ᠥᠪᠥᠷ ᠮᠣᠩᠭᠣᠯ ᠤ᠋ᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠳᠠᠬᠢᠨᠲᠠ 6 ᠵᠦᠶ᠋ᠯ ᠤ᠋ᠨ ᠲᠡᠮᠳᠡᠭ᠌ᠯᠡᠯ ᠢ᠋ ᠰᠢᠨᠡᠳᠭᠡᠪᠡ
2025-10-15 09:32:31
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠥᠪᠥᠷ ᠮᠣᠩᠭᠣᠯ ᠤ᠋ᠨ ᠡᠷᠳᠡᠨᠢ ᠱᠢᠰᠢ ᠶ᠋ᠢᠨ ᠲᠠᠷᠢᠶ᠎ᠠ ᠡᠯᠪᠡᠭ ᠬᠤᠷᠢᠶᠠᠯᠲᠠ ᠶ᠋ᠢᠨ ᠤᠯᠠᠷᠢᠯ ᠶ᠋ᠢᠡᠨ ᠤᠭ᠍ᠲᠤᠨ᠂ ᠲᠡᠷᠢᠮᠡᠯ ᠤ᠋ᠨ ᠤᠨᠠᠯᠲᠠ ᠶ᠋ᠢᠨ ᠲᠤᠭ᠎ᠠ ᠪᠠᠷᠢᠮᠳᠠ ᠲᠡᠤᠬᠡᠨ ᠲᠡᠮᠲᠡᠭᠯᠡᠯ ᠢ᠋ ᠲᠠᠰᠤᠷᠠᠯᠲᠠ ᠦᠭᠡᠢ ᠰᠢᠨᠡᠳᠭᠡᠵᠦ᠂ 10 ᠰᠠᠷ᠎ᠠ ᠶ᠋ᠢᠨ 12 ᠤ᠋ᠨ ᠡᠳᠦᠷ ᠪᠣᠯᠲᠠᠯ᠎ᠠ ᠵᠠᠭᠤᠨ ᠮᠦ᠍ ᠪᠤᠯᠤᠨ ᠮᠢᠡᠭᠭᠠᠨ ᠮᠦ᠍ ᠪᠡᠷ ᠬᠡᠪᠴᠢᠶᠡᠵᠢᠬᠦᠯᠦᠨ ᠲᠠᠷᠢᠭᠰᠠᠨ ᠡᠷᠳᠡᠨᠢ ᠰᠢᠰᠢ ᠶ᠋ᠢᠨ ᠮᠦ᠍ ᠨᠢᠭᠡᠴᠢ ᠶ᠋ᠢᠨ ᠤᠨᠠᠯᠲᠠ 6 ᠵᠦᠶ᠋ᠯ ᠤ᠋ᠨ ᠲᠡᠮᠳᠡᠭ᠌ᠯᠡᠯ ᠢ᠋ ᠰᠢᠨᠡᠳᠭᠡᠵᠤ᠂ ᠡᠷᠳᠡᠨᠢ ᠰᠢᠰᠢ ᠶ᠋ᠢᠨ ᠡᠯᠪᠡᠭ ᠬᠤᠷᠢᠶᠠᠯᠲᠠ ᠳ᠋ᠦ ᠲᠠᠰᠤᠷᠠᠯᠲᠠ ᠦᠭᠡᠢ ᠨᠡᠢᠲᠡᠯᠢᠭ ᠵᠢᠱ᠌ᠢᠶ᠎ᠡ ᠬᠠᠡᠭᠭᠠᠵᠤ ᠪᠠᠢᠨ᠎ᠠ᠃

ᠪᠠᠶᠠᠨᠨᠠᠭᠤᠷ ᠬᠤᠲᠠ ᠶ᠋ᠢᠨ ᠤᠷᠠᠳ ᠤ᠋ᠨ ᠡᠮᠦᠨᠡᠲᠦ ᠬᠣᠱᠢᠭᠤᠨ ᠤ᠋ ᠰᠤᠳᠠᠯ ᠤ᠋ᠨ ᠬᠤᠳᠳᠤᠭ ᠪᠠᠯᠭᠠᠰᠤ ᠵᠢᠨ ᠬᠦᠷᠢᠶ᠎ᠡ ᠪᠤᠯᠤᠡᠭ ᠲᠤᠰᠬᠤᠨ ᠤ᠋ ᠵᠠᠭᠤᠨ ᠮᠦ᠍ ᠶ᠋ᠢᠨ ᠦᠨᠳᠦᠷ ᠤᠨᠠᠯᠲᠠᠳᠤ ᠡᠷᠳᠡᠨᠢ ᠰᠢᠰᠢ ᠵᠢᠨ ᠲᠠᠷᠢᠶᠠᠨ ᠤ᠋ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 1480.34 ᠺᠢᠯᠣᠭ᠌ᠷᠠᠮ ᠳ᠋ᠤ ᠬᠦᠷᠴᠦ᠍᠂ ᠦᠪᠦᠷ ᠮᠤᠡᠭᠭᠤᠯ ᠤ᠋ᠨ ᠵᠠᠭᠤᠨ ᠮᠦ᠍ ᠪᠡᠷ ᠬᠡᠪᠴᠢᠶᠡᠵᠢᠬᠦᠯᠦᠨ ᠲᠠᠷᠢᠭᠰᠠᠨ ᠡᠷᠳᠡᠨᠢ ᠰᠢᠰᠢ ᠶ᠋ᠢᠨ ᠥᠨᠳᠥᠷ ᠤᠨᠠᠯᠲᠠ ᠶ᠋ᠢᠨ ᠲᠡᠮᠳᠡᠭ᠌ᠯᠡᠯ ᠢ᠋ ᠱᠢᠨᠡᠳᠭᠡᠪᠡ᠃ ᠪᠠᠶᠠᠨᠨᠠᠭᠤᠷ ᠬᠤᠲᠠ ᠶ᠋ᠢᠨ ᠤᠷᠠᠳ ᠤ᠋ᠨ ᠡᠮᠦᠨᠡᠲᠦ ᠬᠤᠰᠢᠭᠤᠨ ᠤ᠋ ᠡᠷᠳᠡᠨᠢᠪᠤᠯᠠᠭ ᠰᠤᠮᠤ ᠵᠢᠨ ᠠᠷᠴᠠ ᠭᠠᠴᠠᠭᠠᠨ ᠤ᠋ ᠮᠢᠡᠭᠭᠠᠨ ᠮᠦ᠍ ᠶ᠋ᠢᠨ ᠪᠤᠭᠤᠮᠳᠠ ᠰᠢᠪᠲᠤᠯᠬᠤ ᠡᠷᠳᠡᠨᠢ ᠰᠢᠰᠢ ᠵᠢᠨ ᠲᠠᠷᠢᠶᠠᠨ ᠤ᠋ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 1421.77 ᠺᠢᠯᠣᠭ᠌ᠷᠠᠮ ᠳ᠋ᠤ ᠬᠦᠷᠴᠦ᠍᠂ ᠦᠪᠦᠷ ᠮᠤᠡᠭᠭᠤᠯ ᠤ᠋ᠨ ᠮᠢᠩᠭᠠᠨ ᠮᠦ᠍ ᠪᠡᠷ ᠬᠡᠪᠴᠢᠶᠡᠵᠢᠬᠦᠯᠦᠨ ᠲᠠᠷᠢᠭᠰᠠᠨ ᠡᠷᠳᠡᠨᠢ ᠰᠢᠰᠢ ᠶ᠋ᠢᠨ ᠥᠨᠳᠥᠷ ᠤᠨᠠᠯᠲᠠ ᠶ᠋ᠢᠨ ᠲᠡᠮᠳᠡᠭ᠌ᠯᠡᠯ ᠢ᠋ ᠱᠢᠨᠡᠳᠭᠡᠪᠡ᠃ ᠲᠦᠩᠯᠢᠶᠣᠤ ᠬᠣᠲᠠ ᠶ᠋ᠢᠨ ᠺᠠᠢᠯᠦ᠍ ᠱᠢᠶᠠᠨ ᠤ᠋ ᠱᠢᠶᠤᠤ ᠵᠢᠶᠧ ᠵᠢᠶ ᠪᠠᠯᠭᠠᠰᠤ ᠵᠢᠨ ᠬᠤᠶᠠᠷ ᠬᠠᠭ ᠲᠣᠰᠭᠣᠨ ᠤ᠋ ᠮᠢᠩᠭᠠᠨ ᠮᠥ᠍ ᠶ᠋ᠢᠨ ᠵᠢᠱ᠌ᠢᠶ᠎ᠡ ᠦᠵᠡᠭᠦᠯᠬᠦ᠌ ᠡᠷᠳᠡᠨᠢ ᠰᠢᠰᠢ ᠵᠢᠨ ᠲᠠᠷᠢᠶᠠᠨ ᠤ᠋ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 1304.6 ᠺᠢᠯᠣᠭ᠌ᠷᠠᠮ ᠳ᠋ᠤ ᠬᠦᠷᠴᠦ᠍᠂ ᠵᠡᠭᠦᠨ ᠬᠣᠢᠲᠤ ᠶ᠋ᠢᠨ ᠬᠠᠪᠤᠷ ᠤ᠋ᠨ ᠡᠷᠳᠡᠨᠢ ᠱᠢᠰᠢ ᠶ᠋ᠢᠨ ᠤᠷᠤᠨ ᠤ᠋ ᠮᠢᠩᠭᠠᠨ ᠮᠥ᠍ ᠪᠡᠷ ᠬᠡᠪᠴᠢᠶᠡᠵᠢᠬᠦᠯᠦᠨ ᠲᠠᠷᠢᠭᠰᠠᠨ ᠡᠷᠳᠡᠨᠢ ᠰᠢᠰᠢ ᠶ᠋ᠢᠨ ᠥᠨᠳᠥᠷ ᠤᠨᠠᠯᠲᠠ ᠶ᠋ᠢᠨ ᠲᠡᠮᠳᠡᠭ᠌ᠯᠡᠯ ᠢ᠋ ᠳᠠᠬᠢᠨᠲᠠ ᠱᠢᠨᠡᠳᠭᠡᠪᠡ᠃ ᠪᠠᠶᠠᠨᠨᠠᠭᠤᠷ ᠬᠣᠲᠠ ᠶ᠋ᠢᠨ ᠳ᠋ᠸᠩᠺᠸᠤ ᠱᠢᠶᠠᠨ ᠤ᠋ ᠱᠠᠵᠢᠨ ᠲᠣᠬᠣᠶ ᠰᠤᠮᠤ ᠶ᠋ᠢᠨ 530 ᠮᠥ᠍ ᠡᠯᠡᠰᠦᠷᠬᠡᠭ ᠭᠠᠵᠠᠷ ᠤ᠋ᠨ ᠡᠷᠳᠡᠨᠢ ᠰᠢᠰᠢ ᠶ᠋ᠢᠨ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 1348.07 ᠺᠢᠯᠣᠭ᠌ᠷᠠᠮ ᠳ᠋ᠦ ᠬᠦᠷᠴᠦ᠂ ᠪᠦᠬᠦ ᠤᠯᠤᠰ ᠤ᠋ᠨ ᠡᠯᠡᠰᠦᠷᠬᠡᠭ ᠭᠠᠵᠠᠷ ᠤ᠋ᠨ ᠡᠷᠳᠡᠨᠢ ᠰᠢᠰᠢ ᠶ᠋ᠢᠨ ᠦᠨᠳᠦᠷ ᠤᠨᠠᠯᠲᠠ ᠶ᠋ᠢᠨ ᠲᠡᠮᠲᠡᠭᠯᠡᠯ ᠢ᠋ ᠰᠢᠨᠡᠳᠭᠡᠪᠡ᠃ ᠲᠦᠩᠯᠢᠶᠣᠤ ᠬᠣᠲᠠ ᠶ᠋ᠢᠨ ᠨᠠᠶ᠋ᠮᠠᠨ ᠬᠣᠱᠢᠭᠤᠨ ᠤ᠋ ᠵᠠᠭᠤᠨ ᠮᠥ᠍ ᠶ᠋ᠢᠨ ᠡᠯᠡᠰᠦᠷᠬᠡᠭ ᠭᠠᠵᠠᠷ ᠤ᠋ᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 1236.79 ᠺᠢᠯᠣᠭ᠌ᠷᠠᠮ ᠳ᠋ᠦ ᠬᠦᠷᠴᠦ᠍᠂ ᠨᠠᠶ᠋ᠮᠠᠨ ᠬᠣᠱᠢᠭᠤᠨ ᠤ᠋ ᠭᠤᠷᠪᠠᠨᠬᠤᠸᠠ ᠰᠤᠮᠤ ᠵᠢᠨ ᠴᠠᠭᠠᠨᠨᠠᠭᠤᠷ ᠭᠠᠴᠠᠭᠠᠨ ᠤ᠋ ᠮᠢᠩᠭᠠᠨ ᠮᠥ᠍ ᠶ᠋ᠢᠨ ᠡᠯᠡᠰᠦᠷᠬᠡᠭ ᠭᠠᠵᠠᠷ ᠤ᠋ᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 1146.43 ᠺᠢᠯᠣᠭ᠌ᠷᠠᠮ᠎ᠳᠦ ᠬᠦᠷᠴᠦ᠍᠂ ᠲᠤᠰ ᠲᠤᠰ ᠵᠡᠭᠦᠨ ᠬᠣᠢᠲᠤ ᠶ᠋ᠢᠨ ᠬᠠᠪᠤᠷ ᠤ᠋ᠨ ᠡᠷᠳᠡᠨᠢ ᠱᠢᠰᠢ ᠶ᠋ᠢᠨ ᠣᠷᠣᠨ ᠤ᠋ ᠡᠯᠡᠰᠦᠷᠬᠡᠭ ᠭᠠᠵᠠᠷ ᠤ᠋ᠨ ᠡᠷᠳᠡᠨᠢ ᠰᠢᠰᠢ ᠶ᠋ᠢᠨ ᠵᠠᠭᠤᠨ ᠮᠦ᠍ ᠪᠠ ᠮᠢᠡᠭᠭᠠᠨ ᠮᠦ᠍ ᠪᠡᠷ ᠬᠡᠪᠴᠢᠶᠡᠵᠢᠬᠦᠯᠦᠨ ᠲᠠᠷᠢᠭᠰᠠᠨ ᠡᠷᠳᠡᠨᠢ ᠰᠢᠰᠢ ᠶ᠋ᠢᠨ ᠦᠨᠳᠦᠷ ᠤᠨᠠᠯᠲᠠ ᠶ᠋ᠢᠨ ᠲᠡᠮᠲᠡᠭᠯᠡᠯ ᠢ᠋ ᠰᠢᠨᠡᠳᠭᠡᠪᠡ᠃

ᠦᠪᠦᠷ ᠮᠤᠡᠭᠭᠤᠯ ᠤ᠋ᠨ ᠡᠷᠳᠡᠨᠢ ᠱᠢᠰᠢ ᠤᠳᠠᠭ᠎ᠠ ᠲᠠᠷᠠᠭ᠎ᠠ ᠪᠡᠷ ᠦᠨᠳᠤᠷ ᠤᠨᠠᠯᠳᠠ ᠵᠢᠨ ᠲᠡᠮᠳᠡᠭᠯᠡᠯ ᠢ᠋ ᠰᠢᠨᠡᠳᠬᠡᠭᠰᠡᠨ ᠨᠢ ᠲᠠᠷᠢᠮᠠᠯ ᠤ᠋ᠨ ᠡᠷᠦᠭᠡ ᠶ᠋ᠢᠨ ᠰᠢᠨᠵᠢᠯᠡᠬᠦ ᠤᠬᠠᠭᠠᠨᠴᠢ ᠪᠡᠷ ᠲᠠᠷᠢᠵᠤ ᠠᠷᠠᠴᠢᠯᠠᠭᠰᠠᠨ ᠢᠳᠡᠪᠬᠢ ᠦᠢᠯᠡᠳᠦᠯᠭᠡ ᠪᠤᠯᠬᠤ ᠪᠡᠷ ᠪᠠᠷᠠᠬᠤ ᠦᠭᠡᠢ᠂ ᠨᠡᠡᠭ ᠴᠦ᠍ ᠪᠦᠬᠦ ᠦᠪᠦᠷ ᠮᠤᠡᠭᠭᠤᠯ ᠤ᠋ᠨ ᠳᠡᠭᠡᠷ᠎ᠡ ᠳᠤᠤᠷ᠎ᠠ ᠱᠠᠲᠤ ᠪᠡᠷ ᠶ᠋ᠢᠡᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠠᠵᠢᠯ ᠢ᠋ ᠬᠠᠮᠵᠢᠯᠴᠠᠨ ᠠᠬᠢᠭᠤᠯᠤᠭᠰᠠᠨ ᠤ᠋ ᠦᠷ᠎ᠡ ᠳ᠋ᠦᠡᠭ ᠪᠤᠯᠤᠨ᠎ᠠ᠃ ᠪᠠᠶᠠᠨᠨᠠᠭᠤᠷ ᠬᠤᠲᠠ ᠶ᠋ᠢᠨ ᠦᠨᠳᠦᠷ ᠤᠨᠠᠯᠲᠠᠳᠤ ᠲᠠᠷᠢᠶᠠᠨ ᠭᠠᠵᠠᠷ ᠤ᠋ᠨ ᠡᠵᠡᠡᠭᠨᠡᠭᠴᠢ ᠵᠠᠡᠭ ᠷᠦᠨ᠂ ᠶᠠᠡᠭ ᠹᠦ ᠰᠢ ᠵᠡᠷᠭᠡ ᠬᠠᠰᠢᠷ ᠲᠠᠷᠢᠶᠠᠴᠢᠳ ᠤ᠋ᠨ ᠬᠡᠯᠡᠬᠦ ᠪᠡᠷ᠂ ᠡᠷᠳᠡᠨᠢ ᠰᠢᠰᠢ ᠵᠢᠨ ᠤᠨᠠᠯᠲᠠ ᠶ᠋ᠢᠨ ᠨᠡᠮᠡᠭᠳᠡᠯ ᠨᠢ ᠤᠢᠷ᠎ᠡ ᠶ᠋ᠢᠨ ᠬᠡᠳᠦᠨ ᠵᠢᠯ ᠳ᠋ᠦ ᠡᠷᠳᠡᠨᠢ ᠰᠢᠰᠢ ᠵᠢ ᠨᠢᠭᠲᠠ ᠲᠠᠷᠢᠵᠤ ᠨᠠᠷᠢᠯᠢᠭ ᠤᠨᠤᠴᠠᠲᠠᠢ ᠲᠤᠬᠢᠷᠠᠭᠤᠯᠤᠨ ᠡᠵᠡᠮᠳᠡᠬᠦ ᠮᠡᠷᠭᠡᠵᠢᠯ ᠢ᠋ ᠰᠤᠷᠤᠯᠴᠠᠵᠤ ᠬᠡᠷᠡᠭᠯᠡᠭᠰᠡᠨ ᠲᠠᠢ ᠨᠢᠭᠲᠠ ᠬᠤᠯᠪᠤᠭ᠎ᠠ ᠲᠠᠢ ᠶᠤᠮ᠃ ᠲᠠᠷᠢᠮᠠᠯ ᠤ᠋ᠨ ᠨᠢᠭᠲᠠᠴᠠ ᠵᠢ ᠵᠤᠬᠢᠰᠲᠠᠢ ᠨᠡᠮᠡᠭᠳᠡᠭᠦᠯᠬᠦ᠂ ᠨᠠᠷᠢᠯᠢᠭ ᠣᠨᠣᠴᠠᠲᠠᠶ᠎ᠪᠠᠷ ᠦᠷ᠎ᠡ ᠰᠣᠩᠭᠣᠬᠤ᠂ ᠨᠠᠷᠢᠯᠢᠭ ᠣᠨᠣᠴᠠᠲᠠᠶ ᠪᠠᠷ ᠲᠠᠷᠢᠶᠠᠨ ᠭᠠᠵᠠᠷ ᠢ᠋ ᠲᠡᠭ᠌ᠰᠢᠯᠡᠬᠦ᠌᠂ ᠴᠢᠨᠠᠷ ᠰᠠᠢᠲᠠᠶ ᠪᠠᠷ ᠳᠠᠷᠢᠬᠤ᠂ ᠱᠢᠨᠵᠢᠯᠡᠬᠦ᠌ ᠤᠬᠠᠭᠠᠨᠴᠢ ᠪᠠᠷ ᠡᠵᠡᠮᠳᠡᠬᠦ᠌᠂ ᠨᠠᠷᠢᠯᠢᠭ ᠣᠨᠣᠴᠠᠲᠠᠶ ᠪᠠᠷ ᠤᠰᠤ ᠪᠣᠷᠲᠣᠭᠣᠷ ᠣᠷᠣᠭᠤᠯᠬᠤ᠂ ᠨᠠᠷᠢᠯᠢᠭ ᠣᠨᠣᠴᠠᠲᠠᠶ ᠪᠠᠷ ᠰᠡᠷᠭᠡᠢᠯᠡᠨ ᠡᠵᠡᠮᠳᠡᠬᠦ᠌᠂ ᠨᠠᠷᠢᠯᠢᠭ ᠣᠨᠣᠴᠠᠲᠠᠶ ᠪᠠᠷ ᠬᠤᠷᠢᠶᠠᠬᠤ ᠵᠡᠷᠭᠡ ᠮᠡᠷᠭᠡᠵᠢᠯ ᠤ᠋ᠨ ᠠᠷᠭ᠎ᠠ ᠬᠡᠮᠵᠢᠶ᠎ᠡ ᠪᠡᠷ ᠳᠠᠮᠵᠢᠨ ᠲᠠᠷᠢᠵᠤ ᠠᠷᠠᠴᠢᠯᠠᠬᠤ ᠤᠢᠯᠠᠭᠠᠭᠳᠠᠬᠤᠨ ᠶ᠋ᠢᠡᠨ ᠲᠠᠰᠤᠷᠠᠯᠲᠠ ᠥᠬᠡᠶ ᠱᠢᠨᠡᠴᠢᠯᠡᠵᠦ᠍᠂ ᠮᠡᠷᠭᠡᠵᠢᠯ ᠤ᠋ᠨ ᠲᠦᠪᠱᠢᠨ ᠶ᠋ᠢᠡᠨ ᠳᠡᠭᠡᠭᠰᠢᠯᠡᠭᠦᠯᠦᠭᠰᠡᠨ ᠡᠴᠡ ᠡᠯᠪᠡᠭ ᠬᠤᠷᠢᠶᠠᠯᠲᠠ ᠤᠯᠵᠠᠢ᠃ ᠲᠠᠷᠢᠶᠠᠴᠢᠳ ᠤ᠋ᠨ ᠦᠨᠡᠨ ᠪᠤᠳᠠᠲᠠᠢ ᠲᠤᠷᠰᠢᠯᠭ᠎ᠠ ᠨᠢ ᠰᠢᠨᠵᠢᠯᠡᠬᠦ ᠤᠬᠠᠭᠠᠨᠴᠢ ᠪᠡᠷ ᠲᠠᠷᠢᠵᠤ ᠤᠷᠭᠤᠭᠤᠯᠬᠤ ᠮᠡᠷᠭᠡᠵᠢᠯ ᠤ᠋ᠨ ᠦᠨᠳᠦᠰᠦᠨ ᠱᠠᠲᠤᠨ ᠳ᠋ᠦ ᠦᠨᠳᠦᠰᠦᠯᠡᠭᠰᠡᠨ ᠠᠮᠢᠳᠤᠯᠢᠭ ᠭᠡᠷᠡᠴᠢᠯᠡᠯ ᠪᠤᠯᠬᠤ ᠪᠡᠷ ᠪᠠᠷᠠᠬᠤ ᠦᠭᠡᠢ᠂ ᠨᠡᠡᠭ ᠴᠦ᠍ ᠦᠪᠦᠷ ᠮᠤᠡᠭᠭᠤᠯ ᠤ᠋ᠨ 《ᠨᠢᠭᠡᠳᠦᠯᠲᠡᠢ ᠲᠦᠯᠦᠪᠵᠢᠭᠦᠯᠬᠦ + ᠮᠡᠷᠭᠡᠵᠢᠯ ᠶ᠋ᠢᠡᠷ ᠬᠦᠴᠦᠨ ᠤᠯᠭᠤᠬᠤ + ᠲᠠᠷᠢᠶᠠᠯᠠᠬᠤ ᠡᠷᠦᠬᠡ ᠶ᠋ᠢᠨ ᠪᠤᠳᠠᠲᠤ ᠦᠢᠯᠡᠳᠦᠯᠭᠡ》 ᠪᠡᠷ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠰᠢᠰᠲᠸᠮ ᠤ᠋ᠨ ᠪᠤᠳᠠᠳᠤ ᠦᠷ᠎ᠡ ᠪᠦᠲᠦᠮᠵᠢ ᠵᠢ ᠭᠡᠷᠡᠴᠢᠯᠡᠭᠰᠡᠨ ᠪᠠᠢᠨ᠎ᠠ᠃

ᠡᠷᠳᠡᠨᠢ ᠱᠢᠰᠢ ᠶ᠋ᠢᠨ ᠥᠨᠳᠥᠷ ᠤᠨᠠᠯᠲᠠ ᠶ᠋ᠢᠨ ᠡᠲᠡᠭᠡᠷ ᠱᠢᠨ᠎ᠡ ᠲᠡᠮᠳᠡᠭ᠌ᠯᠡᠯ ᠪᠣᠯ ᠥᠪᠥᠷ ᠮᠣᠩᠭᠣᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠠᠵᠢᠯ ᠤ᠋ᠨ 《ᠳᠡᠭᠡᠷ᠎ᠠ ᠳᠤᠤᠷ᠎ᠠ ᠱᠠᠲᠤ ᠪᠠᠷ ᠶ᠋ᠢᠡᠨ ᠬᠣᠯᠪᠣᠭᠠᠯᠠᠨ ᠬᠥᠳᠡᠯᠦᠯᠴᠡᠵᠦ᠍᠂ ᠱᠠᠲᠤ ᠱᠠᠲᠤ ᠪᠠᠷ ᠨᠠᠢᠳᠠᠪᠤᠷᠢᠵᠢᠭᠤᠯᠤᠭ᠍ᠰᠠᠨ》 ᠤ᠋ ᠬᠡᠷᠡᠴᠢ ᠪᠤᠯᠤᠨ᠎ᠠ᠃ ᠵᠠᠯᠭᠠᠭ᠎ᠠ ᠪᠡᠷ ᠶᠠᠪᠤᠭᠳᠠᠵᠤ ᠪᠠᠢᠭ᠎ᠠ ᠲᠦᠮᠡᠨ ᠮᠦ᠍᠂ ᠠᠷᠪᠠᠨ ᠲᠦᠮᠡᠨ ᠮᠦ᠍᠂ ᠵᠠᠭᠤᠨ ᠲᠦᠮᠡᠨ ᠮᠦ᠍ ᠪᠡᠷ ᠬᠡᠪᠴᠢᠶᠡᠵᠢᠬᠦᠯᠦᠨ ᠲᠠᠷᠢᠭᠰᠠᠨ ᠡᠷᠳᠡᠨᠢ ᠰᠢᠰᠢ ᠶ᠋ᠢᠨ ᠤᠨᠠᠯᠲᠠ ᠵᠢ ᠬᠡᠮᠵᠢᠬᠦ᠌ ᠠᠵᠢᠯ ᠤ᠋ᠨ ᠠᠬᠢᠯᠳᠠ ᠵᠢ ᠳᠠᠭᠠᠯᠳᠤᠨ ᠪᠦᠬᠦ ᠤᠷᠤᠨ ᠤ᠋ ᠡᠯ᠎ᠡ ᠭᠠᠵᠠᠷ ᠤ᠋ᠨ ᠡᠷᠳᠡᠨᠢ ᠰᠢᠰᠢ ᠵᠢᠨ ᠥᠨᠳᠥᠷ ᠤᠨᠠᠯᠲᠠ ᠶ᠋ᠢᠨ ᠲᠡᠮᠳᠡᠭ᠌ᠯᠡᠯ ᠦᠷᠬᠦᠯᠵᠢᠯᠡᠨ ᠰᠢᠨᠡᠳᠭᠡᠭᠳᠡᠬᠦ ᠪᠣᠯᠤᠮᠵᠢ ᠲᠠᠶ ᠶᠤᠮ᠃ ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤᠢᠷ᠎ᠠ ᠵᠢᠨ ᠬᠤᠶᠠᠷ ᠵᠢᠯ ᠳ᠋ᠤ ᠠᠮᠤ ᠪᠤᠳᠠᠭᠠᠨ ᠤ᠋ ᠤᠨᠠᠯᠲᠠ ᠵᠢ ᠨᠡᠮᠡᠭᠳᠡᠭᠦᠯᠬᠦ ᠭᠤᠤᠯᠳᠠᠯᠭ᠎ᠠ ᠪᠠᠨ ᠮᠦ᠍ ᠨᠢᠭᠡᠴᠢ ᠶ᠋ᠢᠨ ᠤᠨᠠᠯᠲᠠ ᠵᠢ ᠶᠡᠬᠡ ᠪᠡᠷ ᠨᠡᠮᠡᠭᠳᠡᠭᠦᠯᠬᠦ ᠳᠡᠭᠡᠷ᠎ᠡ ᠲᠠᠯᠪᠢᠵᠤ᠂ 《ᠮᠦ᠍ ᠨᠢᠭᠡᠴᠢ ᠶ᠋ᠢᠨ ᠤᠨᠠᠯᠲᠠ ᠵᠢ ᠶᠡᠬᠡ ᠪᠡᠷ ᠨᠡᠮᠡᠭᠳᠡᠭᠦᠯᠬᠦ ᠵᠢ ᠴᠢᠨᠠᠷ ᠰᠠᠢᠲᠠᠶ ᠠᠬᠢᠭᠤᠯᠵᠤ ᠠᠮᠤ ᠪᠤᠳᠠᠭᠠᠨ ᠤ᠋ ᠤᠨᠠᠯᠲᠠ ᠵᠢ ᠲᠣᠭ᠍ᠲᠠᠪᠤᠷᠢᠵᠢᠭᠤᠯᠬᠤ ᠠᠷᠭ᠎ᠠ ᠬᠡᠮᠵᠢᠶ᠎ᠡ ᠨᠤᠭᠦᠳ》 ᠢ᠋ ᠨᠡᠢᠲᠡᠯᠡᠭᠰᠡᠨ ᠪᠦᠬᠡᠳ 《ᠤᠨᠠᠯᠲᠠ ᠵᠢ ᠨᠡᠮᠡᠭ᠌ᠳᠡᠭᠦᠯᠬᠦ᠌᠂ ᠣᠷᠣᠯᠭ᠎ᠠ ᠵᠢ ᠨᠡᠮᠡᠭ᠌ᠳᠡᠭᠦᠯᠬᠦ᠌᠂ ᠦᠷ᠎ᠡ ᠠᠱᠢᠭ ᠢ᠋ ᠨᠡᠮᠡᠭ᠌ᠳᠡᠭᠦᠯᠬᠦ᠌》 ᠲᠤᠭᠤᠷᠢᠨ ᠳ᠋ᠤ 16 ᠵᠤᠷᠪᠤᠰ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢᠴᠢ 41 ᠵᠤᠷᠪᠤᠰ ᠨᠠᠷᠢᠯᠢᠬ᠍ᠵᠢᠭᠤᠯᠤᠭ᠍ᠰᠠᠨ ᠠᠷᠭ᠎ᠠ ᠬᠡᠮᠵᠢᠶ᠎ᠡ ᠵᠢ ᠳᠤᠷᠠᠳᠴᠤ᠌᠂ ᠡᠷᠳᠡᠨᠢ ᠰᠢᠰᠢ ᠵᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠳ᠋ᠤ ᠨᠠᠷᠢᠯᠢᠭ ᠤᠨᠤᠴᠠᠲᠠᠢ ᠲᠥᠷᠥ ᠶ᠋ᠢᠨ ᠪᠣᠳᠣᠯᠭ᠎ᠠ ᠶ᠋ᠢᠨ ᠵᠢᠯᠣᠭᠣᠳᠣᠯᠭ᠎ᠠ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号