9 ᠰᠠᠷ᠎ᠠ᠎ᠶᠢᠨ ᠬᠥᠯᠥᠨ ᠪᠤᠢ᠍ᠢᠷ᠎ᠲᠤ᠂ ᠠᠳᠤᠭᠤ ᠮᠠᠯ ᠲᠡᠪᠬᠡᠢᠨ ᠲᠠᠷᠭᠤᠯᠠᠵᠦ᠂ ᠥᠩ ᠰᠢᠮᠡᠯᠢᠭ ᠲᠠᠷᠢᠶᠠᠨ ᠭᠠᠵᠠᠷ ᠰᠢᠷᠭᠠᠯᠳᠤᠨ᠂ ᠪᠤᠭᠤᠲᠠᠢ ᠢ᠋ᠢᠨ ᠲᠠᠷᠢᠶ᠎ᠠ ᠲᠠᠪᠠᠯᠭᠠᠯᠠᠵᠤ᠂ ᠲᠠᠷᠢᠶᠠᠨ ᠭᠠᠵᠠᠷ ᠱᠠᠩ᠎ᠤᠨ ᠲᠡᠷᠬᠡᠲᠡ ᠡᠯᠪᠡᠭ ᠬᠤᠷᠢᠶᠠᠯᠲᠠ᠎ᠶᠢᠨ ᠪᠠᠶᠠᠷ ᠪᠠᠬᠠᠳᠤᠯ᠎ᠢᠶᠠᠷ ᠪᠢᠯᠬᠠᠨ᠎ᠠ᠃ ᠡᠨᠡᠬᠦ ᠦᠵᠡᠰᠬᠦᠯᠡᠩᠲᠦ ᠰᠠᠢᠬᠠᠨ ᠨᠠᠮᠤᠷ᠎ᠤᠨ ᠤᠯᠠᠷᠢᠯ᠎ᠳᠤ᠂ ᠬᠥᠯᠥᠨ ᠪᠤᠢ᠍ᠢᠷ᠎ᠤᠨ ᠡᠯᠪᠡᠭ ᠬᠤᠷᠢᠶᠠᠯᠲᠠ ᠨᠢ ᠨᠡᠩ ᠬᠦᠨ ᠠᠭᠤᠯᠤᠬᠲᠠᠬᠤᠨ ᠲᠠᠢ ᠪᠤᠯᠤᠬᠰᠠᠨ ᠮᠦᠷᠲᠡᠭᠡᠨ ᠰᠠᠢᠨ ᠰᠠᠢᠬᠠᠨ ᠠᠮᠢᠳᠤᠷᠠᠯ ᠨᠢ ᠴᠦ᠍ ᠨᠡᠩ ᠪᠣᠳᠠᠲᠠᠢ᠂ ᠨᠡᠩ ᠠᠮᠢᠳᠤᠯᠢᠭ᠋ ᠢᠯᠡᠷᠡᠯ᠎ᠲᠠᠢ ᠪᠣᠯᠵᠠᠢ᠃ ᠣᠢᠷ᠎ᠠ᠎ᠶᠢᠨ ᠵᠢᠯ᠎ᠳᠦ᠂ ᠬᠥᠯᠥᠨ ᠪᠣᠶ᠋ᠢᠷ ᠬᠣᠲᠠ ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ 《ᠮᠢᠩᠭ᠎ᠠ ᠲᠦᠮᠡ᠎ᠶᠢᠨ ᠢᠨᠵᠧᠨᠧᠷᠢᠩ》 ᠤ᠋ᠨ ᠲᠤᠷᠰᠢᠯᠭ᠎ᠠ᠎ᠪᠠᠷ ᠬᠥᠲᠥᠯᠥᠨ ᠳᠠᠭᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠡᠨᠡᠬᠦ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠠᠮᠤ ᠪᠤᠳᠠᠭᠠᠨᠦ ᠦᠢᠯᠡᠳᠪᠤᠷᠢᠯᠡᠯ ᠠᠶᠤᠯᠬᠦᠢ᠂ ᠠᠵᠤ ᠦᠢᠯᠡᠰ᠎ᠦᠨ ᠲᠡᠰ ᠲᠡᠪᠰᠢᠯᠳᠠ᠎ᠶᠢᠨ ᠬᠤᠷᠳᠤᠴᠠ ᠲᠦᠷᠭᠡᠳᠴᠤ᠂ ᠲᠠᠷᠢᠶᠠᠯᠠᠩ ᠰᠣᠶᠣᠯ ᠵᠢᠭᠤᠯᠴᠢᠯᠠᠯ᠎ᠤᠨ ᠦᠢᠯᠡᠰ ᠠᠭᠤᠰᠤᠯᠴᠠᠨ ᠬᠥᠭᠵᠢᠭᠰᠡᠨ ᠭᠢᠯᠠᠯᠵᠠᠮ᠎ᠠ ᠰᠢᠯᠭᠠᠯᠲᠠ᠎ᠶᠢᠨ ᠬᠠᠭᠤᠳᠠᠰᠤ᠎ᠶᠢ ᠲᠤᠰᠢᠶᠠᠪᠠ᠃
ᠠᠮᠤ ᠪᠤᠳᠠᠭᠠᠨ᠎ᠤ ᠦᠢᠯᠡᠳᠪᠦᠷᠢᠯᠡᠯ ᠰᠢᠨ᠎ᠡ ᠲᠦᠪᠰᠢᠨ᠎ᠳᠦ ᠳᠡᠪᠰᠢᠵᠦ 13 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ 《ᠠᠮᠤ ᠪᠤᠳᠠᠭᠠᠨ᠎ᠤ ᠬᠥᠮᠥᠷᠭᠡ》 ᠵᠢᠨ ᠲᠦᠭᠦᠷᠡᠩᠢ ᠪᠠᠳᠤᠯᠠᠪᠠ
ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠤᠭᠰᠠᠨ᠎ᠤ ᠬᠤᠪᠢ᠎ᠳᠤ᠂ ᠬᠥᠯᠥᠨ ᠪᠣᠶ᠋ᠢᠷ ᠬᠣᠲᠠ᠎ᠶᠢᠨ 2025 ᠣᠨ᠎ᠤ ᠠᠮᠤ ᠪᠤᠳᠠᠭᠠᠨ᠎ᠤ ᠦᠢᠯᠡᠳᠪᠦᠷᠢᠯᠡᠯ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠣᠯᠪᠠ᠃ ᠪᠥᠬᠥ ᠬᠣᠲᠠ᠎ᠶᠢᠨ ᠲᠠᠷᠢᠮᠠᠯ᠎ᠤᠨ ᠶᠡᠷᠦᠩᠬᠡᠢ ᠲᠠᠯᠠᠪᠠᠶ 2900 ᠲᠦᠮᠡᠨ ᠮᠦ᠍᠎ᠶᠢ ᠳᠠᠪᠠᠵᠤ᠂ ᠡᠭᠦᠨ᠎ᠳᠦ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠶ 2500 ᠲᠦᠮᠡᠨ ᠮᠦ᠍᠎ᠶᠢ ᠳᠠᠪᠠᠵᠤ᠂ ᠰᠢᠷ᠎ᠠ ᠪᠤᠷᠴᠠᠭ ᠳᠠᠷᠢᠬᠰᠠᠨ ᠲᠠᠯᠠᠪᠠᠶ 1300 ᠲᠦᠮᠡᠨ ᠮᠦ᠍᠎ᠳᠦ ᠬᠦᠷᠴᠦ᠂ ᠪᠥᠬᠥ ᠣᠷᠣᠨ᠎ᠤ ᠳᠠᠷᠢᠮᠠᠯ᠎ᠤᠨ ᠲᠠᠯᠠᠪᠠᠶ᠎ᠶᠢᠨ ᠲᠤᠯᠤᠭᠠᠨ ᠬᠤᠪᠢ ᠠ᠋ᠴᠠ ᠳᠡᠭᠡᠭᠰᠢᠬᠢ᠎ᠶᠢ ᠡᠵᠡᠯᠡᠵᠦ᠂ ᠠᠮᠤ ᠪᠤᠳᠠᠭ᠎ᠠ ᠳᠠᠷᠢᠬᠰᠠᠨ ᠶᠡᠷᠦᠩᠬᠡᠢ ᠲᠠᠯᠠᠪᠠᠢ᠂ ᠰᠢᠷ᠎ᠠ ᠪᠤᠷᠴᠠᠭ᠂ ᠪᠤᠭᠤᠳᠠᠢ᠂ ᠰᠢᠯᠢᠮᠳᠡᠭ ᠲᠠᠷᠢᠬᠰᠠᠨ ᠲᠠᠯᠠᠪᠠᠶ ᠴᠥᠮ ᠪᠥᠬᠥ ᠣᠷᠣᠨ᠎ᠳᠤ ᠲᠥᠷᠥᠬᠥᠯᠡᠵᠤ᠂ ᠵᠢᠱ᠌ᠢᠯᠲᠡ᠎ᠪᠡᠷ ᠠᠮᠤ ᠪᠤᠳᠠᠭᠠᠨ᠎ᠤ ᠶᠡᠷᠦᠩᠬᠡᠢ ᠤᠨᠠᠯᠲᠠ 135 ᠳ᠋ᠦᠩᠰᠢᠭᠤᠷ ᠵᠢᠩ᠎ᠡᠴᠡ ᠳᠡᠭᠡᠭᠰᠢ᠎ᠳᠦ ᠬᠦᠷᠴᠦ᠂ 《ᠠᠷᠪᠠᠨ ᠭᠤᠷᠪᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ》 ᠶ᠋ᠢ ᠪᠡᠶᠡᠯᠡᠭᠦᠯᠬᠦ ᠪᠣᠯᠣᠮᠵᠢ᠎ᠲᠠᠢ ᠪᠠᠢᠨ᠎ᠠ᠃
ᠡᠨᠡ ᠬᠦ᠌ ᠡᠯᠪᠡᠭ ᠬᠤᠷᠢᠶᠠᠯᠲᠠ᠎ᠶᠢᠨ ᠢᠲᠡᠭᠡᠯ ᠨᠢ ᠰᠠᠢᠨ ᠲᠠᠷᠢᠶ᠎ᠠ᠂ ᠰᠠᠢᠨ ᠦᠷ᠎ᠡ᠂ ᠰᠠᠢᠨ ᠮᠠᠰᠢᠨ᠂ ᠰᠠᠢᠨ ᠠᠷᠭ᠎ᠠ ᠵᠡᠷᠭᠡ 《ᠲᠦᠷᠪᠡᠨ ᠰᠠᠢᠨ ᠢ ᠠᠭᠤᠰᠤᠯᠴᠠᠭᠤᠯᠵᠤ》ᠤᠨᠢᠨ ᠳᠡᠭᠡᠷ᠎ᠡ ᠨᠢ ᠬᠦᠴᠦᠯᠡᠭᠰᠡᠨ᠎ᠡᠴᠡ ᠢᠷᠡᠯᠲᠡ᠎ᠲᠠᠢ ᠶᠤᠮ᠃ ᠰᠠᠢᠨ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ᠂ ᠪᠦᠬᠦ ᠤᠯᠤᠰ᠎ᠤᠨ ᠠᠩᠬᠠᠳᠠᠭ᠍ᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠤᠨᠤᠭ ᠲᠥᠬᠦᠭᠡᠷᠦᠮᠵᠢ᠎ᠶᠢᠨ ᠤᠶᠤᠨᠴᠢ ᠦᠢᠯᠡᠳᠬᠡᠯ᠎ᠤᠨ ᠠᠵᠤ ᠦᠢᠯᠡᠰ᠎ᠦᠨ ᠬᠦᠷᠢᠶᠡᠯᠡᠩ᠎ᠢ ᠰᠢᠨ᠎ᠡ᠎ᠵᠢ ᠡᠭᠦᠳᠦᠨ ᠪᠠᠢᠭᠤᠯᠵᠤ᠂ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠲᠤᠨᠤᠭ ᠲᠥᠬᠦᠭᠡᠷᠦᠮᠵᠢ ᠪᠠ ᠮᠠᠲᠧᠷᠢᠶᠠᠯ᠎ᠤᠨ ᠴᠢᠨᠠᠷ ᠰᠠᠢᠲᠠᠢ ᠰᠠᠢᠨ ᠦᠨ᠎ᠡ ᠬᠠᠩᠰᠢ᠎ᠶᠢ ᠡᠬᠢ ᠡᠭᠦᠰᠦᠯ᠎ᠡᠴᠡ ᠨᠢ ᠪᠡᠶᠡᠯᠡᠭᠦᠯᠪᠡ; 2011 ︱2024 ᠣᠨ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠶ᠋ᠢᠲᠡ 830.59 ᠲᠦᠮᠡᠨ ᠮᠦ᠍ ᠪᠠᠢᠭᠤᠯᠵᠤ ᠳᠠᠭᠤᠰᠬᠠᠪᠠ; 2025 ᠣᠨ᠎ᠳᠤ᠂ ᠪᠥᠬᠥ ᠬᠣᠲᠠ᠎ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 88.4 ᠲᠦᠮᠡᠨ ᠮᠦ᠍ ᠦᠷᠭᠦᠯᠵᠢᠯᠡᠨ ᠪᠠᠢᠭᠤᠯᠵᠤ᠂ 107.69 ᠲᠦᠮᠡᠨ ᠮᠦ᠍ ᠰᠢᠨ᠎ᠡ᠎ᠪᠡᠷ ᠪᠠᠢᠭᠤᠯᠵᠤ᠂ 38 ᠲᠦᠮᠡᠨ ᠮᠦ᠍ ᠬᠠᠷ᠎ᠠ ᠬᠥᠷᠥᠰᠥ᠎ᠶᠢ ᠬᠠᠮᠠᠭᠠᠯᠠᠨ ᠠᠰᠢᠭ᠍ᠯᠠᠬᠤ ᠪᠠ 1210 ᠲᠦᠮᠡᠨ ᠮᠦ᠍ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠭ᠎ᠠ᠎ᠶᠢ ᠵᠡᠷᠭᠡ᠎ᠪᠡᠷ ᠬᠡᠷᠡᠭᠵᠢᠭᠦᠯᠦᠨ᠂ ᠮᠸ᠋ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠎ᠳᠦ 《ᠥᠩ ᠰᠢᠮᠡᠯᠢᠭ ᠬᠥᠷᠥᠰᠥᠨ᠎ᠦ ᠰᠠᠭᠤᠷᠢ》 ᠵᠢ ᠪᠡᠬᠢᠵᠢᠭᠦᠯᠪᠡ᠃ ᠰᠠᠢᠨ ᠦᠷ᠎ᠡ ᠵᠢ ᠪᠣᠢᠵᠢᠭᠤᠯᠬᠤ ᠲᠠᠯ᠎ᠠ᠎ᠪᠠᠷ᠂ ᠬᠥᠯᠥᠨ ᠪᠣᠶ᠋ᠢᠷ ᠬᠣᠲᠠ᠎ᠶᠢᠨ ᠪᠡᠶ᠎ᠡ᠎ᠪᠡᠨ ᠳᠠᠭᠠᠭᠠᠵᠤ ᠰᠣᠩᠭᠣᠨ ᠪᠣᠢᠵᠢᠭᠤᠯᠤᠭᠰᠠᠨ ᠰᠢᠷ᠎ᠠ ᠪᠤᠷᠴᠠᠭ᠎ᠤᠨ ᠡᠭᠦᠯᠳᠡᠷ 61 ᠪᠠᠢᠵᠦ (ᠤᠯᠤᠰ᠎ᠤᠨ ᠲᠠᠷᠢᠮᠠᠯ᠎ᠤᠨ ᠡᠭᠦᠯᠲᠡᠷ ᠢ᠋ ᠬᠢᠨᠠᠨ ᠲᠤᠬᠲᠠᠭᠠᠬᠤ ᠵᠦᠪᠯᠡᠯ᠎ᠤᠨ ᠬᠢᠨᠠᠨ ᠲᠤᠬᠲᠠᠭᠠᠬᠰᠠᠨ ᠡᠭᠦᠯᠳᠡᠷ 8 ᠪᠠᠢᠵᠤ᠂ ᠪᠥᠬᠥ ᠣᠷᠣᠨ᠎ᠤ ᠤᠯᠤᠰ᠎ᠤᠨ ᠲᠠᠷᠢᠮᠠᠯ᠎ᠤᠨ ᠡᠭᠦᠯᠲᠡᠷ ᠢ᠋ ᠬᠢᠨᠠᠨ ᠲᠤᠬᠲᠠᠭᠠᠬᠤ ᠵᠦᠪᠯᠡᠯ᠎ᠤᠨ ᠬᠢᠨᠠᠨ ᠲᠤᠬᠲᠠᠭᠠᠬᠰᠠᠨ ᠰᠢᠷ᠎ᠠ ᠪᠤᠷᠴᠠᠭ᠎ᠤᠨ ᠡᠭᠦᠯᠳᠡᠷ᠎ᠦᠨ ᠶᠢᠰᠦᠨ ᠬᠤᠪᠢ᠎ᠶᠢ ᠡᠵᠡᠯᠡᠪᠡ)᠂ 《ᠮᠸᠩ ᠳ᠋ᠸᠦ 1137》 ᠨᠢ 4 ᠵᠢᠯ ᠳᠠᠷᠠᠭᠠᠯᠠᠨ ᠤᠯᠤᠰ᠎ᠤᠨ ᠭᠣᠣᠯ ᠡᠭᠦᠯᠳᠡᠷ᠎ᠲᠦ ᠰᠣᠩᠭᠣᠬᠲᠠᠵᠦ᠂ ᠪᠥᠬᠥ ᠤᠯᠤᠰ ᠲᠸ᠋ ᠳᠡᠯᠭᠡᠷᠡᠭᠦᠯᠦᠭᠰᠡᠨ ᠲᠠᠯᠠᠪᠠᠶ ᠭᠤᠷᠪᠠᠳᠤᠭᠠᠷ᠎ᠲᠤ ᠵᠢᠭ᠍ᠰᠠᠭᠠᠭᠳᠠᠪᠠ; 2025 ᠣᠨ᠎ᠳᠤ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠢ᠋ᠢᠨ 7 ᠭᠤᠤᠯ ᠰᠢᠷ᠎ᠠ ᠪᠤᠷᠴᠠᠭ᠎ᠤᠨ ᠡᠭᠦᠯᠲᠡᠷ᠎ᠦᠨ ᠳᠣᠲᠣᠷᠠᠬᠢ 5 ᠨᠢ ᠬᠥᠯᠥᠨ ᠪᠣᠶ᠋ᠢᠷ ᠬᠣᠲᠠ ᠡᠴᠡ ᠢᠷᠡᠯᠲᠡ ᠲᠠᠢ ᠶᠤᠮ᠃ ᠰᠠᠢᠨ ᠮᠠᠰᠢᠨ᠎ᠢ ᠳᠡᠯᠭᠡᠷᠡᠭᠦᠯᠬᠦ ᠲᠠᠯ᠎ᠠ᠎ᠪᠠᠷ᠂ 2025 ᠣᠨ᠎ᠳᠤ ᠲᠠᠷᠢᠶᠠᠯᠠᠩ ᠮᠠᠯ ᠠᠵᠤ ᠠᠬᠤᠢ᠎ᠶᠢᠨ 9437 ᠢᠵᠢ ᠮᠠᠰᠢᠨ ᠪᠠᠭᠠᠵᠢ᠎ᠳᠤ ᠨᠥᠬᠥᠪᠦᠷᠢ ᠥᠭᠴᠦ᠂ 5337 ᠢᠵᠢ ᠬᠠᠭᠤᠴᠢᠨ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠡᠴᠡ ᠭᠠᠷᠭᠠᠵᠤ᠂ ᠬᠠᠪᠤᠷ᠎ᠤᠨ ᠲᠠᠷᠢᠶᠠᠯᠠᠭ᠎ᠠ᠎ᠶᠢᠨ ᠬᠤᠭᠤᠴᠠᠭᠠᠨ᠎ᠳᠤ ᠳᠠᠭᠠᠭᠤᠯᠢ ᠤᠳᠤᠨ ᠵᠠᠮᠴᠢᠯᠠᠭᠤᠷ ᠢ᠋ᠢᠡᠷ ᠬᠠᠪᠰᠤᠷᠤᠨ ᠵᠢᠯᠤᠭᠣᠳᠴᠤ ᠲᠠᠷᠢᠬᠰᠠᠨ ᠲᠠᠯᠠᠪᠠᠢ 931 ᠲᠦᠮᠡᠨ ᠮᠦ᠍᠎ᠳᠦ ᠬᠦᠷᠴᠦ᠂ ᠲᠠᠷᠢᠮᠠᠯ᠎ᠤᠨ ᠲᠠᠷᠢᠵᠦ ᠬᠤᠷᠢᠶᠠᠬᠤ ᠵᠢ ᠶᠡᠷᠦᠩᠬᠡᠢᠯᠡᠭᠰᠡᠨ ᠮᠠᠰᠢᠨᠴᠢᠯᠠᠯᠲᠠ᠎ᠶᠢᠨ ᠨᠤᠷᠮ᠎ᠠ 95%᠎ᠢ ᠳᠠᠪᠠᠵᠤ᠂ ᠯᠠᠪᠲᠠᠭᠤᠨ ᠵᠢᠨᠷ ᠪᠦᠬᠦ ᠣᠷᠣᠨ᠎ᠤ ᠲᠡᠷᠢᠭᠦᠨ᠎ᠳᠦ ᠣᠷᠣᠵᠠᠢ᠃ ᠰᠠᠢᠨ ᠠᠷᠭ᠎ᠠ᠎ᠶᠢ ᠵᠢᠱ᠌ᠢᠶ᠎ᠡ ᠦᠵᠡᠭᠦᠯᠬᠦ ᠲᠠᠯ᠎ᠠ᠎ᠪᠠᠷ᠂ ᠮᠸ᠋ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠣᠷᠣᠨ᠎ᠢ 237.02 ᠲᠦᠮᠡᠨ ᠮᠦ᠍ ᠪᠠᠢᠭᠤᠯᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠨᠠᠷᠢᠯᠢᠭ᠋ ᠣᠨᠣᠴᠠᠲᠠᠢ ᠳᠤᠰᠤᠯᠠᠭᠠᠨ ᠤᠰᠤᠯᠠᠬᠤ ᠮᠡᠷᠭᠡᠵᠢᠯ᠎ᠢ 19 ᠲᠦᠮᠡᠨ ᠮᠦ᠍ ᠳᠡᠯᠭᠡᠷᠡᠭᠦᠯᠵᠦ᠂ ᠵᠢᠱ᠌ᠢᠶ᠎ᠡ ᠦᠵᠡᠭᠦᠯᠬᠦ ᠣᠷᠣᠨ᠎ᠤ ᠬᠠᠭᠤᠷᠠᠢ ᠲᠠᠷᠢᠮᠠᠯ᠎ᠤᠨ ᠬᠡᠰᠡᠭ ᠭᠠᠵᠠᠷ᠎ᠤᠨ ᠠᠮᠤ ᠳᠤᠰᠤᠨ᠎ᠤ ᠮᠸ᠋ ᠨᠢᠭᠡᠴᠢ᠎ᠶᠢᠨ ᠤᠨᠠᠯᠲᠠ᠎ᠶᠢ 5% ᠡᠴᠡ ᠳᠡᠭᠡᠭᠰᠢ ᠳᠡᠭᠡᠭᠰᠢᠯᠡᠭᠦᠯᠵᠦ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠬᠡᠰᠡᠭ ᠭᠠᠵᠠᠷ᠎ᠢ 15% ᠪᠡᠷ ᠳᠡᠭᠡᠭᠰᠢᠯᠡᠭᠦᠯᠵᠦ᠂ ᠮᠡᠷᠭᠡᠵᠢᠯ᠎ᠦᠨ ᠠᠰᠢᠭ᠋ ᠣᠯᠵᠠᠪᠤᠷᠢ᠎ᠶᠢ ᠲᠦᠷᠭᠡᠨ᠎ᠢᠶᠡᠷ ᠡᠯᠪᠡᠭ ᠬᠤᠷᠢᠶᠠᠯᠲᠠ᠎ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃
ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠦᠭᠰᠡᠨ ᠬᠢᠯᠠᠰ ᠴᠡᠭ ᠤᠯᠠᠨ ᠪᠠᠢᠵᠦ 《ᠮᠢᠬᠠᠨ᠎ᠤ ᠬᠥᠮᠥᠷᠭᠡ》 《ᠰᠦ᠎ᠶᠢᠨ ᠰᠠᠪᠠ》 ᠵᠢ ᠡᠯᠪᠡᠭᠵᠢᠭᠦᠯᠪᠡ
ᠬᠥᠯᠥᠨ ᠪᠣᠶ᠋ᠢᠷ ᠬᠣᠲᠠ᠎ᠶᠢᠨ ᠵᠢᠯ᠎ᠦᠨ ᠮᠠᠯ᠎ᠤᠨ ᠲᠣᠭ᠎ᠠ ᠲᠣᠯᠣᠭᠠᠢ 1250 ᠲᠦᠮᠡ᠂ ᠰᠠᠭᠠᠯᠢ᠎ᠶᠢᠨ ᠦᠨᠢᠶ᠎ᠡ᠎ᠶᠢᠨ ᠲᠣᠭ᠎ᠠ ᠲᠣᠯᠣᠭᠠᠢ 30 ᠲᠦᠮᠡ᠎ᠡᠴᠡ ᠳᠡᠭᠡᠭᠰᠢ ᠪᠠᠢᠨ᠎ᠠ᠃ ᠪᠥᠬᠥ ᠵᠢᠯ᠎ᠳᠦ ᠵᠢᠱ᠌ᠢᠯᠲᠡ᠎ᠪᠡᠷ ᠮᠢᠬᠠᠨ᠎ᠤ ᠵᠦᠢᠯ᠎ᠦᠨ ᠭᠠᠷᠤᠯᠲᠠ 27 ᠲᠦᠮᠡᠨ ᠲᠣᠨ᠂ ᠰᠦᠨ᠎ᠦ ᠭᠠᠷᠤᠯᠲᠠ 85 ᠲᠦᠮᠡᠨ ᠲᠣᠨ᠎ᠳᠤ ᠬᠦᠷᠬᠦ ᠪᠤᠯᠤᠨ᠎ᠠ᠃ ᠤᠯᠤᠰ᠎ᠤᠨ ᠲᠠᠰ᠎ᠤᠨ ᠭᠣᠣᠯ ᠡᠭᠦᠯᠳᠡᠷ ᠪᠣᠢᠵᠢᠭᠤᠯᠬᠤ ᠲᠠᠯᠠᠪᠠᠶ ᠵᠢ 2 (ᠬᠥᠯᠥᠨ ᠪᠣᠶ᠋ᠢᠷ ᠬᠣᠨᠢ᠂ ᠭᠤᠷᠪᠠᠨ ᠭᠤᠤᠯ᠎ᠤᠨ ᠦᠬᠡᠷ) ᠪᠠᠢᠭᠤᠯᠵᠤ᠂ ᠣᠲᠣ᠌ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯ ᠡᠭᠦᠯᠳᠡᠷ ᠪᠣᠢᠵᠢᠭᠤᠯᠬᠤ ᠲᠠᠯᠠᠪᠠᠶ ᠵᠢ 2 (ᠭᠤᠷᠪᠠᠨ ᠭᠤᠤᠯ᠎ᠤᠨ ᠠᠳᠤᠭᠤ᠂ ᠲᠠᠯ᠎ᠠ ᠨᠤᠲᠤᠭ᠎ᠤᠨ ᠣᠬᠣᠷ ᠰᠡᠭᠦᠯᠲᠦ ᠬᠣᠨᠢ) ᠪᠠᠢᠭᠤᠯᠵᠤ᠂ ᠭᠣᠣᠯᠯᠠᠬᠤ ᠰᠦᠷᠦᠭ᠎ᠦᠨ ᠶᠡᠷᠦᠩᠬᠡᠢ ᠲᠣᠭ᠎ᠠ 7.1 ᠲᠦᠮᠡ᠎ᠳᠦ ᠬᠥᠷᠪᠡ᠃
2025 ᠣᠨ᠎ᠳᠤ᠂ ᠬᠥᠯᠥᠨ ᠪᠣᠢᠷ ᠬᠣᠲᠠ 《ᠨᠤᠲᠤᠭ ᠪᠡᠯᠴᠢᠭᠡᠷ᠎ᠲᠦ ᠬᠡᠲᠤᠷᠡᠳᠡᠯᠡ ᠮᠠᠯᠵᠢᠬᠤ ᠠᠰᠠᠭᠤᠳᠠᠯ᠎ᠢ ᠱᠢᠰᠲ᠋ᠧᠮ᠎ᠲᠡᠶ ᠱᠢᠶ᠋ᠳᠪᠦᠷᠢᠯᠡᠵᠦ᠍᠂ ᠤᠯᠠᠮᠵᠢᠯᠠᠯᠲᠤ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ》 ᠪᠠᠷ ᠥᠭᠡᠷᠡᠴᠢᠯᠡᠯᠲᠡ᠎ᠶ᠋ᠢᠨ ᠨᠢᠭᠡᠳᠦᠭᠡᠷ ᠵᠥᠪᠯᠡᠬᠦ᠌ ᠵᠦᠶ᠋ᠯ ᠪᠣᠯᠭᠠᠵᠤ᠂ 《1+15+33》ᠠᠵᠢᠯ᠎ᠤᠨ ᠱᠢᠰᠲ᠋ᠧᠮ᠎ᠢ ᠪᠠᠢᠭᠤᠯᠵᠤ᠂ 1 ᠶᠡᠷᠦᠩᠬᠡᠶ ᠲᠥᠰᠦᠯ ᠲᠣᠭ᠍ᠲᠠᠭᠠᠠ᠂ ᠬᠦᠶ᠋ᠲᠡᠨ ᠤᠯᠠᠷᠢᠯ᠎ᠳᠤ ᠲᠥᠪᠯᠡᠷᠡᠭᠦᠯᠦᠨ ᠬᠠᠱᠢᠶᠠᠯᠠᠨ ᠲᠡᠵᠢᠭᠡᠬᠦ᠌᠂ ᠠᠯᠠᠱᠢᠨ ᠦᠬᠡᠷ᠎ᠢ 《ᠪᠠᠷᠠᠭᠤᠨᠳᠠᠢ ᠦᠷᠡᠵᠢᠭᠦᠯᠵᠦ᠍ ᠵᠡᠭᠦᠨᠳᠠᠢ ᠪᠣᠢᠵᠢᠭᠤᠯᠬᠤ》᠂ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ᠎ᠦ ᠠᠵᠤ ᠦᠶ᠋ᠯᠡᠰ᠎ᠦᠨ ᠬᠥᠭ᠌ᠵᠢᠯᠲᠡ᠂ ᠲᠡᠵᠢᠭᠡᠯ ᠡᠪᠡᠰᠦ ᠪᠣᠷᠳᠣᠭᠠᠨ᠎ᠤ ᠪᠠᠲᠤᠯᠠᠭ᠎ᠠ ᠵᠡᠷᠭᠡ 15 ᠬᠤᠪᠢᠶᠠᠷᠢ ᠲᠥᠰᠦᠯ ᠲᠣᠭ᠍ᠲᠠᠭᠠᠵᠤ᠂ 33 ᠭᠠᠴᠠᠭ᠎ᠠ᠎ᠳᠤ ᠤᠷᠢᠳ᠎ᠢᠶᠠᠷ ᠲᠤᠷᠱᠢᠯᠲᠠ᠎ᠶ᠋ᠢᠨ ᠠᠵᠢᠯ ᠥᠷᠨᠢᠭᠦᠯᠪᠡ᠃ 《ᠭᠤᠷᠪᠠ᠎ᠶ᠋ᠢ ᠬᠤᠪᠢᠷᠠᠭᠤᠯᠬᠤ》᠂ 《ᠭᠤᠷᠪᠠ᠎ᠶ᠋ᠢ ᠨᠢᠭᠡ ᠴᠣᠭ᠍ᠴᠠᠵᠢᠭᠤᠯᠬᠤ》 ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠬᠥᠯᠥᠨ ᠪᠦᠢᠷ᠎ᠦᠨ ᠮᠠᠯ ᠠᠵᠤ ᠠᠬᠤᠢ᠎ᠶ᠋ᠢᠨ ᠣᠶᠤᠨᠴᠢ ᠲᠣᠭ᠎ᠠ ᠪᠠᠷᠢᠮᠲᠠ᠎ᠶ᠋ᠢᠨ ᠱᠢᠰᠲ᠋ᠧᠮ᠎ᠢ ᠪᠠᠢᠭᠤᠯᠵᠤ᠂ 《ᠨᠢᠭᠡ ᠬᠣᠨᠢ᠎ᠶ᠋ᠢ ᠳᠠᠭᠠᠭᠠᠨ ᠠᠪᠴᠤ᠌ ᠲᠡᠵᠢᠭᠡᠬᠦ᠌》 ᠵᠢᠷᠭᠢᠶ᠎ᠡ᠎ᠶ᠋ᠢᠨ ᠵᠢᠵᠢᠭ ᠫᠷᠤᠭ᠌ᠷᠠᠮ᠎ᠢ ᠨᠡᠭᠡᠭᠡᠨ ᠬᠥᠭ᠌ᠵᠢᠭᠦᠯᠵᠦ᠍᠂ ᠠᠯᠠᠱᠢᠨ ᠬᠣᠨᠢ ᠵᠢᠨ ᠢᠷᠡᠯᠳᠡ᠎ᠶ᠋ᠢ ᠮᠥᠷᠳᠡᠬᠦ ᠱᠢᠰᠲ᠋ᠧᠮ ᠤ᠋ᠨ ᠪᠠᠢᠭᠤᠯᠤᠯᠲᠠ᠎ᠶ᠋ᠢᠨ ᠠᠵᠢᠯ ᠨᠡᠯᠢᠶᠡᠳ ᠰᠠᠢᠨ ᠦᠷ᠎ᠡ ᠪᠦᠲᠦᠮᠵᠢ ᠣᠯᠵᠤ᠂ ᠮᠥᠷᠳᠡᠵᠤ ᠪᠣᠯᠬᠤᠢᠴᠠ ᠠᠯᠠᠱᠢᠨ ᠬᠣᠨᠢ 20 ᠲᠦᠮᠡ᠎ᠳᠦ ᠬᠦᠷᠴᠦ᠍᠂ ᠬᠣᠢᠱᠢᠳᠠ᠎ᠶ᠋ᠢᠨ 3 ᠵᠢᠯ᠎ᠳᠦ ᠮᠥᠷᠳᠡᠵᠤ ᠪᠣᠯᠬᠤᠢᠴᠠ ᠠᠯᠠᠱᠢᠨ ᠬᠣᠨᠢ 100 ᠲᠦᠮᠡ᠎ᠶ᠋ᠢ ᠳᠠᠪᠠᠬᠤ ᠪᠣᠯᠤᠨ᠎ᠠ᠃ ᠨᠤᠲᠤᠭ ᠪᠠᠯᠴᠢᠬᠡᠷ ᠤ᠋ᠨ ᠠᠮᠢ ᠠᠬᠤᠢ᠎ᠶ᠋ᠢ ᠪᠦᠲᠦᠮᠵᠢᠲᠡᠢ ᠰᠡᠷᠭᠦᠭᠡᠵᠦ᠍᠂ ᠮᠠᠯ ᠠᠵᠤ ᠠᠬᠤᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠭᠦᠯᠬᠦ᠌ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌ ᠠᠯᠬᠤᠴᠠ ᠦᠷᠭᠦᠯᠵᠢᠯᠡᠨ ᠲᠦᠷᠭᠡᠳᠴᠠᠢ᠃
ᠠᠵᠤ ᠦᠶ᠋ᠯᠡᠰ᠎ᠢ ᠲᠠᠰ ᠳᠡᠪᠱᠢᠭᠦᠯᠵᠦ᠍ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ ᠪᠥᠬᠥ᠌ ᠬᠡᠯᠬᠢᠶᠡᠨᠤᠬᠥᠭ᠌ᠵᠢᠯᠲᠡ ᠵᠢᠨ ᠬᠦᠲᠠᠯᠬᠡᠭᠴᠢ ᠡᠨᠧᠷᠭᠢ᠎ᠶ᠋ᠢ ᠠᠮᠢᠯᠠᠭᠤᠯᠪᠠ
《ᠰᠠᠢᠨ ᠳᠠᠷᠢᠬᠤ》 ᠡᠴᠠ 《ᠰᠠᠢᠲᠤᠷ ᠪᠤᠷᠤᠯᠠᠭᠤᠯᠬᠤ》 ᠬᠦᠷᠲᠡᠯ᠎ᠡ᠂ ᠳᠠᠬᠢᠭᠠᠳ 《ᠦᠷ᠎ᠡ ᠠᠱᠢᠭ ᠥᠨᠳᠥᠷ》 ᠪᠣᠯᠲᠠᠯ᠎ᠠ᠂ ᠬᠥᠯᠥᠨ ᠪᠣᠢᠷ ᠬᠣᠲᠠ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠰᠡᠳᠭᠢᠬᠦᠶ᠎ᠪᠡᠷ ᠲᠠᠷᠢᠶᠠᠯᠠᠩ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠪᠠ᠃ 9 ᠲᠤᠮᠤ ᠭᠤᠤᠯᠳᠠᠯᠭ᠎ᠠ᠎ᠲᠠᠶ ᠠᠵᠤ ᠦᠶ᠋ᠯᠡᠰ ᠪᠠ 5 ᠣᠨᠴᠠᠯᠢᠭ᠍ᠲᠤ ᠠᠵᠤ ᠦᠶ᠋ᠯᠡᠰ᠎ᠦᠨ ᠲᠣᠭᠣᠷᠢᠨ᠎ᠳᠤ᠂ ᠬᠣᠲᠠ᠎ᠶ᠋ᠢᠨ ᠲᠠᠰ᠎ᠠᠴᠠ ᠳᠡᠭᠡᠭ᠌ᠰᠢᠬᠢ 174 ᠲᠤᠯᠤᠭᠠᠢᠯᠠᠭᠴᠢ ᠠᠵᠤ ᠠᠬᠤᠢᠯᠠᠯ᠂ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ᠂ ᠢᠯᠢ ᠰᠦ ᠵᠢᠨ ᠦᠶ᠋ᠯᠡᠰ᠂ ᠵᠡᠭᠦᠨ ᠬᠣᠢᠲᠤ᠎ᠶ᠋ᠢᠨ ᠹᠦ᠋ ᠹᠸᠡᠭ ᠵᠡᠷᠭᠡ 《ᠬᠡᠯᠬᠢᠶᠡᠨ᠎ᠤ ᠡᠵᠡᠨ》 ᠠᠵᠤ ᠠᠬᠤᠢᠯᠠᠯ᠎ᠤᠨ ᠬᠥᠲᠥᠯᠥᠨ ᠳᠠᠭᠠᠭᠤᠯᠬᠤ ᠦᠶ᠋ᠯᠡᠳᠦᠯ᠎ᠢ ᠳᠣᠪᠣᠢᠯᠭᠠᠵᠤ᠂ ᠵᠠᠭᠤᠨ ᠲᠦᠮᠡᠨ ᠲᠣᠨ᠎ᠤ ᠱᠢᠷ᠎ᠠ ᠪᠤᠷᠴᠠᠭ᠎ᠤᠨ ᠢᠳᠡᠭᠡᠨ᠎ᠦ ᠱᠢᠬᠠᠳᠠᠰᠤ ᠡᠳ᠋ᠱᠢᠭᠦᠯᠬᠦ᠌ ᠰᠠᠭᠤᠷᠢᠨ᠂ ᠠᠯᠠᠱᠢᠨ ᠦᠬᠡᠷ᠎ᠦᠨ ᠡᠭᠦᠯᠡᠨ ᠬᠥᠮᠥᠷᠭᠡ᠂ ᠠᠯᠠᠱᠢᠨ ᠬᠣᠨᠢᠨ᠎ᠤ ᠠᠵᠤ ᠦᠶ᠋ᠯᠡᠰ᠎ᠦᠨ ᠪᠦᠯᠦᠭ᠌ᠵᠢᠯ ᠵᠡᠷᠭᠡ ᠲᠥᠷᠥᠯ ᠵᠦᠶ᠋ᠯ᠎ᠢ ᠲᠦᠷᠭᠡᠳᠭᠡᠨ ᠨᠠᠢᠳᠠᠪᠤᠷᠢᠵᠢᠭᠤᠯᠵᠤ᠂ ᠠᠵᠤ ᠦᠶ᠋ᠯᠡᠰ᠎ᠢ ᠳᠡᠭᠡᠳᠦ ᠳᠡᠰᠵᠢᠯᠳᠡ᠂ ᠨᠠᠷᠢᠯᠢᠭ᠍ᠵᠢᠯᠳᠠ ᠳᠠᠢᠰᠢ ᠤᠷᠲᠤᠳᠭᠠᠬᠤ᠎ᠶ᠋ᠢ ᠠᠬᠢᠭᠤᠯᠪᠠ᠃ ᠲᠥᠷᠥᠯ ᠲᠡᠮᠳᠡᠭ᠎ᠦᠨ ᠪᠠᠢᠭᠤᠯᠤᠯᠲᠠ᠎ᠶ᠋ᠢᠨ ᠦᠷ᠎ᠡ ᠪᠦᠲᠦᠭᠡᠯ ᠡᠯᠪᠡᠭ ᠪᠠᠢᠵᠤ᠂ 《ᠬᠥᠯᠥᠨ ᠪᠣᠢᠷ᠎ᠤᠨ ᠲᠠᠯ᠎ᠠ ᠨᠤᠲᠤᠭ᠎ᠤᠨ ᠬᠣᠨᠢᠨ ᠮᠢᠬ᠎ᠠ》᠂ 《ᠦᠬᠡᠷ᠎ᠦᠨ ᠮᠢᠬ᠎ᠠ》᠂《ᠦᠨᠢᠶᠡᠨ ᠰᠦ》 ᠵᠡᠷᠭᠡ 9 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ ᠪᠥᠬᠥ᠌ ᠤᠯᠤᠰ᠎ᠲᠤ ᠠᠯᠳᠠᠷᠱᠢᠨ᠂ ᠡᠭᠦᠨ᠎ᠳᠦ᠂ 《ᠬᠥᠯᠥᠨ ᠪᠣᠢᠷ᠎ᠤᠨ ᠲᠠᠯ᠎ᠠ ᠨᠤᠲᠤᠭ᠎ᠤᠨ ᠬᠣᠨᠢᠨ ᠮᠢᠬ᠎ᠠ》᠂ 《ᠬᠥᠯᠥᠨ ᠪᠣᠢᠷ᠎ᠤᠨ ᠭᠠᠢᠮᠤ ᠵᠢᠨ ᠲᠣᠰᠣ》 ᠨᠢ 《ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠎ᠤ ᠲᠠᠷᠢᠶᠠᠯᠠᠩ᠎ᠤᠨ ᠲᠥᠷᠥᠯ ᠲᠡᠮᠳᠡᠭ᠎ᠦᠨ ᠰᠣᠳᠣᠨ ᠪᠦᠲᠦᠭᠡᠯ᠎ᠢ ᠪᠣᠢᠵᠢᠭᠤᠯᠬᠤ ᠲᠥᠯᠥᠪᠯᠡᠭᠡ》 ᠳ᠋ᠤ ᠠᠮᠵᠢᠯᠲᠠ᠎ᠲᠠᠶ ᠰᠣᠩᠭᠣᠭ᠍ᠳᠠᠪᠠ; 《ᠬᠥᠯᠥᠨ ᠪᠣᠢᠷ᠎ᠤᠨ ᠲᠠᠯ᠎ᠠ ᠨᠤᠲᠤᠭ᠎ᠤᠨ ᠬᠣᠨᠢᠨ ᠮᠢᠬ᠎ᠠ》᠂ 《ᠬᠥᠯᠥᠨ ᠪᠣᠢᠷ᠎ᠤᠨ ᠦᠬᠡᠷ᠎ᠦᠨ ᠮᠢᠬ᠎ᠠ》᠂ 《ᠬᠥᠯᠥᠨ ᠪᠣᠢᠷ᠎ᠤᠨ ᠦᠨᠢᠶᠡᠨ ᠰᠦ》᠂ 《ᠬᠥᠯᠥᠨ ᠪᠣᠢᠷ᠎ᠤᠨ ᠱᠢᠷ᠎ᠠ ᠪᠤᠷᠴᠠᠭ》᠂ 《ᠬᠥᠯᠥᠨ ᠪᠣᠢᠷ᠎ᠤᠨ ᠭᠠᠢᠮᠤ᠎ᠶ᠋ᠢᠨ ᠲᠣᠰᠣ》 ᠵᠡᠷᠭᠡ 5 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ 2 ᠵᠢᠯ ᠲᠠᠷᠠᠭᠠᠯᠠᠨ 《ᠥᠪᠥᠷ ᠮᠣᠩᠭᠣᠯ᠎ᠤᠨ ᠨᠠᠷᠠᠲᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ》 ᠶ᠋ᠢᠡᠷ ᠦᠨᠡᠯᠡᠭ᠌ᠳᠡᠪᠡ᠃ ᠪᠥᠬᠥ᠌ ᠬᠣᠲᠠ᠎ᠶ᠋ᠢᠨ ᠪᠣᠬᠢᠷᠲᠤᠯ ᠥᠬᠡᠶ᠂ ᠣᠷᠭᠠᠨᠢᠭ᠂ ᠣᠷᠣᠨ ᠨᠤᠲᠤᠭ᠎ᠤᠨ ᠲᠡᠮᠳᠡᠭ ᠵᠢᠴᠢ ᠨᠠᠷᠠᠲᠤ ᠱᠢᠯᠢᠳᠡᠭ ᠱᠢᠨ᠎ᠡ ᠦᠶ᠋ᠯᠡᠳᠬᠦᠨ 313 ᠳ᠋ᠤ ᠬᠦᠷᠴᠦ᠍᠂ ᠲᠣᠭ᠎ᠠ ᠬᠡᠮᠵᠢᠶ᠎ᠡ᠎ᠨᠢ ᠪᠥᠬᠥ᠌ ᠣᠷᠣᠨ᠎ᠤ ᠡᠮᠦᠨ᠎ᠡ ᠡᠩᠨᠡᠭᠡᠨ᠎ᠳᠦ ᠣᠷᠣᠪᠠ᠃
ᠬᠥᠳᠡᠭᠡ ᠲᠤᠰᠬᠤᠨ ᠪᠠ ᠵᠢᠭᠤᠯᠴᠢᠯᠠᠯ᠎ᠤᠨ ᠠᠭᠤᠰᠤᠯᠴᠠᠯ᠎ᠳᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠮᠢᠵᠢᠷᠠᠯ᠎ᠤᠨ ᠬᠦᠴᠦᠨ᠎ᠢ ᠪᠠᠳᠠᠷᠠᠭᠤᠯᠪᠠ
ᠡᠯᠪᠡᠭ ᠬᠤᠷᠢᠶᠠᠯᠲᠠ᠎ᠶ᠋ᠢᠨ ᠪᠠᠶᠠᠷ ᠪᠠᠬᠠᠳᠤᠯ ᠨᠢ ᠲᠠᠷᠢᠶᠠᠨ ᠭᠠᠵᠠᠷ᠎ᠲᠤ ᠪᠠᠢᠬᠤ᠎ᠪᠠᠷ ᠪᠠᠷᠠᠬᠤ ᠦᠬᠡᠢ᠂ ᠨᠡᠩ ᠴᠤ᠌ ᠬᠥᠳᠡᠭᠡ ᠲᠣᠰᠭᠣᠨ᠎ᠤ ᠵᠢᠭᠤᠯᠴᠢᠯᠠᠯ᠎ᠤᠨ ᠬᠦᠭᠵᠢᠶᠠᠨ᠎ᠲᠤ ᠪᠠᠢᠳᠠᠯ᠎ᠳᠤ ᠪᠤᠢ᠃ ᠬᠥᠯᠥᠨ ᠪᠣᠢᠷ ᠬᠣᠲᠠ《ᠲᠠᠯ᠎ᠠ ᠨᠤᠲᠤᠭ᠂ ᠣᠶ ᠱᠢᠭᠤᠶ᠂ ᠨᠤᠭᠤ ᠭᠠᠵᠠᠷ》 ᠤ᠋ᠨ ᠠᠮᠢ ᠠᠬᠤᠶ᠎ᠶ᠋ᠢᠨ ᠳᠠᠪᠠᠭᠤᠯᠢᠭ᠎ᠲᠤ ᠲᠦᠱᠢᠭ᠌ᠯᠡᠨ᠂ ᠬᠥᠳᠡᠭᠡ ᠠᠵᠤ ᠠᠬᠤᠶ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠶ ᠠᠬᠢᠭᠤᠯᠵᠤ᠂ 《ᠬᠥᠯᠥᠨ ᠪᠣᠢᠷ᠎ᠤᠨ ᠲᠠᠯ᠎ᠠ ᠨᠤᠲᠤᠭ》᠎ᠤ᠋ᠨ ᠲᠠᠰ᠎ᠠᠴᠠ ᠳᠠᠪᠠᠭ᠍ᠰᠠᠨ IP ᠶ᠋ᠢ ᠪᠠᠢᠭᠤᠯᠪᠠ᠃ ᠣᠳᠣᠬᠠᠨ᠎ᠳᠤ᠂ ᠪᠥᠬᠥ᠌ ᠬᠣᠲᠠ᠎ᠳᠤ ᠵᠠᠯᠠᠨ ᠠᠢᠯ ᠬᠣᠲᠠ᠂ ᠡᠷᠭᠦᠨ᠎ᠡ ᠬᠣᠲᠠ ᠵᠡᠷᠭᠡ 3 ᠤᠯᠤᠰ᠎ᠤᠨ ᠲᠠᠰ᠎ᠤᠨ ᠰᠡᠯᠡᠭᠦᠴᠡᠯ᠎ᠦᠨ ᠲᠠᠷᠢᠶᠠᠯᠠᠩ ᠪᠠ ᠬᠥᠳᠡᠭᠡ ᠲᠣᠰᠭᠣᠨ᠎ᠤ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠱᠢᠶᠠᠨ᠂ ᠯᠦ᠍ ᠮᠢᠩ ᠵᠤᠰᠠᠯᠠᠩ᠂ ᠳ᠋ᠦᠩ ᠭᠤᠸᠠᠩ ᠲᠣᠰᠭᠣᠨ ᠵᠡᠷᠭᠡ 3 ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ᠌ ᠴᠡᠭ᠂ 6 《ᠳᠤᠮᠳᠠᠳᠤ ᠤᠯᠤᠰ᠎ᠤᠨ ᠦᠵᠡᠰᠭᠦᠯᠡᠩᠲᠦ ᠰᠠᠢᠬᠠᠨ ᠰᠡᠯᠡᠭᠦᠴᠡᠯ᠎ᠦᠨ ᠰᠢᠶᠠᠩ ᠲᠣᠰᠭᠣᠨ》 ᠂ 1 ᠪᠥᠬᠥ᠌ ᠤᠯᠤᠰ᠎ᠤᠨ ᠰᠡᠯᠡᠭᠦᠴᠡᠯ᠎ᠦᠨ ᠲᠠᠷᠢᠶᠠᠯᠠᠩ᠎ᠤᠨ ᠭᠤᠤᠯᠳᠠᠯᠭ᠎ᠠ᠎ᠲᠠᠶ ᠱᠢᠶᠠᠨ᠂ 8 ᠥᠪᠡᠷᠲᠡᠭᠡᠨ ᠵᠠᠰᠠᠬᠤ ᠣᠷᠣᠨ᠎ᠤ 《ᠬᠥᠳᠡᠭᠡ ᠲᠣᠰᠭᠣᠨ ᠰᠣᠶᠣᠯ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠲᠣᠰᠭᠣᠨ ᠪᠠᠯᠭᠠᠰᠤ》 ᠂ ᠲᠠᠷᠢᠶᠠᠯᠠᠬᠤ ᠰᠣᠶᠣᠯ᠂ ᠲᠠᠯ᠎ᠠ ᠨᠤᠲᠤᠭ᠎ᠤᠨ ᠰᠣᠶᠣᠯ᠂ ᠦᠨᠳᠦᠰᠦᠲᠡᠨ᠎ᠦ ᠰᠣᠶᠣᠯ ᠬᠢᠭᠡᠳ ᠵᠢᠭᠤᠯᠴᠢᠯᠠᠯ᠎ᠢ ᠭᠦᠨᠵᠡᠭᠡᠶ ᠠᠭᠤᠰᠤᠯᠴᠠᠭᠤᠯᠵᠤ᠂ ᠵᠢᠭᠤᠯᠴᠢᠯᠠᠭᠰᠡᠳ ᠲᠸ᠋ ᠡᠯᠪᠡᠭ ᠬᠤᠷᠢᠶᠠᠯᠲᠠ᠎ᠶ᠋ᠢᠨ ᠪᠠᠶᠠᠷ ᠪᠠᠶᠠᠰᠤᠯ᠎ᠢ ᠣᠢᠯᠠᠭᠠᠭᠤᠯᠬᠤ᠎ᠶ᠋ᠢᠨ ᠬᠠᠮᠲᠤ᠂ ᠬᠥᠯᠥᠨ ᠪᠣᠢᠷ᠎ᠤᠨ ᠥᠪᠡᠷᠮᠢᠴᠡ ᠵᠠᠩ ᠦᠶ᠋ᠯᠡ᠎ᠶ᠋ᠢ ᠮᠡᠳᠡᠷᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠦᠷᠭᠦᠯᠵᠢᠯᠡᠭ᠌ᠰᠡᠨ ᠬᠥᠳᠡᠯᠭᠡᠬᠦ᠌ ᠡᠨᠧᠷᠭᠢ ᠨᠡᠮᠡᠷᠢᠯᠡᠵᠦ᠍ ᠪᠠᠢᠨ᠎ᠠ᠃
ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠬᠥᠯᠥᠨ ᠪᠣᠢᠷ ᠬᠣᠲᠠ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠬᠤ᠎ᠶ᠋ᠢ ᠦᠷᠭᠦᠯᠵᠢᠯᠡᠨ ᠪᠠᠷᠢᠮᠲᠠᠯᠠᠵᠤ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠵᠤ᠂ ᠨᠠᠩ ᠴᠢᠩᠭ᠎ᠠ ᠡᠷᠴᠢᠮ᠎ᠢᠶᠡᠷ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠵᠤ᠂ ᠨᠠᠩ ᠱᠢᠯᠢᠳᠡᠭ ᠦᠶ᠋ᠯᠡᠴᠢᠯᠡᠭᠡ᠎ᠪᠡᠷ ᠬᠥᠳᠡᠭᠡ ᠲᠣᠰᠭᠣᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠬᠦᠴᠦᠷᠬᠡᠭ ᠬᠣᠲᠠ᠎ᠶ᠋ᠢ ᠪᠥᠲᠥᠭᠡᠨ ᠪᠠᠢᠭᠤᠯᠬᠤ ᠵᠠᠮ ᠳᠡᠭᠡᠷ᠎ᠡ ᠯᠠᠪᠳᠠᠭᠤᠨ ᠤᠷᠤᠭ᠍ᠰᠢᠯᠠᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠳᠤ ᠨᠠᠩ ᠣᠯᠠᠨ ᠬᠥᠯᠥᠨ ᠪᠣᠢᠷ᠎ᠤᠨ ᠬᠦᠴᠦᠨ ᠴᠢᠳᠠᠯ᠎ᠢ ᠨᠡᠮᠡᠷᠢᠯᠡᠬᠦ᠌ ᠪᠣᠯᠤᠨ᠎ᠠ᠃