ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠤᠯᠤᠰ ᠤ᠋ᠨ ᠪᠠᠶᠠᠷ ᠪᠤᠯᠤᠨ ᠨᠠᠢ᠍ᠮᠠᠨ ᠰᠠᠷ᠎ᠠ ᠢ᠋ᠢᠨ ᠲᠡᠷᠭᠡᠯ ᠪᠠᠶᠠᠷ ᠤ᠋ᠨ ᠠᠮᠠᠷᠠᠯᠲᠠ ᠢ᠋ᠢᠨ ᠬᠤᠭᠤᠴᠠᠭᠠᠨ ᠳ᠋ᠤ ᠦᠪᠦᠷ ᠮᠤᠩᠭᠤᠯᠤᠨ ᠣᠷᠣᠨ ᠪᠦᠰᠡ ᠠᠯᠤᠰᠯᠠᠨ ᠵᠤᠷᠴᠢᠭᠰᠠᠨ ᠠᠶᠠᠨᠴᠢᠨ 4632.49 ᠲᠦᠮᠡᠨ ᠬᠦᠮᠦᠨ ᠤᠳᠠᠭ᠎ᠠ ᠳ᠋ᠤ ᠬᠦᠷᠴᠦ᠍᠂ ᠡᠳᠦᠷ ᠳᠤᠮᠳᠠᠴᠢ ᠪᠡᠷ 579.06 ᠲᠦᠮᠡᠨ ᠬᠥᠮᠦᠨ ᠤᠳᠠᠭ᠎ᠠ ᠳ᠋ᠤ ᠬᠦᠷᠴᠤ᠂ ᠲᠦᠷᠭᠡᠨ ᠤ᠋ ᠵᠠᠰᠠᠮᠠᠯ ᠵᠠᠮ ᠤ᠋ᠨ ᠲᠡᠷᠭᠡᠨ ᠤᠷᠤᠰᠭᠠᠯ ᠤ᠋ᠨ ᠶᠡᠷᠦᠩᠬᠡᠶ ᠬᠡᠮᠵᠢᠶ᠎ᠡ 673.99 ᠲᠦᠮᠡ ᠳ᠋ᠤ ᠬᠦᠷᠴᠤ᠂ ᠡᠳᠦᠷ ᠳᠤᠮᠳᠠᠴᠢ ᠪᠡᠷ 84.25 ᠲᠦᠮᠡ ᠳ᠋ᠤ ᠬᠦᠷᠴᠤ᠂ ᠴᠦᠮ ᠲᠡᠤᠬᠡ ᠵᠢᠨ ᠰᠢᠨ᠎ᠠ ᠲᠡᠮᠳᠡᠭᠯᠡᠯ ᠢ᠋ ᠡᠭᠦᠳᠴᠡᠢ᠃
ᠤᠯᠤᠰ ᠤ᠋ᠨ ᠪᠠᠶᠠᠷ ᠪᠤᠯᠤᠨ ᠨᠠᠶ᠋ᠮᠠᠨ ᠰᠠᠷ᠎ᠠ ᠢ᠋ᠢᠨ ᠲᠡᠷᠭᠡᠯ ᠪᠠᠶᠠᠷ ᠤ᠋ᠨ ᠠᠮᠠᠷᠠᠯᠲᠠ ᠢ᠋ᠢᠨ ᠬᠤᠭᠤᠴᠠᠭᠠᠨ ᠳ᠋ᠤ ᠦᠪᠦᠷ ᠮᠤᠩᠭᠤᠯ ᠨᠡᠢ᠌ᠳᠡ 352.91ᠲᠦᠮᠡᠨ ᠬᠥᠮᠦᠨ ᠤᠳᠠᠭ᠎ᠠ ᠠᠶᠠᠨᠴᠢᠨ ᠵᠦᠭᠡᠭᠡᠪᠦᠷᠢᠯᠡᠵᠤ᠂ ᠡᠳᠦᠷ ᠳᠤᠮᠳᠠᠴᠢ ᠪᠡᠷ 44.11 ᠲᠦᠮᠡᠨ ᠬᠥᠮᠦᠨ ᠤᠳᠠᠭ᠎ᠠ ᠳ᠋ᠤ ᠬᠦᠷᠴᠡᠢ᠃ ᠡᠭᠦᠨ ᠳ᠋ᠤ ᠲᠡᠮᠦᠷ ᠵᠠᠮ ᠤ᠋ᠨ ᠠᠶᠠᠨᠴᠢᠳ ᠤ᠋ᠨ ᠵᠥᠭᠡᠭᠡᠪᠦᠷᠢ ᠢ᠋ᠢᠨ ᠬᠡᠮᠵᠢᠶ᠎ᠡ 237.36 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠡᠳᠦᠷ ᠳᠤᠮᠳᠠᠴᠢ ᠪᠡᠷ 29.67 ᠲᠦᠮᠡᠨ ᠬᠥᠮᠦᠨ ᠤᠳᠠᠭ᠎ᠠ ᠳ᠋ᠤ ᠬᠦᠷᠴᠡᠶ; ᠵᠠᠰᠠᠮᠠᠯ ᠵᠠᠮ ᠤ᠋ᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 40.52 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠡᠳᠦᠷ ᠳᠤᠮᠳᠠᠴᠢ ᠪᠡᠷ 5.07 ᠲᠦᠮᠡᠨ ᠬᠥᠮᠦᠨ ᠤᠳᠠᠭ᠎ᠠ ᠳ᠋ᠤ ᠬᠥᠷᠪᠡ; ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 75.03 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠡᠳᠦᠷ ᠳᠤᠮᠳᠠᠴᠢ ᠪᠡᠷ 9.38 ᠲᠦᠮᠡᠨ ᠬᠥᠮᠦᠨ ᠤᠳᠠᠭ᠎ᠠ ᠳ᠋ᠤ ᠬᠥᠷᠪᠡ᠃
ᠦᠪᠦᠷ ᠮᠤᠩᠭᠤᠯ ᠤᠯᠤᠰ ᠤ᠋ᠨ ᠪᠠᠶᠠᠷ ᠪᠤᠯᠤᠨ ᠨᠠᠶ᠋ᠮᠠᠨ ᠰᠠᠷ᠎ᠠ ᠢ᠋ᠢᠨ ᠲᠡᠷᠭᠡᠯ ᠪᠠᠶᠠᠷ ᠤ᠋ᠨ ᠠᠮᠠᠷᠠᠯᠲᠠ ᠢ᠋ᠢᠨ ᠬᠤᠭᠤᠴᠠᠭᠠᠨ ᠳ᠋ᠤ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠮᠤᠷ ᠲᠦᠪᠱᠢᠨ ᠪᠠ ᠦᠢᠯᠡᠴᠢᠯᠡᠭᠡᠨ ᠤ᠋ ᠪᠠᠲᠤᠯᠠᠭ᠎ᠠ ᠢ᠋ᠢ ᠯᠠᠪᠳᠠᠭᠤᠨ ᠪᠠᠲᠤᠲᠠᠢ ᠰᠠᠢᠲᠤᠷ ᠬᠢᠵᠤ᠂ ᠵᠠᠰᠠᠮᠠᠯ ᠵᠠᠮ ᠤ᠋ᠨ ᠲᠣᠣᠷ ᠤ᠋ᠨ ᠠᠵᠢᠯᠯᠠᠭᠠᠨ ᠤ᠋ ᠬᠢᠨᠠᠨ ᠬᠡᠮᠵᠢᠯᠲᠡ ᠢ᠋ᠢ ᠴᠢᠩᠭᠠᠳᠬᠠᠵᠤ᠂ ᠲᠦᠭ᠌ᠵᠢᠷᠡᠯ ᠢ᠋ ᠨᠡᠪᠲᠡᠷᠡᠭᠦᠯᠬᠦ᠌ ᠢ᠋ᠢ ᠪᠠᠲᠤᠯᠠᠬᠤ ᠲᠥᠰᠦᠯ᠂ 《ᠨᠢᠭᠡ ᠲᠣᠭᠣᠷᠢᠭ ᠲᠦ᠍ ᠨᠢᠭᠡ ᠲᠥᠷᠥ ᠢ᠋ᠢᠨ ᠪᠣᠳᠣᠯᠭ᠎ᠠ》 ᠵᠢᠨ ᠪᠠᠲᠤᠯᠠᠭ᠎ᠠ ᠢ᠋ᠢᠨ ᠲᠥᠰᠦᠯ ᠢ᠋ ᠲᠣᠭ᠍ᠲᠠᠭᠠᠨ᠂ ᠠᠮᠠᠷᠠᠯᠲᠠ ᠢ᠋ᠢᠨ ᠬᠤᠭᠤᠴᠠᠭᠠᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠮᠤᠷ ᠲᠦᠪᠱᠢᠨ ᠲᠣᠭ᠍ᠲᠠᠭᠤᠨ ᠪᠠᠢᠬᠤ ᠶ᠋ᠢ ᠪᠦᠬᠦ ᠬᠦᠴᠦᠨ ᠢ᠋ᠢᠡᠷ ᠢ᠋ᠢᠡᠨ ᠪᠠᠲᠤᠯᠠᠪᠠ᠃ ᠵᠠᠮ ᠬᠠᠷᠢᠯᠴᠠᠭᠠᠨ ᠤ᠋ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠢ᠋ᠢᠨ ᠬᠠᠷᠢᠭᠤᠴᠠᠯᠭ᠎ᠠ ᠢ᠋ᠢ ᠴᠢᠩᠭᠠᠳᠬᠠᠨ 《ᠲᠤᠰᠭᠠᠶ ᠬᠥᠮᠦᠨ ᠲᠤᠰᠭᠠᠶ ᠠᠩᠭᠢ ᠲᠤᠰᠭᠠᠶ ᠬᠠᠷᠢᠭᠤᠴᠠᠯᠭ᠎ᠠ ᠡᠭᠦᠷᠭᠡᠯᠡᠬᠦ᠌》 ᠲᠣᠭ᠍ᠲᠠᠴᠠ ᠢ᠋ᠢ ᠭᠦᠨᠵᠡᠭᠡᠢᠷᠡᠭᠦᠯᠵᠤ᠂ ᠲᠡᠭᠡᠭᠡᠪᠦᠷᠢ ᠢ᠋ᠢᠨ ᠦᠶ᠋ᠯᠡᠴᠢᠯᠡᠭᠡᠨ ᠤ᠋ ᠪᠠᠲᠤᠯᠠᠭ᠎ᠠ ᠢ᠋ᠢ ᠰᠠᠢᠲᠤᠷ ᠠᠳᠬᠤᠨ ᠠᠶᠠᠨᠴᠢᠳ ᠤ᠋ᠨ ᠶᠠᠪᠤᠵᠤ ᠰᠠᠭᠤᠬᠤ ᠬᠡᠷᠡᠭ᠌ᠴᠡᠭᠡ ᠱᠠᠭᠠᠷᠳᠠᠯᠭ᠎ᠠ ᠢ᠋ᠢ ᠪᠦᠲᠦᠮᠵᠢᠲᠡᠢ ᠬᠠᠩᠭᠠᠵᠤ᠂ ᠭᠣᠣᠯᠳᠠᠯᠭ᠎ᠠ ᠲᠠᠶ ᠡᠳ᠋ ᠪᠣᠳᠠᠰ ᠪᠠ ᠠᠷᠠᠳ ᠤ᠋ᠨ ᠠᠮᠢᠳᠤᠷᠠᠯ ᠤ᠋ᠨ ᠡᠳ᠋ ᠪᠣᠳᠠᠰ ᠤ᠋ᠨ ᠲᠡᠭᠡᠭᠡᠪᠦᠷᠢ ᠢ᠋ᠢᠨ ᠥᠨᠳᠥᠷ ᠪᠦᠲᠦᠮᠵᠢᠲᠡᠢ ᠰᠠᠭᠠᠳ ᠦᠭᠡᠢ ᠨᠡᠪᠲᠡᠷᠡᠬᠦ᠌ ᠢ᠋ᠢ ᠦᠨᠡᠨ ᠬᠦ᠌ ᠪᠠᠲᠤᠯᠠᠪᠠ; ᠵᠢᠵᠢᠭᠦᠷᠯᠡᠬᠦ᠌ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ᠌ ᠠᠵᠢᠯ ᠢ᠋ ᠴᠢᠡᠭᠭᠠᠳᠬᠠᠨ 24 ᠴᠠᠭ ᠢ᠋ᠢᠡᠷ ᠲᠤᠰᠭᠠᠶ ᠬᠥᠮᠦᠨ ᠵᠢᠵᠢᠭᠦᠷᠯᠡᠬᠦ᠌ ᠪᠠ ᠤᠳᠤᠷᠢᠳᠤᠯᠭ᠎ᠠ ᠡᠭᠡᠯᠵᠢ ᠳᠠᠭᠠᠭᠤᠯᠬᠤ ᠳᠦᠷᠢᠮ ᠢ᠋ ᠴᠢᠩᠭ᠎ᠠ ᠬᠡᠷᠡᠭ᠌ᠵᠢᠭᠦᠯᠵᠦ᠍᠂ 12328 ᠬᠠᠯᠠᠮᠰᠢᠯ ᠤᠲᠠᠰᠤᠨ ᠤ᠋ ᠦᠢᠯᠡᠴᠢᠯᠡᠭᠡ ᠢ᠋ᠢ ᠰᠠᠢᠲᠤᠷ ᠬᠢᠵᠤ᠂ ᠨᠡᠢᠲᠡ 10839 ᠲᠤᠬᠠᠢᠯᠠᠭᠰᠠᠨ ᠠᠵᠢᠯ ᠢ᠋ ᠭᠦᠢᠴᠡᠳᠬᠡᠵᠡᠢ᠃