ᠣᠢᠷ᠎ᠠ᠎ᠳᠤ᠂ ᠲᠢᠶᠠᠨ ᠯᠢ ᠰᠢᠶᠤᠤ ᠵᠸᠨ ᠦᠬᠡᠷ᠎ᠦᠨ ᠮᠢᠬᠠᠨ᠎ᠤ ᠬᠠᠯᠠᠭᠤᠨ ᠲᠣᠭᠣᠭᠠᠨ᠎ᠤ ᠳᠡᠯᠭᠡᠭᠦᠷ ᠡᠬᠦᠳᠡ ᠪᠡᠨ ᠨᠡᠬᠡᠬᠡᠪᠡ᠂ ᠡᠨᠡ ᠨᠢ ᠴᠢᠩ ᠾᠧ ᠪᠠᠯᠭᠠᠰᠤ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠎ᠠᠴᠠ ᠦᠬᠡᠷ᠎ᠦᠨ ᠮᠢᠬ᠎ᠠ ᠬᠤᠳᠠᠯᠳᠤᠬᠤ ᠰᠣᠳᠣᠨ ᠵᠠᠭᠪᠤᠷ ᠬᠦᠷᠲᠡᠯᠡᠬᠢ ᠭᠣᠶᠣᠮᠰᠤᠭ ᠬᠤᠪᠢᠷᠠᠯᠲᠠ᠎ᠶᠢ ᠪᠡᠶᠡᠯᠡᠭᠦᠯᠵᠦ᠂ ᠮᠢᠬᠠᠨ᠎ᠤ ᠦᠬᠡᠷ᠎ᠢ ᠲᠡᠵᠢᠭᠡᠨ ᠦᠷᠡᠵᠢᠭᠦᠯᠬᠦ᠂ ᠨᠢᠲᠤᠯᠬᠤ᠂ ᠡᠳ᠋ᠰᠢᠭᠦᠯᠬᠦ᠎ᠡᠴᠡ ᠬᠣᠭᠣᠯᠠᠨ ᠰᠢᠷᠡᠭᠡ ᠬᠦᠷᠲᠡᠯᠡᠬᠢ ᠪᠥᠬᠥ ᠠᠵᠤ ᠦᠢᠯᠡᠰ᠎ᠦᠨ ᠬᠡᠯᠬᠢᠶᠡᠵᠢᠯ᠎ᠤᠨ ᠬᠥᠭᠵᠢᠯᠲᠡ᠎ᠶᠢᠨ ᠵᠠᠭᠪᠤᠷ᠎ᠢ ᠪᠦᠷᠢᠯᠳᠦᠭᠦᠯᠦᠭᠰᠡᠨ᠎ᠢ ᠬᠠᠷᠠᠭᠤᠯᠵᠤ ᠪᠠᠢᠨ᠎ᠠ᠃
ᠲᠢᠶᠠᠨ ᠯᠢ ᠰᠢᠶᠤᠤ ᠵᠸᠨ ᠦᠬᠡᠷ᠎ᠦᠨ ᠮᠢᠬᠠᠨ᠎ᠤ ᠬᠠᠯᠠᠭᠤᠨ ᠲᠣᠭᠣᠭᠠᠨ᠎ᠤ ᠳᠡᠯᠭᠡᠭᠦᠷ ᠦᠨ ᠦᠬᠡᠷ᠎ᠦᠨ ᠮᠢᠬ᠎ᠠ ᠨᠢ ᠴᠢᠩ ᠾᠧ ᠪᠠᠯᠭᠠᠰᠤᠨ᠎ᠤ ᠲᠢᠶᠠᠨ ᠯᠢ ᠪᠦᠯᠦᠭᠯᠡᠯ᠎ᠦᠨ ᠰᠠᠨ ᠮᠢᠶᠤᠤ ᠮᠠᠯ ᠲᠡᠵᠢᠭᠡᠪᠦᠷᠢ᠎ᠶᠢᠨ ᠳᠡᠵᠢᠬᠡᠨ ᠦᠷᠡᠵᠢᠬᠦᠯᠬᠦ ᠺᠣᠮᠫᠠᠨᠢ᠎ᠶᠢᠨ ᠥᠪᠡᠷ᠎ᠢᠶᠡᠨ ᠲᠡᠵᠢᠭᠡᠭᠰᠡᠨ ᠰᠢᠯᠢᠳᠡᠭ ᠮᠢᠬᠠᠨ᠎ᠤ ᠦᠬᠡᠷ ᠪᠣᠯᠣᠨ᠎ᠠ᠂ ᠲᠣᠰ ᠺᠣᠮᠫᠠᠨᠢ 2024 ᠣᠨ᠎ᠤ ᠨᠠᠮᠤᠷ 500 ᠠᠩᠭᠧᠰ ᠦᠬᠡᠷ ᠣᠷᠣᠭᠤᠯᠤᠨ ᠠᠪᠴᠢᠷᠠᠵᠤ᠂ ᠪᠥᠬᠥ ᠶᠠᠪᠤᠴᠠ᠎ᠳᠤ ᠮᠥᠷᠳᠡᠬᠦ ᠮᠡᠷᠭᠡᠵᠢᠯ᠎ᠢ ᠬᠡᠷᠡᠭᠯᠡᠵᠦ᠂ ᠮᠢᠬᠠᠨ᠎ᠤ ᠦᠬᠡᠷ᠎ᠦᠨ ᠥᠰᠦᠯᠲᠡ᠂ ᠠᠷᠠᠴᠢᠯᠠᠨ ᠲᠡᠵᠢᠭᠡᠬᠦ᠂ ᠬᠡᠰᠡᠭᠯᠡᠨ ᠡᠳ᠋ᠰᠢᠭᠦᠯᠬᠦ ᠵᠡᠷᠭᠡ ᠪᠥᠬᠥ ᠶᠠᠪᠤᠴᠠ᠎ᠶᠢ ᠬᠢᠨᠠᠨ ᠡᠵᠡᠮᠳᠡᠵᠦ᠂ ᠲᠣᠭᠠᠴᠢᠯᠠᠭᠰᠠᠨ ᠠᠵᠤ ᠦᠢᠯᠡᠰ᠎ᠦᠨ ᠬᠡᠯᠬᠢᠶ᠎ᠡ᠎ᠶᠢ ᠬᠡᠷᠡᠭᠵᠢᠭᠦᠯᠵᠦ᠂ ᠦᠬᠡᠷ᠎ᠦᠨ ᠮᠢᠬᠠᠨ᠎ᠤ ᠶᠠᠰᠤ ᠴᠢᠨᠠᠷ᠎ᠲᠤ ᠰᠢᠨᠵᠢᠯᠡᠬᠦ ᠤᠬᠠᠭᠠᠨ ᠮᠡᠷᠭᠡᠵᠢᠯ᠎ᠦᠨ ᠪᠠᠲᠤᠯᠠᠭ᠎ᠠ ᠬᠠᠩᠭᠠᠪᠠ᠃《ᠪᠢᠳᠡ ᠬᠥᠭᠵᠢᠯᠲᠡ᠎ᠶᠢᠨ ᠰᠡᠳᠬᠢᠴᠡ᠎ᠪᠡᠨ ᠲᠠᠰᠤᠷᠠᠯᠲᠠ ᠦᠭᠡᠢ ᠬᠤᠪᠢᠷᠠᠭᠤᠯᠵᠤ᠂ ᠳᠡᠭᠡᠳᠦ ᠲᠠᠰ᠎ᠤᠨ ᠮᠢᠬᠠᠨ᠎ᠤ ᠦᠬᠡᠷ᠎ᠦᠨ ᠡᠭᠦᠯᠳᠡᠷ᠎ᠢ ᠢᠳᠡᠪᠬᠢᠲᠡᠢ ᠣᠷᠣᠭᠤᠯᠤᠨ᠂ 600 ᠲᠦᠮᠡᠨ ᠲᠥᠭᠥᠷᠢᠭ ᠪᠡᠯᠡ ᠣᠷᠣᠭᠤᠯᠤᠨ 2200 ᠲᠡᠭᠰᠢ ᠳᠥᠷᠪᠡᠯᠵᠢᠨ ᠮᠧᠲᠷ᠎ᠦᠨ ᠥᠨᠳᠥᠷ ᠪᠠᠷᠢᠮᠵᠢᠶᠠᠲᠤ ᠠᠯᠠᠵᠤ ᠪᠣᠯᠪᠠᠰᠤᠷᠠᠭᠤᠯᠬᠤ ᠲᠠᠰᠤᠭ ᠪᠠᠢᠭᠤᠯᠵᠤ᠂ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ᠂ ᠨᠠᠷᠢᠯᠢᠭ᠋ ᠡᠳ᠋ᠰᠢᠭᠦᠯᠬᠦ᠎ᠡᠴᠡ ᠬᠦᠢᠲᠡᠨ ᠬᠡᠯᠬᠢᠶᠡᠲᠦ ᠰᠢᠭᠤᠳ ᠬᠠᠩᠭᠠᠯᠭ᠎ᠠ ᠬᠦᠷᠲᠡᠯᠡᠬᠢ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠵᠤ᠂ ᠨᠠᠷᠢᠯᠢᠭ᠋ ᠡᠳ᠋ᠰᠢᠭᠦᠯᠦᠭᠰᠡᠨ ᠦᠬᠡᠷ᠎ᠦᠨ ᠮᠢᠬᠠᠨ᠎ᠤ ᠪᠦᠲᠦᠭᠡᠭᠳᠡᠬᠦᠨ᠎ᠢ ᠭᠣᠣᠯᠳᠠᠭᠤ ᠪᠡᠭᠡᠵᠢᠩ᠂ ᠵᠢᠶᠠᠩᠰᠤ᠂ ᠵᠧᠵᠢᠶᠠᠩ ᠵᠡᠷᠭᠡ ᠬᠣᠲᠠ᠎ᠶᠢᠨ ᠵᠠᠬ᠎ᠠ ᠳᠡᠯᠭᠡᠭᠦᠷ᠎ᠲᠦ ᠬᠠᠩᠭᠠᠵᠤ᠂ ᠲᠣᠰ ᠭᠠᠵᠠᠷ᠎ᠤᠨ ᠬᠢᠨ ᠪᠤᠯᠬᠤ ᠪᠡᠷ ᠰᠢᠨ᠎ᠡ ᠰᠣᠷᠭᠣᠭ ᠦᠬᠡᠷ᠎ᠦᠨ ᠮᠢᠬᠠᠨ ᠬᠠᠯᠠᠭᠤᠨ ᠲᠣᠭᠣᠭ᠎ᠠ᠎ᠶᠢ ᠥᠪᠡᠰᠦᠪᠡᠨ ᠡᠵᠡᠩᠨᠡᠬᠦ ᠠᠷᠭ᠎ᠠ ᠬᠡᠯᠪᠡᠷᠢ᠎ᠶᠢ ᠠᠪᠴᠠᠢ》 ᠬᠡᠵᠦ ᠳᠤᠰ ᠮᠠᠯ ᠲᠡᠵᠢᠭᠡᠪᠦᠷᠢ᠎ᠶᠢᠨ ᠺᠣᠮᠫᠠᠨᠢ᠎ᠶᠢᠨ ᠬᠠᠷᠢᠭᠤᠴᠠᠯᠭᠠᠲᠠᠨ ᠵᠠᠩ ᠯᠢᠲᠠᠨᠢᠯᠴᠠᠭᠤᠯᠪᠠ᠃ ᠰᠠᠨ ᠮᠢᠶᠤᠤ ᠮᠠᠯ ᠲᠡᠵᠢᠭᠡᠪᠦᠷᠢ᠎ᠶᠢᠨ ᠲᠡᠵᠢᠭᠡᠨ ᠦᠷᠡᠵᠢᠭᠦᠯᠬᠦ ᠺᠣᠮᠫᠠᠨᠢ᠎ᠳᠤ 1000 ᠮᠦ᠍ ᠥᠪᠡᠷ᠎ᠦᠨ ᠮᠠᠯᠵᠢᠯ᠎ᠤᠨ ᠲᠠᠯᠠᠪᠠᠶ᠎ᠲᠠᠢ᠂ 2400 ᠲᠡᠭᠰᠢ ᠳᠥᠷᠪᠡᠯᠵᠢᠨ ᠮᠧᠲᠷ᠎ᠦᠨ ᠪᠣᠷᠳᠣᠨ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ ᠲᠣᠭᠣᠷᠢᠭ᠋᠂ 10 ᠪᠠᠷᠢᠮᠵᠢᠶᠠᠵᠢᠭ᠍ᠰᠠᠨ ᠦᠬᠡᠷ᠎ᠦᠨ ᠬᠠᠰᠢᠶ᠎ᠠ᠎ᠲᠠᠢ᠂ ᠭᠡᠷ᠎ᠦᠨ ᠭᠠᠳᠠᠨᠠᠬᠢ ᠥᠷᠭᠡᠨ ᠠᠭᠤᠳᠠᠮ ᠬᠥᠳᠡᠯᠭᠡᠭᠡᠨ᠎ᠦ ᠲᠠᠯᠠᠪᠠᠶ᠎ᠲᠠᠢ᠂ ᠦᠬᠡᠷ ᠨᠢᠭᠡᠪᠦᠷᠢ᠎ᠳᠦ ᠲᠠᠭᠠᠯᠠᠮᠵᠢᠲᠠᠢ ᠣᠷᠣᠨ ᠵᠠᠢᠲᠠᠢ ᠪᠠᠢᠬᠤ᠎ᠶᠢ ᠪᠠᠲᠤᠯᠠᠬᠤ᠎ᠶᠢᠨ ᠬᠠᠮᠲᠤ ᠮᠢᠬᠠᠨ᠎ᠤ ᠦᠬᠡᠷ᠎ᠦᠨ ᠰᠢᠮ᠎ᠡ ᠲᠡᠵᠢᠭᠡᠯ᠎ᠦᠨ ᠲᠡᠩᠴᠡᠭᠦᠷᠢ᠎ᠶᠢ ᠪᠠᠲᠤᠯᠠᠨ᠎ᠠ᠃
ᠴᠢᠩ ᠾᠧ ᠪᠠᠯᠭᠠᠰᠤ ᠲᠣᠯᠣᠭᠠᠢᠯᠠᠭ᠍ᠴᠢ ᠠᠵᠤ ᠠᠬᠤᠢᠯᠡᠯ᠎ᠤᠨ ᠳᠠᠢᠴᠢᠯᠠᠬᠤ ᠦᠢᠯᠡᠳᠦᠯᠳᠦ ᠲᠦᠰᠢᠭᠯᠡᠨ᠂ 《ᠠᠵᠤ ᠠᠬᠤᠢᠯᠡᠯ + ᠬᠣᠷᠰᠢᠶ᠎ᠠ + ᠲᠡᠵᠢᠭᠡᠨ ᠦᠷᠡᠵᠢᠭᠦᠯᠬᠦ ᠡᠷᠦᠬᠡ》᠎ᠶ᠋ᠢᠨ ᠲᠡᠵᠢᠭᠡᠨ ᠦᠷᠡᠵᠢᠭᠦᠯᠬᠦ ᠬᠣᠯᠪᠣᠭᠠᠨ᠎ᠤ ᠴᠣᠭᠴᠠ᠎ᠶᠢ ᠪᠠᠢᠭᠤᠯᠵᠤ᠂ ᠲᠡᠵᠢᠭᠡᠨ ᠦᠷᠡᠵᠢᠭᠦᠯᠬᠦ ᠡᠷᠦᠬᠡ᠎ᠶᠢ ᠬᠠᠪᠰᠤᠷᠤᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠬᠡᠯᠪᠡᠯᠵᠡᠯ᠎ᠦᠨ ᠨᠥᠯᠥᠭᠡ᠎ᠶᠢ ᠬᠣᠷᠢᠭ᠍ᠯᠠᠵᠤ᠂《ᠰᠢᠨᠵᠢᠯᠡᠬᠦ ᠤᠬᠠᠭᠠᠨᠴᠢ᠎ᠪᠠᠷ ᠪᠣᠷᠳᠣᠨ ᠲᠠᠷᠭᠤᠯᠠᠭᠤᠯᠬᠤ᠂ ᠪᠠᠷᠢᠮᠵᠢᠶᠠᠵᠢᠭᠤᠯᠤᠨ ᠬᠠᠮᠢᠶᠠᠷᠬᠤ᠂ ᠲᠥᠪᠯᠡᠷᠡᠭᠦᠯᠦᠨ ᠪᠣᠷᠣᠯᠠᠭᠤᠯᠬᠤ》ᠵᠠᠭᠪᠤᠷ᠎ᠢᠶᠠᠷ ᠳᠠᠮᠵᠢᠭᠤᠯᠤᠨ ᠴᠢᠩ ᠾᠧ ᠪᠠᠯᠭᠠᠰᠤᠨ᠎ᠤ 6 ᠭᠠᠴᠠᠭ᠎ᠠ ᠲᠣᠰᠬᠣᠨ᠎ᠤ ᠪᠣᠷᠳᠣᠨ ᠲᠠᠷᠭᠤᠯᠠᠭᠤᠯᠬᠤ ᠦᠬᠡᠷ᠎ᠢ ᠬᠠᠮᠵᠢᠯᠴᠠᠨ ᠬᠥᠭᠵᠢᠭᠦᠯᠬᠦ᠎ᠶᠢ ᠨᠥᠯᠥᠭᠡᠯᠡᠨ ᠳᠠᠶ᠋ᠢᠴᠢᠯᠠᠵᠤ᠂ ᠣᠲᠣ᠌ ᠪᠣᠷᠳᠣᠨ ᠲᠠᠷᠭᠤᠯᠠᠭᠤᠯᠬᠤ ᠦᠬᠡᠷ᠎ᠦᠨ ᠲᠣᠭ᠎ᠠ 2500 ᠲᠣᠯᠣᠭᠠᠢ᠎ᠳᠤ ᠬᠦᠷᠴᠡᠢ᠃
(ᠬᠤᠷᠴᠢᠨ ᠳᠤᠭᠤᠷᠢᠭ᠎ᠤᠨ ᠬᠠᠮ ᠵᠠᠭᠤᠴᠢᠯᠠᠭᠤᠷ᠎ᠤᠨ ᠳᠦᠪ᠎ᠤᠨ ᠬᠢᠨ ᠬᠠᠨᠭᠭᠠᠪᠠ)