ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠶᠠᠷᠢᠶᠠᠨ᠎ᠤ ᠲᠠᠪᠴᠠᠩ ᠶᠠᠪᠤᠬᠳᠠᠪᠠ
2025-10-14 17:01:13
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 25᠎ᠤ᠋ ᠡᠳᠦᠷ᠂ ᠤᠯᠠᠭᠠᠨᠬᠠᠳᠠ ᠬᠣᠲᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠶᠠᠷᠢᠶᠠᠨ᠎ᠤ ᠲᠠᠪᠴᠠᠩ ᠶᠠᠪᠤᠬᠳᠠᠪᠠ᠃ 

ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ ᠱᠠᠲᠤᠨ᠎ᠳᠤ᠂ ᠯᠢᠨᠰᠢ ᠱᠢᠶᠠᠨ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠵᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠭᠠᠵᠠᠷ ᠣᠷᠣᠨ ᠪᠠ ᠨᠢᠭᠡᠴᠢ᠎ᠶ᠋ᠢᠨ ᠬᠤᠷᠠᠯ᠎ᠳᠤ ᠣᠷᠣᠯᠴᠠᠭ᠍ᠰᠠᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠥᠭᠦᠯᠡᠯᠲᠡ᠎ᠶ᠋ᠢᠨ ᠭᠦᠨᠵᠡᠭᠡᠶ ᠠᠭᠤᠯᠤᠭ᠍ᠳᠠᠬᠤᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠢ ᠲᠤᠭᠤᠱᠢᠯᠠᠭᠤᠯᠤᠨ᠂ ᠡᠯ᠎ᠡ ᠬᠦᠷᠢᠶᠡᠨ᠎ᠳᠡᠬᠢ ᠪᠣᠳᠠᠲᠠᠶ ᠦᠶ᠋ᠯᠡᠳᠦᠯᠭᠡ᠎ᠳᠦ ᠰᠣᠯᠢᠯᠴᠠᠭ᠎ᠠ ᠥᠷᠨᠢᠭᠦᠯᠵᠦ᠍᠂ ᠤᠯᠠᠭᠠᠨᠬᠠᠳᠠ ᠬᠣᠲᠠ᠎ᠶ᠋ᠢᠨ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠦᠶ᠋ᠯᠡᠳᠦᠯᠭᠡ᠂ ᠬᠠᠷᠢᠯᠴᠠᠨ ᠱᠢᠭᠢᠳᠭᠡᠬᠦ᠌ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢᠭᠤᠯᠬᠤ᠎ᠳᠤ ᠬᠥᠭ᠌ᠵᠢᠯᠲᠡ᠎ᠶ᠋ᠢᠨ ᠬᠡᠪ ᠳᠠᠭᠤᠷᠢᠶᠠᠯ ᠪᠠ ᠦᠶ᠋ᠯᠡᠳᠦᠯᠭᠡ᠎ᠶ᠋ᠢᠨ ᠲᠤᠷᠱᠢᠯᠭ᠎ᠠ ᠬᠠᠩᠭᠠᠵᠠᠢ᠃ 

ᠣᠢᠷ᠎ᠠ᠎ᠶ᠋ᠢᠨ ᠵᠢᠯ᠎ᠳᠦ᠂ ᠤᠯᠠᠭᠠᠨᠬᠠᠳᠠ ᠬᠣᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠨᠣᠯ᠎ᠤᠨ ᠲᠠᠢᠯᠪᠤᠷᠢᠯᠠᠯᠲᠠ᠂ ᠦᠶ᠋ᠯᠡᠳᠦᠯᠭᠡ᠎ᠶ᠋ᠢᠨ ᠰᠥᠪᠡᠭ᠌ᠴᠢᠯᠡᠯᠲᠡ᠂ ᠤᠬᠠᠭᠤᠯᠭ᠎ᠠ ᠬᠥᠮᠦᠵᠢᠯ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃ 2023 ᠣᠨ᠎ᠳᠤ᠂ ᠤᠯᠠᠭᠠᠨᠬᠠᠳᠠ ᠬᠤᠳᠠ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠠᠢᠮᠠᠭ ᠬᠤᠳᠠ᠎ᠶ᠋ᠢᠨ ᠲᠡᠰ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠶᠠᠷᠢᠶᠠᠨ᠎ᠤ ᠲᠠᠪᠴᠠᠩ᠎ᠢ ᠡᠷᠬᠢᠯᠡᠪᠡ᠃ 

ᠤᠲᠤᠬᠠᠨ ᠳ᠋ᠤ᠂ ᠰᠤᠳᠤᠯᠭᠠᠨ᠎ᠤ ᠶᠠᠷᠢᠶᠠᠨ᠎ᠤ ᠲᠠᠪᠴᠠᠩ ᠭᠡᠬᠦ᠌ ᠡᠨᠡ ᠬᠦ᠌ ᠰᠣᠯᠢᠯᠴᠠᠭᠠᠨ᠎ᠤ ᠲᠠᠪᠴᠠᠩ᠎ᠢ ᠳᠠᠬᠢᠨᠲᠠ ᠪᠠᠢᠭᠤᠯᠤᠭ᠍ᠰᠠᠨ᠎ᠤ ᠵᠣᠷᠢᠯᠭ᠎ᠠ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠴᠢᠨᠠᠭ᠍ᠰᠢᠳᠠ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠪᠦᠬᠦ᠌ ᠲᠠᠯ᠎ᠠ᠎ᠶ᠋ᠢᠨ ᠰᠣᠯᠢᠯᠴᠠᠭ᠎ᠠ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠶ᠋ᠢᠨ ᠲᠥᠯᠥᠭᠡ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号