— ᠥᠪᠥᠷ ᠮᠣᠩᠭᠣᠯ ᠵᠧᠵᠢᠶᠠᠩ ᠴᠦᠩᠴᠢᠩ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ ᠪᠣᠶ
ᠠᠵᠤ ᠠᠬᠤᠶ ᠨᠡᠢᠭᠡᠮ᠎ᠦᠨ ᠬᠥᠭ᠌ᠵᠢᠯᠲᠡ᠎ᠶᠢ ᠪᠣᠬᠢᠷᠲᠤᠯ ᠦᠭᠡᠢ ᠪᠤᠯᠭᠠᠬᠤ᠂ ᠪᠠᠭ᠎ᠠ ᠨᠡᠭᠦᠷᠡᠰᠦᠲᠥ᠋ᠷᠥᠭ᠌ᠴᠢᠳᠤ ᠪᠤᠯᠭᠠᠬᠤ᠎ᠶ᠋ᠢ ᠠᠬᠢᠭᠤᠯᠬᠤ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ᠎ᠶ᠋ᠢᠨ ᠭᠣᠭ᠍ᠴᠣᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠄ ᠠᠵᠤ ᠦᠢᠯᠡᠰ᠎ᠦᠨ ᠪᠦᠲᠦᠴᠡ᠎ᠶᠢ ᠲᠤᠬᠢᠷᠠᠭᠤᠯᠬᠤ᠂ ᠪᠣᠬᠢᠷᠲᠤᠯ᠎ᠢ ᠵᠠᠰᠠᠬᠤ᠂ ᠠᠮᠢ ᠠᠬᠤᠢ᠎ᠶᠢ ᠬᠠᠮᠠᠭᠠᠯᠠᠬᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠎ᠵᠢ ᠨᠢᠭᠡᠳᠦᠯᠲᠡᠢ ᠲᠥᠯᠥᠪᠵᠢᠭᠦᠯᠵᠦ᠍᠂ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ᠎ᠶ᠋ᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠲᠡ᠎ᠵᠢ ᠨᠡᠮᠡᠭ᠌ᠳᠡᠭᠦᠯᠬᠦᠵᠢᠵᠤᠬᠢᠴᠠᠭᠤᠯᠤᠨ ᠠᠬᠢᠭᠤᠯᠵᠤ᠂ ᠪᠦᠬᠦ᠌ ᠲᠠᠯ᠎ᠠ᠂ ᠪᠦᠬᠦ᠌ ᠣᠷᠣᠨ ᠪᠦᠰᠡ᠂ ᠪᠦᠬᠦ᠌ ᠶᠠᠪᠤᠴᠠ᠎ᠳᠤ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠥᠷᠨᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
10 ᠮᠢᠨᠦ᠋ᠲᠪᠦᠷᠢ ᠳ᠋ᠦ᠂ ᠤᠢ ᠬᠠᠮᠠᠭᠠᠯᠠᠭ᠍ᠴᠢ ᠨᠢᠭᠡ ᠰᠠᠭᠤᠷᠢ ᠤᠯᠠᠭᠠᠨ ᠨᠠᠷᠠᠰᠤ ᠲᠠᠷᠢᠨ᠎ᠠ᠃ ᠥᠪᠥᠷ ᠮᠣᠩᠭᠣᠯ᠎ᠤᠨ ᠬᠣᠷᠴᠢᠨ᠎ᠤ ᠡᠯᠡᠰᠦᠷᠬᠡᠭ ᠭᠠᠵᠠᠷ᠎ᠲᠤ ᠠᠮᠢ ᠠᠬᠤᠢ᠎ᠶ᠋ᠢ ᠰᠡᠷᠭᠦᠭᠡᠨ᠂ ᠶᠡᠷᠦᠩᠬᠡᠢᠯᠡᠨ ᠵᠠᠰᠠᠵᠤ᠂ ᠡᠯᠡᠰᠦᠨ ᠲᠠᠯᠠᠢ᠎ᠶ᠋ᠢ ᠨᠣᠭᠣᠭᠠᠨ ᠪᠦᠷᠢᠳᠦ ᠪᠣᠯᠭᠠᠨ ᠬᠤᠪᠢᠷᠠᠭᠤᠯᠵᠤ ᠪᠤᠢ᠃
10 ᠮᠢᠨᠦ᠋ᠲᠪᠦᠷᠢ ᠳ᠋ᠦ᠂ ᠬᠤᠵᠢᠷᠯᠢᠭ ᠨᠠᠮᠤᠭ᠎ᠤᠨ ᠠᠮᠢ ᠠᠬᠤᠶ᠎ᠶ᠋ᠢᠨ ᠱᠢᠰᠲ᠋ᠧᠮ᠎ᠳᠦ ᠳᠤᠮᠳᠠᠴᠢ᠎ᠪᠠᠷ 2 ᠲᠣᠨ ᠨᠡᠭᠦᠷᠡᠰᠦᠲᠥ᠋ᠷᠥᠭ᠌ᠴᠢ ᠬᠤᠷᠠᠮᠳᠤᠭᠤᠯᠤᠨ᠎ᠠ᠃ ᠵᠧᠵᠢᠶᠠᠩ᠎ᠤᠨ ᠱᠢᠶᠠᠩ ᠱᠠᠨ ᠱᠢᠶᠠᠨ᠎ᠤ ᠲᠠᠯᠠᠢ ᠳᠠᠭᠠᠤ ᠣᠷᠣᠨ᠎ᠳᠤ᠂ ᠬᠦᠬᠡ ᠨᠡᠭᠦᠷᠡᠰᠦᠲᠥ᠋ᠷᠥᠭ᠌ᠴᠢ᠎ᠶ᠋ᠢᠨ ᠡᠬᠢ ᠪᠠᠶᠠᠯᠢᠭ᠎ᠲᠦ ᠲᠦᠰᠢᠭᠯᠡᠨ ᠵᠢᠭᠠᠰᠤᠴᠢᠳ 《ᠠᠮᠢ ᠠᠬᠤᠢ᠎ᠶ᠋ᠢᠨ ᠬᠣᠭᠣᠯᠠ》 ᠣᠯᠵᠤ ᠢᠳᠡᠪᠡ᠃
10 ᠮᠢᠨᠦ᠋ᠲᠪᠦᠷᠢ ᠳ᠋ᠦ᠂ ᠵᠢᠯᠤᠭᠤᠴᠢ ᠦᠭᠡᠢ ᠴᠠᠬᠢᠯᠭᠠᠨ ᠬᠥᠳᠡᠯᠭᠡᠭᠦᠷᠲᠦ ᠠᠴᠢᠶᠠᠨ᠎ᠤ ᠮᠠᠱᠢᠨ ᠨᠢᠭᠡ ᠲᠡᠷᠭᠡ ᠪᠠᠷᠠᠭ᠎ᠠ᠎ᠶᠢ ᠲᠣᠬᠢᠷᠠᠭᠤᠯᠤᠨ ᠬᠦᠷᠭᠡᠨ᠎ᠡ᠃ ᠴᠦᠩᠴᠢᠩ᠎ᠦᠨ ᠯᠢᠶᠠᠩ ᠵᠢᠶᠠᠩ ᠱᠢᠨ᠎ᠡ ᠲᠣᠭᠣᠷᠢᠭ᠎ᠤᠨ ᠰᠠᠢ ᠯᠢ ᠰᠸ ᠳᠡᠰ᠎ᠡᠴᠡ ᠳᠠᠪᠠᠭ᠍ᠰᠠᠨ ᠦᠢᠯᠡᠳᠪᠦᠷᠢᠳ᠋ᠦ᠂ ᠰᠡᠯᠪᠢᠭ ᠲᠤᠨᠤᠭ᠎ᠤᠨ ᠲᠡᠭᠡᠭᠡᠪᠦᠷᠢ᠎ᠳᠦ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ᠎ᠦᠭᠡᠢ ᠪᠠᠢᠵᠤ᠂ ᠪᠣᠬᠢᠷᠲᠤᠯ ᠦᠭᠡᠢ ᠦᠢᠯᠡᠳᠪᠦᠷᠢ᠎ᠶ᠋ᠢ ᠲᠦᠷᠭᠡᠳᠭᠡᠨ ᠪᠠᠢᠭᠤᠯᠪᠠ᠃
ᠣᠢᠷ᠎ᠠ᠎ᠳᠤ᠂ ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠥᠪᠥᠷ ᠮᠣᠩᠭᠣᠯ᠂ ᠵᠧᠵᠢᠶᠠᠩ᠂ ᠴᠦᠩᠴᠢᠩ᠎ᠳᠦ ᠪᠠᠢᠴᠠᠭᠠᠨ ᠰᠤᠳᠤᠯᠤᠯᠲᠠ ᠬᠢᠵᠤ ᠶᠠᠪᠤᠬᠤ ᠳ᠋ᠠᠭᠠᠨ ᠠᠭᠤᠯᠠ ᠤᠰᠤ 《ᠱᠢᠨᠡᠳᠴᠦ᠍》᠂ ᠠᠵᠤ ᠦᠶ᠋ᠯᠡᠰ 《ᠪᠤᠬᠢᠷᠲᠦᠯ ᠦᠭᠡᠢᠵᠢᠭᠰᠡᠨ》 ᠦᠶ᠋ᠯᠡᠳᠦᠯᠭᠡ ᠵᠢ ᠭᠠᠵᠠᠷ ᠪᠣᠯᠭᠠᠨ᠎ᠳᠤ ᠬᠠᠷᠠᠯ᠎ᠠ᠃ ᠡᠯ᠎ᠡ ᠭᠠᠵᠠᠷ᠎ᠤᠨ ᠬᠢᠨ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠵᠠᠮ᠎ᠢᠶᠠᠷ ᠲᠦᠷᠭᠡᠨ ᠵᠠᠮᠨᠠᠵᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ ᠬᠠᠮᠲᠤ ᠣᠷᠣᠱᠢᠬᠤ ᠣᠳᠣᠬᠢᠴᠢᠯᠠᠯᠲᠠ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠵᠤ ᠪᠠᠢᠨ᠎ᠠ᠃
ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠴᠢᠩᠭᠠᠳᠭᠠᠵᠤ ᠠᠮᠢ ᠠᠬᠤᠢ᠎ᠣᠷᠴᠢᠨ ᠲᠣᠭᠣᠷᠢᠨᠶᠠᠪᠤᠬᠤ ᠳᠤᠲᠤᠮ ᠰᠠᠢᠵᠢᠷᠠᠪᠠ
ᠰᠠᠢ᠌ᠨ ᠰᠠᠢᠬᠠᠨ ᠠᠮᠢ ᠠᠬᠤᠢ ᠣᠷᠴᠢᠨ ᠲᠣᠭᠣᠷᠢᠨ ᠪᠣᠯ ᠬᠠᠮᠤᠭ᠎ᠤᠨ ᠡᠷᠬᠡ ᠲᠡᠭ᠌ᠰᠢ ᠤᠯᠠᠨ ᠨᠡᠢᠲᠡ᠎ᠶ᠋ᠢᠨ ᠦᠢᠯᠡᠳᠬᠦᠨ ᠮᠥᠨ᠂ ᠬᠠᠮᠤᠭ᠎ᠤᠨ ᠲᠦᠭᠡᠮᠡᠯ ᠬᠠᠷᠠᠭᠠᠯᠵᠠᠯᠲᠦ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠮᠥᠨ᠃ ᠶᠡᠷᠦᠩᠬᠡᠢ ᠱᠦᠵᠢ ᠰᠢ ᠵᠢᠨ ᠫᠢᠩ᠄ 《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠠᠭᠤᠯᠠᠨ ᠤᠷᠤᠢ᠎ᠡᠴᠡ ᠲᠠᠯᠠᠢ ᠲᠠᠩᠭᠢᠰ ᠬᠦᠷᠬᠦ᠌ ᠬᠠᠮᠠᠭᠠᠯᠠᠯᠲᠠ ᠵᠠᠰᠠᠯᠲᠠ᠎ᠶ᠋ᠢᠨ ᠶᠡᠬᠡ ᠪᠠᠢᠷᠢᠱᠢᠯ᠎ᠢ ᠪᠠᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠬᠥᠬᠡᠮᠥ᠋ᠷᠡᠨ᠎ᠦ ᠳᠡᠭᠡᠳᠦ ᠤᠷᠤᠰᠭᠠᠯ᠂ ᠴᠦᠩᠴᠢᠩ᠎ᠦᠨ ᠹᠸᠩ ᠵᠢᠶ᠍ᠸ ᠱᠢᠶᠠᠨ᠎ᠳᠤ᠂ ᠮᠥᠷᠡᠨᠳᠡᠭᠡᠷᠡ ᠬᠥᠪᠴᠦ᠍ ᠪᠠᠢᠭ᠎ᠠ ᠡᠰᠢ ᠰᠦᠷᠡᠯ᠂ ᠮᠣᠳᠣᠨ ᠰᠠᠯᠠᠭ᠎ᠠ᠎ᠶᠢ ᠴᠠᠭ᠍ᠳᠠᠭᠤᠯ ᠣᠩᠭᠣᠴᠠ ᠲᠤᠤᠷᠠᠬᠠᠨ᠎ᠢᠶᠡᠨ ᠮᠡᠳᠡᠵᠦ᠂ ᠲᠠᠷᠤᠢᠬᠠᠨ ᠴᠡᠪᠡᠷᠯᠡᠨ᠎ᠠ᠃
ᠹᠸᠩ ᠵᠢᠶ᠍ᠸ ᠰᠢᠶᠠᠨ ᠭᠤᠷᠪᠠᠨ ᠬᠠᠪᠴᠢᠯ᠎ᠤᠨ ᠣᠷᠣᠬᠤ ᠡᠭᠦᠳᠡᠨ᠎ᠳᠦ ᠪᠠᠢᠷᠢᠯᠠᠵᠤ᠂ ᠣᠨᠴᠠᠭᠠᠢ ᠭᠠᠵᠠᠷ᠎ᠤᠨ ᠪᠠᠢᠴᠠ ᠡᠴᠡ ᠪᠤᠯᠵᠤ ᠦᠷᠭᠦᠯᠵᠢ ᠬᠣᠭ ᠨᠣᠪᠰᠢ ᠵᠡᠷᠭᠡ ᠬᠥᠪᠦᠮᠡᠯ ᠪᠣᠳᠠᠰᠦᠯᠡᠳᠡᠳᠡᠭ᠃ ᠲᠤᠬᠠᠶ᠎ᠶ᠋ᠢᠨ ᠭᠠᠵᠠᠷ᠎ᠤᠨ᠎ᠬᠢᠨ ᠣᠩᠭᠣᠴᠠᠨ᠎ᠤ ᠡᠷᠭᠢ᠎ᠶ᠋ᠢᠨ ᠲᠦᠷᠰᠦ ᠰᠢᠩᠭᠡᠭᠡᠭᠦᠷ᠂ ᠬᠠᠢᠨ ᠠᠶᠠᠯᠠᠬᠤ ᠵᠢᠯᠣᠭᠣᠴᠢ ᠥᠬᠡᠶ ᠨᠢᠰᠭᠡᠯ ᠪᠣᠯᠤᠨ ᠳᠠᠭᠠᠭᠤᠯᠢ ᠣᠳᠣᠨ᠎ᠤ ᠠᠯᠤᠰ ᠰᠡᠷᠡᠯ᠎ᠢ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ᠎ᠲᠠᠶ ᠤᠰᠤᠨ ᠣᠷᠣᠨ᠎ᠤ ᠬᠥᠪᠦᠮᠡᠯ ᠪᠣᠳᠠᠰ᠎ᠲᠤ ᠲᠣᠭᠠᠴᠢᠯᠠᠭ᠍ᠰᠠᠨ ᠮᠢᠨᠦ᠋ᠲ᠎ᠦᠨ ᠲᠠᠰ᠎ᠤᠨ ᠰᠡᠷᠡᠮᠵᠢᠯᠡᠭᠦᠯᠦᠯ᠎ᠢ ᠪᠡᠶᠡᠯᠡᠭᠦᠯᠪᠡ᠃ 《ᠬᠣᠭ ᠨᠣᠪᠰᠢ᠎ᠶ᠋ᠢ ᠢᠯᠡᠷᠡᠭᠦᠯᠪᠡᠯ ᠵᠢᠯᠣᠭᠣᠳᠭᠤ ᠲᠥᠪ᠎ᠡᠴᠡ ᠳᠠᠷᠤᠢᠬᠠᠨ ᠴᠡᠪᠡᠷᠯᠡᠭᠴᠢ ᠣᠩᠭᠣᠴᠠ᠎ᠪᠡᠷ ᠴᠡᠪᠡᠷᠯᠡᠵᠦ᠍᠂ ᠨᠠᠷᠢᠨ ᠣᠨᠣᠪᠴᠢᠲᠠᠢ ᠥᠨᠳᠥᠷ ᠪᠦᠲᠦᠮᠵᠢᠲᠡᠢ ᠬᠠᠱᠢᠵᠤ᠂ ᠪᠣᠬᠢᠷᠲᠤᠯ᠎ᠢ ᠬᠥᠬᠡᠮᠥ᠋ᠷᠡᠨ᠎ᠳᠦ ᠣᠷᠣᠭᠤᠯᠬᠤ ᠦᠭᠡᠢ》 ᠭᠡᠵᠦ᠍ ᠹᠸᠩ ᠵᠢᠶᠧ ᠱᠢᠶᠠᠨ᠎ᠤ ᠬᠣᠲᠠ᠎ᠶ᠋ᠢᠨ ᠲᠦᠷᠢ ᠳᠦᠷᠬᠦ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠦ᠋ ᠹᠦ᠋ ᠴᠦᠨ ᠲᠠᠨᠢᠯᠴᠠᠭᠤᠯᠪᠠ᠃
ᠱᠢᠨᠵᠢᠯᠡᠬᠦ᠌ ᠤᠬᠠᠭᠠᠨᠴᠢ᠎ᠪᠠᠷ ᠬᠥᠪᠪᠥᠮᠡᠯ ᠪᠤᠳᠠᠰ᠎ᠢ ᠠᠷᠢᠯᠭᠠᠵᠤ᠂ ᠬᠥᠬᠡᠮᠥ᠋ᠷᠡᠨ᠎ᠢ ᠬᠠᠮᠲᠤ᠎ᠪᠠᠷ ᠬᠠᠮᠠᠭᠠᠯᠠᠨ᠎ᠠ᠃ ᠴᠦᠩᠴᠢᠩ ᠬᠥᠬᠡᠮᠥ᠋ᠷᠡᠨ᠎ᠦ ᠳᠡᠭᠡᠳᠦ ᠤᠷᠤᠰᠭᠠᠯ᠎ᠤᠨ ᠴᠢᠬᠤᠯᠠ ᠠᠮᠢ ᠠᠬᠤᠢ᠎ᠶ᠋ᠢᠨ ᠬᠠᠯᠬᠠᠪᠴᠢ᠎ᠶ᠋ᠢ ᠪᠠᠲᠤ ᠴᠣᠭ᠍ᠴᠠᠯᠠᠵᠤ᠂ 《ᠤᠰᠤᠨ᠎ᠤ ᠠᠮᠢ ᠠᠬᠤᠢ᠂ ᠤᠰᠤᠨ᠎ᠤ ᠤᠷᠴᠢᠨ ᠲᠤᠭᠤᠷᠢᠨ᠂ ᠤᠰᠤᠨ᠎ᠤ ᠡᠬᠢ ᠪᠠᠶᠠᠯᠢᠭ᠎ᠢ ᠬᠠᠮᠲᠤ᠎ᠪᠠᠷ ᠵᠠᠰᠠᠬᠤ》 ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠬᠡᠮᠥ᠋ᠷᠡᠨ᠎ᠦ ᠭᠣᠣᠯ ᠤᠷᠤᠰᠭᠠᠯ᠎ᠤᠨ ᠴᠦᠩᠴᠢᠩ᠎ᠦᠨ ᠬᠡᠰᠡᠭ᠎ᠦᠨ ᠤᠰᠤᠨ᠎ᠤ ᠴᠢᠨᠠᠷ 8 ᠵᠢᠯ ᠳᠠᠷᠠᠭᠠᠯᠠᠨ ᠱᠢᠯᠢᠳᠡᠭ ᠪᠣᠯᠪᠠ᠃
6715 ᠺᠢᠯᠤᠮᠸᠲᠷ᠎ᠤᠨ ᠳᠠᠯᠠᠢ᠎ᠶ᠋ᠢᠨ ᠡᠷᠭᠢ᠎ᠶ᠋ᠢᠨ ᠱᠤᠭᠤᠮ᠎ᠲᠠᠶ ᠵᠧᠵᠢᠶᠠᠩ ᠮᠤᠵᠢᠪᠠᠢᠭᠠᠯᠢᠶ᠋ᠢᠨ ᠳᠠᠯᠠᠢ᠎ᠶ᠋ᠢᠨ ᠡᠷᠭᠢ᠎ᠶ᠋ᠢᠨ ᠱᠤᠭᠤᠮ ᠡᠪᠳᠡᠭ᠌ᠳᠡᠭ᠌ᠰᠡᠨ᠂ ᠳᠠᠯᠠᠢ ᠲᠠᠩᠭᠢᠰ᠎ᠤᠨ ᠠᠮᠢ ᠠᠬᠤᠢ ᠣᠷᠴᠢᠨ ᠲᠣᠭᠣᠷᠢᠨ ᠡᠪᠳᠡᠭ᠌ᠳᠡᠭ᠌ᠰᠡᠨ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠴᠡᠭ᠌ᠴᠡᠯᠡᠨ ᠵᠠᠰᠠᠵᠤ ᠰᠡᠷᠭᠦᠭᠡᠬᠦ᠌᠎ᠶ᠋ᠢ ᠠᠬᠢᠭᠤᠯᠵᠤ᠂ 《ᠨᠢᠭᠡ ᠪᠤᠯᠤᠩ᠎ᠳᠤ ᠨᠢᠭᠡ ᠠᠷᠭ᠎ᠠ ᠪᠤᠳᠤᠯᠭ᠎ᠠ》 ᠪᠡᠷ ᠦᠵᠡᠰᠭᠦᠯᠡᠩᠲᠦ ᠰᠠᠢᠬᠠᠨ ᠳᠠᠯᠠᠢ᠎ᠶ᠋ᠢᠨ ᠪᠤᠯᠤᠩ᠎ᠢ ᠪᠦᠲᠦᠭᠡᠨ ᠪᠠᠢᠭᠤᠯᠪᠠ᠃
ᠤᠮᠠᠷᠠᠲᠤ ᠬᠢᠯᠢ᠎ᠶ᠋ᠢᠨ ᠲᠠᠯ᠎ᠠ ᠨᠤᠲᠤᠭ᠂ ᠥᠪᠥᠷ ᠮᠣᠩᠭᠣᠯ᠎ᠤᠨ ᠬᠥᠬᠡᠬᠣᠲᠠ᠎ᠶ᠋ᠢᠨ ᠴᠡᠯᠡᠭᠡᠷ ᠲᠠᠯ᠎ᠠ᠎ᠳᠦ᠂ ᠡᠪᠡᠰᠦᠨ ᠳᠠᠯᠠᠢ ᠨᠤᠮᠢᠨ ᠲᠠᠪᠠᠯᠭᠠᠨ ᠦᠶᠡᠯᠵᠡᠭᠦᠯᠦᠨᠠ᠃
ᠲᠠᠯ᠎ᠠ ᠨᠤᠲᠤᠭ᠎ᠤᠨ ᠥᠩᠭᠡ ᠦᠵᠡᠮᠵᠢ᠎ᠶ᠋ᠢ ᠳᠠᠬᠢᠨ ᠢᠯᠡᠷᠡᠭᠦᠯᠬᠦ᠎ᠵᠢᠨ ᠲᠦᠯᠦᠭᠡ᠂ ᠦᠨᠭᠭᠡᠷᠡᠭᠰᠡᠨ᠎ᠳᠤ ᠱᠢᠷ᠎ᠠ ᠲᠤᠭᠤᠰᠤ ᠲᠡᠭᠳᠡᠵᠦ᠍ ᠪᠠᠢᠭ᠍ᠰᠠᠨ ᠡᠨᠡ ᠬᠦ᠌ ᠡᠵᠡᠭᠦᠶ ᠰᠠᠢᠷ ᠭᠠᠵᠠᠷ ᠲᠸ᠋ ᠠᠮᠢ ᠠᠬᠤᠶ᠎ᠶ᠋ᠢᠨ ᠰᠡᠷᠭᠦᠭᠡᠯᠲᠡ ᠬᠢᠪᠡ᠃ 《ᠲᠤᠬᠠᠢ᠎ᠶ᠋ᠢᠨ ᠦᠶ᠎ᠡ᠎ᠳᠦ᠂ ᠬᠠᠢᠷ ᠴᠢᠯᠠᠭᠤ ᠲᠠᠢ ᠭᠠᠵᠠᠷ ᠡᠪᠡᠰᠦ ᠲᠠᠷᠢᠭᠠᠳ ᠪᠦᠳᠦᠬᠦ ᠦᠭᠡᠢ ᠭᠡᠵᠦ᠍ ᠤᠯᠠᠨ ᠬᠦᠮᠦᠰ ᠪᠤᠳᠤᠵᠦ᠍ ᠪᠠᠢᠪᠠ》᠃ ᠰᠡᠷᠭᠦᠭᠡᠨ ᠵᠠᠰᠠᠬᠤ ᠡᠭᠦᠷᠭᠡ᠎ᠶ᠋ᠢ ᠡᠭᠦᠷᠭᠡᠯᠡᠭ᠌ᠰᠡᠨ ᠮᠸᠩ ᠼᠤᠤ ᠪᠦᠯᠦᠭ᠌ᠯᠡᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ ᠬᠡᠯᠲᠡᠰ᠎ᠦᠨ ᠬᠠᠷᠢᠭᠤᠴᠠᠯᠭᠠᠲᠠᠨ ᠸᠠᠩ ᠵᠢᠶᠦ᠋ᠨ ᠹᠠᠩ᠂ ᠪᠦᠯᠬᠦᠮ᠎ᠦᠨ ᠬᠢᠨ ᠤᠷᠭᠤᠮᠠᠯ᠎ᠤᠨ ᠲᠦᠷᠦᠯ ᠵᠦᠢᠯ᠎ᠢ ᠨᠠᠷᠢᠯᠢᠭ ᠰᠣᠩᠭᠣᠵᠤ᠂ ᠬᠥᠮᠦᠨ᠎ᠦ ᠬᠦᠴᠦ᠍᠎ᠪᠡᠷ ᠭᠠᠷ ᠲᠦᠷᠦᠭᠦ᠌ ᠪᠠ ᠠᠶᠠᠨ᠎ᠳᠠᠭᠠᠨ ᠰᠡᠷᠭᠦᠬᠦ᠌᠎ᠶ᠋ᠢ ᠤᠶᠠᠯᠳᠤᠭᠤᠯᠤᠭ᠍ᠰᠠᠨ ᠠᠷᠭ᠎ᠠ ᠬᠡᠯᠪᠡᠷᠢ᠎ᠪᠡᠷ ᠬᠥᠷᠥᠰᠥ᠍ ᠱᠢᠷᠣᠢ᠎ᠶ᠋ᠢ ᠰᠠᠢᠵᠢᠷᠠᠭᠤᠯᠵᠤ᠂ ᠤᠷᠭᠤᠮᠠᠯ᠎ᠤᠨ ᠬᠤᠴᠢᠯᠭ᠎ᠠ᠎ᠶ᠋ᠢ ᠲᠠᠬᠢᠨ ᠪᠠᠢᠭᠤᠯᠵᠠᠢ᠃ 《ᠲᠠᠯ᠎ᠠ ᠨᠤᠲᠤᠭ᠎ᠤᠨ ᠤᠷᠭᠤᠮᠠᠯ ᠰᠡᠷᠭᠦᠭᠡᠯᠳᠡ ᠵᠢᠨ ᠡᠬᠢᠨ᠎ᠦ ᠬᠤᠭᠤᠴᠠᠭᠠᠨ᠎ᠳᠤ 20 ᠭᠠᠷᠤᠶ ᠵᠦᠶ᠋ᠯ ᠪᠠᠢᠭ᠍ᠰᠠᠨ᠎ᠡᠴᠡ᠎ᠪᠠᠨ ᠣᠲᠣ 70 ᠭᠠᠷᠤᠶ ᠵᠦᠶ᠋ᠯ ᠪᠣᠯᠵᠣ ᠨᠡᠮᠡᠭ᠌ᠳᠡᠨ᠂ ᠬᠠᠭᠤᠷᠠᠶ ᠡᠪᠡᠰᠦᠨ᠎ᠦ ᠤᠨᠠᠯᠲᠠ᠂ ᠨᠡᠭᠦᠷᠡᠰᠦᠲᠥ᠋ᠷᠥᠭ᠌ᠴᠢ᠎ᠶ᠋ᠢ ᠲᠣᠭ᠍ᠲᠠᠪᠤᠷᠢᠵᠢᠭᠤᠯᠬᠤ ᠬᠡᠮᠵᠢᠶ᠎ᠡ᠂ ᠬᠦᠴᠢᠯᠲᠥ᠋ᠷᠥᠭ᠌ᠴᠢ ᠢᠯᠭᠠᠷᠠᠭᠤᠯᠬᠤ ᠬᠡᠮᠵᠢᠶ᠎ᠡ ᠵᠡᠷᠭᠡ ᠶᠡᠬᠡᠪᠡᠷ ᠳᠡᠭᠡᠭ᠌ᠰᠢᠯᠡᠨ᠂ ᠴᠡᠯᠡᠭᠡᠷ ᠲᠠᠯ᠎ᠠ ᠲᠠᠯ᠎ᠠ ᠨᠤᠲᠤᠭ᠎ᠤᠨ ᠠᠮᠢ ᠠᠬᠤᠶ᠎ᠶ᠋ᠢᠨ ᠱᠢᠰᠲ᠋ᠧᠮ᠎ᠦᠨ ᠣᠯᠠᠨ ᠶᠠᠩᠵᠤᠲᠤ ᠴᠢᠨᠠᠷ ᠪᠠ ᠲᠣᠭ᠍ᠲᠠᠪᠤᠷᠢᠲᠤ ᠴᠢᠨᠠᠷ ᠢᠯᠡᠳᠲᠡ ᠳᠡᠭᠡᠭ᠌ᠰᠢᠯᠡᠪᠠ》 ᠭᠡᠵᠦ ᠸᠠᠩ ᠵᠢᠶᠦ᠋ᠨ ᠹᠠᠩ ᠲᠠᠨᠢᠯᠴᠠᠭᠤᠯᠪᠠ᠃
ᠥᠪᠥᠷ ᠮᠣᠩᠭᠣᠯ ᠡᠪᠡᠰᠦ ᠮᠣᠳᠣ ᠳᠠᠷᠢᠬᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠠᠵᠢᠯ᠎ᠢ ᠶᠡᠬᠡ ᠪᠡᠷ ᠠᠬᠢᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠢᠳᠡᠪᠬᠢᠲᠡᠶ ᠨᠠᠢᠳᠠᠪᠤᠷᠢᠵᠢᠭᠤᠯᠵᠤ᠂ ᠪᠠᠳᠠᠶ᠎ᠶ᠋ᠢᠨ ᠵᠢᠷᠠᠨ᠂ ᠲᠩᠷᠢ᠂ ᠤᠯᠠᠭᠠᠨᠪᠤᠬ᠎ᠠ ᠭᠤᠷᠪᠠᠨ ᠶᠡᠬᠡ ᠡᠯᠡᠰᠦ᠎ᠵᠢᠨ ᠬᠦᠪᠡᠭᠡ ᠵᠠᠬ᠎ᠠ᠎ᠶᠢ ᠨᠢ ᠬᠤᠮᠢᠨ ᠵᠠᠰᠠᠬᠤ ᠣᠶ ᠱᠢᠭᠤᠶ ᠡᠪᠡᠰᠦᠨ᠎ᠤ ᠪᠦᠰᠡᠡᠦ ᠠᠮᠠ ᠰᠠᠭᠡᠷᠢ ᠨᠢ ᠨᠡᠢᠯᠡᠭᠦᠯ᠎ᠤᠨ ᠵᠤᠯᠭᠠᠭᠤᠯᠪᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠭᠰᠠᠨ ᠵᠢᠡᠷ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃
ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠲᠦᠷᠭᠡᠳᠭᠡᠵᠦ᠍ ᠠᠵᠤ ᠦᠢᠯᠡᠰ᠎ᠦᠨ ᠪᠦᠲᠦᠴᠡ ᠶᠠᠪᠤᠬᠤ ᠲᠤᠳᠤᠮ ᠰᠢᠯᠢᠳᠡᠭᠵᠢᠪᠡ
ᠪᠣᠬᠢᠷᠲᠤᠯ ᠦᠭᠡᠢ ᠬᠥᠭ᠌ᠵᠢᠯᠲᠡ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠳᠡᠪᠢᠰᠭᠡᠷ ᠦᠩᠭᠡ ᠮᠥᠨ᠃ ᠶᠡᠷᠦᠩᠬᠡᠢ ᠱᠦᠵᠢ ᠰᠢ ᠵᠢᠨ ᠫᠢᠩ᠄ 《ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠡᠷᠬᠢᠯᠳᠡᠳᠤ ᠠᠵᠤ ᠠᠬᠤᠢ᠎ᠶ᠋ᠢᠨ ᠱᠢᠰᠲᠸᠮ᠎ᠢ ᠬᠦᠴᠦᠯᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠭᠤᠯᠤᠭ᠍ᠳᠡᠴᠡ ᠥᠨᠳᠥᠷ᠂ ᠡᠬᠢ ᠪᠠᠶᠠᠯᠢᠭ᠎ᠤᠨ ᠬᠣᠷᠣᠭ᠍ᠳᠠᠯ ᠪᠠᠭ᠎ᠠ᠂ ᠣᠷᠴᠢᠨ ᠲᠣᠭᠣᠷᠢᠨ᠎ᠤ ᠪᠣᠬᠢᠷᠲᠤᠯ ᠪᠠᠭ᠎ᠠ ᠠᠵᠤ ᠦᠢᠯᠡᠰ᠎ᠦᠨ ᠪᠦᠲᠦᠴᠡ᠎ᠶ᠋ᠢ ᠲᠦᠷᠭᠡᠳᠭᠡᠨ ᠪᠦᠷᠢᠯᠳᠦᠭᠦᠯᠵᠦ᠍᠂ ᠠᠵᠤ ᠠᠬᠤᠢ᠎ᠶ᠋ᠢᠨ ᠪᠣᠬᠢᠷᠲᠤᠯ ᠦᠭᠡᠢ ᠪᠠᠢᠬᠤ ᠬᠡᠮᠵᠢᠢ᠎ᠡ᠎ᠶ᠋ᠢ ᠶᠡᠬᠡᠪᠡᠷ ᠳᠡᠭᠡᠭ᠌ᠰᠢᠯᠡᠭᠦᠯᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠠᠵᠤ ᠦᠢᠯᠡᠰ ᠪᠤᠬᠢᠷᠲᠤᠯ ᠦᠭᠡᠢᠵᠢᠪᠡ —
ᠵᠧᠵᠢᠶᠠᠩ᠎ᠤᠨ ᠱᠣᠤᠱᠢᠩ ᠬᠣᠲᠠ᠎ᠶ᠋ᠢᠨ ᠶᠤᠸᠠᠢ ᠴᠧᠩ ᠲᠣᠭᠣᠷᠢᠭ᠎ᠤᠨ ᠤᠢᠷ᠎ᠠ ᠤᠭᠲᠠᠷᠭᠤᠢ᠎ᠵᠢᠨ ᠠᠵᠤ ᠠᠬᠤᠶ᠎ᠶ᠋ᠢᠨ ᠢᠵᠢ ᠪᠦᠷᠢᠳᠦᠭᠦᠯᠬᠦ᠌ ᠠᠵᠤ ᠦᠶ᠋ᠯᠡᠰ᠎ᠦᠨ ᠬᠦᠷᠢᠶᠡᠯᠡᠩ᠎ᠳᠦ᠂ ᠳᠤᠮᠳᠠ ᠲᠣᠮᠣ ᠬᠡᠯᠪᠡᠷᠢ᠎ᠶ᠋ᠢᠨ ᠲᠣᠭ᠍ᠲᠠᠮᠠᠯ ᠳᠠᠯᠠᠪᠴᠢᠲᠤ ᠵᠢᠯᠣᠭᠣᠴᠢ ᠥᠬᠡᠶ ᠨᠢᠰᠭᠡᠯ᠎ᠢ ᠰᠠᠶᠢᠬᠠᠨ ᠤᠭ᠍ᠰᠠᠷᠠᠵᠤ ᠳᠠᠭᠤᠰᠬᠠᠪᠠ᠃ 《ᠺᠣᠮᠫᠠᠨᠢ᠎ᠶ᠋ᠢᠨ ᠳᠣᠷᠣᠨᠠᠲᠤ ᠣᠷᠣᠨ᠎ᠤ ᠵᠢᠵᠢᠭᠦᠷᠯᠡᠬᠦ᠌ ᠬᠥᠮᠦᠨ ᠦᠭᠡᠢ ᠱᠢᠰᠲ᠋ᠧᠮ᠎ᠢ ᠤᠭ᠍ᠰᠠᠷᠠᠬᠤ ᠪᠠ ᠲᠤᠱᠢᠶᠠᠬᠤ᠎ᠶᠢ ᠴᠥᠮ ᠡᠨᠳᠡ ᠪᠡᠶᠡᠯᠡᠭᠦᠯᠪᠡ》 ᠭᠡᠵᠦ ᠵᠧᠵᠢᠶᠠᠩ᠎ᠤᠨ ᠳ᠋ᠠ ᠫᠸᠩ ᠽᠦᠩ ᠾᠧᠩ ᠵᠢᠯᠣᠭᠣᠴᠢ ᠦᠭᠡᠢ ᠨᠢᠰᠭᠡᠯ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠶᠣᠣ ᠱᠢᠩ ᠢᠦᠢ ᠬᠡᠯᠡᠪᠡ᠃
《ᠡᠨᠳᠡ ᠤᠤᠯ ᠨᠢ ᠡᠨᠧᠷᠭᠢ᠎ᠶ᠋ᠢᠨ ᠬᠣᠷᠣᠭ᠍ᠳᠠᠯ ᠶᠡᠬᠡᠲᠡᠢ᠂ ᠭᠠᠳᠠᠭ᠍ᠰᠢᠯᠠᠭᠤᠯᠤᠯᠲᠠ ᠶᠡᠬᠡᠲᠡᠢ ᠱᠢᠯ᠎ᠦᠨ ᠦᠢᠯᠡᠳᠪᠦᠷᠢ ᠪᠠᠢᠬᠰᠠᠨ᠃ ᠪᠢᠳᠡ ᠠᠵᠤ ᠦᠢᠯᠡᠰ᠎ᠦᠨ ᠪᠦᠲᠦᠴᠡ᠎ᠶ᠋ᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠲᠤᠰ ᠭᠠᠵᠠᠷ᠎ᠢ ᠬᠣᠶᠠᠳᠠᠬᠢ ᠤᠳᠠᠭ᠎ᠠ ᠨᠡᠭᠡᠭᠡᠨ ᠬᠥᠭ᠌ᠵᠢᠭᠦᠯᠵᠦ᠍᠂ ᠤᠢᠷ᠎ᠠ ᠤᠭᠲᠠᠷᠭᠤᠢ᠎ᠵᠢᠨ ᠠᠵᠤ ᠠᠬᠤᠢ᠎ᠶ᠋ᠢᠨ ᠱᠢᠨ᠎ᠡ ᠤᠷᠤᠯᠳᠤᠭᠠᠨ᠎ᠤ ᠵᠠᠮ᠎ᠢ ᠪᠠᠢᠷᠢᠱᠢᠭᠤᠯᠪᠠ》᠃ ᠶᠤᠸᠠᠢ ᠴᠧᠩ ᠲᠣᠭᠣᠷᠢᠭ᠎ᠤᠨ ᠠᠵᠤ ᠠᠬᠤᠶ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶᠠᠨ᠎ᠤ ᠪᠠᠯᠠ ᠣᠷᠣᠭᠤᠯᠤᠯᠲᠠ᠎ᠶ᠋ᠢᠨ ᠰᠠᠯᠠᠭᠠᠨ᠎ᠤ ᠳᠠᠷᠤᠭ᠎ᠠ ᠳ᠋ᠢᠩ ᠢᠦᠶ ᠵᠢᠦᠸᠠᠢ᠄ ᠬᠣᠯᠪᠣᠭ᠍ᠳᠠᠯ ᠪᠥᠬᠥᠶ ᠲᠦᠷᠦᠯ ᠵᠦᠢᠯ᠎ᠢ ᠣᠷᠣᠭᠤᠯᠤᠨ ᠠᠪᠴᠢᠷᠠᠬᠤ᠂ ᠵᠢᠵᠢᠭᠦᠷᠯᠡᠬᠦ᠌ ᠬᠥᠮᠦᠨ ᠦᠭᠡᠢ ᠱᠢᠰᠲ᠋ᠧᠮ᠂ ᠬᠠᠲᠠᠭᠤ ᠲᠦᠯᠦᠪᠳᠦ ᠳ᠋ᠢᠶᠠᠨ ᠤ᠋ᠤᠢ ᠵᠡᠷᠭᠡ ᠱᠢᠨ᠎ᠡ ᠮᠡᠷᠭᠡᠵᠢᠯ᠎ᠢ ᠨᠠᠢᠳᠠᠪᠤᠷᠢᠵᠢᠭᠤᠯᠬᠤ᠎ᠪᠠᠷ ᠳᠠᠮᠵᠢᠭᠤᠯᠤᠨ᠂ ᠠᠵᠤ ᠦᠶ᠋ᠯᠡᠰ᠎ᠦᠨ ᠬᠦᠷᠢᠶᠡᠯᠡᠩ᠎ᠦᠨ ᠨᠢᠭᠡᠴᠢ ᠨᠡᠮᠡᠭ᠌ᠳᠡᠯ ᠥᠷᠲᠡᠭ᠎ᠦᠨ ᠡᠨᠧᠷᠭᠢ᠎ᠶ᠋ᠢᠨ ᠬᠣᠷᠣᠭ᠍ᠳᠠᠭᠤᠯᠤᠯᠢ 6 ᠲᠣᠨ ᠪᠠᠷᠢᠮᠵᠢᠶᠠᠲᠤ ᠨᠡᠭᠦᠷᠡᠰᠦ \ ᠲᠦᠮᠡᠨ ᠲᠥᠭᠥᠷᠢᠭ ᠪᠠᠢᠭ᠍ᠰᠠᠨ᠎ᠡᠴᠡ 0.05 ᠲᠣᠨ ᠪᠠᠷᠢᠮᠵᠢᠶᠠᠲᠤ ᠨᠡᠭᠦᠷᠡᠰᠦ \ ᠲᠦᠮᠡᠨ ᠲᠥᠭᠥᠷᠢᠭ ᠪᠣᠯᠭᠠᠨ ᠪᠠᠭᠤᠷᠠᠭᠤᠯᠵᠠᠢ ᠭᠡᠵᠦ ᠲᠠᠨᠢᠯᠴᠠᠭᠤᠯᠪᠠ᠃
ᠡᠨᠧᠷᠭᠢ ᠱᠢᠨᠡᠳᠪᠡ —
ᠡᠳᠦᠷ᠎ᠲᠦ 3 ᠲᠦᠮᠡᠨ ᠳ᠋ᠢᠶᠠᠨ ᠤ᠋ᠤᠢ ᠴᠠᠬᠢᠯᠭᠠᠨ ᠴᠠᠬᠢᠮ ᠦᠢᠯᠡᠳᠪᠦᠷᠢᠯᠡᠬᠦ᠌ ᠦᠢᠯᠡᠳᠪᠦᠷᠢᠯᠡᠯ᠎ᠦᠨ ᠶᠠᠭᠠᠷᠠᠯᠳᠠᠢ ᠱᠤᠭᠤᠮᠲᠡᠭᠡᠷᠠ ᠨᠡᠭᠦᠷᠡᠰᠦᠲᠥ᠋ᠷᠥᠭ᠌ᠴᠢ ᠵᠢ ᠦᠯᠦ ᠭᠠᠳᠠᠭᠰᠢᠯᠠᠭᠤᠯᠬᠤ᠎ᠶᠢ ᠪᠡᠶᠡᠯᠡᠬᠦᠯᠪᠠ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢ᠎ᠶ᠋ᠢᠨ ᠬᠠᠷᠢᠭᠤᠯᠳᠠ ᠨᠢ ᠰᠠᠯᠬᠢᠨ ᠬᠦᠴᠦᠨ ᠭᠡᠷᠡᠯᠴᠢ ᠴᠡᠨᠡᠭ᠎ᠢ ᠬᠦᠭᠵᠢᠭᠦᠯᠦᠭᠰᠡᠨ ᠳ᠋ᠦ ᠪᠤᠢ᠃
ᠮᠥᠷ ᠮᠥᠷ ᠬᠡᠷᠡᠯᠴᠢ ᠴᠡᠨᠡᠭ᠎ᠦᠨ ᠬᠠᠪᠲᠠᠰᠤ ᠵᠢᠭᠠᠰᠤᠨ ᠬᠠᠢᠷᠰᠤ ᠮᠡᠳᠤ ᠵᠢᠭ᠌ᠳᠡᠷᠡᠵᠦ᠍᠂ ᠠᠯᠢ ᠣᠯᠠᠨ ᠰᠠᠯᠬᠢᠨ ᠬᠦᠴᠦᠨ᠎ᠦ ᠮᠠᠱᠢᠨ ᠡᠳᠦᠷ ᠰᠥᠨᠢ ᠥᠬᠡᠶ ᠠᠵᠢᠯᠯᠠᠵᠤ᠂ ᠪᠤᠬᠢᠷᠳᠤᠯ ᠦᠬᠡᠢ ᠴᠠᠬᠢᠯᠭᠠᠨ᠎ᠢ ᠲᠠᠰᠤᠷᠠᠯᠲᠠ ᠥᠬᠡᠶ ᠥᠪᠥᠷ ᠮᠣᠩᠭᠣᠯ᠎ᠤᠨ ᠡᠵᠡᠨ ᠬᠣᠷᠣᠭ᠎ᠠ ᠬᠣᠱᠢᠭᠤᠨ᠎ᠳᠤ ᠪᠠᠢᠭ᠎ᠠ ᠮᠸᠩ ᠰᠤ᠌ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠣᠷᠳᠣᠰ᠎ᠤᠨ ᠨᠡᠭᠦᠷᠡᠰᠦᠲᠥ᠋ᠷᠥᠭ᠌ᠴᠢ᠎ᠶᠢ ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ᠎ᠳᠦ ᠬᠦᠷᠭᠡᠵᠦ᠍ ᠪᠣᠶ᠃
《ᠨᠡᠭᠦᠷᠡᠰᠦᠲᠥ᠋ᠷᠥᠭ᠌ᠴᠢ᠎ᠶᠢ ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ ᠤ᠋ᠨ ᠬᠢᠨ ᠳᠠᠬᠢᠨ ᠡᠭᠦᠰᠴᠤ ᠪᠤᠯᠬᠤ ᠡᠨᠧᠷᠭᠢ ᠶ᠋ᠢ ᠠᠱᠢᠭ᠍ᠯᠠᠨ ᠦᠶ᠋ᠯᠡᠳᠪᠦᠷᠢᠯᠡᠵᠦ᠍᠂ ᠮᠡᠷᠭᠡᠵᠢᠯ᠎ᠢᠶᠡᠷ ᠡᠨᠧᠷᠭᠢ ᠠᠷᠪᠢᠯᠠᠬᠤ᠎ᠪᠠᠷ ᠳᠠᠮᠵᠢᠭᠤᠯᠵᠤ᠂ ᠡᠴᠦᠰ᠎ᠲᠡᠬᠡᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠵᠤ᠂ ᠨᠡᠭᠦᠷᠡᠰᠦᠲᠥ᠋ᠷᠥᠭ᠌ᠴᠢ᠎ᠶ᠋ᠢᠨ ᠲᠡᠭ ᠭᠠᠳᠠᠭ᠍ᠰᠢᠯᠠᠭᠤᠯᠤᠯᠲᠠ᠎ᠶ᠋ᠢ ᠦᠬᠡᠢᠰᠬᠡᠬᠦ ᠵᠢ ᠪᠡᠶᠡᠯᠡᠬᠦᠯᠪᠠ》᠃ ᠮᠸᠩ ᠰᠤ᠌ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠼᠦᠢ ᠶᠦᠩ ᠫᠢᠩ ᠂ ᠬᠦᠷᠢᠶᠡᠯᠡᠩ ᠲᠣᠭᠣᠷᠢᠭ᠎ᠤ᠋ᠨ ᠬᠢᠨ 38.5 ᠲᠦᠮᠡᠨ ᠺᠢᠯᠦᠸᠠᠲ᠎ᠤᠨ ᠰᠠᠯᠬᠢ ᠬᠡᠷᠡᠯ᠎ᠢ ᠤᠰᠤᠳᠤᠢ᠍ᠷᠦᠭᠴᠢᠵᠢᠬᠥᠯᠤᠨ ᠬᠠᠳᠠᠭᠠᠯᠠᠵᠤ ᠬᠡᠷᠡᠭᠯᠡᠬᠦ ᠶ᠋ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯ᠎ᠢ ᠢᠵᠢ ᠪᠦᠷᠢᠳᠦᠭᠦᠯᠦᠨ ᠪᠥᠲᠥᠭᠡᠨ ᠪᠠᠢᠭᠤᠯᠵᠤ᠂ ᠬᠡᠷᠡᠯᠴᠢ ᠴᠡᠨᠡᠭ᠂ ᠤᠰᠤᠲᠥ᠋ᠷᠥᠭ᠌ᠴᠢ ᠡᠨᠧᠷᠭᠢ ᠵᠡᠷᠭᠡ ᠬᠦᠷᠢᠶᠡᠨ᠎ᠳᠡᠬᠢ 10 ᠠᠵᠤ ᠠᠬᠤᠢᠯᠠᠯ᠎ᠢ ᠲᠡᠳᠡᠨ ᠣᠷᠣᠭᠤᠯᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠵᠢᠯ᠎ᠦᠨ ᠦᠶ᠋ᠯᠡᠳᠬᠦᠨ᠎ᠦ ᠥᠷᠲᠡᠭ 200 ᠳ᠋ᠦᠩᠱᠢᠭᠤᠷ ᠲᠥᠭᠥᠷᠢᠭ᠎ᠢ ᠳᠠᠪᠠᠪᠠ᠃
ᠥᠪᠥᠷ ᠮᠣᠩᠭᠣᠯ ᠨᠢᠭᠡ ᠦᠶ᠎ᠡ ᠤᠯᠠᠮᠵᠢᠯᠠᠯᠲᠤ ᠡᠨᠧᠷᠭᠢ᠎ᠶ᠋ᠢ ᠠᠱᠢᠭ᠍ᠯᠠᠬᠤ 《ᠲᠣᠮᠣ ᠡᠷᠦᠬᠡ》 ᠪᠠᠢᠪᠠ᠂ ᠣᠢᠷ᠎ᠠ᠎ᠶ᠋ᠢᠨ ᠵᠢᠯ᠎ᠳᠦ ᠡᠨᠧᠷᠭᠢ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠠᠷᠭ᠎ᠠ ᠬᠡᠯᠪᠡᠷᠢ᠎ᠶ᠋ᠢ ᠱᠢᠯᠢᠳᠡᠭ᠌ᠵᠢᠭᠦᠯᠵᠦ᠍᠂ ᠱᠢᠨ᠎ᠡ ᠡᠨᠧᠷᠭᠢ᠂ ᠴᠡᠪᠡᠷ ᠡᠨᠧᠷᠭᠢ᠎ᠶ᠋ᠢ ᠶᠡᠬᠡᠪᠡᠷ ᠬᠥᠭ᠌ᠵᠢᠭᠦᠯᠵᠦ᠍᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠱᠢᠨ᠎ᠡ ᠡᠨᠧᠷᠭᠢ᠎ᠶ᠋ᠢᠨ ᠶᠡᠷᠦᠩᠬᠡᠶ ᠮᠠᠱᠢᠨ ᠴᠣᠭ᠍ᠴᠠᠯᠠᠪᠤᠷᠢ 1.45 ᠳ᠋ᠦᠩᠱᠢᠭᠤᠷ ᠺᠢᠯᠦᠸᠠᠲ᠎ᠲᠤ ᠬᠦᠷᠴᠦ᠍᠂ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢᠨ 52%᠎ᠢ᠋ ᠡᠵᠡᠯᠡᠪᠡ᠃
ᠡᠬᠢ ᠪᠠᠶᠠᠯᠢᠭ᠎ᠤᠨ ᠠᠱᠢᠭ᠍ᠯᠠᠮᠵᠢ ᠲᠡᠭᠡᠭᠰᠢᠯᠡᠪᠡ —
ᠥᠨᠳᠥᠷ ᠰᠦᠷᠯᠢᠭ ᠠᠰᠠᠷ ᠰᠡᠬᠦᠢᠨ ᠰᠦᠨᠳᠡᠷᠯᠡᠭ᠌ᠰᠡᠨ ᠴᠦᠩᠴᠢᠩ᠎ᠦᠨ ᠵᠢᠶᠠᠩ ᠪᠸᠢ ᠽᠦᠶ᠎ᠶ᠋ᠢᠨ ᠲᠥᠪ ᠬᠤᠳᠠᠯᠳᠤᠭᠠᠨ᠎ᠤ ᠶᠠᠪᠤᠳᠠᠯ᠎ᠤᠨ ᠲᠣᠭᠣᠷᠢᠭ᠎ᠲᠤ ᠠᠭᠠᠷ ᠲᠣᠬᠢᠷᠠᠭᠤᠯᠤᠭ᠍ᠴᠢ᠎ᠵᠢᠨ ᠬᠡᠷ᠎ᠤᠨ ᠭᠠᠳᠠᠨ᠎ᠠ ᠤᠭᠰᠠᠷᠠᠳᠠᠭ ᠮᠡᠰᠢᠨ ᠨᠢᠬᠡ ᠴᠤ᠌ ᠬᠠᠷᠠᠬᠳᠠᠬᠤ ᠦᠬᠡᠢ ᠪᠠᠢᠯ᠎ᠠ᠃ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠨᠢᠭᠤᠴᠠ ᠨᠢ 《ᠮᠥᠷᠡᠨ᠎ᠦ ᠨᠣᠮᠢᠨ ᠤᠰᠤ》᠎ᠳ᠋ᠤ ᠪᠠᠢᠨ᠎ᠠ᠃
《ᠬᠥᠬᠡᠮᠥ᠋ᠷᠡᠨ᠎ᠦ ᠤᠰᠤ ᠪᠣᠯ 〈ᠪᠠᠢᠭᠠᠯᠢ᠎ᠶ᠋ᠢᠨ ᠠᠭᠠᠷ ᠲᠣᠬᠢᠷᠠᠭᠤᠯᠤᠭ᠍ᠴᠢ〉 ᠮᠥᠨ᠂ ᠪᠢᠳᠡ ᠮᠥᠷᠡᠨ᠎ᠦ ᠤᠰᠤᠨ ᠤ᠋ ᠡᠪᠦᠯ᠎ᠳᠡᠭᠡᠨ ᠲᠤᠯᠠᠭᠠᠨ ᠵᠣᠨ᠎ᠳᠠᠭᠠᠨ ᠰᠡᠷᠢᠭᠦᠨ ᠪᠠᠢᠳᠠᠭ ᠥᠪᠡᠷᠮᠢᠴᠡ ᠴᠢᠨᠠᠷ᠎ᠢ ᠠᠱᠢᠭ᠍ᠯᠠᠵᠤ᠂ ᠢᠯᠴᠢ᠎ᠶ᠋ᠢᠨ ᠬᠥᠭᠡᠷᠭᠡ᠎ᠶ᠋ᠢᠨ ᠮᠡᠷᠭᠡᠵᠢᠯ᠎ᠢᠶᠡᠷ ᠰᠡᠷᠢᠬᠦᠨ ᠪᠤᠶᠤ ᠲᠤᠯᠠᠭᠠᠨ ᠢ᠋ ᠲᠤᠬᠢᠷᠠᠭᠤᠯᠵᠤ ᠪᠠᠢᠨ᠎ᠠ》᠃ ᠴᠦᠩᠴᠢᠩ᠎ᠦᠨ ᠼᠦᠨ ᠲᠠᠨ ᠭᠠᠩ ᠴᠧᠩ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠱᠢᠨ᠎ᠡ ᠡᠨᠧᠷᠭᠢ᠎ᠶ᠋ᠢᠨ ᠦᠢᠯᠡᠴᠢᠯᠡᠭᠡᠨ᠎ᠦ ᠬᠤᠪᠢᠶᠠᠷᠢ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠸᠠᠩ ᠵᠢᠩ᠄ 《ᠤᠰᠤᠨ ᠠᠭᠠᠷ ᠲᠣᠬᠢᠷᠠᠭᠤᠯᠤᠭ᠍ᠴᠢ》 ᠵᠢᠨ ᠱᠤᠤᠭᠢᠶᠠᠨ᠂ ᠠᠭᠠᠷ᠎ᠤᠨ ᠪᠣᠬᠢᠷᠲᠤᠯ ᠪᠠᠭ᠎ᠠ᠂ ᠵᠢᠯ ᠪᠦᠷᠢ ᠴᠠᠬᠢᠯᠭᠠᠨ ᠬᠦᠴᠦᠨ᠎ᠦ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢ ᠪᠠᠷᠤᠭ 5.2 ᠲᠦᠮᠡᠨ ᠺᠢᠯᠦᠸᠠᠲ ᠠᠷᠪᠢᠯᠠᠵᠤ᠂ ᠭᠠᠳᠠᠭ᠍ᠰᠢᠯᠠᠭᠤᠯᠤᠯᠲᠠ᠎ᠶ᠋ᠢ ᠪᠠᠷᠤᠭ 6 ᠲᠦᠮᠡᠨ ᠲᠣᠨ ᠪᠠᠭᠠᠰᠭᠠᠨ᠎ᠠ ᠭᠡᠵᠦ᠍ ᠲᠠᠨᠢᠯᠴᠠᠭᠤᠯᠪᠠ᠃
ᠬᠥᠬᠡᠮᠥ᠋ᠷᠡᠨ᠎ᠡᠴᠡ ᠱᠦᠭᠦᠵᠦ᠍ ᠭᠠᠷᠭᠠᠭ᠍ᠰᠠᠨ ᠬᠥᠪᠦᠮᠡᠯ ᠪᠣᠳᠠᠰ᠎ᠢᠶᠠᠷ ᠲᠦᠯᠡᠰᠢ ᠪᠣᠯᠭᠠᠵᠤ᠂ ᠠᠮᠢᠳᠤᠷᠠᠯ᠎ᠤᠨ ᠬᠣᠭ ᠨᠣᠪᠰᠢ᠎ᠶ᠋ᠢ ᠱᠢᠲᠠᠭᠠᠬᠰᠠᠨ ᠱᠢᠭᠠᠷᠤ᠎ᠪᠡᠷ ᠵᠠᠮ ᠳᠡᠪᠢᠰᠴᠦ᠍ ᠁ ᠴᠦᠩᠴᠢᠩ ᠳ᠋ᠤ 《ᠬᠠᠶᠠᠭ᠍ᠳᠠᠮᠠᠯᠢ ᠡᠷᠳᠡᠨᠢ ᠪᠣᠯᠭᠠᠬᠤ》᠂ 《ᠬᠠᠶᠠᠭ᠍ᠳᠠᠮᠠᠯᠢ ᠠᠯᠲᠠ ᠪᠣᠯᠭᠠᠬᠤ》 ᠦᠢᠯᠡᠳᠦᠯᠭᠡ ᠲᠠᠰᠤᠷᠠᠯᠲᠠ ᠦᠭᠡᠢ ᠢᠯᠡᠷᠡᠨ ᠭᠠᠷᠴᠤ ᠪᠤᠢ᠃
《ᠪᠢᠳᠡ ᠡᠬᠢ ᠪᠠᠶᠠᠯᠢᠭ᠎ᠤᠨ ᠣᠷᠴᠢᠯ᠎ᠢᠶᠠᠷ ᠪᠣᠬᠢᠷᠲᠤᠯ ᠦᠭᠡᠢ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠣᠷᠴᠢᠯ ᠠᠵᠤ ᠠᠬᠤᠢ᠎ᠶ᠋ᠢ ᠬᠥᠭ᠌ᠵᠢᠭᠦᠯᠵᠤ ᠪᠠᠢᠨ᠎ᠠ》᠃ ᠴᠦᠩᠴᠢᠩ ᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠬᠤ᠌ ᠾᠧᠩ ᠬᠤᠸᠠ᠄ ᠴᠦᠩᠴᠢᠩ ᠤ᠋ᠨ ᠬᠢᠨ ᠭᠠᠳᠠᠬᠰᠢᠯᠠᠭᠤᠯᠤᠯᠳᠠ ᠵᠢ ᠪᠠᠭᠠᠰᠬᠠᠬᠤ᠂ ᠳᠠᠬᠢᠨ ᠠᠱᠢᠭ᠍ᠯᠠᠬᠤ᠂ ᠡᠬᠢ ᠪᠠᠶᠠᠯᠢᠭ᠍ᠵᠢᠭᠤᠯᠬᠤ᠎ᠶ᠋ᠢᠨ ᠲᠣᠭᠣᠷᠢᠨ᠎ᠳᠤ᠂ ᠠᠵᠤ ᠠᠬᠤᠢᠯᠠᠯ᠎ᠤᠨ ᠣᠷᠴᠢᠯ ᠦᠶ᠋ᠯᠡᠳᠪᠦᠷᠢᠯᠡᠯ᠂ ᠬᠦᠷᠢᠶᠡᠯᠡᠩ ᠲᠣᠭᠣᠷᠢᠭ᠎ᠤᠨ ᠣᠷᠴᠢᠯ ᠠᠵᠢᠯᠯᠠᠭᠠᠨ᠂ ᠠᠵᠤ ᠦᠶ᠋ᠯᠡᠰ᠎ᠦᠨ ᠣᠷᠴᠢᠯ ᠵᠤᠯᠭᠠᠯᠳᠠ᠎ᠶ᠋ᠢ ᠠᠬᠢᠭᠤᠯᠵᠤ᠂ ᠤᠯᠤᠰ᠎ᠤᠨ ᠲᠠᠰ᠎ᠤᠨ ᠪᠣᠬᠢᠷᠲᠤᠯ ᠥᠬᠡᠶ ᠦᠶ᠋ᠯᠡᠳᠪᠦᠷᠢ ᠵᠢ 170᠂ ᠪᠣᠬᠢᠷᠲᠤᠯ ᠥᠬᠡᠶ ᠬᠦᠷᠢᠶᠡᠯᠡᠩ ᠲᠣᠭᠣᠷᠢᠭ᠎ᠢ 16 ᠪᠠᠢᠭᠤᠯᠵᠤ᠂ ᠡᠨᠡ ᠵᠢᠯ᠎ᠦᠨ ᠲᠡᠭᠡᠷ᠎ᠠ ᠬᠠᠭᠠᠰ ᠵᠢᠯ᠎ᠳᠦ ᠶᠡᠬᠡ ᠬᠡᠮᠵᠢᠶᠡᠨ᠎ᠦ ᠠᠵᠤ ᠦᠶ᠋ᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠭ᠍ᠰᠠᠨ ᠨᠣᠷᠮ᠎ᠠ 79.4%᠎ᠳ᠋ᠤ ᠬᠦᠷᠴᠡᠶ ᠭᠡᠵᠤ ᠢᠯᠡᠳᠬᠡᠪᠡ᠃
ᠬᠤᠪᠢᠷᠠᠭᠤᠯᠬᠤ ᠲᠣᠭ᠍ᠲᠠᠴᠠ ᠵᠢᠨ ᠱᠢᠨ᠎ᠡ᠎ᠶᠢ ᠡᠬᠦᠳᠴᠤ ᠠᠷᠭ᠎ᠠ ᠵᠠᠮ ᠶᠠᠪᠤᠬᠤ ᠲᠤᠲᠤᠮ ᠦᠷᠬᠡᠵᠢᠪᠠ
ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ᠎ᠳᠤ ᠬᠢᠵᠠᠭᠠᠯᠠᠰᠢ ᠦᠭᠡᠢ ᠠᠵᠤ ᠠᠬᠤᠶ᠎ᠶ᠋ᠢᠨ ᠦᠨ᠎ᠡ ᠥᠷᠲᠡᠭ ᠠᠭᠤᠯᠤᠭ᠍ᠳᠠᠵᠤ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ᠄《ᠨᠤᠮᠢᠨ ᠤᠰᠤ ᠬᠥᠬᠡᠮᠳᠦᠭ ᠠᠭᠤᠯᠠ ᠵᠢ ᠠᠯᠳᠠᠠ ᠠᠭᠤᠯᠠ ᠮᠦᠩᠬᠦᠨ ᠬᠠᠢᠷᠬᠠᠨ ᠪᠣᠯᠭᠠᠨ ᠬᠤᠪᠢᠷᠠᠭᠤᠯᠬᠤ ᠠᠷᠭ᠎ᠠ ᠵᠠᠮ᠎ᠢ ᠥᠷᠭᠡᠳᠭᠡᠬᠦ᠌ ᠬᠡᠷᠡᠭ᠌ᠲᠡᠢ》᠂ 《ᠠᠮᠢ ᠠᠬᠤᠢ᠎ᠶ᠋ᠢᠨ ᠠᠵᠤ ᠦᠢᠯᠡᠰᠵᠢᠯᠲᠡ ᠪᠠ ᠠᠵᠤ ᠦᠢᠯᠡᠰ᠎ᠦᠨ ᠠᠮᠢ ᠠᠬᠤᠢ᠌ᠵᠢᠯᠳᠠ ᠵᠢ ᠠᠬᠢᠭᠤᠯᠵᠤ᠂ ᠶᠡᠬᠡ ᠬᠡᠮᠵᠢᠶᠡᠨ᠎ᠦ ᠠᠮᠢ ᠠᠬᠤᠢ᠎ᠶ᠋ᠢᠨ ᠦᠢᠯᠡᠳᠭᠦᠨ᠎ᠢ ᠵᠠᠬ᠎ᠠ ᠳᠡᠯᠭᠡᠭᠦᠷ᠎ᠲᠦ ᠭᠠᠷᠭᠠᠵᠤ᠂ ᠠᠮᠢ ᠠᠬᠤᠢ᠎ᠶ᠋ᠢᠨ ᠳᠠᠪᠠᠭᠤᠯᠢᠭ᠎ᠢ ᠲᠠᠰᠤᠷᠠᠯᠳᠠ ᠦᠭᠡᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠨᠣᠭᠣᠭᠠᠷᠠᠭᠤᠯᠬᠤ ᠳᠤᠮᠳᠠ ᠠᠰᠢᠬ ᠤᠯᠵᠤ᠂ ᠬᠠᠮᠠᠭᠠᠯᠠᠬᠤ ᠳᠤᠮᠳᠠ ᠬᠥᠭ᠌ᠵᠢᠬᠥᠯᠵᠦ᠍᠂ ᠬᠥᠭ᠌ᠵᠢᠭᠦᠯᠬᠦ᠌ ᠳᠤᠮᠳᠠ ᠬᠠᠮᠠᠭᠠᠯᠠᠪᠠ᠃
ᠥᠪᠥᠷ ᠮᠣᠩᠭᠣᠯ᠎ᠤᠨ ᠠᠷᠤᠨ ᠬᠣᠱᠢᠭᠤ ᠵᠢᠨ ᠹᠦ᠋ ᠱᠢᠩ ᠪᠠᠯᠭᠠᠰᠤᠨ᠎ᠤ᠋ ᠠᠭᠤᠯᠠᠨ ᠣᠶ᠎ᠶ᠋ᠢᠨ ᠵᠦᠷᠢᠭ ᠲᠦ᠍ ᠮᠥᠭᠥ᠎ᠶ᠋ᠢᠨ ᠦᠨᠦᠷ ᠬᠠᠩᠬᠤᠯᠤᠨ᠎ᠠ᠃ ᠲᠣᠰᠭᠣᠨ᠎ᠤ ᠠᠷᠠᠳ ᠪᠣᠯᠪᠠᠰᠤᠷᠠᠩᠭᠤᠶ ᠲᠡᠭᠦᠵᠦ ᠲᠥᠷᠥᠯ ᠵᠦᠶ᠋ᠯ ᠪᠠ ᠳᠡᠰ ᠢᠯᠭᠠᠯ ᠬᠤᠪᠢᠶᠠᠵᠤ ᠰᠠᠪᠠᠯᠠᠨ᠎ᠠ᠃ 《ᠱᠢᠭᠤᠢᠲᠤ ᠣᠷᠣᠨ᠎ᠳᠤ ᠭᠠᠵᠠᠷ ᠰᠠᠢ ᠦᠭᠡᠢ ᠡᠷᠳᠡᠨᠢ ᠪᠤᠢ᠂ ᠪᠢ ᠬᠠᠮᠤᠭ᠎ᠤᠨ ᠤᠯᠠᠨ᠎ᠳᠠᠭᠠᠨ ᠡᠳᠦᠷ᠎ᠲᠦ 50 ᠭᠠᠷᠤᠢ ᠵᠢᠩ ᠲᠡᠭᠦᠵᠦ᠍ 700 ᠭᠠᠷᠤᠢ ᠲᠥᠭᠥᠷᠢᠭ᠎ᠢᠶᠡᠷ ᠬᠤᠳᠠᠯᠳᠤᠵᠤ ᠪᠠᠢᠨ᠎ᠠ》 ᠭᠡᠵᠦ᠍ ᠲᠣᠰᠭᠣᠨ᠎ᠤ ᠠᠷᠠᠳ ᠶᠠᠨ ᡁᠢ ᠶᠢᠦ ᠬᠡᠯᠡᠪᠡ᠃
ᠨᠤᠭᠤᠭᠠᠷᠠᠭᠤᠯᠤᠯᠳᠠ ᠵᠢ ᠨᠡᠮᠡᠭ᠌ᠳᠡᠭᠦᠯᠬᠦ᠌ ᠪᠣᠯ ᠳᠠᠪᠠᠭᠤᠯᠢᠭ᠎ᠢᠶᠠᠨ ᠨᠡᠮᠡᠭ᠌ᠳᠡᠭᠦᠯᠵᠤ᠂ ᠣᠶ ᠱᠢᠭᠤᠶ᠎ᠶ᠋ᠢ ᠬᠠᠮᠠᠭᠠᠯᠠᠬᠤ ᠪᠣᠯ ᠡᠳ᠋ ᠪᠠᠶᠠᠯᠢᠭ᠎ᠢ ᠬᠠᠮᠠᠭᠠᠯᠠᠵᠤ ᠪᠠᠢᠭ᠎ᠠ ᠶᠠᠪᠤᠳᠠᠯ ᠮᠥᠨ᠃ ᠬᠣᠷᠴᠢᠨ᠎ᠤ ᠡᠯᠡᠰᠦᠷᠬᠡᠭ ᠭᠠᠵᠠᠷ ᠲᠤ᠌ ᠴᠢᠴᠠᠷᠭᠠᠨ᠎ᠠ᠂ ᠠᠯᠮᠤᠷᠠᠳ ᠵᠡᠷᠭᠡ ᠣᠨᠴᠠᠯᠢᠭ᠍ᠲᠤ ᠠᠵᠤ ᠦᠶ᠋ᠯᠡᠰᠨᠠᠩ ᠣᠯᠠᠨ ᠠᠱᠢᠭ ᠣᠷᠣᠯᠭ᠎ᠠ ᠠᠪᠴᠢᠷᠠᠵᠤ ᠪᠤᠢ; ᠶᠡᠬᠡ ᠬᠢᠩᠭᠠᠨ ᠳᠠᠪᠠᠭ᠎ᠠ᠎ᠶ᠋ᠢᠨ ᠪᠠᠷᠠᠭᠤᠨ ᠡᠮᠦᠨ᠎ᠡ ᠬᠣᠷᠮᠣᠶ᠎ᠶ᠋ᠢᠨ ᠷᠠᠱᠢᠶᠠᠨ᠎ᠳᠤ᠂ 81.2%᠎ᠤ᠋ᠨ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠪᠠᠷ ᠶᠠᠪᠠᠭᠠᠨ ᠶᠠᠪᠤᠬᠤ᠂ ᠡᠷᠡᠭᠦᠯᠵᠢᠯ ᠰᠤᠪᠢᠯᠠᠯᠲᠠ ᠵᠡᠷᠭᠡ ᠱᠢᠨ᠎ᠡ᠎ᠪᠡᠷ ᠮᠠᠨᠳᠤᠭ᠍ᠰᠠᠨ ᠵᠢᠭᠤᠯᠴᠢᠯᠠᠯ᠎ᠤᠨ ᠡᠵᠡᠩᠨᠡᠯᠲᠡ᠎ᠶ᠋ᠢᠨ ᠬᠡᠯᠪᠡᠷᠢ᠎ᠶᠢ ᠪᠣᠢᠵᠢᠭᠤᠯᠵᠤ ᠁ ᠣᠶ ᠱᠢᠭᠤᠶ᠎ᠶ᠋ᠢᠨ ᠢᠳᠡᠭᠡᠨ᠎ᠦ ᠵᠦᠶ᠋ᠯᠡᠰ᠎ᠢ ᠨᠡᠭᠡᠭᠡᠨ ᠬᠥᠭ᠌ᠵᠢᠭᠦᠯᠵᠤ᠂ ᠣᠶ ᠱᠢᠭᠤᠶ᠎ᠶ᠋ᠢᠨ ᠠᠮᠢ ᠠᠬᠤᠶ᠎ᠶ᠋ᠢᠨ ᠵᠢᠭᠤᠯᠴᠢᠯᠠᠯ᠎ᠤᠨ ᠣᠷᠣᠨ᠎ᠢ ᠪᠠᠢᠭᠤᠯᠵᠤ᠂ ᠣᠶ ᠱᠢᠭᠤᠶ᠎ᠶ᠋ᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ᠎ᠶᠢ ᠰᠦᠪᠡᠭ᠌ᠴᠢᠯᠡᠵᠦ᠍᠂ ᠥᠪᠥᠷ ᠮᠣᠩᠭᠣᠯ᠎ᠤᠨ ᠣᠶ ᠱᠢᠭᠤᠶ ᠡᠪᠡᠰᠦᠨ᠎ᠦ ᠠᠵᠤ ᠦᠶ᠋ᠯᠡᠰ᠎ᠨᠢ ᠠᠮᠢ ᠠᠬᠤᠶ᠎ᠶ᠋ᠢᠨ ᠦᠷ᠎ᠡ ᠠᠱᠢᠭ᠂ ᠠᠵᠤ ᠠᠬᠤᠶ᠎ᠶ᠋ᠢᠨ ᠦᠷ᠎ᠡ ᠠᠱᠢᠭ᠎ᠤᠨ ᠬᠤᠤᠰ ᠡᠯᠪᠡᠭ ᠬᠤᠷᠢᠶᠠᠯᠲᠠ᠎ᠶ᠋ᠢ ᠪᠡᠶᠡᠯᠡᠭᠦᠯᠵᠦ᠍᠂ ᠨᠢᠳᠤᠨᠤᠨ᠎ᠤ ᠦᠶ᠋ᠯᠡᠳᠬᠦᠨ᠎ᠦ ᠥᠷᠲᠡᠭ᠎ᠨᠢ ᠮᠢᠩᠭᠠᠨ ᠳ᠋ᠦᠩᠱᠢᠭᠤᠷ ᠲᠥᠭᠥᠷᠢᠭ᠎ᠢ ᠳᠠᠪᠠᠪᠠ᠃
ᠨᠤᠭᠤᠭᠠᠷᠠᠭᠤᠯᠤᠯᠳᠠ ᠬᠢᠵᠦ ᠤᠷᠤᠯᠭ᠎ᠠ ᠪᠡᠨ ᠨᠡᠮᠡᠭᠳᠡᠬᠦᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠦᠵᠡᠰᠭᠦᠯᠡᠩᠲᠦ ᠰᠠᠢᠬᠠᠨ ᠠᠵᠤ ᠠᠬᠤᠶ᠎ᠶ᠋ᠢ ᠪᠤᠵᠠᠭᠠᠢᠷᠠᠭᠤᠯᠪᠠ᠃
ᠴᠦᠩᠴᠢᠩ᠎ᠦᠨ ᠪᠸᠢ᠌ᠪᠸᠢ ᠲᠣᠭᠣᠷᠢᠭ᠎ᠤᠨ ᠵᠢᠩ ᠭᠤᠸᠠᠨ ᠪᠠᠯᠭᠠᠰᠤ᠎ᠶ᠋ᠢᠨ ᠵᠦᠩ ᠬᠤᠸᠠ ᠲᠣᠰᠭᠣᠨ᠎ᠤ ᠮᠤᠷᠤᠶ ᠰᠠᠷᠤᠶ ᠠᠭᠤᠯᠠᠨ ᠵᠠᠮ᠎ᠢᠶᠠᠷ ᠶᠠᠪᠤᠬᠤ ᠳ᠋ᠤ ᠭᠠᠵᠠᠷ ᠰᠠᠢ ᠦᠭᠡᠢ ᠴᠡᠯᠬᠡᠷᠡᠵᠠᠢ᠃ ᠥᠩᠭᠡᠷᠡᠭ᠌ᠰᠡᠨ᠎ᠳᠦ᠂ ᠲᠣᠰᠭᠣᠨ᠎ᠤ ᠠᠷᠠᠳ ᠴᠢᠯᠠᠭᠤ ᠮᠠᠯᠲᠠᠵᠤ ᠠᠮᠢ ᠵᠢᠭᠤᠵᠤ᠂ ᠠᠭᠤᠯᠠᠨ ᠳᠡᠭᠡᠷ᠎ᠡ ᠲᠣᠭᠣᠰᠣ ᠱᠢᠷᠣᠢ ᠲᠡᠭᠳᠡᠵᠤ ᠪᠠᠢᠪᠠ᠃ ᠠᠭᠤᠷᠬᠠᠶ᠎ᠶ᠋ᠢ ᠬᠠᠭᠠᠵᠤ ᠵᠣᠭ᠍ᠰᠣᠭᠠᠬᠤ᠂ ᠵᠢᠮᠢᠰ᠎ᠤᠨ ᠮᠣᠳᠣ ᠲᠠᠷᠢᠬᠤ ᠵᠢ ᠬᠥᠲᠥᠯᠥᠨ ᠵᠢᠯᠣᠭᠣᠳᠴᠤ᠌ ᠵᠣᠷᠢᠭ᠍ᠵᠢᠭᠤᠯᠬᠤ᠎ᠪᠠᠷ ᠳᠠᠮᠵᠢᠭᠤᠯᠵᠤ᠂ ᠵᠦᠩ ᠬᠤᠸᠠ ᠲᠣᠰᠭᠣᠨ᠎ᠤ ᠬᠢᠨ ᠠᠮᠢ ᠠᠬᠤᠶ ᠣᠷᠴᠢᠨ ᠲᠣᠭᠣᠷᠢᠨ᠎ᠢ ᠠᠯᠬᠤᠮ ᠠᠯᠬᠤᠮ᠎ᠢᠶᠠᠷ ᠰᠡᠷᠭᠦᠭᠡᠨ ᠵᠠᠰᠠᠪᠠ᠃
ᠡᠳᠦᠭᠡ᠂ 《ᠬᠠᠶᠠᠭ᠍ᠳᠠᠮᠠᠯ ᠠᠭᠤᠷᠬᠠᠶ + ᠤᠨᠴᠠᠯᠢᠬ᠍ᠳᠤ ᠠᠷᠠᠳ᠎ᠤᠨ ᠰᠠᠭᠤᠴᠠ》 ᠨᠢ ᠶᠡᠬᠡ ᠬᠡᠮᠵᠢᠶᠡᠨ᠎ᠦ ᠵᠢᠭᠤᠯᠴᠢᠯᠠᠬᠰᠠᠳ᠎ᠢ ᠲᠠᠲᠠᠵᠤ᠂ 《ᠪᠢ ᠵᠢᠷᠤᠭ ᠲᠥᠯᠥᠪᠯᠡᠭ᠌ᠴᠢ᠎ᠶ᠋ᠢ ᠤᠷᠢᠵᠤ ᠠᠭᠤᠯᠠᠨ ᠣᠶ᠎ᠶ᠋ᠢᠨ ᠭᠤᠤᠯ ᠰᠡᠳᠦᠪᠲᠦ ᠠᠷᠠᠳ᠎ᠤᠨ ᠰᠠᠭᠤᠴᠠ᠎ᠶ᠋ᠢ ᠨᠡᠭᠡᠭᠡᠨ ᠬᠥᠭ᠌ᠵᠢᠭᠦᠯᠵᠦ᠍᠂ ᠵᠢᠯ᠎ᠦᠨ ᠡᠵᠡᠩᠨᠡᠯᠲᠡ᠎ᠶ᠋ᠢᠨ ᠵᠤᠭᠤᠰ᠎ᠤᠨ ᠲᠣᠭ᠎ᠠ ᠨᠢ 500 ᠲᠦᠮᠡᠨ ᠲᠥᠭᠥᠷᠢᠭ᠎ᠢ ᠳᠠᠪᠠᠵᠤ᠂ ᠡᠷᠬᠢᠨ ᠲᠣᠭᠣᠷᠢᠨ᠎ᠤ 30 ᠱᠢᠬᠠᠮ ᠲᠣᠰᠭᠣᠨ᠎ᠤ ᠠᠷᠠᠳ᠎ᠲᠤ ᠠᠵᠢᠯ ᠣᠯᠭᠣᠪᠠ》 ᠭᠡᠵᠦ᠍ ᠲᠣᠰᠭᠣᠨ᠎ᠤ ᠠᠷᠠᠳ ᠵᠧᠦ ᠰᠦᠩ ᠬᠡᠯᠡᠪᠡ᠃
ᠡᠳᠤᠬᠡ ᠪᠣᠯᠲᠠᠯ᠎ᠠ ᠴᠦᠩᠴᠢᠩ 7000 ᠭᠠᠷᠤᠶ ᠾᠧᠺᠲ᠋ᠠᠷ ᠠᠭᠤᠷᠬᠠᠶ᠎ᠶ᠋ᠢ ᠰᠡᠷᠭᠦᠭᠡᠨ ᠵᠠᠰᠠᠵᠤ᠂ 190 ᠭᠠᠷᠤᠢ ᠮᠤ᠌ ᠵᠢᠨ 《ᠬᠣᠶᠠᠷ ᠬᠥᠪᠡᠭᠡ ᠵᠢᠨ ᠬᠥᠬᠡᠮᠳᠦᠭ ᠠᠭᠤᠯᠠ᠂ ᠮᠢᠩᠭᠠᠨ ᠭᠠᠵᠠᠷ᠎ᠤᠨ ᠣᠶ᠎ᠶ᠋ᠢᠨ ᠪᠦᠰᠡ》᠎ᠶ᠋ᠢ ᠬᠡᠷᠡᠭ᠌ᠵᠢᠭᠦᠯᠵᠦ᠍᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠠᠵᠢᠯ ᠱᠢᠨ᠎ᠡ ᠦᠷ᠎ᠡ ᠪᠦᠲᠦᠮᠵᠢ ᠣᠯᠵᠤ᠂ ᠠᠮᠢ ᠠᠬᠤᠶ᠎ᠶ᠋ᠢᠨ ᠳᠠᠪᠠᠭᠤᠯᠢᠭ᠎ᠢ ᠲᠠᠰᠤᠷᠠᠯᠲᠠ ᠥᠬᠡᠶ ᠠᠵᠤ ᠦᠶ᠋ᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠪᠠ᠃
ᠨᠣᠭᠣᠭᠠᠷᠠᠭᠤᠯᠤᠯᠳᠠ ᠡᠴᠡ ᠠᠰᠢᠬ ᠬᠦᠷᠳᠡᠵᠦ᠂ ᠠᠮᠢ ᠠᠬᠤᠢ᠎ᠶ᠋ᠢᠨ ᠦᠢᠯᠡᠳᠭᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠪᠠ᠃
ᠵᠧᠵᠢᠶᠠᠩ᠎ᠤᠨ ᠠᠨ ᠵᠢᠶ ᠱᠢᠶᠠᠨ᠎ᠤ ᠨᠡᠭᠦᠷᠡᠰᠦᠲᠥ᠋ᠷᠥᠭ᠌ᠴᠢ᠎ᠶ᠋ᠢᠨ ᠬᠡᠮᠵᠢᠶ᠎ᠡ᠎ᠶ᠋ᠢ ᠬᠢᠨᠠᠨ ᠬᠡᠮᠵᠢᠬᠦ᠌ 3 ᠰᠤᠪᠤᠷᠭ᠎ᠠ ᠦᠷᠭᠦᠯᠵᠢᠯᠡᠨ ᠠᠵᠢᠯᠯᠠᠵᠤ᠂ ᠠᠭᠤᠯᠠ ᠳᠦᠭᠦᠷᠡᠩ ᠬᠤᠯᠤᠰᠤᠨ ᠣᠶ᠎ᠶ᠋ᠢᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠱᠢᠩᠭᠡᠭᠡᠨ ᠠᠪᠬᠤ ᠪᠠ ᠬᠠᠳᠠᠭᠠᠯᠠᠬᠤ ᠲᠣᠭ᠎ᠠ ᠬᠡᠮᠵᠢᠶ᠎ᠡ᠎ᠶ᠋ᠢ ᠬᠡᠮᠵᠢᠵᠦ᠍ ᠪᠠᠢᠨ᠎ᠠ᠃ ᠬᠤᠯᠤᠰᠤᠨ ᠣᠢ᠎ᠶ᠋ᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠥᠭᠡᠷᠡᠴᠢᠯᠡᠯᠲᠡ᠎ᠶ᠋ᠢ ᠥᠷᠨᠢᠭᠦᠯᠵᠦ᠍᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠤᠷᠢᠶᠠᠨ ᠠᠪᠴᠤ ᠬᠠᠳᠠᠭᠠᠯᠠᠬᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠠᠨ ᠵᠶ᠋ᠢ᠎ᠶ᠋ᠢᠨ ᠾᠧᠺᠲ᠋ᠠᠷ ᠪᠦᠷᠢ ᠬᠤᠯᠤᠰᠤᠨ ᠤᠢ ᠵᠢᠨ ᠠᠷᠠᠯᠵᠢᠶᠠᠯᠠᠬᠤ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠡᠮᠵᠢᠶ᠎ᠡ 5.85 ᠲᠣᠨ᠎ᠳᠤ ᠬᠦᠷᠴᠦ᠍᠂ 《ᠬᠤᠯᠤᠰᠤᠨ ᠣᠢ᠎ᠶ᠋ᠢᠨ ᠠᠭᠠᠷ》 ᠵᠢᠩᠬᠢᠨᠢ ᠠᠯᠲᠠ ᠮᠥᠩᠭᠥ᠌ ᠪᠣᠯᠪᠠ᠃
《ᠬᠤᠶᠠᠷ ᠠᠭᠤᠯᠠ ᠬᠤᠷᠱᠢᠶ᠎ᠠ》 ᠵᠢ ᠪᠠᠢᠭᠤᠯᠵᠤ᠂ ᠤᠰᠤᠨ᠎ᠤ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌᠎ᠶ᠋ᠢ ᠠᠬᠢᠭᠤᠯᠵᠤ᠂ ᠭᠠᠵᠠᠷ ᠱᠢᠨᠵᠢᠯᠡᠭᠡᠨ᠎ᠦ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠬᠤᠪᠢᠷᠠᠭᠤᠯᠤᠨ ᠠᠷᠠᠯᠵᠢᠶᠠᠯᠠᠬᠤ ᠲᠦᠷᠦᠯ ᠵᠦᠢᠯ᠎ᠢ ᠨᠠᠢᠳᠠᠪᠤᠷᠢᠵᠢᠭᠤᠯᠬᠤ ᠁ ᠠᠨ ᠵᠶ᠋ᠢ ᠵᠢᠨ ᠬᠢᠨ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠨᠤᠮᠢᠨ ᠤᠰᠤ ᠬᠥᠬᠡᠮᠳᠦᠭ ᠠᠭᠤᠯᠠ ᠵᠢ ᠠᠯᠳᠠᠠ ᠠᠭᠤᠯᠠ ᠮᠦᠩᠬᠦᠨ ᠬᠠᠢᠷᠬᠠᠨ ᠪᠤᠯᠭᠠᠨ ᠬᠤᠪᠢᠷᠠᠭᠤᠯᠬᠤ ᠵᠠᠮ᠎ᠢ ᠲᠠᠰᠤᠷᠠᠯᠳᠠ ᠦᠭᠡᠢ ᠥᠷᠭᠡᠳᠭᠡᠪᠡ᠃ 2024 ᠣᠨ᠎ᠳᠤ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ᠎ᠢ ᠪᠡᠶᠡᠯᠡᠭᠦᠯᠬᠦ᠌᠎ᠪᠡᠷ ᠳᠡᠮᠵᠢᠨ᠂ ᠠᠨ ᠵᠢᠶ᠎ᠶ᠋ᠢᠨ 91% ᠣᠷᠴᠢᠮ᠎ᠤᠨ ᠵᠠᠰᠠᠭ ᠵᠠᠬᠢᠷᠭᠠᠨ᠎ᠤ ᠲᠣᠰᠭᠣᠨ (ᠬᠥᠳᠡᠭᠡ ᠲᠣᠰᠭᠣᠨ ᠨᠡᠢᠭᠡᠮ ᠲᠣᠭᠣᠷᠢᠭ)᠎ᠳ᠋ᠤ 8.52 ᠳ᠋ᠦᠩᠱᠢᠭᠤᠷ ᠲᠥᠭᠥᠷᠢᠭ᠎ᠦᠨ ᠠᠱᠢᠭ ᠢ᠋ ᠱᠢᠭᠤᠳ ᠬᠤᠪᠢᠶᠠᠷᠢᠯᠠᠵᠠᠶ᠃
ᠵᠧᠵᠢᠶᠠᠩ ᠮᠤᠵᠢ᠎ᠶ᠋ᠢᠨ ᠬᠢᠨ ᠮᠤᠵᠢ᠎ᠶ᠋ᠢᠨ ᠱᠠᠲᠤᠨ᠎ᠤ ᠠᠮᠢ ᠠᠬᠤᠢ᠎ᠶ᠋ᠢᠨ ᠱᠢᠰᠲ᠋ᠧᠮ᠎ᠦᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ᠎ᠦᠨ ᠲᠣᠭᠠᠴᠠᠭ᠎ᠠ ᠬᠢᠬᠦ᠌ ᠪᠠᠷᠢᠮᠵᠢᠶ᠎ᠠ᠎ᠶ᠋ᠢ ᠲᠣᠭ᠍ᠲᠠᠭᠠᠨ ᠵᠠᠰᠠᠪᠤᠷᠢ ᠣᠷᠣᠭᠤᠯᠵᠤ᠂ ᠪᠣᠬᠢᠷᠲᠤᠯ ᠦᠬᠡᠢ ᠮᠥᠩᠭᠥᠨ ᠭᠦᠢᠯᠭᠡᠭᠡᠨ᠎ᠦ ᠲᠣᠭ᠍ᠲᠠᠴᠠ᠎ᠶ᠋ᠢ ᠪᠦᠷᠢᠨᠱᠢᠬᠦᠯᠵᠥ᠍᠂ ᠨᠡᠢᠭᠡᠮᠴᠢᠯᠡᠭ᠌ᠰᠡᠨ ᠪᠡᠯᠡ ᠬᠦᠷᠦᠩᠬᠡ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠬᠡᠯᠪᠡᠷᠢ᠎ᠪᠡᠷ ᠠᠮᠢ ᠠᠬᠤᠢ᠎ᠶ᠋ᠢᠨ ᠦᠷᠳᠡᠭ᠎ᠢ ᠤᠨᠳᠤᠤᠰᠢᠭᠤᠯᠬᠤ ᠳ᠋ᠦ ᠬᠦᠴᠤᠨ ᠨᠡᠮᠡᠷᠢᠯᠠᠪᠠ᠃ ᠵᠧᠵᠢᠶᠠᠩ ᠮᠤᠵᠢ᠎ᠶ᠋ᠢᠨ ᠨᠠᠮ᠎ᠤᠨ ᠬᠣᠷᠢᠶ᠎ᠠ ᠵᠢᠨ ᠱᠦᠵᠢ ᠸᠠᠩ ᠬᠤᠤ᠄ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ᠎ᠶ᠋ᠢ ᠪᠠᠷᠢᠮᠲᠠᠯᠠᠵᠤ᠂ ᠨᠤᠮᠢᠨ ᠤᠰᠤ ᠬᠥᠬᠡᠮᠳᠦᠭ ᠠᠭᠤᠯᠠ ᠪᠤᠯ ᠠᠯᠳᠠᠠ ᠠᠭᠤᠯᠠ ᠮᠦᠩᠬᠦᠨ ᠬᠠᠢᠷᠬᠠᠨ ᠮᠦᠨ ᠭᠡᠬᠦ ᠣᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ ᠵᠢ ᠪᠠᠷᠢᠮᠳᠠᠯᠠᠬᠤ ᠵᠠᠮ᠎ᠢᠶᠠᠷ ᠭᠤᠢᠪᠢᠰᠢ ᠥᠬᠡᠶ ᠵᠠᠮᠨᠠᠨ᠎ᠠ ᠭᠡᠵᠦ᠍ ᠢᠯᠡᠳᠭᠡᠪᠡ᠃
(ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠭᠦᠸᠧ ᠱᠢᠤᠸᠠᠢ ᠶᠠᠨ ᠵᠠᠶ ᠴᠢᠨ ᠴᠢ ᠵᠣᠣ ᠵᠢᠩ ᠹᠸᠩ ᠯᠢᠦ ᠵᠢᠶᠦ᠋ᠨ ᠭᠦᠸᠧ ᠳ᠋ᠧᠦ ᠬᠤᠤ ᠸᠠᠩ ᠱᠢᠨ ᠶᠤᠸᠠᠢ ᠱᠸᠨ ᠵᠢᠩ ᠷᠠᠨ )
(ᠤᠤᠯ ᠵᠤᠬᠢᠶᠠᠯ 2025 ᠣᠨ᠎ᠤ 9 ᠰᠠᠷ᠎ᠠ᠎ᠶ᠋ᠢᠨ 28᠎ᠤ᠋ ᠡᠳᠦᠷ᠎ᠦᠨ 《ᠠᠷᠠᠳ᠎ᠤᠨ ᠡᠳᠦᠷ᠎ᠦᠨ ᠰᠣᠨᠢᠨ》᠎ᠤ᠋ 1 ᠳ᠋ᠤᠬᠡᠷ ᠨᠢᠭᠤᠷ᠎ᠲᠤ ᠨᠡᠢᠲᠡᠯᠡᠭᠲᠡᠵᠡᠢ)