ᠰᠤᠳᠤᠯᠤᠨ ᠲᠠᠢᠯᠪᠤᠷᠢᠯᠠᠬᠤ᠎ᠠᠵᠢᠯ ᠢ᠋ ᠰᠠᠢᠳᠤᠷ ᠬᠢᠵᠦ ᠤᠮᠠᠷᠠᠲᠤ ᠬᠢᠯᠢ ᠶ᠋ᠢᠨ ᠰᠣᠶᠣᠯ ᠢ᠋ ᠪᠠᠳᠠᠷᠠᠭᠤᠯᠤᠨ᠎ᠠ — ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ ᠵᠠᠩ ᠷᠦᠢ ᠵᠢ ᠰᠤᠷᠪᠤᠯᠵᠢᠯᠠᠭ᠍ᠰᠠᠨ᠎ᠨᠢ
2025-01-05 14:50:11
ᠵᠣᠬᠢᠶᠠᠭ᠍ᠴᠢ᠄
ᠹᠸᠩ ᠱᠢᠤᠸᠠᠢ ᠢᠦᠶ
ᠣᠩᠱᠢᠭ᠍ᠰᠠᠨ ᠣᠳᠠᠭ᠎ᠠ᠄
★★★☆☆

《ᠰᠤᠳᠤᠯᠤᠨ ᠲᠠᠢᠯᠪᠤᠷᠢᠯᠠᠬᠤ ᠪᠠ ᠤᠬᠠᠭᠤᠯᠵᠤ ᠳᠡᠯᠭᠡᠨ ᠦᠵᠡᠭᠦᠯᠬᠦ᠌ ᠵᠢ ᠴᠢᠩᠭᠠᠳᠭᠠᠨ᠂ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠬᠦ᠌ ᠵᠢ ᠳᠡᠮᠵᠢᠵᠦ᠍᠂ ᠪᠠᠢᠭᠤᠯᠤᠯ ᠲᠣᠭ᠍ᠲᠠᠴᠠ ᠶ᠋ᠢᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠍᠂ ᠤᠮᠠᠷᠠᠲᠤ ᠬᠢᠯᠢ ᠶ᠋ᠢᠨ ᠰᠣᠶᠣᠯ ᠢ᠋ ᠨᠠᠩ ᠶᠡᠬᠡ ᠨᠡᠷ᠎ᠡ ᠨᠦᠯᠦᠭᠡ᠎ᠪᠠ ᠲᠠᠲᠠᠬᠤ ᠬᠦᠴᠦᠨ᠎ᠲᠡᠶ ᠪᠣᠯᠭᠠᠨ᠎ᠠ》 ᠬᠡᠵᠤ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ ᠤ᠋ ᠠᠵᠤ ᠠᠬᠤᠶ ᠶ᠋ᠢᠨ ᠠᠵᠢᠯ ᠤ᠋ᠨ ᠬᠤᠷᠠᠯ ᠡᠴᠡ ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠵᠢ ᠴᠢᠩᠭᠠᠳᠬᠠᠬᠤ ᠠᠵᠢᠯᠯᠠᠭ᠎ᠠ ᠳ᠋ᠦ ᠲᠣᠳᠣᠷᠬᠠᠶ ᠪᠠᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠬᠡᠷᠬᠢᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ ᠤ᠋ ᠠᠵᠤ ᠠᠬᠤᠶ ᠶ᠋ᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠰᠤᠳᠤᠯᠤᠨ ᠲᠠᠢᠯᠪᠤᠷᠢᠯᠠᠬᠤ ᠠᠵᠢᠯ ᠢ᠋ ᠰᠠᠢᠲᠤᠷ ᠬᠢᠵᠦ᠍᠂ ᠰᠣᠶᠣᠯ ᠵᠢᠭᠤᠯᠴᠢᠯᠠᠯ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠤᠨ ᠴᠢᠨᠠᠷ ᠰᠠᠢᠲᠠᠶ ᠬᠥᠭ᠌ᠵᠢᠯᠲᠡ ᠵᠢ ᠪᠡᠶᠡᠯᠡᠭᠦᠯᠬᠦ᠌ ᠪᠤᠯ ? ᠡᠨᠡ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ ᠵᠠᠩ ᠷᠦᠢ ᠵᠢ ᠰᠤᠷᠪᠤᠯᠵᠢᠯᠠᠪᠠ᠃

《ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ ᠤ᠋ ᠠᠵᠤ ᠠᠬᠤᠢ ᠶ᠋ᠢᠨ ᠠᠵᠢᠯ ᠤ᠋ᠨ ᠬᠤᠷᠠᠯ ᠡᠴᠡ〈ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠵᠢ ᠴᠢᠩᠭᠠᠳᠬᠠᠬᠤ ᠠᠵᠢᠯᠯᠠᠭ᠎ᠠ〉ᠵᠢ〈ᠵᠢᠷᠭᠤᠭᠠᠨ ᠠᠵᠢᠯᠯᠠᠭ᠎ᠠ〉 ᠵᠢᠨ ᠨᠢᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠡᠴᠡ ᠰᠣᠶᠣᠯ ᠵᠢᠭᠤᠯᠴᠢᠯᠠᠯ ᠤ᠋ᠨ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠢᠬᠤ ᠵᠢ ᠭᠦᠢᠴᠡᠳ ᠢᠯᠡᠷᠡᠭᠦᠯᠦᠭ᠌ᠰᠡᠨ ᠪᠥᠭᠡᠳ ᠪᠢᠳᠡᠨ ᠤ᠋ ᠡᠨᠡ ᠵᠢᠯ ᠤ᠋ᠨ ᠠᠵᠢᠯ ᠢ᠋ᠶ᠋ᠠᠨ ᠰᠠᠢᠲᠤᠷ ᠬᠢᠬᠦ᠌ ᠳ᠋ᠦ ᠴᠢᠭ᠌ᠯᠡᠯ ᠢ᠋ ᠲᠣᠳᠣᠷᠬᠠᠢ ᠵᠢᠭᠠᠵᠤ ᠵᠢᠷᠤᠮᠯᠠᠯ ᠬᠠᠩᠭᠠᠵᠠᠢ᠃ ᠪᠢᠳᠡ ᠥᠪᠡᠷᠲᠡᠭᠡᠨ ᠵᠠᠰᠠᠬᠤ ᠣᠷᠣᠨ ᠤ᠋ 〈ᠨᠢᠭᠡ ᠭᠤᠤᠯ ᠱᠢᠵᠢᠮ ᠢ᠋ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌〉 ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠵᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ᠂ ᠪᠥᠬᠥᠳᠡ ᠬᠤᠷᠠᠯ ᠤ᠋ᠨ 〈ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠵᠢ ᠴᠢᠩᠭᠠᠳᠬᠠᠬᠤ ᠠᠵᠢᠯᠯᠠᠭ᠎ᠠ〉 ᠶ᠋ᠢᠨ ᠲᠣᠭᠣᠷᠢᠨ ᠳ᠋ᠦ ᠬᠢᠭ᠌ᠰᠡᠨ ᠳᠥᠷᠪᠡᠨ ᠲᠠᠯ᠎ᠠ ᠶ᠋ᠢᠨ ᠪᠣᠳᠠᠲᠠᠶ ᠲᠣᠬᠢᠷᠠᠭᠤᠯᠤᠯᠲᠠ ᠲᠠᠶ ᠪᠠᠷᠢᠮᠵᠢᠶᠠᠯᠠᠵᠤ᠂ ᠵᠦᠶ᠋ᠯ ᠳᠠᠷᠠᠭᠠᠯᠠᠨ ᠰᠤᠳᠤᠯᠤᠨ ᠡᠮᠬᠢᠯᠡᠵᠦ᠍᠂ ᠨᠠᠷᠢᠯᠢᠬ᠍ᠵᠢᠭᠤᠯᠤᠨ ᠵᠠᠳᠠᠯᠵᠤ᠂ ᠨᠠᠢᠳᠠᠪᠤᠷᠢᠵᠢᠭᠤᠯᠤᠨ ᠠᠬᠢᠭᠤᠯᠬᠤ ᠵᠢ ᠪᠥᠬᠥ᠌ ᠬᠦᠴᠦᠨ ᠢ᠋ᠶ᠋ᠡᠷ ᠢ᠋ᠶ᠋ᠡᠨ ᠰᠠᠢᠲᠤᠷ ᠠᠳᠭᠤᠵᠤ᠂ ᠴᠢᠨᠠᠷ ᠰᠠᠢᠲᠠᠶ ᠠᠵᠢᠯᠯᠠᠭ᠎ᠠ ᠶ᠋ᠢᠨ ᠦᠷ᠎ᠡ ᠪᠦᠲᠦᠭᠡᠯ ᠢ᠋ᠶ᠋ᠡᠷ ᠪᠥᠬᠥ᠌ ᠣᠷᠣᠨ ᠤ᠋ ᠱᠢᠨ᠎ᠡ ᠵᠠᠮ ᠨᠡᠭᠡᠭᠡᠵᠦ ᠲᠤᠮᠳᠠ ᠲᠦᠪᠰᠢᠨ ᠳ᠋ᠦ ᠤᠷᠤᠬᠤ ᠳ᠋ᠦ ᠬᠤᠪᠢ ᠨᠡᠮᠡᠷᠢ ᠦᠵᠡᠭᠦᠯᠦᠨ᠎ᠡ》 ᠭᠡᠵᠦ᠍ ᠵᠠᠩ ᠷᠦᠢ ᠢᠯᠡᠳᠭᠡᠪᠡ ᠃

ᠨᠢᠭᠡ ᠳ᠋ᠦ᠂ ᠤᠮᠠᠷᠠᠲᠤ ᠬᠢᠯᠢ ᠶ᠋ᠢᠨ ᠰᠣᠶᠣᠯ ᠤ᠋ᠨ ᠰᠤᠳᠤᠯᠤᠨ ᠲᠠᠢᠯᠪᠤᠷᠢᠯᠠᠬᠤ ᠠᠵᠢᠯ ᠢ᠋ ᠰᠠᠢᠲᠤᠷ ᠬᠢᠨ᠎ᠠ᠃ ᠣᠷᠣᠨ ᠤ᠋ ᠳᠣᠲᠣᠷᠠᠬᠢ ᠰᠣᠶᠣᠯ ᠵᠢᠭᠤᠯᠴᠢᠯᠠᠯ ᠤ᠋ᠨ ᠱᠢᠰᠲ᠋ᠧᠮ ᠤ᠋ᠨ ᠰᠤᠳᠤᠯᠭᠠᠨ ᠤ᠋ ᠬᠦᠴᠦᠨ ᠢ᠋ ᠨᠢᠭᠡᠳᠦᠯᠲᠡᠶ ᠲᠥᠯᠥᠪᠵᠢᠭᠦᠯᠵᠦ᠍᠂ ᠮᠠᠨ ᠤ᠋ ᠣᠷᠣᠨ ᠤ᠋ ᠬᠤᠪᠢᠰᠭᠠᠯ ᠤ᠋ᠨ ᠰᠣᠶᠣᠯ᠂ ᠲᠠᠯ᠎ᠠ ᠨᠤᠲᠤᠭ ᠤ᠋ᠨ ᠰᠣᠶᠣᠯ᠂ ᠬᠠᠲᠤᠨ ᠭᠤᠤᠯ ᠤ᠋ᠨ ᠰᠣᠶᠣᠯ ᠵᠡᠷᠭᠡ ᠡᠬᠢ ᠪᠠᠶᠠᠯᠢᠭ ᠢ᠋ ᠭᠦᠶ᠋ᠴᠡᠳ ᠠᠭᠤᠳᠠᠯᠤᠨ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠂ ᠮᠣᠩᠭᠣᠯ ᠮᠣᠷᠢᠨ ᠤ᠋ ᠵᠣᠷᠢᠭ ᠰᠠᠨᠠᠭ᠎ᠠ᠂ 《ᠤᠮᠠᠷᠠᠲᠤ ᠶ᠋ᠢᠨ ᠭᠤᠷᠪᠠᠨ ᠤᠷᠤᠨ ᠤ᠋ ᠵᠣᠷᠢᠭ ᠰᠠᠨᠠᠭ᠎ᠠ》  ᠵᠡᠷᠭᠡ ᠠᠮᠢᠳᠤᠯᠢᠭ ᠬᠡᠷᠡᠭ ᠤ᠋ᠨ ᠵᠢᠱ᠌ᠢᠶ᠎ᠡ ᠵᠢ ᠴᠤᠭ᠍ᠯᠠᠭᠤᠯᠵᠤ ᠰᠤᠳᠤᠯᠬᠤ ᠠᠵᠢᠯ ᠢ᠋ ᠭᠦᠨᠵᠡᠭᠡᠶ ᠥᠷᠨᠢᠭᠦᠯᠵᠦ᠍᠂ 《ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ ᠤ᠋ᠨ ᠣᠶ ᠶ᠋ᠢᠨ ᠳᠤᠮᠳᠠᠳᠤ ᠤᠯᠤᠰ ᠤ᠋ᠨ ᠰᠢ ᠵᠦᠴᠦᠭᠡ ᠶ᠋ᠢᠨ ᠲᠡᠦᠬᠡ (ᠥᠪᠥᠷ ᠮᠣᠩᠭᠣᠯ ᠤ᠋ᠨ ᠪᠣᠲᠢ)》ᠵᠡᠷᠭᠡ ᠤᠯᠤᠰ ᠤ᠋ᠨ ᠲᠥᠷᠥᠯ ᠵᠦᠶ᠋ᠯ ᠢ᠋ ᠪᠣᠳᠠᠲᠠᠢᠵᠢᠭᠤᠯᠤᠨ ᠬᠡᠷᠡᠭ᠌ᠵᠢᠭᠦᠯᠬᠦ᠌ ᠵᠢ ᠲᠦᠷᠭᠡᠳᠭᠡᠨ ᠠᠬᠢᠭᠤᠯᠵᠤ᠂ ᠪᠣᠷᠣᠭ᠍ᠵᠢᠭᠤᠨ ᠦᠭᠡ ᠶᠠᠷᠢᠶ᠎ᠠ ᠪᠡᠷ ᠲᠡᠬᠦᠨ ᠳ᠋ᠤ ᠠᠭᠤᠯᠤᠭ᠍ᠳᠠᠵᠤ ᠪᠠᠢᠭ᠎ᠠ ᠴᠠᠭ ᠦᠶ᠎ᠡ ᠶ᠋ᠢᠨ ᠵᠣᠷᠢᠭ ᠰᠠᠨᠠᠭ᠎ᠠ ᠵᠢ ᠲᠣᠳᠣᠷᠬᠠᠶ ᠶᠠᠷᠢᠵᠤ ᠳᠠᠢᠯᠪᠤᠷᠢᠯᠠᠨ᠎ᠠ᠃ ᠰᠣᠶᠣᠯ ᠤ᠋ᠨ ᠥᠪ ᠢ᠋ ᠬᠠᠮᠠᠭᠠᠯᠠᠵᠤ ᠤᠯᠠᠮᠵᠢᠯᠠᠨ ᠠᠱᠢᠭ᠍ᠯᠠᠬᠤ ᠠᠵᠢᠯ ᠢ᠋ ᠰᠠᠢᠲᠤᠷ ᠠᠳᠭᠤᠵᠤ᠂ ᠪᠠᠷᠠᠭᠤᠨ ᠯᠢᠶᠣᠤ ᠾᠧ ᠭᠣᠣᠯ ᠤ᠋ᠨ ᠪᠣᠯᠪᠠᠰᠤᠨ ᠢ᠋ 《ᠳᠤᠮᠳᠠᠳᠤ ᠶ᠋ᠢᠨ ᠪᠣᠯᠪᠠᠰᠤᠨ ᠤ᠋ ᠡᠬᠢ ᠰᠤᠷᠪᠤᠯᠵᠢ ᠵᠢ ᠬᠠᠢᠨ ᠱᠢᠨᠵᠢᠯᠡᠬᠦ᠌ ᠢᠨᠵᠧᠨᠧᠷᠢᠩ》 ᠳ᠋ᠦ ᠣᠷᠣᠭᠤᠯᠬᠤ ᠵᠢ ᠠᠬᠢᠭᠤᠯᠤᠨ᠂ ᠪᠠᠷᠠᠭᠤᠨ ᠯᠢᠶᠣᠤ ᠾᠧ ᠭᠣᠣᠯ ᠤ᠋ᠨ ᠰᠠᠪᠠ ᠭᠠᠵᠠᠷ ᠤ᠋ᠨ ᠴᠢᠨ ᠤᠯᠤᠰ ᠡᠴᠡ ᠡᠮᠦᠨᠡᠬᠢ ᠦᠶ᠎ᠡ ᠶ᠋ᠢᠨ ᠦᠯᠡᠳᠡᠭ᠌ᠳᠡᠯ ᠬᠠᠭᠤᠴᠢ ᠰᠤᠳᠤᠯᠤᠯ ᠤ᠋ᠨ ᠲᠤᠰᠭᠠᠶ ᠵᠦᠢᠯ ᠤ᠋ᠨ ᠪᠠᠢᠴᠠᠭᠠᠯᠲᠠ ᠪᠠ ᠮᠠᠯᠲᠠᠯᠭ᠎ᠠ ᠵᠡᠷᠭᠡ ᠠᠵᠢᠯ ᠢ᠋ ᠡᠬᠢᠯᠡᠭᠦᠯᠦᠨ᠎ᠠ; 2025 ᠣᠨ ᠤ᠋ ᠬᠤᠩᠱᠠᠨ ᠰᠣᠶᠣᠯ ᠤ᠋ᠨ ᠱᠢᠰᠲ᠋ᠧᠮᠲᠦ ᠴᠢᠨᠠᠷᠲᠠᠢ ᠬᠠᠮᠠᠭᠠᠯᠠᠯᠲᠠ ᠶ᠋ᠢᠨ ᠠᠵᠢᠯ ᠤ᠋ᠨ ᠲᠥᠰᠦᠯ ᠢ᠋ ᠨᠠᠢᠷᠠᠭᠤᠯᠤᠨ ᠬᠡᠷᠡᠭ᠌ᠵᠢᠭᠦᠯᠵᠦ᠍᠂ ᠬᠤᠩᠱᠠᠨ ᠰᠣᠶᠣᠯ ᠤ᠋ᠨ ᠪᠠᠭᠤᠷᠢ ᠵᠢᠨ ᠨᠠᠷᠢᠯᠢᠭ᠍ᠵᠢᠭᠤᠯᠤᠭ᠍ᠰᠠᠨ ᠬᠠᠭᠤᠴᠢ ᠰᠤᠳᠤᠯᠤᠯ ᠤ᠋ᠨ ᠪᠠᠢᠴᠠᠭᠠᠯᠲᠠ ᠥᠷᠨᠢᠭᠦᠯᠵᠦ᠍᠂ ᠲᠦᠮᠡᠨ ᠭᠠᠵᠠᠷ ᠤ᠋ᠨ ᠴᠠᠢ ᠶ᠋ᠢᠨ ᠵᠠᠮ ᠂ ᠬᠤᠩᠱᠠᠨ ᠰᠣᠶᠣᠯ ᠤ᠋ᠨ ᠪᠠᠭᠤᠷᠢ ᠵᠢ ᠰᠣᠶᠣᠯ ᠤ᠋ᠨ ᠥᠪ ᠢ᠋ᠶ᠋ᠡᠷ ᠮᠡᠳᠡᠭᠦᠯᠬᠦ᠌ ᠪᠠ ᠳ᠋ᠠ ᠶᠣᠣ ᠶ᠋ᠢᠨ ᠪᠠᠭᠤᠷᠢ ᠵᠡᠷᠭᠡ ᠲᠤᠮᠤ ᠪᠠᠭᠤᠷᠢ ᠵᠢ ᠬᠠᠮᠠᠭᠠᠯᠠᠵᠤ ᠰᠡᠯᠪᠢᠨ ᠵᠠᠰᠠᠬᠤ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠣᠶᠣᠯ ᠤ᠋ᠨ ᠥᠪ ᠢ᠋ 《ᠠᠮᠢᠯᠠᠭᠤᠯᠤᠨ᠎ᠠ》᠃

ᠬᠣᠶᠠᠷ ᠲᠦ᠍᠂ ᠤᠳᠭ᠎ᠠ ᠤᠷᠠᠯᠢᠭ ᠤ᠋ᠨ ᠬᠦᠷᠢᠶᠡᠯᠡᠩ ᠪᠦᠯᠬᠦᠮ ᠤ᠋ᠨ ᠪᠠᠢᠭᠤᠯᠤᠯ ᠲᠣᠭ᠍ᠲᠠᠴᠠ ᠶ᠋ᠢᠨ ᠥᠭᠡᠷᠡᠴᠢᠯᠡᠯᠲᠡ ᠵᠢ ᠲᠦᠷᠭᠡᠳᠭᠡᠨ ᠠᠬᠢᠭᠤᠯᠤᠨ᠎ᠠ᠃ ᠤᠯᠤᠰ ᠤ᠋ᠨ ᠥᠮᠴᠢᠯᠡᠯᠲᠦ ᠬᠦᠷᠢᠶᠡᠯᠡᠩ ᠪᠦᠯᠬᠦᠮ ᠤ᠋ᠨ ᠥᠭᠡᠷᠡᠴᠢᠯᠡᠯᠲᠡ ᠶ᠋ᠢᠨ ᠪᠣᠭᠣᠮᠲᠠ ᠱᠢᠪᠲᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠍᠂ ᠰᠣᠶᠣᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠪᠠ ᠦᠶ᠋ᠯᠡᠳᠪᠦᠷᠢᠯᠡᠯ ᠡᠵᠡᠩᠨᠡᠯᠲᠡ ᠶ᠋ᠢᠨ ᠲᠣᠭ᠍ᠲᠠᠴᠠ ᠵᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ 《ᠰᠣᠶᠣᠯ ᠤ᠋ᠨ ᠦᠶ᠋ᠯᠡᠰ + ᠺᠣᠮᠫᠠᠨᠢ》᠂ 《ᠬᠦᠷᠢᠶᠡᠯᠡᠩ ᠪᠦᠯᠬᠦᠮ + ᠺᠣᠮᠫᠠᠨᠢ》᠂ 《ᠨᠡᠢᠲᠡ ᠶ᠋ᠢᠨ ᠠᠰᠠᠷᠠᠮᠵᠢ + ᠵᠠᠬ᠎ᠠ ᠳᠡᠯᠭᠡᠭᠦᠷ》 ᠵᠡᠷᠭᠡ ᠡᠵᠡᠩᠨᠡᠯᠲᠡ ᠶ᠋ᠢᠨ ᠵᠠᠭ᠍ᠪᠤᠷ ᠢ᠋ᠶ᠋ᠠᠷ ᠤᠷᠠᠯᠢᠭ ᠵᠦᠴᠦᠭᠡ ᠶ᠋ᠢᠨ ᠬᠦᠷᠢᠶᠡᠯᠡᠩ᠂ ᠰᠣᠶᠣᠯ ᠤ᠋ᠨ ᠣᠷᠳᠣᠨ᠂ ᠦᠵᠡᠰᠭᠦᠯᠡᠩ ᠤ᠋ᠨ ᠣᠷᠳᠣᠨ ᠤ᠋ ᠵᠠᠬ᠎ᠠ ᠳᠡᠯᠭᠡᠭᠦᠷᠵᠢᠭ᠌ᠰᠡᠨ ᠴᠢᠳᠠᠮᠵᠢ ᠪᠠ ᠬᠥᠭ᠌ᠵᠢᠯᠲᠡ ᠶ᠋ᠢᠨ ᠠᠮᠢᠵᠢᠷᠠᠯ ᠤ᠋ᠨ ᠬᠦᠴᠦᠨ ᠢ᠋ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠲᠢᠶᠠᠲ᠋ᠷ ᠬᠦᠷᠢᠶᠡᠯᠡᠩ ᠪᠦᠯᠬᠦᠮ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ ᠳ᠋ᠦ ᠲᠦᠱᠢᠭ᠌ᠯᠡᠨ ᠪᠥᠬᠥ᠌ ᠣᠷᠣᠨ ᠤ᠋ ᠲᠢᠶᠠᠲ᠋ᠷ ᠤ᠋ᠨ ᠡᠬᠢ ᠪᠠᠶᠠᠯᠢᠭ ᠢ᠋ ᠪᠥᠬᠥ᠌ ᠲᠠᠯ᠎ᠠ ᠪᠡᠷ ᠠᠮᠢᠯᠠᠭᠤᠯᠵᠤ᠂ ᠱᠢᠯᠢᠳᠡᠭ ᠲᠠᠢᠰᠠᠨ ᠤ᠋ ᠤᠷᠠᠯᠢᠭ ᠵᠦᠴᠦᠭᠡ (ᠲᠤᠭᠯᠠᠯᠳᠠ) ᠶ᠋ᠢ ᠪᠥᠬᠥ᠌ ᠣᠷᠣᠨ ᠳ᠋ᠦ ᠳᠡᠯᠭᠡᠨ ᠦᠵᠡᠭᠦᠯᠬᠦ᠌ ᠂ 《ᠤᠯᠠᠨ ᠲᠦᠮᠡᠨ ᠤ᠋ ᠤᠷᠠᠯᠢᠭ ᠤ᠋ᠨ ᠣᠳᠣᠨ ᠱᠠᠩᠨᠠᠯ》 ᠬᠦᠷᠳᠡᠭᠰᠡᠨ ᠱᠢᠯᠢᠳᠡᠭ ᠲᠤᠭᠯᠠᠯᠳᠠ ᠵᠢ ᠵᠡᠭᠦᠨ ᠪᠡᠶ᠎ᠠ ᠳ᠋ᠦ ᠲᠣᠭᠣᠷᠢᠨ ᠲᠣᠭ᠍ᠯᠠᠬᠤ᠂《ᠠᠷᠪᠠᠳᠤᠭᠠᠷ ᠬᠤᠭᠤᠴᠠᠭᠠᠨ ᠤ᠋ ᠤᠯᠠᠭᠠᠨᠮᠥ᠋ᠴᠢᠷ ᠤ᠋ᠨ ᠤᠷᠠᠯᠢᠭ ᠤ᠋ᠨ ᠨᠠᠢᠷ》 ᠵᠡᠷᠭᠡ ᠠᠵᠢᠯᠯᠠᠭ᠎ᠠ ᠵᠢ ᠡᠷᠭᠢᠯᠡᠵᠦ᠍᠂ ᠤᠯᠠᠭᠠᠨᠮᠥ᠋ᠴᠢᠷ ᠤ᠋ᠨ《ᠲᠦᠮᠡᠨ ᠲᠣᠰᠭᠣᠨ ᠳ᠋ᠦ ᠠᠶᠠᠯᠠᠠ ᠲᠣᠭ᠍ᠯᠠᠬᠤ》᠂《ᠵᠠᠭᠤᠨ ᠪᠦᠯᠬᠦᠮ ᠮᠢᠩᠭᠠᠨ ᠲᠠᠯᠠᠪᠠᠶ ᠲᠣᠭ᠍ᠯᠠᠯᠲᠠ ᠦᠨᠳᠦᠰᠦᠨ ᠱᠠᠲᠤᠨ ᠳ᠋ᠦ ᠪᠠᠭᠤᠬᠤ》᠂ 《ᠬᠢᠯᠢ ᠵᠢ ᠰᠠᠬᠢᠨ ᠰᠡᠷᠭᠡᠢᠯᠡᠯᠲᠡ ᠵᠢ ᠪᠡᠬᠢᠵᠢᠭᠦᠯᠵᠦ᠍ ᠬᠣᠶᠠᠷ ᠢ᠋ ᠬᠦᠷᠢᠶᠡᠯᠡᠨ ᠬᠠᠮᠲᠤ ᠪᠡᠷ ᠪᠠᠢᠭᠤᠯᠬᠤ》ᠵᠡᠷᠭᠡ ᠦᠨᠳᠦᠰᠦᠨ ᠱᠠᠲᠤᠨ ᠤ᠋ ᠲᠣᠭᠣᠷᠢᠨ ᠲᠣᠭ᠍ᠯᠠᠯᠳᠠ ᠵᠢ ᠲᠦᠮᠡ ᠡᠴᠡ ᠲᠠᠬᠡᠭᠰᠢ ᠤᠳᠠᠭ᠎ᠠ ᠲᠤᠭᠯᠠᠬᠤ ᠵᠢ ᠳᠡᠮᠵᠢᠵᠦ᠍ ᠂ ᠤᠮᠠᠷᠠᠲᠤ ᠬᠢᠯᠢ ᠶ᠋ᠢᠨ ᠰᠣᠶᠣᠯ ᠢ᠋ ᠠᠷᠠᠳ ᠣᠯᠠᠨ ᠤ᠋ ᠣᠶᠤᠨ ᠰᠠᠨᠠᠭ᠎ᠠ ᠰᠣᠶᠣᠯ ᠤ᠋ᠨ ᠬᠡᠷᠡᠭ᠌ᠴᠡᠭᠡ ᠱᠠᠭᠠᠷᠳᠠᠯᠭ᠎ᠠ ᠳ᠋ᠤ ᠨᠠᠩ ᠰᠠᠢᠲᠤᠷ ᠬᠠᠩᠭᠠᠬᠤ ᠶ᠋ᠢᠨ ᠬᠠᠮᠲᠤ᠌ ᠨᠡᠢᠬᠡᠮ ᠠᠵᠤ ᠠᠬᠤᠢ ᠶ᠋ᠢᠨ ᠬᠦᠭᠵᠢᠯᠳᠡ ᠳ᠋ᠦ ᠨᠡᠩ ᠰᠠᠢᠨ ᠦᠢᠯᠡᠴᠢᠯᠡᠬᠦᠯᠦᠨ᠎ᠠ᠃

ᠭᠤᠷᠪᠠ ᠳ᠋ᠦ᠂ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠵᠤᠬᠢᠶᠠᠨ ᠪᠦᠳᠦᠭᠡᠬᠦ᠌ ᠵᠢ ᠰᠠᠢᠲᠤᠷ ᠠᠳᠭᠤᠨ᠎ᠠ᠃《ᠭᠤᠷᠪᠠᠨ ᠨᠢᠭᠡ ᠪᠦᠯᠦᠭ》ᠵᠣᠬᠢᠶᠠᠨ ᠪᠦᠲᠦᠭᠡᠬᠦ᠌ ᠢᠨᠵᠧᠨᠧᠷᠢᠩ ᠢ᠋ ᠭᠦᠨᠵᠡᠭᠡᠢ ᠬᠡᠷᠡᠭ᠌ᠵᠢᠭᠦᠯᠵᠦ᠂ ᠵᠦᠴᠦᠭᠡ ᠲᠤᠭᠯᠠᠯᠳᠠ ᠶ᠋ᠢᠨ ᠵᠤᠬᠢᠶᠠᠨ ᠪᠦᠳᠦᠭᠡᠯᠭᠡ᠂ ᠵᠣᠬᠢᠶᠠᠨ ᠪᠠᠢᠭᠤᠯᠬᠤ᠂ ᠬᠠᠮᠢᠶᠠᠷᠤᠯᠲᠠ ᠶ᠋ᠢᠨ ᠲᠦᠷᠢᠮ ᠤ᠋ᠨ ᠲᠣᠭ᠍ᠲᠠᠴᠠ ᠵᠢ ᠪᠠᠢᠭᠤᠯᠤᠨ ᠪᠦᠷᠢᠨᠰᠢᠬᠦᠯᠬᠦ ᠵᠢ ᠲᠦᠷᠭᠡᠳᠬᠡᠨ᠂ ᠤᠳᠭ᠎ᠠ ᠤᠷᠠᠯᠢᠭ ᠤ᠋ᠨ ᠪᠦᠲᠦᠭᠡᠯ ᠢ᠋ ᠦᠨᠡᠯᠡᠨ ᠵᠢᠱ᠌ᠢᠬᠦ᠌᠂ ᠬᠢᠨᠠᠨ ᠱᠢᠯᠭᠠᠬᠤ ᠰᠢᠰᠲᠸᠮ ᠢ᠋ ᠲᠡᠭᠦᠯᠳᠡᠷᠵᠢᠭᠦᠯᠦᠨ᠂ ᠤᠮᠠᠷᠠᠲᠤ ᠬᠢᠯᠢ ᠶ᠋ᠢᠨ ᠰᠣᠶᠣᠯ ᠤ᠋ᠨ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠬᠦ᠌ ᠪᠡᠯᠡ ᠮᠥᠩᠭᠥ ᠵᠢ ᠰᠠᠢᠲᠤᠷ ᠬᠠᠮᠢᠶᠠᠷᠴᠤ᠌ ᠭᠦᠢᠴᠡᠳ ᠬᠡᠷᠡᠭ᠌ᠯᠡᠨ᠎ᠡ ; ᠳᠠᠭᠤᠯᠠᠯᠲᠤ ᠵᠦᠴᠦᠭᠡ 《ᠵᠠᠩᠭᠠᠷ》 ᠢ᠋ ᠨᠡᠩ ᠴᠢᠨᠠᠷᠵᠢᠭᠤᠯᠤᠨ ᠂ ᠼᠢᠷᠺ 《ᠪᠢᠳᠡᠨ ᠤ᠋ ᠰᠠᠢᠨ ᠰᠠᠢᠬᠠᠨ ᠠᠮᠢᠳᠤᠷᠠᠯ》᠂ ᠶᠠᠷᠢᠶᠠᠲᠤ ᠵᠦᠴᠦᠭᠡ 《ᠮᠣᠩᠭᠣᠯ ᠲᠥᠪᠡᠳ ᠤ᠋ᠨ ᠰᠤᠷᠭᠠᠭᠤᠯᠢ》ᠵᠡᠷᠭᠡ ᠲᠤᠭᠯᠠᠯᠳᠠ ᠶ᠋ᠢᠨ ᠴᠢᠨᠠᠷ ᠴᠢᠨᠰᠠᠭ᠎ᠠ ᠂ ᠨᠠᠢᠷᠠᠯ ᠬᠦᠭᠵᠢᠮ 《ᠪᠢ ᠪᠣᠯᠤᠨ ᠴᠢ》᠂ ᠳᠠᠭᠤᠤ ᠬᠥᠭ᠌ᠵᠢᠮᠲᠦ ᠵᠦᠴᠦᠭᠡ 《ᠷᠤᠺ ᠲᠠᠯ᠎ᠠ ᠨᠤᠲᠤᠭ》᠂ ᠪᠡᠶᠡᠴᠢᠯᠡᠨ ᠤᠢᠯᠠᠭᠠᠯᠳᠠ ᠶ᠋ᠢᠨ ᠵᠦᠴᠦᠭᠡ 《ᠴᠤᠭ ᠪᠢᠯᠢᠭ》 ᠵᠡᠷᠭᠡ ᠲᠤᠭᠯᠠᠯᠳᠠ ᠵᠢᠨ ᠵᠣᠬᠢᠶᠠᠨ ᠪᠦᠲᠦᠭᠡᠯᠭᠡ ᠶ᠋ᠢᠨ ᠠᠵᠢᠯ ᠢ᠋ ᠡᠬᠢᠯᠡᠬᠦᠯᠵᠦ᠂ 《ᠯᠤᠤ ᠶ᠋ᠢᠨ ᠡᠷᠢᠯ》᠂ 《ᠪᠠᠶᠠᠷᠲᠦ ᠵᠤᠯᠭᠠᠯᠳᠠ》 ᠵᠡᠷᠭᠡ ᠨᠢᠭᠡ ᠪᠦᠯᠦᠭ ᠠᠮᠢᠳᠤᠷᠠᠯ ᠤ᠋ᠨ ᠦᠨᠦᠷ ᠠᠮᠳᠠ ᠡᠯᠪᠡᠭ᠂ ᠣᠯᠠᠨ ᠲᠦᠮᠡᠨ ᠤ᠋ ᠦᠵᠡᠵᠦ᠍ ᠰᠣᠨᠢᠷᠬᠠᠬᠤ ᠳᠤᠷᠠᠲᠠᠶ ᠱᠣᠭ ᠵᠦᠴᠦᠭᠡ ᠬᠢᠯᠪᠡᠭᠡᠨ ᠵᠦᠴᠦᠭᠡ ᠵᠢᠨ ᠵᠤᠬᠢᠶᠠᠨ ᠪᠦᠳᠦᠭᠡᠯᠭᠡ ᠵᠢ ᠠᠬᠢᠭᠤᠯᠤᠨ᠎ᠠ᠃ ᠡᠭᠦᠨ ᠤ᠋ ᠬᠠᠮᠲᠤ ᠰᠤᠳᠤᠨ ᠴᠢᠳᠠᠪᠤᠷᠢᠲᠠᠨ᠂ ᠣᠷᠣᠢᠯᠠᠭ᠍ᠰᠠᠨ ᠴᠢᠳᠠᠪᠤᠷᠢᠲᠠᠨ ᠵᠡᠷᠭᠡ ᠳᠥᠷᠪᠡᠨ ᠲᠥᠷᠥᠯ ᠤ᠋ᠨ ᠬᠦᠮᠦᠰ ᠤ᠋ᠨ ᠲᠤᠭᠤᠷᠢᠨ ᠳ᠋ᠤ ᠴᠢᠳᠠᠪᠤᠷᠢᠲᠠᠨ ᠢ᠋ ᠣᠷᠣᠭᠤᠯᠤᠨ ᠠᠪᠴᠢᠷᠠᠵᠤ ᠦᠯᠡᠳᠡᠭᠡᠨ ᠬᠡᠷᠡᠭ᠌ᠯᠡᠬᠦ᠌ ᠪᠠᠢᠭᠤᠯᠤᠯ ᠲᠣᠭ᠍ᠲᠠᠴᠠ ᠵᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠤᠷᠠᠯᠢᠭ ᠤ᠋ᠨ ᠴᠢᠳᠠᠪᠤᠷᠢᠲᠠᠨ ᠤ᠋ ᠡᠩᠨᠡᠭᠡ ᠵᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠵᠦ᠍᠂ ᠰᠣᠳᠣᠨ ᠪᠦᠲᠦᠭᠡᠯ ᠵᠣᠬᠢᠶᠠᠨ ᠪᠦᠲᠦᠭᠡᠬᠦ᠌ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠦᠨ᠎ᠡ᠃

ᠳᠥᠷᠪᠡ ᠳ᠋ᠦ᠂ ᠤᠮᠠᠷᠠᠲᠤ ᠬᠢᠯᠢ ᠶ᠋ᠢᠨ ᠰᠣᠶᠣᠯ ᠤ᠋ᠨ ᠦᠷ᠎ᠡ ᠪᠦᠲᠦᠭᠡᠯ ᠤ᠋ᠨ ᠦᠵᠡᠭᠦᠯᠭᠡ ᠵᠢ ᠨᠡᠮᠡᠭ᠌ᠳᠡᠭᠦᠯᠦᠨ᠎ᠡ᠃《ᠠᠶᠠᠯᠭᠤᠳᠤ ᠵᠢᠭᠤᠯᠴᠢᠯᠠᠯ ᠥᠪᠥᠷ ᠮᠣᠩᠭᠣᠯ》ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠢ᠋ ᠪᠦᠬᠦ᠌ ᠬᠦᠴᠦᠨ ᠢ᠋ᠶ᠋ᠡᠷ ᠢ᠋ᠶ᠋ᠡᠨ ᠴᠤᠭᠴᠠᠯᠠᠬᠤ ᠪᠡᠷ ᠭᠣᠣᠯᠳᠠᠯᠭ᠎ᠠ ᠪᠣᠯᠭᠠᠨ᠂ ᠳᠣᠲᠣᠭᠠᠳᠤ ᠳ᠋ᠡᠬᠢ ᠦᠵᠡᠭᠦᠯᠭᠡ ᠪᠠ ᠭᠠᠳᠠᠷ ᠤᠷᠤᠨ ᠳ᠋ᠡᠬᠢ ᠦᠵᠡᠭᠦᠯᠭᠡ ᠵᠡᠷᠭᠡ ᠡᠯ᠎ᠡ ᠵᠦᠢᠯ ᠤ᠋ᠨ ᠠᠵᠢᠯ ᠢ᠋ ᠨᠢᠭᠡᠳᠦᠯᠲᠡᠶ ᠲᠥᠯᠥᠪᠯᠡᠨ ᠰᠠᠢᠲᠤᠷ ᠠᠳᠭᠤᠨ᠎ᠠ᠃ ᠨᠢᠭᠡ ᠲᠠᠯ᠎ᠠ ᠪᠡᠷ 《ᠲᠦᠷᠪᠡᠨ ᠵᠦᠭ ᠤ᠋ᠨ ᠦᠩᠬᠡ ᠠᠶᠠᠰ — ᠥᠪᠥᠷ ᠮᠣᠩᠭᠣᠯ ᠤ᠋ᠨ ᠡᠷᠲᠡᠨ ᠤ᠋ ᠲᠡᠦᠬᠡ ᠰᠣᠶᠣᠯ ᠤ᠋ᠨ ᠳᠤᠷᠠᠰᠭᠠᠯᠲᠤ ᠵᠦᠢᠯᠡᠰ ᠤ᠋ᠨ ᠰᠣᠳᠣᠨ ᠪᠦᠲᠦᠭᠡᠯ ᠤ᠋ᠨ ᠦᠵᠡᠰᠭᠦᠯᠡᠩ》᠂ 《ᠤᠮᠠᠷᠠᠲᠤ ᠬᠢᠯᠢ ᠶ᠋ᠢᠨ ᠤᠯᠠ ᠮᠥᠷ — ᠳᠤᠮᠳᠠᠳᠤ ᠶ᠋ᠢᠨ ᠪᠣᠯᠪᠠᠰᠤᠨ ᠤ᠋ ᠣᠨᠴᠠᠯᠢᠭ ᠱᠢᠨᠵᠢ ᠶ᠋ᠢᠨ ᠦᠵᠡᠰᠭᠦᠯᠡᠩ》 ᠵᠡᠷᠭᠡ 150 ᠭᠠᠷᠤᠢ ᠵᠤᠢᠯ ᠤ᠋ᠨ ᠰᠣᠳᠣᠨ ᠵᠦᠢᠯᠡᠰ ᠤ᠋ᠨ ᠲᠣᠭᠣᠷᠢᠨ ᠦᠵᠡᠭᠦᠯᠭᠡ ᠵᠢ ᠲᠥᠰᠦᠪᠯᠡᠨ ᠡᠷᠬᠢᠯᠡᠵᠦ᠍ ᠂ ᠳᠤᠮᠳᠠᠳᠤ ᠤᠯᠤᠰ ᠢ᠋ ᠤᠢᠯᠠᠭᠠᠬᠤᠢ《ᠡᠬᠡ ᠤᠯᠤᠰ ᠤ᠋ᠨ ᠤᠮᠠᠷᠠᠲᠤ ᠬᠢᠯᠢ·ᠪᠣᠯᠪᠠᠰᠤᠨ᠎ᠤ ᠡᠬᠢ ᠰᠤᠷᠪᠤᠯᠵᠢ ᠵᠢ ᠬᠠᠢᠬᠤ》ᠱᠢᠷᠢᠰ ᠤᠬᠠᠭᠤᠯᠭ᠎ᠠ ᠥᠷᠨᠢᠭᠦᠯᠵᠦ᠍᠂ ᠠᠷᠠᠳ ᠤᠯᠠᠨ ᠳ᠋ᠦ ᠭᠡᠷ ᠤ᠋ᠨ ᠬᠢᠨᠢ ᠡᠬᠦᠳᠡᠨ ᠳ᠋ᠤ ᠰᠣᠶᠣᠯ ᠤ᠋ᠨ ᠦᠪᠡᠳᠡᠭ᠌ᠰᠢ ᠨᠠᠢᠷ ᠢ᠋ ᠡᠳ᠋ᠯᠡᠭᠦᠯᠦᠨ᠎ᠠ ; ᠨᠥᠭᠥᠭᠡ ᠲᠠᠯ᠎ᠠ ᠪᠡᠷ ᠭᠠᠳᠠᠭᠰᠢ ᠭᠠᠷᠴᠤ ᠲᠤᠭᠯᠠᠬᠤ ᠪᠠᠢᠩᠭᠤᠵᠢᠭᠤᠯᠤᠭᠰᠠᠨ ᠲᠣᠭ᠍ᠯᠠᠯᠲᠠ ᠵᠢ ᠶᠡᠬᠡ ᠪᠡᠷ ᠦᠷᠨᠢᠬᠦᠯᠵᠦ ᠂ ᠤᠮᠠᠷᠠᠲᠤ ᠬᠢᠯᠢ ᠶ᠋ᠢᠨ ᠰᠣᠶᠣᠯ ᠤ᠋ᠨ ᠡᠬᠡ ᠤᠯᠤᠰ ᠲᠡᠬᠢ ᠠᠶᠠᠯᠠᠯ ᠤ᠋ᠨ ᠠᠵᠢᠯᠯᠠᠭ᠎ᠠ ᠥᠷᠨᠢᠭᠦᠯᠦᠨ ᠂ ᠼᠢᠷᠺ《ᠪᠢᠳᠡᠨ ᠤ᠋ ᠰᠠᠢᠨ ᠰᠠᠢᠬᠠᠨ ᠠᠮᠢᠳᠤᠷᠠᠯ》᠂ ᠲᠣᠮᠣ ᠬᠡᠯᠪᠡᠷᠢ ᠶ᠋ᠢᠨ ᠦᠨᠳᠦᠰᠦᠲᠡᠨ ᠤ᠋ ᠨᠠᠢᠷᠠᠯ ᠬᠥᠭ᠌ᠵᠢᠮ 《ᠮᠣᠩᠭᠣᠯ ᠮᠣᠷᠢ》 ᠪᠠ 《ᠲᠦᠮᠡᠨ ᠠᠭ᠍ᠲᠠ ᠶ᠋ᠢᠨ ᠲᠦᠪᠡᠷᠭᠡᠨ》 ᠵᠡᠷᠭᠡ ᠮᠣᠷᠢᠨ ᠬᠤᠭᠤᠷ ᠤ᠋ᠨ ᠲᠤᠰᠭᠠᠶ ᠲᠠᠯᠠᠪᠠᠶ᠎ᠳᠠᠭᠤᠤ ᠬᠥᠭ᠌ᠵᠢᠮ ᠤ᠋ᠨ ᠦᠳᠡᠱᠢᠯᠡᠭᠡ ᠵᠢ ᠪᠥᠬᠥ᠌ ᠤᠯᠤᠰ ᠲᠦ᠍ ᠥᠷᠨᠢᠭᠦᠯᠵᠦ᠍ ᠂ ᠤᠳᠭ᠎ᠠ ᠤᠷᠠᠯᠢᠭ ᠢ᠋ᠶ᠋ᠠᠷ ᠥᠪᠥᠷ ᠮᠣᠩᠭᠣᠯ ᠤ᠋ᠨ ᠥᠯᠢᠭᠡᠷ ᠢ᠋ ᠰᠠᠢᠲᠤᠷ ᠶᠠᠷᠢᠵᠤ ᠂ ᠪᠥᠬᠥ᠌ ᠤᠯᠤᠰ ᠤ᠋ᠨ ᠡᠯ᠎ᠡ ᠭᠠᠵᠠᠷ ᠤ᠋ᠨ ᠵᠢᠭᠤᠯᠴᠢᠯᠠᠭ᠍ᠴᠢᠳ ᠤ᠋ᠨ ᠥᠪᠥᠷ ᠮᠣᠩᠭᠣᠯ ᠳ᠋ᠦ ᠢᠷᠡᠵᠦ᠍ ᠵᠢᠭᠤᠯᠴᠢᠯᠠᠬᠤ ᠪᠠ ᠬᠠᠮᠲᠤᠷᠠᠯᠴᠠᠬᠤ ᠵᠢ ᠤᠷᠢᠨ᠎ᠠ᠃ ᠢᠯᠠᠩᠭᠤᠶ᠎ᠠ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠲᠥᠷᠥᠯ ᠲᠡᠮᠳᠡᠭ ᠢ᠋ ᠡᠭᠦᠳᠦᠨ ᠪᠠᠢᠭᠤᠯᠬᠤ ᠠᠵᠢᠯ ᠢ᠋ ᠪᠥᠬᠥ᠌ ᠲᠠᠯ᠎ᠠ ᠪᠡᠷ ᠰᠠᠢᠲᠤᠷ ᠠᠳᠭᠤᠵᠤ᠂ ᠰᠣᠶᠣᠯ ᠵᠢᠭᠤᠯᠴᠢᠯᠠᠯ ᠪᠡᠶ᠎ᠡ ᠶ᠋ᠢᠨ ᠲᠠᠮᠢᠷ ᠬᠤᠳᠠᠯᠳᠤᠭ᠎ᠠ ᠮᠦᠩᠬᠦᠨ ᠬᠦᠢᠯᠬᠡᠬᠡᠨ ᠢ᠋ ᠠᠭᠤᠰᠤᠯᠴᠠᠭᠤᠯᠤᠨ ᠬᠥᠭ᠌ᠵᠢᠭᠦᠯᠬᠦ᠌ ᠵᠠᠭ᠍ᠪᠤᠷ ᠢ᠋ ᠲᠦᠷᠭᠡᠳᠭᠡᠨ ᠰᠦᠪᠡᠭ᠌ᠴᠢᠯᠡᠨ ᠠᠬᠢᠭᠤᠯᠵᠤ᠂《ᠬᠤᠭᠤᠯᠠ ᠬᠤᠨᠤᠭ ᠠᠶᠠᠯᠠᠯ ᠵᠢᠭᠤᠯᠴᠢᠯᠠᠯ ᠬᠤᠳᠠᠯᠳᠤᠭ᠎ᠠ ᠴᠡᠩᠬᠡᠬᠦᠨ》ᠤ᠋ ᠬᠡᠷᠡᠭ᠌ᠯᠡᠭᠡᠨ ᠤ᠋ ᠠᠵᠤ ᠦᠶ᠋ᠯᠡᠰ ᠤ᠋ᠨ ᠬᠡᠯᠬᠢᠶ᠎ᠡ ᠵᠢ ᠬᠦᠴᠦ᠍ ᠪᠡᠨ ᠬᠠᠮᠲᠤᠳᠭᠠᠨ ᠴᠣᠭ᠍ᠴᠠᠯᠠᠵᠤ᠂ 《ᠨᠢᠭᠡ ᠪᠦᠰᠡ ᠨᠢᠭᠡ ᠵᠠᠮ·ᠤᠮᠠᠷᠠᠲᠤ ᠬᠢᠯᠢ ᠪᠡᠨ ᠮᠠᠭ᠍ᠲᠠᠨ ᠳᠠᠭᠤᠯᠠᠶ᠎ᠠ》 ᠭᠡᠬᠦ᠌ ᠪᠥᠬᠥ᠌ ᠤᠯᠤᠰ ᠤ᠋ᠨ ᠨᠠᠢᠷᠠᠯ ᠳᠠᠭᠤᠤ ᠶ᠋ᠢᠨ ᠦᠵᠡᠭᠦᠯᠭᠡ᠂ 《ᠠᠶᠠᠯᠭᠤᠳᠤ ᠵᠢᠭᠤᠯᠴᠢᠯᠠᠯ ᠥᠪᠥᠷ ᠮᠣᠩᠭᠣᠯ·ᠠᠶ᠎ᠠ ᠳᠠᠭᠤᠤ ᠲᠠᠢ ᠠᠶᠠᠯᠠᠨ ᠵᠢᠭᠤᠯᠴᠢᠯᠠᠬᠤ》ᠵᠡᠷᠭᠡ ᠠᠵᠢᠯᠯᠠᠭ᠎ᠠ ᠵᠢ ᠰᠠᠢᠲᠤᠷ ᠡᠷᠭᠢᠯᠡᠵᠦ᠍᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠪᠣᠯᠤᠨ ᠭᠠᠳᠠᠷ ᠣᠷᠣᠨ ᠤ᠋ ᠵᠢᠭᠤᠯᠴᠢᠯᠠᠭᠰᠠᠳ ᠲᠦ᠍《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠤ᠋ᠨ ᠥᠪᠡᠷᠮᠢᠴᠡ ᠷᠢᠳᠢ ᠱᠢᠳᠢ ᠵᠢ ᠭᠦᠶ᠋ᠴᠡᠳ ᠡᠳ᠋ᠯᠡᠭᠦᠯᠦᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号