ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ ᠪᠡᠷ ᠲᠤᠯᠭᠠᠭᠤᠷᠢᠯᠠᠨ᠎ᠠ
2025-10-14 10:35:05
ᠵᠣᠬᠢᠶᠠᠭ᠍ᠴᠢ᠄
ᠡᠦ ᠯᠢᠩ
ᠣᠩᠱᠢᠭ᠍ᠰᠠᠨ ᠣᠳᠠᠭ᠎ᠠ᠄
★★★☆☆

ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋ ᠶᠠᠭ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠪᠡᠷ ᠭᠣᠣᠯ ᠬᠥᠳᠡᠯᠭᠡᠭᠦᠷ ᠪᠣᠯᠭᠠᠵᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠂ ᠬᠣᠲᠠ ᠬᠥᠳᠡᠭᠡ᠎ᠶᠢ ᠠᠭᠤᠰᠤᠯᠴᠠᠭᠤᠯᠬᠤ ᠣᠯᠠᠨ ᠲᠠᠯ᠎ᠠ᠎ᠠᠴᠠ ᠬᠦᠴᠦᠯᠡᠬᠦ᠎ᠪᠡᠷ ᠳᠠᠮᠵᠢᠭᠤᠯᠤᠨ᠂ ᠣᠷᠣᠨ ᠪᠦᠰᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠵᠦ ᠪᠠᠢᠨ᠎ᠠ᠃ 2025 ᠣᠨ᠎ᠳᠤ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠠᠵᠤ ᠠᠬᠤᠢ᠎ᠶᠢᠨ ᠪᠠᠢᠳᠠᠯ᠎ᠤᠨ ᠡᠮᠦᠨ᠎ᠡ᠂ ᠬᠣᠷᠴᠢᠨ ᠲᠣᠭᠣᠷᠢᠭ᠋ ᠵᠠᠩᠭᠢᠯᠠᠭ᠎ᠠ᠎ᠶᠢᠨ ᠰᠢᠪᠲᠤᠯᠤᠯᠲᠠ᠎ᠶᠢᠨ ᠴᠡᠭ᠎ᠢ ᠣᠨᠣᠪᠴᠢᠲᠠᠢ ᠣᠯᠵᠤ᠂《ᠬᠡᠯᠬᠢᠶ᠎ᠡ ᠮᠠᠶᠢᠭ᠋᠎ᠤᠨ ᠰᠡᠳᠬᠢᠬᠦᠢ》ᠪᠡᠷ ᠠᠵᠤ ᠦᠢᠯᠡᠰ᠎ᠦᠨ ᠪᠦᠯᠦᠭᠵᠢᠯ᠎ᠦᠨ ᠰᠢᠪᠲᠤᠯᠤᠯᠲᠠ᠎ᠶᠢ ᠠᠬᠢᠭᠤᠯᠵᠤ᠂ 《ᠰᠢᠨ᠎ᠡ᠎ᠶᠢ ᠡᠭᠦᠳᠬᠦ᠎ᠪᠡᠷ ᠡᠨᠧᠷᠭᠢ ᠣᠯᠭᠣᠬᠤ》 ᠪᠡᠷ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠬᠥᠭᠵᠢᠭᠡᠵᠦ᠂ 《ᠬᠤᠳᠠ ᠬᠥᠳᠡᠭᠡ᠎ᠶᠢ ᠨᠢᠭᠡᠳᠦᠯᠲᠡᠢ ᠲᠥᠯᠥᠪᠵᠢᠭᠦᠯᠬᠦ》 ᠪᠡᠷ ᠬᠥᠭᠵᠢᠯᠲᠡ᠎ᠶᠢᠨ ᠪᠠᠢᠷᠢᠰᠢᠯ᠎ᠢ ᠰᠢᠯᠢᠳᠡᠭᠵᠢᠭᠦᠯᠵᠦ ᠪᠠᠢᠨ᠎ᠠ᠃

ᠠᠵᠤ ᠦᠢᠯᠡᠰ ᠮᠠᠨᠳᠤᠪᠠᠯ ᠠᠵᠤ ᠠᠬᠤᠢ ᠮᠠᠨᠳᠤᠨ᠎ᠠ᠃ ᠬᠣᠷᠴᠢᠨ ᠲᠣᠭᠣᠷᠢᠭ᠋ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ ᠦᠢᠯᠡᠳᠬᠦ᠂ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠬᠥᠭᠵᠢᠭᠰᠡᠨ ᠠᠵᠤ ᠦᠢᠯᠡᠰ᠎ᠢ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠪᠠᠢᠷᠢᠰᠢᠭᠤᠯᠤᠯᠲᠠ᠎ᠪᠠᠷ ᠳᠡᠮᠵᠢᠨ ᠴᠢᠨᠠᠷ᠎ᠤᠨ ᠦᠰᠦᠷᠦᠯᠲᠡ᠎ᠶᠢ ᠪᠡᠶᠡᠯᠡᠭᠦᠯᠪᠡ᠃ ᠥᠪᠥᠷ ᠮᠣᠩᠭᠣᠯ᠎ᠤᠨ ᠵᠡᠭᠦᠨ ᠬᠡᠰᠡᠭ᠎ᠤᠨ ᠳᠡᠭᠡᠳᠦ ᠲᠠᠰ᠎ᠤᠨ ᠬᠦᠨᠳᠦ ᠬᠡᠯᠪᠡᠷᠢ᠎ᠶᠢᠨ ᠲᠣᠨᠣᠭ ᠲᠥᠬᠦᠭᠡᠷᠦᠮᠵᠢ ᠦᠢᠯᠡᠳᠬᠦ ᠠᠵᠤ ᠦᠢᠯᠡᠰ᠎ᠦᠨ ᠰᠠᠭᠤᠷᠢᠨ ᠭᠠᠵᠠᠷ᠎ᠲᠤ᠂ ᠯᠦᠩ ᠮᠠ ᠬᠦᠨᠳᠦ ᠠᠵᠤ ᠦᠢᠯᠡᠳᠪᠦᠷᠢ᠎ᠶᠢᠨ 30 ᠲᠦᠮᠡᠨ ᠲᠣᠨ᠎ᠤ ᠨᠠᠷᠢᠯᠢᠭ᠋ ᠴᠢᠳᠬᠤᠬᠤ ᠲᠣᠨᠣᠭ᠎ᠤᠨ ᠲᠥᠷᠥᠯ ᠵᠦᠢᠯ ᠨᠢ ᠨᠢᠭᠡᠨᠲᠡ ᠠᠰᠢᠭ᠍ᠯᠠᠯᠲᠠ᠎ᠳᠤ ᠣᠷᠣᠵᠤ᠂ 200 ᠲᠦᠮᠡᠨ ᠲᠣᠨ᠎ᠤ ᠴᠢᠳᠬᠤᠬᠤ ᠲᠣᠨᠣᠭ᠎ᠤᠨ ᠲᠥᠷᠥᠯ ᠵᠦᠢᠯ ᠨᠢ ᠤᠳᠠᠯ ᠦᠭᠡᠢ ᠠᠰᠢᠭ᠍ᠯᠠᠯᠲᠠ᠎ᠳᠤ ᠣᠷᠣᠬᠤ᠎ᠪᠠᠷ ᠪᠠᠢᠵᠦ᠂ 85%᠎ᠶᠢᠨ ᠰᠠᠯᠬᠢᠨ ᠬᠦᠴᠦᠨ᠎ᠦ ᠴᠠᠬᠢᠯᠭᠠᠨ᠎ᠤ ᠰᠠᠭᠤᠷᠢ ᠲᠣᠨᠣᠭ᠎ᠨᠢ ᠲᠣᠰ ᠭᠠᠵᠠᠷ᠎ᠤᠨ ᠬᠠᠩᠭᠠᠯᠭ᠎ᠠ᠎ᠶᠢ ᠪᠡᠶᠡᠯᠡᠭᠦᠯᠦᠨ᠎ᠡ᠃ ᠡᠨᠡ ᠬᠦ᠌ ᠳᠠᠭᠠᠭᠤᠯᠭ᠎ᠠ ᠨᠢ ᠥᠪᠥᠷ ᠮᠣᠩᠭᠣᠯ᠎ᠤᠨ ᠳᠡᠭᠡᠳᠦ ᠲᠡᠰ᠎ᠤᠨ ᠲᠣᠨᠣᠭᠯᠠᠯ ᠦᠢᠯᠡᠳᠬᠦ ᠬᠣᠭᠣᠰᠤᠨ᠎ᠢ ᠨᠥᠬᠥᠪᠦᠷᠢᠯᠡᠭᠰᠡᠨ᠎ᠢᠶᠡᠷ ᠪᠠᠷᠠᠬᠤ ᠦᠭᠡᠢ᠂ ᠨᠡᠩ ᠴᠤ᠌ ᠱᠠᠨᠳᠦ᠋ᠩ᠎ᠦᠨ ᠴᠠᠬᠢᠯᠭᠠᠨ ᠲᠣᠣᠷ᠎ᠲᠤ ᠰᠢᠭᠤᠳ ᠬᠠᠩᠭᠠᠬᠤ ᠵᠠᠭᠪᠤᠷ᠎ᠢᠶᠠᠷ ᠳᠠᠮᠵᠢᠭᠤᠯᠵᠤ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠵᠠᠢ᠃

ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠬᠦᠷᠢᠶᠡᠨ᠎ᠳᠦ᠂ ᠮᠧᠶ ᠬᠤᠸᠠ᠎ᠶᠢᠨ ᠠᠮᠢᠳᠤ ᠪᠣᠳᠠᠰ᠎ᠤᠨ 25 ᠲᠦᠮᠡᠨ ᠲᠣᠨ ᠰᠷᠸᠤᠨ᠎ᠤ ᠲᠥᠷᠥᠯ ᠵᠦᠢᠯ᠎ᠢ ᠰᠢᠷᠣᠢ᠎ᠠᠴᠠ ᠭᠠᠷᠭᠠᠵᠤ ᠠᠵᠢᠯ ᠡᠬᠢᠯᠡᠭᠦᠯᠵᠦ᠂ ᠰᠷᠸᠤᠨ᠎ᠤ ᠦᠢᠯᠡᠳᠪᠦᠷᠢᠯᠡᠬᠦ ᠴᠢᠳᠠᠪᠤᠷᠢ ᠨᠢ ᠨᠢᠭᠡᠨᠲᠡ ᠪᠥᠬᠥ ᠪᠥᠮᠪᠥᠷᠴᠡᠭ᠎ᠦᠨ 40%᠎ᠠᠴᠠ ᠳᠡᠭᠡᠭᠰᠢᠬᠢ᠎ᠶᠢ ᠡᠵᠡᠯᠡᠵᠦ᠂ ᠢᠳᠡᠭᠡᠨ ᠪᠠ ᠡᠮ᠎ᠦᠨ ᠲᠠᠰ᠎ᠤᠨ ᠳᠡᠭᠡᠳᠦ ᠲᠠᠰ᠎ᠤᠨ ᠦᠢᠯᠡᠳᠬᠦᠨ ᠳᠠᠢᠰᠢ ᠲᠦᠷᠭᠡᠨ ᠬᠡᠯᠪᠡᠷᠢ᠎ᠪᠡᠨ ᠬᠤᠪᠢᠷᠠᠭᠤᠯᠪᠠ᠃ ᠡᠢᠮᠦᠷᠬᠦᠦ《ᠲᠣᠯᠣᠭᠠᠢᠯᠠᠭ᠍ᠴᠢ ᠨᠢ ᠳᠠᠢ᠍ᠢᠴᠢᠯᠠᠵᠤ᠂ ᠢᠵᠢ ᠪᠦᠷᠢᠳᠦᠭᠰᠡᠨ》 ᠠᠵᠤ ᠦᠢᠯᠡᠰ᠎ᠦᠨ ᠠᠮᠢ ᠠᠬᠤᠢ ᠨᠢ ᠬᠣᠷᠴᠢᠨ ᠲᠣᠭᠣᠷᠢᠭ᠋᠎ᠢ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢᠨ ᠤᠷᠤᠯᠳᠤᠭᠠᠨ᠎ᠤ ᠵᠠᠮ ᠳᠡᠭᠡᠷ᠎ᠡ ᠬᠤᠷᠳᠤᠴᠠ ᠨᠡᠮᠡᠵᠡᠢ᠃

ᠰᠢᠨ᠎ᠡ᠎ᠶᠢ ᠡᠭᠦᠳᠬᠦ ᠪᠣᠯ ᠬᠥᠭᠵᠢᠯᠲᠡ᠎ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ᠃ ᠬᠣᠷᠴᠢᠨ ᠲᠣᠭᠣᠷᠢᠭ᠋《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠤᠷᠮᠠᠰᠢᠭᠤᠯᠤᠯ᠂ ᠲᠠᠪᠴᠠᠩ᠎ᠤᠨ ᠪᠦᠲᠦᠭᠡᠨ ᠪᠠᠢᠭᠤᠯᠤᠯᠲᠠ᠂ ᠴᠢᠳᠠᠪᠤᠷᠢᠲᠠᠨ᠎ᠢ ᠬᠥᠲᠥᠯᠥᠨ ᠪᠣᠢᠵᠢᠭᠤᠯᠬᠤ᠎ᠪᠠᠷ ᠳᠡᠮᠵᠢᠨ ᠰᠢᠨ᠎ᠡ᠎ᠶᠢ ᠡᠭᠦᠳᠬᠦ ᠠᠮᠢ ᠠᠬᠤᠢ᠎ᠶᠢ ᠪᠠᠢᠭᠤᠯᠪᠠ᠃  

ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠦᠢᠯᠡᠳᠦᠯᠭᠡ᠎ᠡᠴᠡ ᠦᠵᠡᠪᠡᠯ᠂ ᠨᠡᠢᠭᠡᠮ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠎ᠳᠦ ᠠᠵᠤ ᠦᠢᠯᠡᠰ᠎ᠦᠨ ᠲᠠᠰ ᠳᠡᠪᠰᠢᠬᠦ ᠡᠨᠡ ᠬᠦ᠌《ᠵᠢᠯᠣᠭᠣ᠌》᠎ᠲᠠᠢ ᠨᠢᠭ᠍ᠲᠠ ᠤᠶᠠᠯᠳᠤᠭᠤᠯᠤᠨ᠂ ᠰᠢᠨ᠎ᠡ᠎ᠶᠢ ᠡᠭᠦᠳᠬᠦ᠎ᠪᠡᠷ ᠪᠠᠢᠳᠠᠯ᠎ᠢ ᠡᠪᠳᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠪᠣᠬᠢᠷᠲᠤᠯ ᠦᠭᠡᠢ᠎ᠪᠡᠷ ᠰᠠᠭᠤᠷᠢ᠎ᠶᠢ ᠴᠣᠭᠴᠠᠯᠠᠬᠤ ᠬᠡᠷᠡᠭᠲᠡᠢ᠃ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢ ᠭᠦᠨᠵᠡᠭᠡᠢ ᠠᠬᠢᠭᠤᠯᠬᠤ᠎ᠪᠠᠷ ᠳᠠᠮᠵᠢᠨ᠂ ᠬᠣᠷᠴᠢᠨ ᠲᠣᠭᠣᠷᠢᠭ᠋ ᠠᠵᠤ ᠠᠬᠤᠢ᠎ᠶᠢᠨ ᠶᠡᠷᠦᠩᠬᠡᠢ  ᠨᠡᠮᠡᠭᠳᠡᠯ᠎ᠢ ᠪᠡᠶᠡᠯᠡᠭᠦᠯᠦᠭᠰᠡᠨ᠎ᠢᠶᠡᠷ ᠪᠠᠷᠠᠬᠤ ᠦᠭᠡᠢ᠂ ᠨᠡᠩ ᠴᠤ᠌ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ᠂ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠬᠦ᠂ ᠬᠤᠳᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ᠎ᠪᠠᠷ ᠪᠣᠳᠠᠲᠠᠢ ᠰᠢᠪᠲᠤᠯᠤᠯᠲᠠ᠎ᠲᠠᠢ ᠪᠣᠯᠪᠠ᠃ ᠡᠨᠡ ᠬᠦ᠌ ᠬᠥᠭᠵᠢᠯᠲᠡ᠎ᠶᠢᠨ ᠠᠷᠭ᠎ᠠ ᠵᠠᠮ ᠨᠢ ᠡᠬᠢ ᠪᠠᠶᠠᠯᠢᠭ᠋᠎ᠤᠨ ᠬᠡᠯᠪᠡᠷᠢ᠎ᠶᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠭᠦᠯᠬᠦ᠎ᠳᠦ ᠬᠠᠭᠤᠯᠪᠤᠷᠢᠯᠠᠵᠤ ᠪᠣᠯᠬᠤ 《ᠬᠣᠷᠴᠢᠨ᠎ᠤ ᠲᠥᠰᠥᠯ》᠎ᠢ ᠬᠠᠩᠭᠠᠭᠰᠠᠨ ᠪᠥᠭᠡᠳ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠵᠡᠭᠦᠨ ᠬᠣᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠭᠤᠰᠤᠯᠴᠠᠬᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号