢᠶᠡᠨ ᠬᠣᠲᠠ᠎ᠳᠤ ᠬᠤᠳᠠᠯᠳᠤᠭᠠᠨ᠎ᠤ ᠲᠦᠷᠭᠡᠨ ᠬᠦᠷᠭᠡᠬᠦ᠌ ᠲᠤᠬᠠᠢᠯᠠᠭ᠍ᠰᠠᠨ ᠠᠵᠢᠯ᠎ᠢ ᠨᠡᠪᠲᠡᠷᠡᠭᠦᠯᠵᠦ᠍᠂ ᠣᠷᠣᠰ᠎ᠤᠨ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠲᠠᠶ ᠵᠣᠯᠭᠠᠭᠤᠯᠵᠤ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠳᠤᠮᠳᠠᠳᠤ ᠧᠦ᠋ᠷᠣᠫᠠ᠎ᠶ᠋ᠢᠨ ᠠᠴᠢᠶᠠᠨ᠎ᠤ ᠮᠠᠰᠢᠨ᠎ᠡᠭᠡᠯᠵᠢ ᠵᠢᠨ ᠨᠢᠰᠭᠡᠯ᠎ᠤᠨ ᠪᠠᠷᠠᠭᠠᠨ᠎ᠤ ᠭᠦᠢᠯᠭᠡᠭᠡᠨ ᠤ᠋ ᠦᠢᠯᠡᠴᠢᠯᠡᠭᠡ᠎ᠶ᠋ᠢ ᠨᠡᠪᠲᠡᠷᠡᠭᠦᠯᠵᠦ᠍᠂ ᠲᠣᠭ᠍ᠲᠠᠭᠤᠨ ᠲᠥᠰᠦᠭᠡᠯᠡᠵᠦ᠍ ᠪᠣᠯᠬᠤᠢᠴᠠ ᠳᠥᠭᠥᠮᠴᠢᠯᠡᠭ᠌ᠰᠡᠨ ᠪᠠᠷᠠᠭ᠎ᠠ ᠵᠢᠨ ᠭᠦᠶ᠋ᠯᠭᠡᠭᠡᠨ᠎ᠦ ᠨᠡᠪᠲᠡᠷᠡᠬᠦ᠌ ᠵᠠᠮ᠎ᠢ ᠪᠣᠶ ᠪᠣᠯᠭᠠᠵᠤ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠲᠠᠸᠠᠷ᠎ᠢ ᠡᠷᠢᠶᠡᠨ ᠬᠣᠲᠠ᠎ᠳᠤ ᠲᠥᠪᠯᠡᠷᠡᠭᠦᠯᠦᠨ ᠲᠠᠷᠬᠠᠭᠠᠵᠤ ᠲᠡᠭᠡᠭᠡᠪᠦᠷᠢᠯᠡᠬᠦ᠌᠎ᠶ᠋ᠢ ᠠᠬᠢᠭᠤᠯᠵᠤ᠂ ᠣᠷᠣᠰ᠎ᠲᠤ ᠬᠠᠨᠳᠤᠭᠤᠯᠤᠭ᠍ᠰᠠᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠱᠢᠨ᠎ᠡ ᠠᠷᠭ᠎ᠠ ᠵᠠᠮ᠎ᠢ ᠨᠡᠭᠡᠭᠡᠨ᠎ᠡ᠃ ᠮᠠᠨᠵᠤᠤᠷ᠂ ᠬᠠᠢᠯᠠᠷ᠎ᠤᠨ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠭᠠᠳᠠᠭᠠᠳᠤ᠎ᠳᠤ ᠭᠠᠷᠭᠠᠬᠤ ᠰᠠᠭᠤᠷᠢᠨ ᠤ᠋ ᠦᠢᠯᠡᠳᠦᠯ᠎ᠢ ᠭᠦᠢᠴᠡᠳ ᠪᠠᠳᠠᠷᠠᠭᠤᠯᠵᠤ᠂ ᠣᠷᠣᠰ ᠮᠣᠩᠭᠣᠯ ᠤᠯᠤᠰ᠎ᠤᠨ ᠬᠢᠯᠢ ᠳᠣᠲᠣᠷ᠎ᠠ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠦᠨ᠎ᠡ ᠬᠠᠶᠠᠯᠴᠠᠨ ᠬᠤᠳᠠᠯᠳᠤᠬᠤ ᠲᠠᠪᠴᠠᠩ ᠪᠠᠢᠭᠤᠯᠵᠤ᠂ ᠲᠡᠮᠳᠡᠭ᠌ ᠦᠭᠡᠶ ᠠᠭᠤᠷᠬᠠᠶ᠎ᠳᠤ ᠬᠡᠷᠡᠭ᠌ᠯᠡᠬᠦ᠌ ᠲᠡᠷᠭᠡ ᠪᠠ ᠬᠤᠭᠤᠴᠠᠭ᠎ᠠ ᠨᠢ ᠬᠡᠲᠦᠷᠡᠭ᠌ᠰᠡᠨ ᠰᠠᠭᠤᠳᠠᠯ᠎ᠤᠨ ᠮᠠᠱᠢᠨ ᠲᠡᠷᠭᠡ᠎ᠶ᠋ᠢ ᠭᠠᠷᠭᠠᠬᠤ᠎ᠶ᠋ᠢ ᠠᠬᠢᠭᠤᠯᠵᠤ᠂ ᠣᠷᠣᠰ᠎ᠲᠤ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ  ᠭᠠᠷᠭᠠᠬᠤ ᠬᠡᠪᠴᠢᠶ᠎ᠡ᠎ᠪᠡᠨ ᠥᠷᠭᠡᠳᠭᠡᠬᠦ᠌᠎ᠶ᠋ᠢ ᠠᠬᠢᠭᠤᠯᠤᠨ᠎ᠠ᠃

ᠭᠤᠷᠪᠠ᠎ᠳᠤ᠂《ᠭᠠᠷ ᠲᠠᠮᠵᠢᠪᠠᠴᠤ ᠠᠰᠢᠭ ᠬᠦᠷᠳᠡᠬᠦ ᠦᠭᠡᠢ》ᠠᠰᠠᠭᠤᠳᠠᠯ᠎ᠢ ᠨᠢᠭᠡ ᠴᠤᠭ᠍ᠴᠠᠵᠢᠭᠤᠯᠤᠨ ᠱᠢᠢᠳᠪᠦᠷᠢᠯᠡᠬᠦ᠌᠎ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠲᠡᠮᠦᠷ ᠵᠠᠮ᠂ ᠪᠣᠭᠣᠮᠲᠠ᠂ ᠬᠠᠮᠢᠶ᠎ᠠ ᠪᠦᠬᠦᠢ ᠠᠢᠮᠠᠭ ᠬᠤᠲᠠ᠎ᠶ᠋ᠢ ᠢᠳᠡᠪᠬᠢᠲᠡᠢ ᠵᠣᠬᠢᠴᠠᠭᠤᠯᠵᠤ ᠪᠠᠢᠭᠠᠳ 《ᠬᠥᠬᠡᠬᠣᠲᠠ — ᠤᠯᠠᠭᠠᠨᠴᠠᠪ》 ᠬᠣᠶᠠᠷ ᠭᠠᠵᠠᠷ᠎ᠤᠨ ᠨᠢᠭᠡ ᠲᠠᠪᠴᠠᠩ᠎ᠤᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠴᠤᠭ᠍ᠯᠠᠷᠠᠯ᠎ᠤᠨ ᠲᠥᠪ᠎ᠢ ᠭᠤᠶᠤᠴᠢᠯᠠᠨ ᠪᠠᠢᠭᠤᠯᠬᠤ᠎ᠶ᠋ᠢ ᠬᠦᠴᠦᠯᠡᠨ ᠠᠬᠢᠭᠤᠯᠵᠤ᠂ ᠣᠷᠣᠨ᠎ᠤ ᠳᠣᠲᠣᠨ᠎ᠠ ᠡᠴᠡ ᠡᠬᠢᠯᠡᠵᠦ᠍ ᠬᠥᠳᠡᠯᠬᠦ᠌ ᠵᠢᠱᠢᠶᠠᠨ᠎ᠤ ᠭᠠᠯᠲᠤ ᠲᠡᠷᠭᠡ᠎ᠶ᠋ᠢᠨ ᠲᠥᠯᠥᠪᠯᠡᠭᠡ ᠬᠦᠷᠦᠯᠴᠡᠬᠦ᠌ ᠦᠭᠡᠢ ᠪᠠᠢᠬᠤ ᠬᠦᠴᠢᠷ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠨ᠎ᠡ᠃  ᠭᠠᠳᠠᠭᠠᠳᠤ ᠳ᠋ᠦ ᠨᠡᠭᠡᠭᠡᠯᠳᠡᠳᠡᠢ ᠬᠡᠯᠪᠡᠷᠢ ᠵᠢᠨ ᠠᠵᠤ ᠦᠢᠯᠡᠰ᠎ᠢ ᠶᠡᠬᠡ ᠪᠡᠷ ᠪᠣᠢᠵᠢᠭᠤᠯᠤᠨ ᠬᠥᠭ᠌ᠵᠢᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠵᠡᠷᠭᠡ ᠲᠤᠰ ᠭᠠᠵᠠᠷ᠎ᠤᠨ ᠣᠨᠴᠠᠯᠢᠭ ᠳᠠᠪᠠᠭᠤᠯᠢᠭ ᠪᠦᠬᠦᠢ ᠠᠵᠤ ᠦᠢᠯᠡᠰ᠎ᠦᠨ ᠭᠠᠳᠠᠭᠠᠳᠤ ᠭᠠᠷᠭᠠᠯᠲᠠ᠎ᠶ᠋ᠢᠨ ᠬᠡᠪᠴᠢᠶ᠎ᠡ᠎ᠶ᠋ᠢ ᠪᠤᠵᠠᠭᠠᠢᠷᠠᠭᠤᠯᠬᠤ ᠰᠠᠭᠤᠷᠢᠨ ᠳᠡᠭᠡᠷ᠎ᠡ᠂ ᠣᠳᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠢᠯᠡᠳᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠡᠯᠧᠺᠲ᠋ᠷᠣᠨ ᠲᠣᠨᠣᠭ᠍ᠯᠠᠭᠠᠰᠤ ᠵᠡᠷᠭᠡ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ᠎ᠦ ᠭᠠᠳᠠᠭᠠᠳᠤ ᠭᠠᠷᠭᠠᠯᠲᠠ᠎ᠶ᠋ᠢᠨ ᠥᠷᠢᠰᠥᠯᠳᠦᠬᠦ᠌ ᠴᠢᠳᠠᠯ᠎ᠢ ᠲᠦᠷᠭᠡᠳᠭᠡᠨ ᠳᠡᠭᠡᠭ᠌ᠰᠢᠯᠡᠭᠦᠯᠦᠨ᠎ᠡ; ᠭᠣᠣᠯᠳᠠᠯᠭ᠎ᠠ᠎ᠲᠠᠶ ᠪᠣᠭᠣᠮᠲᠠ᠎ᠶ᠋ᠢᠨ ᠭᠠᠵᠠᠷ ᠣᠷᠣᠨ᠎ᠳ᠋ᠤ ᠰᠠᠭᠤᠷᠢᠱᠢᠭ᠎ᠠ ᠡᠳ᠋ᠱᠢᠭᠦᠯᠬᠦ᠌ ᠠᠵᠤ ᠦᠢᠯᠡᠰ᠎ᠦᠨ ᠲᠥᠷᠥᠯ ᠵᠦᠢᠯ᠎ᠢ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠪᠠᠢᠷᠢᠱᠢᠭᠤᠯᠤᠨ ᠪᠦᠲᠦᠭᠡᠨ ᠪᠠᠢᠭᠤᠯᠵᠤ᠂ ᠬᠢᠯᠢ ᠵᠢᠨ ᠤᠷᠤᠨ ᠪᠠ ᠲᠤᠳᠤᠷ ᠭᠠᠵᠠᠷ ᠬᠤᠷᠰᠢᠯᠴᠠᠨ ᠨᠡᠭᠦᠷᠡᠰᠦ᠂ ᠲᠡᠮᠦᠷ᠂ ᠵᠡᠰ᠂ ᠬᠥᠩᠭᠡᠨ ᠴᠠᠭᠠᠨ ᠵᠡᠷᠭᠡ ᠭᠠᠳᠠᠭᠠᠳᠤ᠎ᠡᠴᠡ ᠣᠷᠣᠭᠤᠯᠤᠭ᠍ᠰᠠᠨ ᠲᠠᠸᠠᠷ᠎ᠢ ᠣᠷᠣᠨ᠎ᠤ ᠳᠣᠲᠣᠷ᠎ᠠ ᠲᠤᠳᠤᠷ ᠭᠠᠵᠠᠷ ᠲᠤ᠌ ᠭᠦᠨ ᠡᠳ᠋ᠱᠢᠭᠦᠯᠬᠦ᠌᠎ᠶ᠋ᠢ ᠠᠬᠢᠭᠤᠯᠤᠨ᠎ᠠ᠃

ᠳᠥᠷᠪᠡ᠎ᠳᠦ᠂ ᠣᠷᠣᠰ ᠮᠣᠩᠭᠣᠯ ᠤᠯᠤᠰ᠎ᠯᠤᠭ᠎ᠠ᠎ᠶ᠋ᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠤᠯᠠᠮ ᠴᠢᠨᠠᠭᠰᠢᠳᠠ ᠴᠢᠩᠭᠠᠳᠭᠠᠵᠤ᠂ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠳᠠᠯᠢ ᠲᠡᠭ᠌ᠰᠢ᠎ᠪᠡᠷ ᠬᠥᠭ᠌ᠵᠢᠬᠦ᠌᠎ᠶ᠋ᠢ ᠠᠬᠢᠭᠤᠯᠤᠨ᠎ᠠ᠃ ᠣᠷᠣᠰ ᠮᠣᠩᠭᠣᠯ ᠬᠣᠶᠠᠷ ᠤᠯᠤᠰ᠎ᠯᠤᠭ᠎ᠠ᠎ᠶ᠋ᠢᠨ ᠣᠷᠣᠨ ᠨᠤᠲᠤᠭ᠎ᠤᠨ ᠬᠢᠯᠢ ᠵᠢᠨ ᠪᠣᠭᠣᠮᠲᠠ᠂ ᠬᠠᠮᠲᠤᠷᠠᠨ ᠪᠠᠢᠴᠠᠭᠠᠬᠤ ᠰᠠᠯᠠᠭ᠎ᠠ ᠮᠥᠴᠢᠷ᠎ᠦᠨ ᠬᠣᠭᠣᠷᠣᠨᠳᠣᠬᠢ ᠬᠠᠮᠲᠤᠷᠠᠨ ᠠᠵᠢᠯᠯᠠᠬᠤ ᠲᠣᠭ᠍ᠲᠠᠴᠠ᠎ᠶ᠋ᠢᠨ ᠦᠶ᠋ᠯᠡᠳᠦᠯ᠎ᠢ ᠤᠯᠠᠮ ᠴᠢᠨᠠᠭᠰᠢᠳᠠ ᠪᠠᠳᠠᠷᠠᠭᠤᠯᠵᠤ᠂ ᠡᠳᠦᠷ ᠲᠤᠲᠤᠮ᠎ᠤᠨ ᠨᠡᠪᠲᠡᠷᠡᠯᠴᠡᠭᠡ ᠰᠣᠯᠢᠯᠴᠠᠭ᠎ᠠ᠎ᠪᠠᠨ ᠨᠢᠭ᠍ᠲᠠᠷᠠᠭᠤᠯᠤᠨ᠂ ᠬᠢᠯᠢ ᠵᠢᠨ ᠪᠣᠭᠣᠮᠲᠠ᠎ᠪᠠᠷ ᠥᠩᠭᠡᠷᠡᠭᠦᠯᠬᠦ᠌ ᠦᠷ᠎ᠡ ᠪᠦᠲᠦᠮᠵᠢ ᠪᠠ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠢᠷᠢ ᠬᠡᠮᠵᠢᠶ᠎ᠡ᠎ᠶ᠋ᠢ ᠬᠦᠴᠦᠯᠡᠨ ᠬᠠᠮᠵᠢᠯᠴᠠᠨ ᠳᠡᠭᠡᠭ᠌ᠰᠢᠯᠡᠭᠦᠯᠵᠦ᠍᠂ ᠬᠢᠯᠢ ᠵᠢᠨ ᠪᠣᠭᠣᠮᠲᠠ᠎ᠶ᠋ᠢᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠂ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠠᠳᠠᠯᠢ ᠲᠡᠭ᠌ᠰᠢ ᠬᠥᠭ᠌ᠵᠢᠯᠲᠡ᠂ ᠪᠣᠭᠣᠮᠲᠠ᠎ᠪᠠᠷ ᠥᠩᠭᠡᠷᠡᠭᠦᠯᠬᠦ᠌ ᠠᠵᠢᠯᠯᠠᠭᠠᠨ᠎ᠢ ᠳᠥᠭᠥᠮᠴᠢᠯᠡᠬᠦ᠌ ᠵᠡᠷᠭᠡ ᠠᠰᠠᠭᠤᠳᠠᠯ᠎ᠤᠨ ᠲᠠᠯ᠎ᠠ᠎ᠪᠠᠷ ᠭᠤᠤᠯᠳᠠᠯᠭ᠎ᠠ᠎ᠲᠠᠶ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠬᠢᠵᠦ᠍᠂ ᠬᠢᠯᠢ ᠵᠢᠨ ᠪᠣᠭᠣᠮᠲᠠ᠎ᠶ᠋ᠢᠨ ᠬᠠᠮᠢᠶᠠᠷᠤᠯᠲᠠ᠎ᠶ᠋ᠢᠨ ᠬᠢᠷᠢ ᠬᠡᠮᠵᠢᠶ᠎ᠡ᠎ᠶ᠋ᠢ ᠠᠳᠠᠯᠢ ᠲᠡᠭ᠌ᠰᠢ᠎ᠪᠡᠷ ᠳᠡᠭᠡᠭ᠌ᠰᠢᠯᠡᠭᠦᠯᠦᠨ᠎ᠡ᠃

ᠲᠠᠪᠤ᠎ᠳᠤ᠂ ᠮᠠᠨ᠎ᠤ ᠣᠷᠣᠨ᠎ᠤ ᠲᠠᠸᠠᠷ᠎ᠤᠨ ᠮᠣᠩᠭᠣᠯ ᠤᠯᠤᠰ᠎ᠤᠨ ᠵᠠᠬ᠎ᠠ ᠳᠡᠯᠭᠡᠭᠦᠷ᠎ᠲᠡᠬᠢ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠳᠤ ᠳᠤᠮᠳᠠᠳᠤ ᠤᠯᠤᠰ᠎ᠤᠨ ᠲᠠᠸᠠᠷ᠎ᠤᠨ ᠦᠵᠡᠰᠭᠦᠯᠡᠩ ᠡᠷᠭᠢᠯᠡᠵᠦ᠍᠂ ᠨᠠᠩ ᠣᠯᠠᠨ ᠨᠠᠩ ᠰᠠᠢᠨ ᠥᠪᠥᠷ ᠮᠣᠩᠭᠣᠯ᠎ᠤᠨ ᠲᠠᠸᠠᠷ᠎ᠢ ᠮᠣᠩᠭᠣᠯ ᠤᠯᠤᠰ᠎ᠲᠤ ᠪᠣᠷᠣᠯᠠᠭᠤᠯᠤᠨ᠎ᠠ᠃ ᠡᠭᠦᠨ᠎ᠦ ᠬᠠᠮᠲᠤ᠂ ᠡᠷᠢᠶᠡᠨ ᠬᠣᠲᠠ ᠵᠡᠷᠭᠡ ᠬᠢᠯᠢ ᠵᠢᠨ ᠪᠣᠭᠣᠮᠲᠠ᠎ᠶ᠋ᠢᠨ ᠬᠣᠲᠠ᠎ᠨᠤᠭᠤᠳ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠤᠨ᠂  ᠮᠣᠩᠭᠣᠯ ᠤᠯᠤᠰ ᠲᠦ᠍ ᠬᠠᠨᠳᠤᠭᠤᠯᠤᠭᠰᠠᠨ ᠠᠷᠠᠯᠵᠢᠶ᠎ᠠ ᠬᠤᠳᠠᠯᠳᠤᠭᠠᠨ᠎ᠤ ᠬᠣᠲᠠ᠎ᠶ᠋ᠢᠨ ᠳᠡᠯᠭᠡᠨ ᠦᠵᠡᠭᠦᠯᠬᠦ᠌ ᠲᠠᠯᠠᠪᠠᠶ᠎ᠶ᠋ᠢ ᠥᠷᠭᠡᠳᠭᠡᠵᠦ᠍᠂ ᠳᠡᠯᠭᠡᠨ ᠪᠣᠷᠣᠯᠠᠭᠤᠯᠬᠤ ᠲᠠᠸᠠᠷ᠎ᠤᠨ ᠲᠥᠷᠥᠯ ᠵᠦᠶ᠋ᠯ᠎ᠢ ᠤᠯᠠᠮ ᠴᠢᠨᠠᠭᠰᠢᠳᠠ ᠪᠠᠶᠠᠯᠢᠭ᠍ᠵᠢᠭᠤᠯᠤᠨ᠂ ᠳᠤᠮᠳᠠᠳᠤ ᠤᠯᠤᠰ᠎ᠤᠨ ᠨᠠᠷᠠᠲᠤ ᠤᠬᠢ ᠤᠨᠴᠠᠯᠢᠭᠳᠤ ᠲᠠᠸᠠᠷ᠎ᠢ ᠳᠡᠯᠭᠡᠨ ᠦᠵᠡᠭᠦᠯᠵᠦ᠍ ᠪᠡᠶᠡᠴᠢᠯᠡᠨ ᠪᠣᠷᠣᠯᠠᠭᠤᠯᠬᠤ ᠲᠥᠪ᠎ᠢ ᠪᠣᠶ ᠪᠣᠯᠭᠠᠵᠤ᠂ ᠮᠣᠩᠭᠣᠯ ᠤᠯᠤᠰ᠎ᠤᠨ ᠬᠤᠳᠠᠯᠳᠤᠭᠠᠴᠢᠳ᠎ᠤᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠲᠥᠬᠥᠮ ᠨᠥᠬᠥᠴᠡᠯ ᠬᠠᠩᠭᠠᠨ᠎ᠠ᠃

ᠵᠢᠷᠭᠤᠭ᠎ᠠ᠎ᠳᠤ᠂ ᠣᠷᠣᠰ ᠮᠣᠩᠭᠣᠯ ᠯᠤᠭ᠎ᠠ ᠵᠢᠨ  ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ᠃ ᠳᠤᠮᠳᠠᠳᠤ ᠣᠷᠣᠰ᠂ ᠳᠤᠮᠳᠠᠳᠤ ᠮᠣᠩᠭᠣᠯ ᠤᠯᠤᠰ ᠬᠣᠶᠠᠷ ᠤᠯᠤᠰ᠎ᠤᠨ ᠲᠡᠷᠢᠭᠦᠨ᠎ᠦ ᠭᠠᠳᠠᠭᠠᠳᠤ ᠬᠠᠷᠢᠯᠴᠠᠭ᠎ᠠ᠎ᠶ᠋ᠢᠨ ᠲᠣᠬᠢᠷᠠᠯᠴᠠᠭ᠍ᠰᠠᠨ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠣᠷᠣᠰ ᠮᠣᠩᠭᠣᠯ ᠤᠯᠤᠰ᠎ᠯᠤᠭ᠎ᠠ᠎ᠶ᠋ᠢᠨ ᠡᠨᠧᠷᠭᠢ᠎ᠶ᠋ᠢᠨ ᠡᠬᠢ ᠪᠠᠶᠠᠯᠢᠭ᠂ ᠲᠠᠷᠢᠶᠠᠯᠠᠩ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠬᠠᠮᠲᠤᠷᠠᠯᠴᠠᠭ᠎ᠠ᠎ᠶ᠋ᠢᠨ ᠡᠷᠴᠢᠮ᠎ᠢ ᠴᠢᠩᠭᠠᠷᠠᠭᠤᠯᠤᠨ᠎ᠠ᠃ ᠮᠠᠨ᠎ᠤ ᠣᠷᠣᠨ᠎ᠡᠴᠡ ᠮᠣᠩᠭᠣᠯ ᠤᠯᠤᠰ᠎ᠤᠨ ᠤᠯᠠᠭᠠᠨᠪᠠᠭᠠᠲᠤᠷ᠎ᠲᠤ ᠴᠠᠬᠢᠯᠭᠠᠨ ᠬᠦᠷᠭᠡᠬᠦ᠌ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠵᠤ᠂ ᠠᠵᠤ ᠠᠬᠤᠢᠯᠠᠯ᠎ᠤᠨ ᠮᠠᠨ᠎ᠤ ᠣᠷᠣᠨ ᠪᠣᠯᠤᠨ ᠮᠣᠩᠭᠣᠯ ᠤᠯᠤᠰ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠳᠤ ᠬᠡᠷᠡᠯᠴᠢ ᠴᠡᠨᠡᠭ᠎ᠦᠨ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ ᠪᠠ ᠤᠯᠠᠭᠠᠨᠪᠠᠭᠠᠲᠤᠷ ᠬᠣᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠵᠡᠷᠭᠡ ᠲᠥᠷᠥᠯ ᠵᠦᠶ᠋ᠯ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠭᠠᠭ᠍ᠴᠠᠮᠤᠳᠤ᠎ᠶ᠋ᠢᠨ ᠬᠢᠯᠢ ᠠᠯᠤᠰᠯᠠᠭ᠍ᠰᠠᠨ ᠲᠡᠮᠦᠷ ᠵᠠᠮ᠎ᠤᠨ ᠲᠣᠮᠣ ᠬᠥᠭᠥᠷᠭᠡ ᠪᠠ ᠴᠡᠬᠡ᠎ᠶ᠋ᠢᠨ ᠬᠢᠯᠢ ᠠᠯᠤᠰᠯᠠᠭ᠍ᠰᠠᠨ ᠲᠡᠮᠦᠷ ᠵᠠᠮ᠎ᠤᠨ ᠬᠣᠯᠪᠣᠬᠤ ᠱᠤᠭᠤᠮ᠎ᠢ ᠲᠦᠷᠭᠡᠳᠭᠡᠨ ᠪᠠᠢᠭᠤᠯᠵᠤ ᠡᠬᠢᠯᠡᠭᠦᠯᠬᠦ᠌᠎ᠶ᠋ᠢ ᠵᠣᠬᠢᠴᠠᠭᠤᠯᠤᠨ ᠠᠬᠢᠭᠤᠯᠤᠨ᠎ᠠ᠃ ᠮᠣᠩᠭᠣᠯ ᠤᠯᠤᠰ᠎ᠤᠨ ᠳᠥᠭᠥᠮ ᠪᠦᠳᠦᠴᠡᠳᠤ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠲᠥᠷᠥᠯ ᠵᠦᠶ᠋ᠯ᠎ᠦᠨ ᠠᠵᠢᠯᠲᠠᠨ᠎ᠢ ᠲᠤᠰᠠᠯᠠᠬᠤ᠂ ᠡᠳ᠋ ᠪᠠᠷᠠᠭ᠎ᠠ᠎ᠶ᠋ᠢ ᠪᠣᠭᠣᠮᠲᠠ᠎ᠪᠠᠷ ᠥᠩᠭᠡᠷᠡᠭᠦᠯᠬᠦ᠌ ᠵᠡᠷᠭᠡ ᠡᠯ᠎ᠡ ᠵᠦᠶ᠋ᠯ᠎ᠦᠨ ᠦᠶ᠋ᠯᠡᠴᠢᠯᠡᠵᠦ᠍ ᠵᠣᠬᠢᠴᠠᠭᠤᠯᠬᠤ ᠠᠵᠢᠯ᠎ᠢ ᠰᠠᠢᠲᠤᠷ ᠬᠢᠨ᠎ᠠ᠃ ᠮᠠᠨ ᠤ᠋ ᠣᠷᠣᠨ ᠤ᠋ ᠠᠵᠤ ᠠᠬᠤᠢᠯᠠᠯ ᠬᠢᠭᠡᠳ ᠮᠣᠩᠭᠣᠯ᠎ᠤᠯᠤᠰ ᠯᠤᠭ᠎ᠠ᠎ᠶ᠋ᠢᠨ ᠠᠭᠤᠷᠬᠠᠢ᠎ᠶ᠋ᠢᠨ ᠦᠢᠯᠡᠰ᠂ ᠵᠠᠮ ᠬᠠᠷᠢᠯᠴᠠᠭ᠎ᠠ᠂ ᠠᠮᠢ ᠠᠬᠤᠢ᠂ ᠣᠷᠴᠢᠨ ᠲᠣᠭᠣᠷᠢᠨ ᠤ᠋ ᠬᠠᠮᠠᠭᠠᠯᠠᠯᠲᠠ ᠵᠡᠷᠭᠡ ᠬᠦᠷᠢᠶᠡᠨ ᠤ᠋ ᠬᠤᠷᠱᠢᠯᠴᠠᠭ᠎ᠠ᠎ᠪᠠᠨ ᠴᠢᠩᠭᠠᠳᠭᠠᠬᠤ᠎ᠶ᠋ᠢ ᠦᠷᠭᠦᠯᠵᠢᠯᠡᠨ ᠲᠡᠮᠵᠢᠵᠤ᠂ ᠤᠷᠦᠰ᠎ᠯᠤᠭ᠎ᠠ᠎ᠶ᠋ᠢᠨ ᠨᠡᠭᠦᠷᠡᠰᠦ᠂ ᠬᠢᠮᠢ᠎ᠶ᠋ᠢᠨ ᠪᠤᠷᠳᠤᠭᠤᠷ᠂ ᠠᠮᠤ ᠪᠤᠳᠠᠭ᠎ᠠ᠂ ᠲᠡᠵᠢᠭᠡᠯ ᠡᠪᠡᠰᠦ ᠵᠡᠷᠭᠡ ᠶᠡᠬᠡ ᠬᠡᠮᠵᠢᠶᠡᠨ ᠤ᠋ ᠲᠠᠸᠠᠷ ᠤ᠋ᠨ ᠭᠠᠳᠠᠭᠠᠳᠤ᠎ᠡᠴᠡ ᠣᠷᠣᠭᠤᠯᠬᠤ ᠬᠡᠮᠵᠢᠶ᠎ᠡ᠎ᠶ᠋ᠢ ᠨᠡᠮᠡᠭ᠌ᠳᠡᠭᠦᠯᠦᠨ᠂ ᠤᠷᠦᠰ ᠮᠣᠩᠭᠣᠯ᠎ᠤᠯᠤᠰ ᠡᠴᠡ ᠣᠷᠣᠭᠤᠯᠬᠤ ᠲᠠᠸᠠᠷ ᠢ᠋ ᠬᠢᠯᠢ ᠬᠢᠵᠠᠭᠠᠷ ᠣᠷᠣᠨ ᠳ᠋ᠤ ᠰᠠᠭᠤᠷᠢᠱᠢᠭᠤᠯᠤᠨ ᠡᠳ᠋ᠱᠢᠭᠦᠯᠬᠦ᠌᠎ᠶ᠋ᠢ ᠠᠬᠢᠭᠤᠯᠵᠤ᠂ ᠠᠵᠤ ᠦᠢᠯᠡᠰ ᠤ᠋ᠨ ᠭᠡᠯᠬᠢᠶ᠎ᠠ ᠵᠢᠨ ᠡᠬᠢᠨ᠎ᠤ ᠪᠠ ᠡᠴᠦᠰ᠎ᠤᠨ ᠭᠡᠯᠬᠢᠶ᠎ᠠ ᠵᠢᠨ ᠪᠠᠢᠷᠢᠱᠢᠭᠤᠯᠤᠯ ᠢ᠋ ᠲᠡᠭᠦᠯᠳᠡᠷᠵᠢᠭᠦᠯᠦᠨ᠎ᠡ᠃

ᠳᠣᠯᠣᠭ᠎ᠠ᠎ᠳᠤ᠂ ᠭᠠᠳᠠᠭᠠᠳᠤ᠎ᠯᠤᠭ᠎ᠠ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢᠨ ᠲᠠᠪᠴᠠᠩ᠎ᠢ ᠪᠠᠢᠭᠤᠯᠤᠨ ᠰᠠᠢᠲᠤᠷ ᠬᠡᠷᠡᠭ᠌ᠯᠡᠵᠦ᠍᠂ ᠣᠷᠣᠰ ᠮᠣᠩᠭᠣᠯ᠎ᠤᠯᠤᠰ ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠦᠨ᠎ᠡ᠃ ᠠᠵᠤ ᠠᠬᠤᠢᠯᠠᠯ᠎ᠤᠨ ᠣᠷᠣᠰ᠂ ᠮᠣᠩᠭᠣᠯ ᠤᠯᠤᠰ ᠵᠢᠴᠢ ᠪᠤᠰᠤᠳ《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠢᠭᠤᠯᠬᠤ ᠤᠯᠤᠰ᠎ᠲᠤ ᠳᠤᠮᠳᠠᠳᠤ ᠤᠯᠤᠰ (ᠥᠪᠥᠷ ᠮᠣᠩᠭᠣᠯ) ᠤ᠋ᠨ ᠲᠠᠸᠠᠷ᠎ᠤᠨ ᠳᠡᠯᠭᠡᠨ ᠦᠵᠡᠭᠦᠯᠵᠦ᠍ ᠳᠡᠯᠭᠡᠨ ᠪᠣᠷᠣᠯᠠᠭᠤᠯᠬᠤ ᠲᠥᠪ ᠪᠠᠢᠭᠤᠯᠬᠤ᠎ᠶ᠋ᠢ ᠦᠷᠭᠦᠯᠵᠢᠯᠡᠨ ᠵᠣᠷᠢᠭ᠍ᠵᠢᠭᠤᠯᠵᠤ᠂ ᠬᠢᠯᠢ᠎ᠶ᠋ᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠤᠤᠷ ᠰᠦᠯᠵᠢᠶ᠎ᠡ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠂《ᠦᠪᠦᠷ ᠮᠣᠩᠭᠣᠯ ᠤ᠋ᠨ ᠲᠠᠸᠠᠷ᠎ᠢ ᠮᠣᠩᠭᠣᠯ ᠤᠯᠤᠰ ᠲᠤ᠌ ᠬᠡᠷᠡᠭ᠌ᠯᠡᠬᠦ᠌》ᠡᠷᠴᠢᠮ ᠪᠠ ᠳᠤᠮᠳᠠᠳᠤ ᠤᠯᠤᠰ᠎ᠤᠨ ᠲᠠᠸᠠᠷ᠎ᠤᠨ ᠲᠥᠷᠥᠯ ᠲᠡᠮᠳᠡᠭ᠌᠎ᠤᠨ ᠳᠦᠷᠢ ᠲᠥᠷᠬᠦ᠌᠎ᠶ᠋ᠢ ᠳᠡᠭᠡᠭ᠌ᠰᠢᠯᠡᠭᠦᠯᠦᠨ᠎ᠡ᠃ 2025 ᠣᠨ᠎ᠳᠤ ᠮᠣᠩᠭᠣᠯ ᠤᠯᠤᠰ᠎ᠤᠨ ᠤᠯᠠᠭᠠᠨᠪᠠᠭᠠᠲᠤᠷ ᠪᠠ ᠣᠷᠣᠰ᠎ᠤᠨ ᠬᠣᠢᠲᠤ ᠪᠠᠢᠭᠠᠯ ᠬᠢᠯᠢ ᠬᠢᠵᠠᠭᠠᠷ ᠣᠷᠣᠨ᠎ᠳᠤ《ᠥᠪᠥᠷ ᠮᠣᠩᠭᠣᠯ᠎ᠤᠨ ᠲᠠᠸᠠᠷ᠎ᠤᠨ ᠭᠠᠷᠠᠭ》 ᠎ᠤ᠋ᠨ ᠠᠵᠢᠯᠯᠠᠭ᠎ᠠ ᠥᠷᠨᠢᠭᠦᠯᠵᠦ᠍᠂ ᠥᠪᠥᠷ ᠮᠣᠩᠭᠣᠯ᠎ᠤᠨ ᠲᠠᠸᠠᠷ᠎ᠤᠨ ᠣᠷᠣᠰ ᠮᠣᠩᠭᠣᠯ᠎ᠤᠯᠤᠰ ᠲᠡᠬᠢ ᠠᠯᠳᠠᠷᠱᠢᠯ᠎ᠢ ᠳᠡᠭᠡᠭ᠌ᠰᠢᠯᠡᠭᠦᠯᠦᠨ᠂ ᠮᠠᠨ᠎ᠤ ᠣᠷᠣᠨ᠎ᠤ ᠣᠷᠣᠰ ᠮᠣᠩᠭᠣᠯ᠎ᠤᠯᠤᠰ ᠲᠤ᠌ ᠭᠠᠷᠭᠠᠬᠤ ᠦᠶ᠋ᠯᠡᠳᠬᠦᠨ᠎ᠦ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠨ᠎ᠡ᠃ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠥᠪᠥᠷ ᠮᠣᠩᠭᠣᠯ — ᠮᠣᠩᠭᠣᠯ᠎ᠤᠯᠤᠰ ᠯᠤᠭ᠎ᠠ᠎ᠶ᠋ᠢᠨ ᠪᠡᠯᠡ ᠣᠷᠣᠭᠤᠯᠤᠯᠲᠠ ᠠᠷᠠᠯᠵᠢᠶ᠎ᠠ᠎ᠶ᠋ᠢᠨ ᠬᠠᠮᠲᠤᠷᠠᠯᠴᠠᠭ᠎ᠠ᠎ᠶ᠋ᠢᠨ ᠲᠠᠨᠢᠯᠴᠠᠭᠤᠯᠬᠤ ᠬᠤᠷᠠᠯ ᠪᠠ ᠳᠤᠮᠳᠠᠳᠤ ᠤᠯᠤᠰ᠎ᠤᠨ ᠥᠪᠥᠷ ᠮᠣᠩᠭᠣᠯ — ᠣᠷᠣᠰ᠎ᠤᠨ ᠬᠠᠮᠢᠶ᠎ᠠ ᠪᠦᠬᠦᠢ ᠵᠧᠸ᠋ ᠣᠷᠣᠨ᠎ᠤ ᠪᠡᠯᠡ ᠣᠷᠣᠭᠤᠯᠤᠯᠲᠠ ᠠᠷᠠᠯᠵᠢᠶ᠎ᠠ᠎ᠶ᠋ᠢᠨ ᠬᠠᠮᠲᠤᠷᠠᠯᠴᠠᠭ᠎ᠠ᠎ᠶ᠋ᠢᠨ ᠲᠠᠨᠢᠯᠴᠠᠭᠤᠯᠬᠤ ᠬᠤᠷᠠᠯ᠎ᠢ ᠡᠷᠬᠢᠯᠡᠵᠦ᠍᠂ ᠠᠵᠤ ᠠᠬᠤᠢᠯᠠᠯ᠎ᠢ ᠵᠣᠬᠢᠶᠠᠨ ᠪᠠᠢᠭᠤᠯᠤᠨ ᠬᠣᠶᠠᠷ ᠲᠠᠯ᠎ᠠ᠎ᠶ᠋ᠢᠨ ᠠᠵᠤ ᠠᠬᠤᠶ ᠠᠷᠠᠯᠵᠢᠶ᠎ᠠ᠎ᠶ᠋ᠢᠨ ᠠᠵᠢᠯᠯᠠᠭ᠎ᠠ᠎ᠳᠤ ᠣᠷᠣᠯᠴᠠᠭᠤᠯᠵᠤ᠂ ᠣᠷᠣᠰ ᠮᠣᠩᠭᠣᠯ ᠤᠯᠤᠰ᠎ᠯᠤᠭ᠎ᠠ᠎ᠶ᠋ᠢᠨ ᠠᠵᠤ ᠠᠬᠤᠶ ᠠᠷᠠᠯᠵᠢᠶ᠎ᠠ᠎ᠶ᠋ᠢᠨ ᠬᠠᠮᠲᠤᠷᠠᠯᠴᠠᠭ᠎ᠠ᠎ᠶ᠋ᠢᠨ ᠡᠷᠴᠢᠮ᠎ᠢ ᠤᠯᠠᠮ ᠴᠢᠨᠠᠭᠰᠢᠳᠠ ᠥᠷᠭᠡᠳᠭᠡᠨ᠎ᠡ᠃         

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号