ᠬᠠᠤᠯᠢ ᠪᠡᠷ ᠵᠠᠰᠠᠬᠤ 《ᠤᠷᠬᠢᠯᠤᠮᠠᠯ ᠪᠤᠯᠠᠬ》 ᠵᠢᠡᠷ ᠬᠤᠳᠠᠯᠳᠤᠭ᠎ᠠ ᠡᠷᠬᠢᠯᠡᠬᠦ᠌ 《ᠱᠢᠮᠡᠯᠢᠭ ᠬᠥᠷᠥᠰᠥ᠍》 ᠵᠢ ᠤᠮᠳᠠᠯᠠᠨ᠎ᠠ
2025-10-15 10:00:57
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

《ᠡᠢᠮᠦ᠍ ᠬᠤᠷᠳᠤᠨ ᠵᠣᠭᠣᠰ᠎ᠢᠶᠠᠨ ᠪᠤᠴᠠᠭᠠᠵᠤ ᠤᠯᠤᠬᠰᠠᠨ ᠳ᠋ᠠᠭᠠᠨ ᠲᠠ᠎ᠨᠠᠷ᠎ᠲᠤ ᠲᠠᠯᠠᠷᠬᠠᠵᠤ ᠪᠠᠢᠨ᠎ᠠ》᠃ ᠲᠦᠷᠦᠭᠦᠬᠡᠨ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ 《ᠡᠶᠡᠳᠡᠭᠦᠯᠬᠦ᠌ + ᠰᠠᠭᠤᠯᠭᠠᠨ ᠠᠪᠬᠤ》 ᠵᠠᠭ᠍ᠪᠤᠷ᠎ᠢᠶᠠᠷ ᠳᠠᠮᠵᠢᠭᠤᠯᠤᠨ᠂ ᠲᠠᠩᠰᠠᠨ ᠡᠷᠦᠬᠡ᠎ᠶ᠋ᠢᠨ ᠪᠠᠯᠠ ᠮᠥᠩᠭᠥ ᠎ᠶ᠋ᠢ ᠱᠢᠭᠤᠳ ᠰᠠᠭᠤᠯᠭᠠᠨ ᠠᠪᠴᠤ᠌ ᠬᠠᠮᠠᠭᠠᠯᠠᠨ ᠬᠠᠳᠠᠭᠠᠯᠠᠬᠤ ᠠᠷᠭ᠎ᠠ ᠬᠡᠯᠪᠡᠷᠢ᠎ᠪᠡᠷ᠂ 4 ᠡᠳᠦᠷ᠎ᠦᠨ ᠴᠠᠭ ᠵᠠᠷᠤᠴᠠᠭᠤᠯᠤᠨ 405 ᠲᠦᠮᠡ ᠭᠠᠷᠤᠶ ᠲᠥᠭᠥᠷᠢᠭ᠎ᠦᠨ ᠬᠡᠷᠡᠭ᠎ᠲᠦ ᠬᠤᠯᠪᠤᠬᠳᠠᠬᠰᠠᠨ ᠵᠣᠭᠣᠰ᠎ᠢ ᠪᠡᠯᠡᠨ ᠵᠣᠭᠣᠰ ᠪᠤᠯᠭᠠᠨ ᠰᠣᠯᠢᠵᠤ ᠥᠭ᠌ᠭᠦᠭ᠌ᠰᠡᠨ ᠪᠥᠭᠡᠳ ᠬᠠᠮᠠᠭᠠᠯᠠᠨ ᠬᠠᠳᠠᠭᠠᠯᠠᠬᠤ ᠲᠠᠩᠰᠠᠨ ᠡᠷᠦᠬᠡ᠎ᠶ᠋ᠢ ᠬᠠᠤᠯᠢ ᠶᠣᠰᠣᠭᠠᠷ ᠬᠦᠴᠦᠨ ᠲᠠᠢ ᠪᠣᠯᠭᠠᠵᠤ᠂ ᠠᠪᠴᠠᠭᠠᠲᠠᠨ᠎ᠤ ᠠᠪᠴᠠᠭᠠᠨ᠎ᠤ ᠡᠷᠬᠡ᠎ᠪᠡᠨ ᠲᠦᠷᠭᠡᠨ᠂ ᠠᠮᠤᠷ ᠲᠦᠪᠱᠢᠨ᠎ᠢᠶᠡᠷ ᠪᠡᠶᠡᠯᠡᠭᠦᠯᠬᠦ᠌᠎ᠶ᠋ᠢ ᠪᠦᠲᠦᠮᠵᠢᠲᠡᠶ ᠪᠠᠲᠤᠯᠠᠭ᠍ᠰᠠᠨ ᠮᠥᠷᠲᠡᠭᠡᠨ ᠵᠠᠭᠠᠯᠳᠤᠭ᠍ᠳᠠᠭ᠍ᠴᠢ᠎ᠺᠣᠮᠫᠠᠨᠢ᠎ᠶ᠋ᠢᠨ ᠲᠠᠩᠰᠠᠨ ᠡᠷᠦᠬᠡ᠎ᠶ᠋ᠢᠨ ᠴᠡᠪᠳᠡᠭ᠌ᠯᠡᠯ᠎ᠡᠴᠡ ᠪᠣᠯᠵᠣ ᠬᠡᠪ᠎ᠦᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠠᠵᠢᠯᠯᠠᠭ᠎ᠠ᠎ᠶ᠋ᠢ ᠨᠥᠯᠥᠭᠡᠯᠡᠬᠦ᠌᠎ᠡᠴᠡ ᠵᠠᠢᠯᠠᠰᠭᠢᠵᠦ᠍᠂ ᠬᠣᠶᠠᠷ ᠲᠠᠯ᠎ᠠ᠎ᠶ᠋ᠢᠨ ᠲᠤᠬᠠᠶ᠎ᠶ᠋ᠢᠨ ᠬᠥᠮᠦᠨ᠎ᠦ ᠰᠠᠢᠨ ᠦᠨᠡᠯᠡᠯᠲᠡ᠎ᠶ᠋ᠢ ᠣᠯᠵᠠᠶ᠃

《ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠭᠦᠢᠴᠡᠳᠭᠡᠬᠦ᠌ ᠶᠠᠪᠤᠴᠠ᠎ᠳᠤ᠂ ᠣᠨᠣᠪᠴᠢᠲᠠᠢ ᠠᠷᠭ᠎ᠠ ᠬᠡᠮᠵᠢᠢ᠎ᠡ ᠠᠪᠬᠤ ᠪᠣᠯ ᠬᠠᠤᠯᠢ ᠴᠠᠭᠠᠵᠠ᠎ᠶ᠋ᠢᠨ ᠡᠷᠬᠡ ᠰᠦᠷ ᠪᠣᠯᠤᠨ ᠠᠵᠤ ᠠᠬᠤᠢᠯᠠᠯ᠎ᠤᠨ ᠡᠷᠬᠡ ᠠᠱᠢᠭ᠎ᠤᠨ ᠬᠠᠮᠠᠭᠠᠯᠠᠯᠲᠠ᠎ᠶ᠋ᠢ ᠲᠡᠩᠴᠡᠬᠦᠷᠢᠱᠢᠬᠦᠯᠬᠦ᠌ ᠵᠢᠨ ᠵᠠᠩᠭᠢᠯᠠᠭ᠎ᠠ ᠪᠣᠯᠤᠨ᠎ᠠ᠂ ᠪᠢᠳᠡ 〈ᠤᠶᠠᠨ ᠬᠠᠳᠠᠨ ᠲᠡᠨᠭᠴᠡᠭᠦᠷᠡᠬᠦ〉 ᠬᠡᠷᠡᠭ᠌ᠵᠢᠭᠦᠯᠬᠦ᠌ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠳᠦ ᠨᠡᠩ ᠴᠢᠩᠭ᠎ᠠ ᠬᠦᠴᠦᠲᠡᠢ ᠬᠠᠤᠯᠢ ᠴᠠᠭᠠᠵᠠ᠎ᠶ᠋ᠢᠨ ᠦᠢᠯᠡᠴᠢᠯᠡᠭᠡ ᠪᠣᠯᠤᠨ ᠪᠠᠲᠤᠯᠠᠭ᠎ᠠ ᠬᠠᠩᠭᠠᠬᠤ᠎ᠪᠠᠷ ᠴᠢᠷᠮᠠᠢᠵᠦ ᠪᠠᠢᠨ᠎ᠠ》 ᠭᠡᠵᠦ ᠱᠢᠯᠢ᠎ᠶ᠋ᠢᠨ ᠭᠤᠤᠯ ᠠᠢᠮᠠᠭ᠎ᠤᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠭᠦᠶ᠋ᠴᠡᠳᠭᠡᠬᠦ᠌ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠬᠡᠯᠡᠪᠡ᠃

ᠭᠦᠢᠴᠡᠳᠭᠡᠬᠦ᠌ ᠠᠵᠢᠯ᠎ᠢ ᠱᠢᠯᠢᠳᠡᠭ᠌ᠵᠢᠭᠦᠯᠬᠦ᠌ ᠪᠣᠯ ᠰᠠᠢ᠌ᠨ ᠰᠠᠢᠬᠠᠨ ᠬᠠᠤᠯᠢ ᠪᠡᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠬᠤ ᠴᠢᠬᠤᠯᠠ ᠭᠣᠭ᠍ᠴᠣᠭ᠎ᠠ ᠪᠣᠯᠤᠨ᠎ᠠ᠃ ᠱᠢᠯᠢ᠎ᠶ᠋ᠢᠨ ᠭᠣᠣᠯ ᠠᠢᠮᠠᠭ᠎ᠤᠨ ᠱᠢᠭᠦᠬᠦ᠌ ᠬᠣᠷᠢᠶᠠᠨ᠎ᠤ ᠱᠢᠰᠲ᠋ᠧᠮ᠎ᠦᠨ ᠬᠢᠨ 《ᠰᠠᠢᠲᠤᠷ ᠰᠢᠢᠳᠪᠦᠷᠢᠯᠡᠬᠦ ᠰᠡᠳᠭᠢᠬᠦᠢ》 ᠪᠡᠷ 《ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠲᠤᠰᠭᠠᠢ ᠠᠵᠢᠯᠯᠠᠭ᠎ᠠ᠎ᠶ᠋ᠢ ᠵᠢᠷᠤᠮᠵᠢᠭᠤᠯᠬᠤ》᠂ ᠦᠨᠳᠦᠰᠦᠨ᠎ᠡᠴᠡ ᠨᠢ ᠱᠢᠢᠳᠪᠦᠷᠢᠯᠡᠬᠦ᠌᠂ ᠰᠣᠯᠪᠢᠴᠠᠭᠤᠯᠤᠨ ᠭᠦᠢᠴᠡᠳᠭᠡᠬᠦ᠌ ᠵᠡᠷᠭᠡ ᠠᠵᠢᠯ᠎ᠲᠠᠶ ᠤᠶᠠᠯᠳᠤᠭᠤᠯᠵᠤ᠂ ᠡᠷᠡᠰ ᠰᠢᠭᠤᠷᠬᠠᠢ ᠠᠷᠭ᠎ᠠ ᠪᠠᠷᠢᠯ ᠪᠣᠯᠤᠨ ᠬᠠᠤᠯᠢ ᠪᠠᠷᠢᠬᠤ ᠳᠤᠯᠠᠭᠠᠨ᠎ᠤ ᠬᠡᠮᠵᠢᠶ᠎ᠡ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠬᠠᠤᠯᠢ ᠴᠠᠭᠠᠵᠠ ᠵᠢᠨ ᠲᠠᠰᠤᠯᠤᠨ ᠲᠣᠭ᠍ᠲᠠᠭᠠᠯᠲᠠ᠎ᠶ᠋ᠢᠨ ᠬᠦᠴᠦᠨ᠎ᠢ ᠦᠨᠡᠨ ᠬᠦ᠌ ᠤᠯᠠᠨ ᠲᠦᠮᠡᠨ᠎ᠦ ᠨᠢᠳᠦᠨ᠎ᠳᠤ ᠦᠵᠡᠭᠳᠡᠮ᠎ᠡ ᠭᠠᠷ᠎ᠲᠤ ᠪᠠᠷᠢᠭᠳᠠᠮ᠎ᠠ ᠲᠥᠪ ᠭᠣᠣᠯᠴᠢ ᠱᠢᠳᠤᠷᠭᠤ ᠶᠣᠰᠣ ᠪᠣᠯᠭᠠᠨ ᠬᠤᠪᠢᠷᠠᠭᠤᠯᠪᠠ᠃ ᠡᠨᠡ ᠵᠢᠯ᠎ᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ᠎ᠤᠨ ᠱᠢᠭᠦᠬᠦ᠌ ᠱᠢᠰᠲ᠋ᠧᠮ᠎ᠤᠨ ᠬᠢᠨ ᠨᠡᠢᠲᠡ 4259 ᠬᠤᠪᠢ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ  ᠭᠦᠶ᠋ᠴᠡᠳᠭᠡᠨ ᠳᠠᠭᠤᠰᠭᠠᠵᠤ᠂ 8.7077 ᠳ᠋ᠦᠩᠱᠢᠭᠤᠷ  ᠲᠥᠭᠥᠷᠢᠭ᠎ᠢ ᠪᠣᠳᠠᠲᠠᠶ ᠭᠦᠶ᠋ᠴᠡᠳᠭᠡᠪᠡ᠃

ᠱᠢᠯᠢ᠎ᠶ᠋ᠢᠨ ᠭᠣᠣᠯ ᠠᠢᠮᠠᠭ᠎ᠤᠨ ᠱᠢᠭᠦᠬᠦ᠌ ᠱᠢᠰᠲ᠋ᠧᠮ ᠠᠯᠪᠠᠳᠠᠨ ᠭᠦᠢᠴᠡᠳᠭᠡᠭᠦᠯᠬᠦ᠌ ᠠᠵᠢᠯ᠎ᠤᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠪᠠ᠃ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ ᠎ᠢ ᠭᠦᠢᠴᠡᠳᠭᠡᠬᠦ᠌ 《ᠰᠠᠭᠠᠳ ᠦᠭᠡᠢ ᠨᠡᠪᠲᠡᠷᠡᠬᠦ᠌ ᠵᠠᠮ》 ᠭᠠᠷᠭᠠᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠲᠦ ᠲᠦᠷᠭᠡᠨ ᠳᠠᠩᠰᠠᠯᠠᠬᠤ᠂ ᠲᠦᠷᠭᠡᠨ ᠪᠠᠢᠴᠠᠭᠠᠬᠤ᠂ ᠲᠦᠷᠭᠡᠨ ᠭᠦᠢᠴᠡᠳᠭᠡᠬᠦ᠌ ᠲᠣᠭ᠍ᠲᠡᠴᠡ᠎ᠶ᠋ᠢ ᠬᠡᠷᠡᠭ᠌ᠵᠢᠭᠦᠯᠵᠦ᠍᠂ ᠭᠦᠢᠴᠡᠳᠭᠡᠬᠦ᠌ ᠦᠶᠡᠯᠡᠯ᠎ᠦᠨ ᠬᠤᠭᠤᠴᠠᠭ᠎ᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠣᠭᠣᠨᠢᠰᠭᠠᠵᠤ᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠳᠤ ᠥᠨᠳᠥᠷ ᠪᠦᠲᠦᠮᠵᠢᠲᠡᠢ᠎ᠪᠡᠷ ᠬᠠᠷᠢᠭᠤᠯᠲᠠ ᠥᠭ᠌ᠬᠦ᠎ᠶ᠋ᠢ ᠦᠨᠡᠨ ᠬᠦ᠌ ᠪᠠᠲᠤᠯᠠᠪᠠ᠃ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠲᠠᠶ ᠬᠠᠮᠲᠤᠷᠠᠨ《ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠠᠷᠠᠳ᠎ᠤᠨ ᠱᠢᠭᠦᠬᠦ᠌ ᠬᠣᠷᠢᠶ᠎ᠠ᠎ᠲᠠᠢ ᠬᠠᠮᠵᠢᠯᠴᠠᠨ ᠭᠦᠢᠴᠡᠳᠭᠡᠬᠦ᠌ ᠠᠵᠢᠯ ᠥᠷᠨᠢᠭᠦᠯᠬᠦ᠌᠎ᠳᠤ ᠬᠡᠷᠡᠭ᠌ᠵᠢᠭᠦᠯᠬᠦ᠌ ᠨᠠᠷᠢᠨ ᠳᠦᠷᠢᠮ》 ᠢ᠋ ᠪᠠᠢᠭᠤᠯᠵᠤ᠂ ᠠᠵᠤ ᠠᠬᠤᠢᠯᠠᠯ᠎ᠤᠨ ᠵᠠᠷᠭᠤ᠎ᠳᠤ ᠬᠣᠯᠪᠣᠭ᠍ᠳᠠᠭ᠍ᠰᠠᠨ ᠭᠦᠢᠴᠡᠳᠭᠡᠬᠦ᠌᠎ᠳᠦ ᠬᠣᠯᠪᠣᠭ᠍ᠳᠠᠭ᠍ᠰᠠᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠬᠥᠮᠦᠨ ᠪᠣᠳᠠᠰ ᠎ᠢ ᠪᠠᠢᠴᠠᠭᠠᠬᠤ》 ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠦᠨ ᠭᠦᠢᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠭᠦᠢᠴᠡᠳᠭᠡᠬᠦ᠌ ᠬᠡᠷᠡᠭ᠎ᠢ  ᠪᠦᠬᠦ᠌ ᠲᠠᠯ᠎ᠠ᠎ᠪᠠᠷ ᠡᠮᠬᠢᠯᠡᠨ ᠲᠢᠭ᠌ᠯᠡᠵᠦ᠍᠂ ᠡᠭᠡ ᠲᠠᠨᠭᠰᠠ᠎ᠶ᠋ᠢ ᠲᠦᠷᠦᠯ ᠬᠤᠪᠢᠶᠠᠨ ᠪᠠᠢᠭᠤᠯᠵᠤ᠂ 《ᠨᠢᠭᠡ ᠬᠡᠷᠡᠭ᠎ᠲᠦ ᠨᠢᠭᠡ ᠠᠷᠭ᠎ᠠ ᠪᠤᠳᠤᠯᠭ᠎ᠠ ᠬᠡᠷᠡᠭ᠌ᠵᠢᠭᠦᠯᠬᠦ᠌》 ᠲᠥᠰᠦᠯ ᠲᠣᠭ᠍ᠲᠠᠭᠠᠨ᠂ ᠵᠢᠯ᠎ᠤᠨ ᠡᠬᠢᠨ᠎ᠡᠴᠡ ᠨᠠᠭᠠᠰᠢ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠲᠤᠰᠭᠠᠢ ᠭᠦᠢᠴᠡᠳᠭᠡᠬᠦ᠌ ᠠᠵᠢᠯᠯᠠᠭ᠎ᠠ᠎ᠶ᠋ᠢ 14 ᠤᠳᠠᠭ᠎ᠠ ᠪᠠᠢᠩᠭᠤᠵᠢᠭᠤᠯᠤᠨ ᠥᠷᠨᠢᠭᠦᠯᠵᠦ᠍᠂ ᠨᠡᠩᠵᠢᠬᠦ᠌᠂ ᠲᠦᠷ ᠬᠣᠷᠢᠬᠤ᠂ ᠬᠡᠷᠡᠭᠯᠡᠭᠡ᠎ᠵᠢ ᠬᠢᠵᠠᠭᠠᠷᠯᠠᠬᠤ ᠵᠡᠷᠭᠡ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠪᠡᠷ ᠬᠦᠴᠦᠷᠬᠡᠭ ᠶᠡᠬᠡ ᠰᠦᠷ ᠬᠦᠴᠦᠨ᠎ᠢ ᠪᠤᠢ ᠪᠣᠯᠭᠠᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ ᠎ᠢ ᠤᠷᠤᠭ᠍ᠰᠢᠲᠠᠢ ᠭᠦᠢᠴᠡᠳᠭᠡᠵᠦ᠍ ᠳᠠᠭᠤᠰᠭᠠᠬᠤ᠎ᠶ᠋ᠢ ᠦᠨᠡᠨ ᠬᠦ᠌ ᠪᠠᠲᠤᠯᠠᠪᠠ᠃

ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠤᠷᠤᠭ᠍ᠰᠢᠲᠠᠢ ᠭᠦᠢᠴᠡᠳᠭᠡᠬᠦ᠌᠎ᠳᠦ ᠬᠠᠲᠠᠭᠤ ᠠᠷᠭ᠎ᠠ ᠪᠠᠷᠢᠯ᠎ᠢᠶᠠᠷ ᠪᠠᠲᠤᠯᠠᠬᠤ ᠴᠢᠬᠤᠯᠠᠲᠠᠢ ᠮᠥᠷᠲᠡᠭᠡᠨ ᠨᠡᠩ ᠴᠤ᠌ ᠴᠠᠢᠯᠭᠠᠨ ᠪᠣᠯᠪᠠᠰᠤᠨ ᠭᠦᠢᠴᠡᠳᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠬᠠᠤᠯᠢ ᠴᠠᠭᠠᠵᠠ᠎ᠶ᠋ᠢᠨ ᠪᠣᠷᠣ ᠲᠥᠯᠥᠪ᠎ᠦᠨ ᠳᠣᠲᠣᠷ᠎ᠠ ᠲᠤᠬᠠᠢ᠎ᠶ᠋ᠢᠨ ᠬᠥᠮᠦᠨ᠎ᠲᠡᠶ ᠬᠠᠮᠲᠤ᠎ᠪᠠᠷ ᠠᠰᠠᠭᠤᠳᠠᠯ᠎ᠢ ᠱᠢᠢᠳᠪᠦᠷᠢᠯᠡᠵᠦ᠍᠂ ᠬᠠᠤᠯᠢ ᠴᠠᠭᠠᠵᠠ᠎ᠵᠢᠨ ᠬᠠᠯᠠᠭᠤᠨ ᠳᠤᠯᠠᠭᠠᠨ᠎ᠢ ᠳᠠᠮᠵᠢᠭᠤᠯᠬᠤ ᠴᠢᠬᠤᠯᠠᠲᠠᠢ ᠶᠤᠮ᠃ ᠱᠢᠯᠢ᠎ᠶ᠋ᠢᠨ ᠭᠤᠤᠯ ᠠᠢᠮᠠᠭ᠎ᠤᠨ ᠱᠢᠭᠦᠬᠦ᠌ ᠱᠢᠰᠲ᠋ᠧᠮ᠎ᠤᠨ ᠬᠢᠨ ᠢᠲᠡᠭᠡᠮᠵᠢ ᠠᠯᠳᠠᠭ᠍ᠰᠠᠨ ᠮᠡᠳᠡᠭᠡ ᠵᠠᠩᠭᠢ᠎ᠶ᠋ᠢ ᠬᠠᠯᠬᠠᠯᠠᠬᠤ᠂ ᠥᠨᠳᠥᠷ ᠦᠨ᠎ᠡ ᠲᠠᠢ ᠭᠡᠷᠡᠭᠯᠡᠭᠡ ᠵᠢ ᠬᠢᠵᠠᠭᠠᠷᠯᠠᠬᠤ᠎ᠶ᠋ᠢ ᠭᠠᠭ᠍ᠴᠠ ᠤᠳᠠᠭ᠎ᠠ ᠬᠦᠴᠦᠨ ᠥᠬᠡᠶ ᠪᠣᠯᠭᠠᠬᠤ᠂ ᠢᠲᠡᠭᠡᠮᠵᠢ᠎ᠶ᠋ᠢ ᠰᠡᠷᠭᠦᠭᠡᠬᠦ᠌᠂ 《ᠠᠮᠢᠳᠤᠯᠢᠭ ᠎ᠢᠶᠡᠷ ᠪᠢᠲᠡᠭᠦᠮᠵᠢᠯᠡᠵᠦ ᠰᠠᠭᠤᠯᠭᠠᠬᠤ》 ᠵᠡᠷᠭᠡ ᠠᠷᠭ᠎ᠠ ᠬᠡᠮᠵᠢᠶ᠎ᠡ ᠠᠪᠴᠤ᠌᠂ 《ᠢᠲᠡᠭᠡᠮᠵᠢ ᠠᠯᠳᠠᠭ᠍ᠰᠠᠳ᠎ᠤᠨ ᠬᠠᠷᠠᠭᠠᠯᠵᠠᠯ᠎ᠤᠨ ᠬᠤᠭᠤᠴᠠᠭ᠎ᠠ》 ᠂ ᠬᠤᠭᠤᠴᠠᠭ᠎ᠠ ᠬᠤᠪᠢᠶᠠᠨ ᠭᠦᠶ᠋ᠴᠡᠳᠭᠡᠬᠦ᠌᠂ ᠠᠮᠢᠳᠤᠯᠢᠭ᠎ᠢᠶᠠᠷ ᠵᠣᠭᠣᠰ ᠥᠭ᠌ᠬᠦ ᠂ ᠭᠦᠶ᠋ᠴᠡᠳᠭᠡᠨ ᠡᠶᠡᠳᠡᠭᠦᠯᠬᠦ ᠵᠡᠷᠭᠡ 《ᠤᠰᠤ ᠲᠠᠯᠪᠢᠨ ᠵᠢᠭᠠᠰᠤ ᠲᠡᠵᠢᠭᠡᠬᠦ᠌》 ᠠᠷᠭ᠎ᠠ ᠬᠡᠯᠪᠡᠷᠢ᠎ᠶ᠋ᠢ ᠠᠪᠴᠤ᠌᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠦᠨ 《ᠤᠶᠠᠨ ᠴᠢᠨᠠᠷᠲᠠᠶ ᠭᠦᠶ᠋ᠴᠡᠳᠭᠡᠬᠦ᠌》 ᠲᠣᠭ᠍ᠲᠡᠴᠡ᠎ᠶ᠋ᠢ ᠦᠷᠭᠦᠯᠵᠢᠯᠡᠨ ᠭᠦᠨᠵᠡᠭᠡᠢᠷᠡᠭᠦᠯᠪᠡ᠃

ᠡᠭᠦᠨ᠎ᠦ ᠬᠠᠮᠲᠤ᠂ ᠱᠢᠯᠢ᠎ᠶ᠋ᠢᠨ ᠭᠤᠤᠯ ᠠᠢᠮᠠᠭ᠎ᠤᠨ ᠱᠢᠭᠦᠬᠦ᠌  ᠱᠢᠰᠲ᠋ᠧᠮ ᠪᠠᠰᠠ ᠠᠵᠤ ᠠᠬᠤᠢᠯᠠᠯ᠎ᠤᠨ ᠬᠠᠤᠯᠢ ᠪᠠᠷᠢᠬᠤ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠪᠴᠢᠲᠠᠶ ᠵᠣᠯᠭᠠᠭᠤᠯᠵᠤ᠂ ᠵᠠᠰᠠᠭ᠎ᠤᠨ ᠣᠷᠳᠣᠨ ᠰᠢᠬᠦᠬᠦ  ᠬᠣᠷᠢᠶ᠎ᠠ ᠬᠠᠮᠲᠤᠷᠠᠨ ᠬᠥᠳᠡᠯᠦᠯᠴᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠵᠥᠷᠢᠴᠡᠯ ᠵᠠᠭᠤᠷᠠᠯᠳᠤᠭᠠᠨ᠎ᠢ ᠦᠨᠡᠨ ᠪᠣᠳᠠᠲᠠᠶ ᠱᠢᠶ᠋ᠳᠪᠦᠷᠢᠯᠡᠬᠦ᠌᠎ᠶ᠋ᠢ ᠬᠠᠮᠲᠤ᠎ᠪᠠᠷ ᠴᠢᠷᠮᠠᠢᠨ ᠠᠬᠢᠭᠤᠯᠵᠤ᠂ ᠠᠵᠤ ᠠᠬᠤᠢᠯᠠᠯ᠎ᠤᠨ ᠳᠠᠬᠢᠨ 《ᠠᠮᠢᠯᠠᠬᠤ》 ᠳ᠋ᠤ᠌ ᠬᠦᠴᠦᠨ ᠨᠡᠮᠡᠷᠢᠯᠡᠪᠡ᠃ ᠱᠢᠯᠢ᠎ᠶ᠋ᠢᠨ ᠭᠤᠤᠯ ᠠᠢᠮᠠᠭ᠎ᠤᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ 《ᠵᠠᠰᠠᠭ᠎ᠤᠨ ᠣᠷᠳᠣᠨ ᠰᠢᠬᠦᠬᠦ ᠬᠤᠷᠢᠶ᠎ᠠ ᠬᠠᠮᠲᠤᠷᠠᠨ ᠬᠥᠳᠡᠯᠦᠯᠴᠡᠬᠦ᠌ + ᠰᠣᠯᠪᠢᠴᠠᠨ ᠭᠦᠶ᠋ᠴᠡᠳᠭᠡᠬᠦ᠌》 ᠵᠠᠭ᠍ᠪᠤᠷ᠎ᠢᠶᠠᠷ ᠳᠠᠮᠵᠢᠭᠤᠯᠤᠨ ᠨᠢᠭᠡᠨ ᠭᠤᠤᠯᠳᠠᠯᠭ᠎ᠠ᠎ᠲᠠᠶ ᠡᠨᠧᠷᠭᠢ᠎ᠶ᠋ᠢᠨ ᠠᠵᠤ ᠠᠬᠤᠢᠯᠠᠯ᠎ᠤᠨ ᠱᠢᠷᠢᠰ ᠭᠦᠶ᠋ᠴᠡᠳᠭᠡᠬᠦ᠌ ᠬᠡᠷᠡᠭ᠎ᠢ 56 ᠬᠤᠪᠢ ᠲᠥᠪᠯᠡᠷᠡᠭᠦᠯᠦᠨ ᠱᠢᠶ᠋ᠳᠪᠦᠷᠢᠯᠡᠵᠦ᠍᠂ ᠬᠠᠤᠯᠢ ᠪᠠᠷᠢᠬᠤ ᠦᠢᠯᠡᠳᠦᠯ ᠴᠢᠳᠠᠪᠬᠢ᠎ᠶ᠋ᠢ ᠪᠠᠳᠠᠷᠠᠭᠤᠯᠵᠤ 3000 ᠭᠠᠷᠤᠶ ᠠᠵᠢᠯ᠎ᠤᠨ ᠪᠠᠢᠷᠢ᠎ᠶ᠋ᠢ ᠱᠢᠭᠤᠳ ᠳᠠᠢᠴᠢᠯᠠᠨ᠂ ᠠᠵᠤ ᠠᠬᠤᠢᠯᠠᠯ᠎ᠤᠨ ᠭᠠᠢᠯᠢ ᠲᠤᠱᠢᠶᠠᠭ᠍ᠰᠠᠨ ᠲᠣᠭ᠎ᠠ 15 ᠳ᠋ᠦᠩᠱᠢᠭᠤᠷ ᠲᠥᠭᠥᠷᠢᠭ᠎ᠢ ᠳᠠᠪᠠᠬᠤ᠎ᠶ᠋ᠢ ᠠᠬᠢᠭᠤᠯᠪᠠ᠂ ᠲᠣᠰ ᠬᠡᠷᠡᠭ᠎ᠦᠨ ᠵᠢᠱ᠌ᠢᠶ᠎ᠡ ᠨᠢ ᠪᠥᠬᠥ᠌ ᠤᠯᠤᠰ᠎ᠤᠨ ᠱᠢᠭᠦᠬᠦ᠌ ᠬᠣᠷᠢᠶᠠᠨ᠎ᠤ ᠰᠣᠯᠪᠢᠴᠠᠨ ᠭᠦᠶ᠋ᠴᠡᠳᠭᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭ᠍ᠳᠠᠭᠰᠠᠨ ᠪᠠᠢᠨ᠎ᠠ᠃

ᠴᠢᠳᠠᠮᠠᠭᠠᠢ ᠬᠡᠷᠡᠭ᠌ᠵᠢᠭᠦᠯᠪᠡᠰᠦ ᠢᠯᠠᠯᠳᠠ ᠤᠯᠤᠨ᠎ᠠ᠂ ᠠᠷᠠᠳ᠎ᠤᠨ ᠲᠥᠯᠥᠭᠡ ᠲᠡᠮᠡᠴᠡᠭ᠌ᠰᠡᠳ ᠢᠯᠠᠯᠳᠠ ᠤᠯᠤᠨ᠎ᠠ᠃ ᠱᠢᠯᠢ᠎ᠶ᠋ᠢᠨ ᠭᠤᠤᠯ ᠠᠢᠮᠠᠭ᠎ᠤᠨ ᠱᠢᠭᠦᠬᠦ᠌  ᠱᠢᠰᠲ᠋ᠧᠮ ᠦᠷᠭᠦᠯᠵᠢᠯᠡᠨ ᠱᠢᠭᠦᠨ ᠲᠠᠰᠤᠯᠬᠤ ᠡᠭᠦᠷᠭᠡ ᠴᠢᠳᠠᠪᠬᠢ᠎ᠳᠠᠭᠠᠨ ᠰᠠᠭᠤᠷᠢᠯᠠᠵᠤ᠂ ᠪᠣᠳᠠᠲᠠᠶ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠍᠂ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠨ ᠲᠦᠭ᠌ᠵᠢᠷᠡᠯ᠎ᠢ ᠠᠷᠢᠯᠭᠠᠵᠤ᠂ ᠰᠠᠢᠨ ᠰᠠᠨᠠᠭ᠎ᠠ᠎ᠪᠠᠷ ᠭᠦᠶ᠋ᠴᠡᠳᠭᠡᠨ ᠬᠦᠴᠢᠷᠳᠡᠯ᠎ᠢ ᠱᠢᠶ᠋ᠳᠪᠦᠷᠢᠯᠡᠵᠦ᠂ ᠪᠥᠬᠥ᠌ ᠬᠦᠴᠦᠨ᠎ᠢᠶᠡᠷ ᠠᠶᠠᠯᠠᠯ᠎ᠢ ᠬᠠᠮᠠᠭᠠᠯᠠᠨ ᠲᠦᠭ᠌ᠵᠢᠷᠡᠯ᠎ᠢ ᠨᠠᠮᠳᠠᠭᠤᠯᠵᠤ᠂ ᠬᠠᠤᠯᠢ ᠪᠡᠷ ᠵᠠᠰᠠᠬᠤ 《ᠤᠷᠬᠢᠯᠤᠮᠠᠯ ᠪᠤᠯᠠᠬ》 ᠢ᠋ ᠲᠠᠰᠤᠷᠠᠯᠲᠠ ᠥᠬᠡᠶ ᠭᠦᠶ᠋ᠴᠡᠳ ᠬᠠᠳᠠᠭᠠᠯᠠᠵᠤ᠂ ᠬᠠᠤᠯᠢ ᠪᠡᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠲᠡᠶ ᠪᠠᠲᠤᠯᠠᠭ᠎ᠠ ᠬᠠᠩᠭᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号