2025 ᠣᠨ᠎ᠤ ᠤᠯᠤᠰ᠎ᠤᠨ ᠪᠠᠶᠠᠷ ᠪᠤᠯᠤᠨ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠳᠤ᠂ ᠦᠪᠦᠷ ᠮᠤᠩᠭᠤᠯ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠴᠢ᠎ᠵᠢ 2531.20 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠠᠳᠠᠯᠢ ᠬᠤᠭᠤᠴᠠᠭᠠᠨ᠎ᠤ᠎ᠬᠢ᠎ᠡᠴᠡ 10.28% ᠪᠠᠷ ᠨᠡᠮᠡᠭ᠌ᠳᠡᠵᠦ᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠯ᠎ᠤᠨ ᠶᠡᠷᠦᠩᠬᠡᠶ ᠵᠠᠷᠤᠳᠠᠯ 176.86 ᠳ᠋ᠦᠩᠱᠢᠭᠤᠷ ᠲᠥᠭᠥᠷᠢᠭ᠎ᠲᠦ ᠬᠦᠷᠴᠦ᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠠᠳᠠᠯᠢ ᠬᠤᠭᠤᠴᠠᠭᠠᠨ᠎ᠤ᠎ᠬᠢ᠎ᠡᠴᠡ 9.77% ᠪᠠᠷ ᠨᠡᠮᠡᠭ᠌ᠳᠡᠪᠡ᠃ ᠡᠨᠡ ᠵᠢᠯ᠎ᠤᠨ ᠰᠤᠶᠤᠯ ᠵᠢᠭᠤᠯᠴᠢᠯᠠᠯ᠎ᠤᠨ ᠠᠵᠢᠯᠯᠠᠭ᠎ᠠ ᠨᠢ ᠨᠡᠩ ᠪᠠᠶᠠᠯᠢᠭ᠂ ᠬᠡᠷᠡᠭ᠌ᠴᠡᠭᠡ ᠱᠠᠭᠠᠷᠳᠠᠯᠭ᠎ᠠ ᠨᠢ ᠨᠡᠩ ᠬᠥᠭ᠌ᠵᠢᠩᠭᠦᠶ ᠪᠠᠢᠵᠦ᠂ ᠬᠠᠩᠭᠠᠯᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠦᠨ᠂ ᠠᠷᠠᠳ᠎ᠲᠤ ᠠᠱᠢᠭ ᠬᠦᠷᠲᠡᠭᠡᠭᠰᠡᠨ ᠨᠢ ᠡᠷᠴᠢᠮᠳᠠᠢ᠂ ᠠᠮᠤᠷ ᠲᠦᠪᠱᠢᠨ ᠡᠮᠬᠢ ᠵᠢᠷᠤᠮ᠎ᠲᠠᠶ ᠶᠠᠪᠤᠭᠳᠠᠵᠠᠢ᠃
ᠦᠪᠦᠷ ᠮᠤᠩᠭᠤᠯ᠎ᠤᠨ ᠰᠤᠶᠤᠯ ᠵᠢᠭᠤᠯᠴᠢᠯᠠᠯ᠎ᠤᠨ ᠠᠵᠢᠯᠯᠠᠭ᠎ᠠ ᠡᠯᠪᠡᠭ ᠪᠠᠶᠠᠯᠢᠭ᠂ ᠪᠠᠶᠠᠷ᠎ᠤᠨ ᠡᠳᠦᠷ᠎ᠦᠨ ᠠᠭᠤᠷ ᠠᠮᠢᠰᠭᠤᠯ ᠬᠦᠭᠵᠢᠶᠡᠨᠳᠡᠢ᠃ ᠠᠮᠠᠷᠠᠯᠳᠠ᠎ᠶᠢᠨ ᠬᠤᠭᠤᠴᠠᠭᠠᠨ᠎ᠳᠤ 118 ᠵᠦᠶ᠋ᠯ᠎ᠦᠨ ᠭᠤᠤᠯᠳᠠᠯᠭ᠎ᠠ᠎ᠲᠠᠶ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠍᠂ ᠠᠵᠢᠯᠯᠠᠭ᠎ᠠ᠎ᠨᠢ ᠣᠯᠠᠨ ᠡᠱᠢᠲᠦ ᠬᠡᠷᠡᠭ᠌ᠯᠡᠭᠡᠨ᠎ᠦ ᠠᠬᠤᠶ ᠪᠠᠢᠳᠠᠯ᠎ᠢ ᠬᠠᠮᠤᠷᠴᠤ᠌᠂ ᠠᠷᠠᠳ᠎ᠤᠨ ᠰᠣᠶᠣᠯ᠎ᠤᠨ ᠦᠵᠡᠭᠦᠯᠭᠡ ᠵᠡᠷᠭᠡ ᠤᠯᠠᠮᠵᠢᠯᠠᠯᠲᠤ ᠰᠣᠶᠣᠯ᠎ᠢ ᠪᠡᠶᠡᠴᠢᠯᠡᠨ ᠣᠢᠯᠠᠭᠠᠬᠤ ᠲᠥᠷᠥᠯ ᠵᠦᠶ᠋ᠯ ᠵᠢᠴᠢ ᠮᠣᠷᠢ ᠤᠷᠤᠯᠳᠤᠬᠤ᠂ ᠭᠦᠶᠦᠬᠦ᠌ ᠤᠷᠤᠯᠳᠤᠭᠠᠨ᠂ ᠬᠡᠭᠡᠷᠡᠯᠡᠬᠦ᠌ ᠤᠷᠤᠯᠳᠤᠭᠠᠨ ᠵᠡᠷᠭᠡ ᠤᠷᠤᠯᠳᠤᠭᠠᠨᠬᠦᠭᠵᠢᠶᠡᠨᠳᠡᠢ ᠶᠠᠪᠤᠭᠳᠠᠵᠠᠢ᠃ ᠢᠯᠠᠩᠭᠤᠶ᠎ᠠ ᠱᠢᠯᠢᠳᠡᠭ ᠦᠶ᠋ᠯᠡᠳᠬᠦᠨ᠎ᠦ ᠣᠯᠠᠨ ᠡᠱᠢᠲᠦ ᠬᠠᠩᠭᠠᠯᠭ᠎ᠠ ᠨᠢ ᠵᠢᠭᠤᠯᠴᠢᠯᠠᠭᠰᠠᠳ᠎ᠤᠨ ᠣᠯᠠᠨ ᠶᠠᠩᠵᠤ᠎ᠶ᠋ᠢᠨ ᠬᠡᠷᠡᠭ᠌ᠴᠡᠭᠡ᠎ᠶ᠋ᠢ ᠰᠠᠢᠳᠤᠷ ᠬᠠᠩᠭᠠᠵᠦ᠂ ᠠᠷᠠᠳ ᠣᠯᠠᠨ᠎ᠤ ᠣᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠨ᠂ ᠪᠡᠭᠡᠵᠢᠩ ᠥᠪᠥᠷ ᠮᠣᠩᠭᠣᠯ᠎ᠤᠨ 10 ᠵᠤᠷᠪᠤᠰ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠨᠡᠢᠲᠡᠯᠡᠵᠦ᠍᠂ ᠲᠠᠯ᠎ᠠ ᠨᠤᠲᠤᠭ᠂ ᠡᠯᠡᠰᠦ ᠮᠠᠩᠬ᠎ᠠ᠂ ᠣᠶ ᠱᠢᠭᠤᠶ᠂ ᠭᠠᠯᠲᠤ ᠠᠭᠤᠯᠠ᠂ ᠨᠤᠭᠤ ᠭᠠᠵᠠᠷ ᠵᠡᠷᠭᠡ᠎ᠶ᠋ᠢ ᠲᠥᠪᠯᠡᠷᠡᠭᠦᠯᠵᠦ᠍᠂ ᠪᠥᠬᠥ᠌ ᠣᠷᠣᠨ᠎ᠤ ᠡᠯ᠎ᠡ ᠭᠤᠤᠯᠳᠠᠯᠭ᠎ᠠ᠎ᠲᠠᠶ ᠵᠢᠭᠤᠯᠴᠢᠯᠠᠯ᠎ᠤᠨ ᠭᠠᠵᠠᠷ ᠣᠷᠣᠨ᠎ᠤ ᠰᠣᠳᠣᠨ ᠦᠵᠡᠮᠵᠢ᠎ᠶ᠋ᠢ ᠬᠣᠯᠪᠣᠪᠠ᠃ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠬᠤ᠂ ᠬᠤᠪᠢᠰᠭᠠᠯ᠎ᠤᠨ ᠲᠡᠦᠬᠡ᠎ᠶ᠋ᠢ ᠡᠷᠭᠢᠴᠡᠭᠦᠯᠬᠦ᠌᠎ᠪᠡᠷ ᠭᠤᠤᠯ ᠰᠡᠳᠦᠪ ᠪᠣᠯᠭᠠᠭᠰᠠᠨ10 ᠵᠤᠷᠪᠤᠰ ᠬᠤᠪᠢᠰᠭᠠᠯ᠎ᠤᠨ ᠵᠢᠭᠤᠯᠴᠢᠯᠠᠯ᠎ᠤᠨ ᠵᠠᠮ ᠱᠤᠭᠤᠮ ᠨᠢ ᠦᠷᠡᠭ᠌ᠳᠡᠭ᠌ᠰᠡᠨ ᠪᠠᠭᠠᠲᠤᠷᠴᠤᠳ᠎ᠤᠨ ᠤᠯᠠ ᠮᠦᠷ᠎ᠢᠶᠡᠷ ᠵᠠᠮᠨᠠᠵᠤ᠂ ᠢᠲᠡᠭᠡᠯ ᠪᠢᠱᠢᠷᠡᠯ᠎ᠦᠨ ᠬᠦᠴᠦᠨ᠎ᠢ ᠤᠬᠠᠵᠤ᠂ ᠤᠯᠤᠰ᠎ᠢᠶᠠᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠪᠠ᠃
《ᠰᠣᠶᠣᠯ ᠵᠢᠭᠤᠯᠴᠢᠯᠠᠯ +》᠂ 《+ ᠰᠣᠶᠣᠯ ᠵᠢᠭᠤᠯᠴᠢᠯᠠᠯ》 ᠨᠢ ᠠᠵᠤ ᠠᠬᠤᠶ᠎ᠶ᠋ᠢᠨ ᠨᠡᠮᠡᠭ᠌ᠳᠡᠯ᠎ᠦᠨ ᠱᠢᠨ᠎ᠡ ᠠᠷᠭ᠎ᠠ ᠬᠡᠯᠪᠡᠷᠢ ᠪᠣᠯᠵᠣ᠂ ᠡᠯ᠎ᠡ ᠭᠠᠵᠠᠷ᠎ᠤᠨ᠎ᠬᠢᠨ ᠥᠪᠡᠷᠮᠢᠴᠡ ᠣᠨᠴᠠᠯᠢᠭ᠎ᠲᠠᠶ ᠦᠵᠡᠰᠭᠦᠯᠡᠩ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠠᠷᠠᠳ᠎ᠤᠨ ᠵᠠᠩ ᠦᠶ᠋ᠯᠡ᠎ᠶ᠋ᠢᠨ ᠦᠵᠡᠭᠦᠯᠭᠡ᠎ᠶ᠋ᠢᠨ ᠲᠣᠭ᠍ᠯᠠᠯᠲᠠ ᠵᠡᠷᠭᠡ ᠠᠵᠢᠯᠯᠠᠭ᠎ᠠ ᠥᠷᠨᠢᠭᠦᠯᠵᠦ᠍᠂ ᠰᠣᠶᠣᠯ᠎ᠤᠨ ᠦᠨᠦᠷ ᠠᠮᠲᠠ᠎ᠶ᠋ᠢ ᠠᠭᠤᠰᠤᠯᠴᠠᠭᠤᠯᠤᠭ᠍ᠰᠠᠨ᠂ ᠴᠠᠭ᠎ᠤᠨ ᠤᠷᠤᠰᠬᠠᠯ ᠳᠠᠭᠠᠭ᠍ᠰᠠᠨ ᠠᠮᠠᠷᠠᠯᠲᠠ᠎ᠶ᠋ᠢᠨ ᠡᠳᠦᠷ᠎ᠦᠨ ᠦᠪᠡᠳᠡᠭ᠌ᠰᠢ ᠨᠠᠢᠷ ᠥᠪᠥᠷ ᠮᠣᠩᠭᠣᠯ᠎ᠤᠨ ᠪᠥᠬᠥ᠌ ᠬᠡᠪᠴᠢᠶᠡᠨ᠎ᠳᠦ ᠦᠷᠨᠢᠵᠦ᠂ ᠵᠠᠬ᠎ᠠ ᠳᠡᠯᠭᠡᠭᠦᠷ᠎ᠦᠨ ᠠᠵᠢᠯᠯᠠᠭᠠᠨ ᠠᠮᠤᠷ ᠲᠦᠪᠱᠢᠨ ᠡᠮᠬᠢ ᠵᠢᠷᠤᠮ᠎ᠲᠠᠶ᠂ ᠦᠶ᠋ᠯᠡᠴᠢᠯᠡᠭᠡᠨ᠎ᠦ ᠪᠠᠲᠤᠯᠠᠭ᠎ᠠ ᠯᠠᠪᠳᠠᠭᠤᠨ ᠶᠠᠪᠤᠭᠳᠠᠵᠦ᠂ ᠠᠯᠳᠠᠨ ᠨᠠᠮᠤᠷ᠎ᠤᠨ ᠵᠢᠭᠤᠯᠴᠢᠯᠠᠯ ᠠᠷᠠᠳ ᠤᠯᠠᠨ᠎ᠤ ᠬᠦᠷᠢᠶᠡᠯᠡᠯ᠎ᠢ ᠤᠯᠵᠠᠢ᠃