ᠥᠪᠥᠷ ᠮᠣᠩᠭᠣᠯ ᠎ᠤᠨ ᠮᠦᠽᠧᠢ ᠵᠢᠨ ᠬᠦᠷᠢᠶᠡᠯᠡᠩ 18.7 ᠲᠦᠮᠡᠨ ᠵᠢᠭᠤᠯᠴᠢᠯᠠᠬᠴᠢ᠎ᠵᠢ ᠬᠦᠯᠢᠶᠡᠨ ᠠᠪᠴᠠᠢ
2025-10-10 11:29:41
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠤᠯᠤᠰ᠎ᠤᠨ ᠪᠠᠶᠠᠷ᠎ᠪᠤᠯᠤᠨ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠳᠤ ᠥᠪᠥᠷ ᠮᠣᠩᠭᠣᠯ ᠎ᠤᠨ ᠮᠦᠽᠧᠢ ᠵᠢᠨ ᠬᠦᠷᠢᠶᠡᠯᠡᠩ ᠦᠵᠡᠰᠭᠦᠯᠡᠩ ᠦᠵᠡᠬᠦᠯᠬᠡ᠂ ᠨᠡᠢᠬᠡᠮ᠎ᠤᠨ ᠰᠤᠷᠭᠠᠨ ᠬᠥᠮᠦᠵᠢᠯ᠎ᠦᠨ ᠠᠵᠢᠯᠯᠠᠭ᠎ᠠ᠎ᠵᠡᠷᠭᠡ 28 ᠵᠦᠢᠯ᠎ᠤᠨ 751 ᠲᠠᠯᠠᠪᠠᠢ ᠠᠵᠢᠯᠯᠠᠭ᠎ᠠ ᠡᠷᠬᠢᠯᠡᠨ᠂ 18.7 ᠲᠦᠮᠡᠨ ᠬᠥᠮᠦᠨ ᠤᠳᠠᠭ᠎ᠠ᠎ᠶᠢᠨ ᠲᠤᠭᠤᠷᠢᠨ ᠦᠵᠡᠭᠴᠢ᠎ᠵᠢ ᠬᠦᠯᠢᠶᠡᠨ ᠠᠪᠴᠠᠢ᠃

ᠠᠮᠠᠷᠠᠯᠲᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠮᠦᠽᠧᠢ ᠵᠢᠨ ᠬᠦᠷᠢᠶᠡᠯᠡᠩ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ 《ᠠᠭᠤᠰᠤᠯᠴᠠᠨ ᠪᠡᠬᠢᠵᠢᠭᠰᠡᠨ ᠤᠮᠠᠷᠠᠲᠤ ᠬᠢᠯᠢ》 ᠵᠡᠷᠭᠡ ᠠᠷᠪᠠᠨ ᠦᠨᠳᠦᠰᠦᠨ ᠦᠵᠡᠭᠦᠯᠭᠡ ᠭᠠᠷᠭᠠᠵᠦ᠂ ᠥᠪᠥᠷ ᠮᠣᠩᠭᠣᠯ᠎ᠤᠨ ᠲᠡᠦᠬᠡ ᠰᠣᠶᠣᠯ ᠎ᠢ ᠪᠥᠬᠥ᠌ ᠲᠠᠯ᠎ᠠ᠎ᠪᠠᠷ ᠳᠡᠯᠭᠡᠨ ᠦᠵᠡᠬᠦᠯᠵᠦ᠂ 《ᠡᠷᠲᠡᠨ ᠎ᠦ  ᠭᠷᠧᠭ ᠎ᠦᠨ ᠭᠤᠤ᠎ᠠ ᠰᠠᠢᠬᠠᠨ— ᠨᠠᠫᠯᠸᠰ ᠤᠯᠤᠰ᠎ᠤᠨ ᠬᠠᠭᠤᠴᠢ ᠰᠤᠳᠤᠯᠤᠯ ᠎ᠤᠨ ᠮᠦᠽᠧᠢ᠎ᠳᠦ ᠬᠠᠳᠠᠭᠠᠯᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯᠡᠰ ᠎ᠦᠨ ᠰᠣᠳᠣᠨ ᠪᠦᠲᠦᠭᠡᠯ᠎ᠦᠨ ᠦᠵᠡᠭᠦᠯᠭᠡ》᠂ 《ᠦᠵᠡᠰᠭᠦᠯᠡᠩᠲᠦ ᠰᠠᠢᠬᠠᠨ ᠭᠠᠨᠰᠦ — ᠥᠩᠭᠡᠲᠦ ᠸᠠᠭᠠᠷ᠎ᠤᠨ ᠰᠣᠶᠣᠯ᠎ᠤᠨ ᠦᠵᠡᠭᠦᠯᠭᠡ 》 ᠪᠣᠯᠤᠨ《ᠮᠥᠩᠭᠥᠨ ᠭᠦᠢᠯᠭᠡᠭᠡᠨ᠎ᠦ ᠳᠠᠷᠢ᠎ᠶ᠋ᠢᠨ ᠤᠳᠤᠭ᠎ᠠ — ᠬᠤᠪᠢᠰᠭᠠᠯ᠎ᠤᠨ ᠵᠣᠭᠣᠰᠣᠨ᠎ᠤ ᠦᠵᠡᠭᠦᠯᠭᠡ 》 ᠵᠡᠷᠭᠡ 3 ᠥᠪᠡᠷᠮᠢᠴᠡ ᠣᠨᠴᠠᠯᠢᠭ ᠎ᠲᠠᠶ ᠦᠵᠡᠭᠦᠯᠭᠡ ᠭᠠᠷᠭᠠᠪᠠ; ᠤᠯᠤᠰ ᠎ᠤᠨ ᠪᠠᠶᠠᠷ᠎ᠲᠦ ᠵᠤᠷᠢᠭᠤᠯᠤᠭᠰᠠᠨ ᠨᠡᠢᠭᠡᠮ ᠎ᠤᠨ ᠰᠤᠷᠭᠠᠨ ᠬᠥᠮᠦᠵᠢᠯ᠎ᠦᠨ ᠱᠢᠷᠢᠰ ᠠᠵᠢᠯᠯᠠᠭ᠎ᠠ ᠥᠷᠨᠢᠭᠦᠯᠵᠦ᠍᠂ ᠡᠯ᠎ᠡ ᠦᠨᠳᠦᠰᠦᠲᠡᠨ᠎ᠦ ᠬᠤᠪᠴᠠᠰᠤ ᠵᠠᠰᠠᠯ᠎ᠤᠨ ᠦᠵᠡᠭᠦᠯᠭᠡ᠂ ᠳᠠᠭᠤᠤ ᠪᠥᠵᠢᠭ᠎ᠦᠨ ᠲᠣᠭ᠍ᠯᠠᠯᠲᠠ᠂ ᠶᠣᠰᠣᠯᠠᠯ᠎ᠤᠨ ᠪᠡᠶᠡᠴᠢᠯᠡᠨ ᠣᠢᠯᠠᠭᠠᠯᠲᠠ ᠵᠡᠷᠭᠡ᠎ᠶ᠋ᠢ ᠪᠠᠭ᠍ᠲᠠᠭᠠᠵᠤ᠂ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠵᠤᠵᠠᠭᠠᠳᠭᠠᠪᠠ; ᠤᠮᠠᠷᠠᠲᠤ ᠬᠢᠯᠢ᠎ᠶ᠋ᠢᠨ ᠰᠣᠶᠣᠯ᠎ᠤᠨ ᠪᠦᠲᠦᠭᠡᠯᠴᠢ ᠰᠤᠳᠤᠯᠭᠠᠨ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠎ᠤᠨ ᠭᠠᠷ ᠤᠷᠠᠯᠠᠯ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂《ᠰᠥᠨᠢ᠎ᠶ᠋ᠢᠨ ᠵᠢᠭᠤᠯᠴᠢᠯᠠᠯ᠎ᠤᠨ ᠮᠦᠽᠧᠢ》 ᠵᠢᠨ ᠰᠣᠶᠣᠯ ᠎ᠤᠨ ᠱᠢᠨ᠎ᠡ ᠠᠬᠤᠢ ᠪᠠᠢᠳᠠᠯ᠎ᠢ ᠪᠤᠢ ᠪᠣᠯᠭᠠᠪᠠ; ᠰᠦᠯᠵᠢᠶᠡᠨ ᠦᠵᠡᠭᠦᠯᠭᠡ᠂ ᠱᠢᠭᠤᠳ ᠨᠡᠪᠲᠡᠷᠡᠭᠦᠯᠭᠡ᠂ ᠰᠦᠯᠵᠢᠶᠡᠨ ᠳᠡᠭᠡᠷᠡᠬᠢ ᠨᠡᠢᠬᠡᠮ᠎ᠤᠨ ᠰᠤᠷᠭᠠᠨ ᠬᠥᠮᠦᠵᠢᠯ ᠵᠡᠷᠭᠡ ᠪᠡᠷ ᠳᠠᠮᠵᠢᠭᠤᠯᠤᠨ ᠰᠣᠶᠣᠯ᠎ᠤᠨ ᠬᠠᠩᠭᠠᠯᠭ᠎ᠠ᠎ᠶ᠋ᠢᠨ ᠬᠡᠯᠪᠡᠷᠢ᠎ᠶ᠋ᠢ ᠥᠷᠭᠡᠳᠭᠡᠪᠡ; ᠦᠵᠡᠭᠦᠯᠭᠡ᠎ᠶ᠋ᠢᠨ ᠲᠣᠭᠣᠷᠢᠭ ᠎ᠢ ᠰᠢᠯᠢᠳᠡᠭᠵᠢᠬᠦᠯᠦᠨ ᠠᠰᠢᠭᠯᠠᠵᠦ᠂ ᠰᠣᠶᠣᠯ ᠵᠢᠭᠤᠯᠴᠢᠯᠠᠯ ᠎ᠤᠨ ᠳᠤᠷᠠᠰᠭᠠᠯ ᠎ᠤᠨ ᠡᠳ᠋᠂ ᠪᠣᠳᠠᠰ ᠎ᠤᠨ ᠪᠤᠰᠤ ᠰᠣᠶᠣᠯ᠎ᠤᠨ ᠥᠪ᠎ᠦᠨ ᠠᠮᠲᠠᠲᠤ ᠢᠳᠡᠭᠡᠨ᠂ ᠺᠢᠨᠣ᠋ ᠲᠧᠯᠸᠢᠰ᠂ ᠦᠵᠡᠰᠭᠦᠯᠡᠩ ᠎ᠦᠨ ᠪᠡᠶᠡᠴᠢ ᠣᠢᠯᠠᠭᠠᠯᠲᠠ᠂ ᠲᠣᠭᠠᠴᠢᠯᠠᠭ᠍ᠰᠠᠨ ᠤᠷᠠᠯᠢᠭ ᠵᠡᠷᠭᠡ 11ᠲᠤᠬᠢᠯᠢᠭ ᠰᠠᠢᠬᠠᠨ ᠣᠷᠣᠨ ᠵᠠᠶ᠎ᠶ᠋ᠢ ᠪᠣᠶ ᠪᠣᠯᠭᠠᠪᠠ;ᠰᠣᠶᠣᠯ᠎ᠤᠨ ᠪᠦᠳᠦᠭᠡᠯᠴᠢ ᠦᠢᠯᠡᠳᠬᠦᠨ ᠶᠧᠪᠡᠩ᠂ ᠬᠥᠯᠳᠡᠭᠡᠭᠦᠷ ᠎ᠦᠨ ᠨᠠᠭᠠᠯᠲᠠ ᠵᠡᠷᠭᠡ 20 ᠭᠠᠷᠤᠶ ᠵᠦᠶ᠋ᠯ᠎ᠦᠨ ᠤᠯᠤᠰ᠎ᠤᠨ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠭᠤᠤᠯ ᠰᠡᠳᠦᠪᠲᠦ ᠰᠣᠶᠣᠯ᠎ᠤᠨ ᠪᠦᠳᠦᠭᠡᠯᠴᠢ ᠦᠢᠯᠡᠳᠬᠦᠨ ᠭᠠᠷᠭᠠᠬᠤ᠎ᠶ᠋ᠢᠨ ᠬᠠᠮᠲᠤ 《ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠳᠣᠲᠣᠷᠠᠬᠢ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ》 ᠤ᠋ᠨ ᠠᠵᠢᠯᠯᠠᠭ᠎ᠠ ᠡᠷᠭᠢᠯᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ᠌᠂ ᠲᠤᠷᠠᠰᠬᠠᠯ ᠦᠯᠡᠳᠡᠬᠡᠬᠦ᠂ ᠭᠤᠤᠯ ᠰᠡᠳᠦᠪᠲᠦ ᠲᠣᠭ᠍ᠯᠠᠭᠠᠮ ᠵᠡᠷᠭᠡ ᠭᠣᠭ᠍ᠴᠣᠭ᠎ᠠ᠎ᠪᠠᠷ ᠳᠠᠮᠵᠢᠭᠤᠯᠤᠨ ᠬᠥᠮᠦᠰ᠎ᠲᠦ ᠡᠳᠦᠷ ᠲᠤᠲᠤᠮ᠎ᠤᠨ ᠬᠡᠷᠡᠭ᠌ᠯᠡᠭᠡᠨ᠎ᠦ ᠳᠤᠮᠳᠠ ᠤᠮᠠᠷᠠᠲᠤ ᠬᠢᠯᠢ᠎ᠶ᠋ᠢᠨ ᠰᠣᠶᠣᠯ᠎ᠤᠨ ᠭᠤᠤ᠎ᠠ ᠰᠠᠢᠬᠠᠨ ᠎ᠢ ᠮᠡᠳᠡᠷᠡᠬᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号