ᠤᠷᠢ ᠵᠠᠯᠠᠭᠤ ᠨᠠᠰᠤᠨ ᠎ᠤ ᠬᠡᠷᠡᠯ ᠬᠢᠯᠪᠠᠭ᠎ᠠ ᠪᠠᠷ ᠴᠠᠭ ᠦᠶ᠎ᠠ ᠵᠢᠨ ᠬᠠᠷᠢᠭᠤᠯᠳᠠ ᠵᠢᠨ ᠬᠠᠭᠤᠳᠠᠰᠤ ᠵᠢ ᠪᠢᠴᠢᠭᠯᠡᠨᠡᠮ
2025-10-16 10:36:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ  ᠤᠬᠠᠭᠠᠯᠠᠬᠤ ᠵᠠᠩᠭᠢᠯᠠᠭ᠎ᠠ᠎ᠶᠢᠨ ᠦᠶ᠎ᠡ᠎ᠳᠦ᠂  ᠣᠷᠣᠨ ᠲᠠᠶᠠᠭᠠᠷ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠠᠵᠢᠯ᠎ᠤᠨ ᠭᠣᠣᠯ ᠰᠢᠵᠢᠮ ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠰᠡᠳᠬᠢᠯ ᠨᠢᠭᠡᠲᠦᠨ ᠬᠦᠴᠦ᠎ᠪᠡᠨ ᠬᠠᠮᠲᠤᠳᠬᠠᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ 《ᠲᠠᠪᠤᠨ ᠶᠡᠬᠡ ᠡᠭᠦᠷᠭᠡ》 ᠵᠢ ᠭᠦᠨᠵᠡᠭᠡᠢ ᠠᠬᠢᠭᠤᠯᠤᠨ᠂ 《ᠵᠢᠷᠭᠤᠭᠠᠨ ᠢᠨᠵᠧᠨᠧᠷᠢᠩ》 ᠢ᠋ ᠪᠦᠬᠦ ᠲᠠᠯ᠎ᠠ᠎ᠪᠠᠷ ᠠᠬᠢᠭᠤᠯᠵᠤ᠂ ᠰᠢᠨ᠎ᠡ ᠵᠠᠮ ᠨᠡᠭᠡᠭᠡᠵᠦ ᠲᠤᠮᠲᠠ ᠲᠦᠪᠰᠢᠨ᠎ᠳᠤ ᠤᠷᠤᠬᠤ ᠬᠠᠷᠠᠯᠲᠠ ᠲᠡᠢᠰᠢ ᠪᠠᠰᠠ ᠨᠢᠭᠡ ᠠᠯᠬᠤᠮ ᠤᠷᠤᠬᠰᠢᠯᠠᠪᠠ᠃

ᠡᠷᠡᠰ ᠭᠤᠢᠪᠢᠰᠢ ᠦᠭᠡᠢ᠎ᠪᠡᠷ ᠨᠠᠮ᠎ᠢᠶᠠᠨ ᠳᠠᠭᠠᠨ ᠤᠷᠤᠬᠰᠢᠯᠠᠵᠦ᠂ ᠨᠠᠮ ᠪᠠ ᠠᠷᠠᠳ ᠲᠦᠮᠡᠨ᠎ᠦ ᠲᠥᠯᠥᠭᠡ ᠲᠡᠮᠡᠴᠡᠬᠦ ᠪᠣᠯ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠃ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠠᠯᠠᠭᠤᠴᠤᠳ ᠎ᠢ ᠨᠠᠮ᠎ᠤᠨ ᠬᠦᠰᠡᠯᠡᠩ ᠢᠲᠡᠭᠡᠯ ᠪᠢᠰᠢᠷᠡᠯ᠎ᠦᠨ ᠲᠤᠭ᠎ᠤᠨ ᠳᠣᠣᠷ᠎ᠠ ᠨᠢᠭ᠍ᠲᠠᠷᠠᠭᠤᠯᠵᠤ᠂ ᠥᠷᠭᠡᠨ ᠤᠯᠠᠨ ᠵᠠᠯᠠᠭᠤᠴᠤᠳ᠎ᠢ ᠪᠦᠯᠬᠦᠮᠳᠡᠭᠦᠯᠦᠨ ᠲᠠᠢ᠍ᠢᠴᠢᠯᠠᠵᠤ᠂ ᠣᠳᠣᠬᠢᠴᠢᠯᠠᠭᠰᠠᠨ ᠥᠪᠥᠷ ᠮᠣᠩᠭᠣᠯ ᠎ᠢ ᠪᠦᠲᠦᠭᠡᠨ ᠪᠠᠶ᠋ᠢᠭᠤᠯᠬᠤ᠎ᠶᠢᠨ ᠲᠥᠯᠥᠭᠡ ᠡᠷᠡᠯᠬᠡᠭᠯᠡᠨ ᠲᠡᠮᠡᠴᠡᠬᠦ ᠵᠠᠯᠠᠭᠤ ᠨᠠᠰᠤᠨ᠎ᠤ ᠤᠮᠤᠭ ᠵᠤᠷᠢᠭ᠎ᠢ ᠨᠢ ᠬᠥᠭᠵᠢᠭᠡᠪᠡ᠃

ᠬᠣᠶᠠᠷ ᠶᠡᠬᠡ ᠶᠠᠪᠤᠳᠠᠯ᠎ᠢ ᠰᠠᠢᠳᠤᠷ ᠬᠢᠬᠦ ᠳᠤᠮᠳᠠ ᠵᠠᠯᠠᠭᠤ ᠨᠠᠰᠤᠨ᠎ᠤ ᠤᠤᠷ ᠴᠢᠨᠠᠷ᠎ᠢ ᠳᠠᠪᠲᠠᠨ ᠪᠣᠯᠪᠠᠰᠤᠷᠠᠭᠤᠯᠪᠠ

ᠴᠠᠭ ᠦᠶ᠎ᠡ᠎ᠶᠢᠨ ᠬᠣᠰᠢᠭᠤᠴᠢ ᠪᠣᠯᠬᠤ ᠪᠣᠯ ᠵᠠᠯᠠᠭᠤᠴᠤᠳ᠎ᠤᠨ ᠵᠠᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ; ᠴᠠᠭ ᠦᠶ᠎ᠡ᠎ᠶᠢᠨ ᠬᠥᠭᠵᠢᠯᠲᠡ᠎ᠶᠢ ᠳᠠᠭᠠᠬᠤ ᠪᠣᠯ ᠵᠠᠯᠠᠭᠤᠴᠤᠳ᠎ᠤᠨ ᠵᠣᠬᠢᠶᠠᠨ ᠪᠠᠢᠭᠤᠯᠤᠯᠲᠠ᠎ᠶᠢᠨ ᠠᠮᠢᠵᠢᠷᠠᠯ᠎ᠤᠨ ᠬᠦᠴᠦᠨ ᠪᠣᠯᠣᠨ᠎ᠠ᠃

ᠪᠦᠬᠦᠢᠯᠡ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠲᠤᠳᠤᠷ᠎ᠠ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠦ ᠲᠠᠪᠴᠠᠩ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ᠂ ᠠᠷᠠᠳ᠎ᠤᠨ ᠶᠠᠪᠤᠳᠠᠯ᠂ ᠡᠮᠡᠭᠲᠡᠢᠴᠦᠳ᠎ᠦᠨ ᠬᠣᠯᠪᠣᠭ᠎ᠠ ᠵᠡᠷᠭᠡ 7 ᠰᠠᠯᠠᠭ᠎ᠠ ᠮᠥᠴᠢᠷ᠎ᠲᠠᠢ ᠬᠣᠯᠪᠣᠯᠳᠤᠨ ᠨᠡᠪᠲᠡᠷᠡᠯᠴᠡᠬᠦ᠎ᠶᠢ ᠲᠦᠷᠦᠭᠦᠯᠡᠨ ᠪᠡᠶᠡᠯᠡᠭᠦᠯᠵᠡᠢ᠃ ᠲᠠᠪᠴᠠᠩ ᠪᠠᠢᠭᠤᠯᠤᠭᠳᠠᠭᠰᠠᠨ ᠡᠴᠡ ᠨᠠᠭᠠᠰᠢ 6 ᠲᠦᠮᠡ ᠰᠢᠬᠠᠮ ᠬᠥᠮᠥᠨ ᠤᠳᠠᠭ᠎ᠠ᠎ᠳᠤ ᠦᠢᠯᠡᠴᠢᠯᠡᠵᠦ᠂ ᠪᠦᠬᠦ ᠤᠯᠤᠰ᠎ᠤᠨ ᠠᠷᠪᠠᠨ ᠶᠡᠬᠡ 《ᠣᠷᠣᠨ ᠪᠦᠰᠡ᠎ᠶᠢᠨ ᠲᠥᠪ》 ᠵᠢᠡᠷ ᠰᠣᠩᠭᠣᠭᠳᠠᠪᠠ᠃

ᠪᠦᠬᠦ ᠤᠯᠤᠰ᠎ᠲᠤ ᠠᠩᠬ᠎ᠠ ᠤᠳᠠᠭ᠎ᠠ 《ᠤᠮᠠᠷᠠᠲᠤ ᠬᠢᠯᠢ ᠢ᠋ᠢᠨ ᠵᠠᠯᠠᠭᠤᠴᠤᠳ᠎ᠤᠨ ᠵᠢᠳᠭᠦᠯ》 ᠭᠡᠬᠦ ᠵᠠᠯᠠᠭᠤᠴᠤᠳ᠎ᠤᠨ ᠡᠪᠯᠡᠯ᠎ᠤᠨ ᠲᠦᠷᠦᠯ ᠲᠡᠮᠳᠡᠭ᠎ᠢ ᠨᠡᠢᠲᠡᠯᠡᠵᠦ᠂ 2000 ᠭᠠᠷᠤᠢ ᠵᠠᠯᠠᠭᠤ ᠨᠡᠪᠲᠡᠷᠡᠭᠦᠯᠦᠭᠴᠢ᠎ᠶᠢ ᠬᠥᠮᠥᠵᠢᠭᠦᠯᠵᠦ᠂ ᠰᠢᠭᠤᠳ ᠨᠡᠪᠲᠡᠷᠡᠭᠦᠯᠭᠡ ᠪᠡᠷ ᠲᠠᠷᠢᠶᠠᠯᠠᠩ᠎ᠢ ᠲᠤᠰᠠᠯᠠᠬᠰᠠᠨ ᠪᠣᠷᠤᠯᠠᠭᠤᠯᠭ᠎ᠠ᠎ᠶᠢᠨ ᠬᠡᠮᠵᠢᠶ᠎ᠡ 1.05 ᠳ᠋ᠦᠩᠰᠢᠭᠤᠷ ᠲᠥᠭᠥᠷᠢᠭ᠎ᠲᠦ ᠬᠦᠷᠴᠦ᠂ ᠥᠪᠥᠷ ᠮᠣᠩᠭᠣᠯ᠎ᠤᠨ ᠰᠢᠯᠢᠳᠡᠭ ᠪᠦᠲᠦᠭᠡᠭᠳᠡᠭᠦᠨ ᠢ᠋ ᠪᠦᠬᠦ ᠤᠯᠤᠰ᠎ᠲᠤ ᠬᠦᠷᠭᠡᠪᠡ᠃

《ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠰᠡᠷᠭᠦᠭᠡᠵᠦ ᠭᠤᠤᠯ᠎ᠤᠨ ᠭᠤᠯᠳᠤᠷᠢᠯ ᠢ᠋ ᠴᠡᠪᠡᠷᠯᠡᠬᠦ ᠠᠵᠢᠯᠯᠠᠭ᠎ᠠ᠎ᠳᠦ ᠬᠦᠴᠦᠨ ᠨᠡᠮᠡᠷᠢᠯᠡᠬᠦ》 ᠵᠢᠴᠢ 《ᠬᠠᠳᠤᠨ ᠭᠣᠣᠯ᠎ᠢ ᠬᠠᠮᠠᠭᠠᠯᠠᠵᠤ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ》 ᠭᠣᠣᠯ ᠰᠡᠳᠦᠪᠲᠦ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ ᠪᠦᠬᠦ ᠣᠷᠣᠨ᠎ᠳᠤ ᠶᠠᠪᠤᠬᠳᠠᠵᠦ᠂ 1000 ᠭᠠᠷᠤᠢ 《ᠾᠸ ᠰᠢᠶᠣᠣ ᠴᠢᠩ》 ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ ᠤᠰᠤ ᠠᠷᠪᠢᠯᠠᠬᠤ ᠤᠬᠠᠭᠤᠯᠭ᠎ᠠ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ 1068 ᠲᠠᠯᠠᠪᠠᠢ ᠥᠷᠨᠢᠭᠦᠯᠵᠦ᠂ 12.13 ᠲᠦᠮᠡᠨ ᠵᠠᠯᠠᠭᠤᠴᠤᠳ ᠪᠠᠭᠠᠴᠤᠳ᠎ᠢ ᠬᠠᠮᠤᠷᠴᠠᠢ᠃ 《ᠦᠵᠡᠰᠬᠦᠯᠡᠩᠲᠦ ᠰᠠᠢᠬᠠᠨ ᠳᠤᠮᠳᠠᠳᠤ ᠤᠯᠤᠰ·ᠵᠠᠯᠠᠭᠤ ᠨᠠᠰᠤᠨ᠎ᠤ ᠠᠵᠢᠯᠯᠠᠭ᠎ᠠ》 ᠵᠢ ᠠᠯᠠᠱᠠ ᠵᠡᠭᠦᠨ ᠬᠣᠰᠢᠭᠤ᠂ ᠳᠥᠷᠪᠡᠳ ᠬᠣᠰᠢᠭᠤ᠂ ᠦᠶᠦᠸᠠᠨ ᠰᠢᠶᠠᠨ ᠵᠡᠷᠭᠡ ᠭᠠᠵᠠᠷ᠎ᠲᠤ ᠶᠠᠪᠤᠬᠳᠠᠭᠤᠯᠵᠦ᠂ 《ᠤᠮᠠᠷᠠᠲᠤ᠎ᠶᠢᠨ ᠭᠤᠷᠪᠠᠨ ᠣᠷᠣᠨ》 ᠤ᠋ ᠵᠠᠯᠠᠭᠤᠴᠤᠳ᠎ᠤᠨ ᠣᠶ᠎ᠶᠢ ᠨᠡᠶ᠋ᠢᠲᠡ 3 ᠲᠦᠮᠡ ᠭᠠᠷᠤᠢ ᠮᠦ᠍ ᠪᠦᠲᠦᠭᠡᠨ ᠪᠠᠢᠭᠤᠯᠵᠤ᠂  《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ》 ᠭᠡᠬᠦ᠌ ᠣᠢᠯᠠᠭᠠᠭ᠍ᠳᠠᠬᠤᠨ ᠨᠢ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠦᠨᠳᠦᠰᠦᠯᠡᠨ ᠰᠣᠶᠣᠭᠠᠯᠠᠵᠤ᠂ ᠠᠮᠢ ᠠᠬᠤᠢ᠎ᠶᠢᠨ ᠦᠵᠡᠰᠬᠦᠯᠡᠩᠲᠦ ᠰᠠᠢᠬᠠᠨ ᠦᠵᠡᠮᠵᠢ ᠤᠮᠠᠷᠠᠲᠤ ᠬᠢᠯᠢ᠎ᠶᠢᠨ ᠡᠬᠡ ᠭᠠᠵᠠᠷ᠎ᠢ ᠴᠢᠮᠡᠪᠡ᠃

ᠡᠨᠡ ᠵᠢᠯ᠂ ᠪᠠᠷᠠᠭᠤᠨ ᠣᠷᠣᠨ᠎ᠤ ᠲᠥᠯᠥᠪᠯᠡᠭᠡ᠎ᠶᠢᠨ 1447 ᠰᠠᠢᠨ ᠳᠤᠷᠠᠴᠤᠤᠯ 《ᠡᠬᠡ ᠤᠯᠤᠰ ᠪᠠ ᠠᠷᠠᠳ ᠲᠦᠮᠡᠨ᠎ᠦ ᠬᠠᠮᠤᠭ ᠎ᠤᠨ ᠬᠡᠷᠡᠭᠴᠡᠭᠡ᠎ᠲᠠᠢ ᠭᠠᠵᠠᠷ ᠣᠷᠣᠨ᠎ᠳᠤ ᠬᠦᠷᠴᠦ ᠬᠡᠷᠡᠯ ᠭᠢᠯᠪᠠᠭ᠎ᠠ᠎ᠪᠠᠨ ᠰᠠᠴᠤᠷᠠᠭᠤᠯᠬᠤ》 ᠢᠲᠡᠭᠡᠯ ᠵᠣᠷᠢᠭ᠋ ᠎ᠢ ᠡᠪᠦᠷᠯᠡᠨ ᠦᠨᠳᠦᠰᠦᠨ ᠱᠠᠲᠤᠨ᠎ᠳᠤ ᠳᠠᠪᠲᠠᠨ ᠪᠣᠯᠪᠠᠰᠤᠷᠠᠵᠠᠢ᠃

ᠰᠢᠨ᠎ᠡ᠎ᠶᠢ ᠡᠭᠦᠳᠴᠦ ᠰᠢᠯᠢᠳᠡᠭ᠎ᠢ ᠡᠭᠦᠳᠬᠦ ᠳᠤᠮᠳᠠ ᠵᠠᠯᠠᠭᠤ ᠨᠠᠰᠤᠨ᠎ᠤ ᠬᠦᠴᠦᠨ ᠴᠢᠳᠠᠯ᠎ᠢ ᠪᠠᠳᠠᠷᠠᠭᠤᠯᠪᠠ

ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂  ᠰᠢᠨ᠎ᠡ ᠵᠠᠮ᠎ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ  ᠥᠩᠭᠡᠷᠡᠭᠰᠡᠨ᠎ᠦ ᠠᠯᠢ ᠴᠤ᠌ ᠦᠶ᠎ᠡ᠎ᠡᠴᠡ ᠴᠥᠮ ᠰᠢᠨ᠎ᠡ᠎ᠡᠬᠦᠳᠦᠯᠳᠡ᠎ᠶᠢ ᠱᠠᠭᠠᠷᠳᠠᠵᠤ᠂ ᠰᠢᠨ᠎ᠡ᠎ᠡᠬᠦᠳᠦᠯᠳᠡ᠎ᠳᠦ ᠲᠦᠰᠢᠭᠯᠡᠨ᠎ᠡ᠃ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠴᠠᠭ ᠪᠢᠳᠡᠨ᠎ᠢ ᠬᠦᠯᠢᠶᠡᠬᠦ ᠦᠭᠡᠢ》 ᠤᠪᠤᠷ ᠵᠢᠡᠷ ᠥᠷᠯᠥᠭᠡ ᠦᠳᠡᠰᠢ᠎ᠶᠢ ᠲᠡᠮᠡᠴᠡᠨ ᠠᠵᠢᠯᠯᠠᠵᠤ᠂ ᠰᠢᠨ᠎ᠡ᠎ᠡᠬᠦᠳᠦᠯᠳᠡ ᠨᠢ ᠵᠠᠯᠠᠭᠤᠴᠤᠳ᠎ᠤᠨ  ᠬᠠᠮᠤᠭ᠎ᠤᠨ ᠢᠯᠡ ᠲᠣᠳᠣ᠌ ᠪᠡᠯᠭᠡ ᠲᠡᠮᠳᠡᠭ ᠪᠣᠯᠵᠠᠢ᠃

《ᠵᠠᠯᠠᠭᠤᠴᠤᠳ᠎ᠤᠨ ᠰᠢᠨ᠎ᠠ ᠡᠭᠦᠳᠦᠯᠳᠡ》 ᠡᠴᠡ《ᠥᠷᠢᠰᠥᠯᠳᠦᠭᠡᠨ ᠬᠤᠨᠳᠠᠭᠠᠲᠤ》᠂ 《ᠬᠥᠭ᠌ᠵᠢᠨ ᠮᠠᠨᠳᠤᠬᠤ ᠬᠤᠨᠳᠠᠭᠠᠲᠤ》ᠬᠦᠷᠲᠡᠯ᠎ᠡ᠂ ᠦᠪᠦᠷ ᠮᠤᠩᠭᠤᠯ᠎ᠤᠨ ᠵᠠᠯᠠᠭᠤᠴᠤᠳ ᠪᠠᠭᠠᠴᠤᠳ᠎ᠤᠨ ᠰᠠᠨᠰᠠᠷ᠎ᠤᠨ ᠠᠶᠠᠯᠠᠯ᠎ᠤᠨ ᠱᠢᠨ᠎ᠡ᠎ᠶ᠋ᠢ ᠡᠭᠦᠳᠬᠦ᠌ ᠤᠷᠤᠯᠳᠤᠭᠠᠨ᠎ᠠᠴᠠ 《ᠱᠢᠶᠤᠤ ᠫᠢᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠲᠠᠰᠤᠭ》 ᠬᠦᠷᠳᠡᠯ᠎ᠡ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠵᠦ᠍᠂ ᠱᠢᠯᠢᠳᠡᠭ ᠲᠦᠷᠦᠯ ᠵᠦᠢᠯ᠎ᠢ ᠰᠣᠩᠭᠣᠨ ᠪᠣᠢᠵᠢᠭᠤᠯᠵᠤ᠂ ᠵᠠᠯᠠᠭᠤᠴᠤᠳ᠎ᠢ ᠬᠦᠳᠦᠯᠥᠨ ᠳᠠᠭᠠᠭᠤᠯᠵᠤ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠭᠦᠯᠬᠦ᠌᠂ ᠲᠠᠷᠢᠶᠠᠯᠠᠩ ᠮᠠᠯ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠱᠢᠨ᠎ᠡ ᠬᠦᠴᠦᠨ ᠨᠡᠮᠡᠷᠢᠯᠡᠵᠦ᠂ ᠭᠠᠪᠱᠢᠭᠠᠢ ᠠᠩᠬᠢ᠎ᠶ᠋ᠢᠨ ᠦᠢᠯᠡᠳᠦᠯ᠎ᠢ ᠪᠠᠳᠠᠷᠠᠭᠤᠯᠪᠠ᠃

《ᠵᠠᠯᠠᠭᠤᠴᠤᠳ》 ᠨᠡᠷᠡᠮᠵᠢᠳᠤ ᠲᠥᠷᠥᠯ ᠲᠡᠮᠳᠡᠭ᠌  ᠦᠷᠭᠦᠯᠵᠢᠯᠡᠨ ᠱᠢᠨ᠎ᠡ ᠠᠮᠢᠵᠢᠷᠠᠯ᠎ᠤᠨ ᠬᠦᠴᠦᠨ᠎ᠵᠢᠡᠨ ᠪᠠᠳᠠᠷᠠᠭᠤᠯᠪᠠ᠃ ᠬᠣᠪᠣᠷ ᠱᠢᠷᠣᠶ᠎ᠶ᠋ᠢᠨ ᠪᠤᠷ᠎ᠤᠨ ᠬᠢᠮᠢ᠎ᠶ᠋ᠢᠨ ᠪᠣᠳᠠᠰ᠎ᠤᠨ ᠴᠢᠳᠠᠮᠵᠢᠲᠤ ᠮᠠᠲ᠋ᠧᠷᠢᠶᠠᠯ᠎ᠢ ᠦᠶ᠋ᠯᠡᠳᠬᠦ᠌᠂ ᠠᠱᠢᠭ᠍ᠲᠤ  ᠪᠠᠺᠲ᠋ᠧᠷᠢ ᠵᠢᠨ ᠠᠵᠤ ᠦᠶ᠋ᠯᠡᠰ ᠎ᠢ ᠪᠡᠶ᠎ᠡ᠎ᠪᠡᠨ ᠳᠠᠭᠠᠭᠠᠵᠤ ᠬᠥᠭ᠌ᠵᠢᠭᠦᠯᠬᠦ᠌ ᠵᠢᠴᠢ ᠰᠦ ᠵᠢᠨ ᠦᠶ᠋ᠯᠡᠰ᠎ᠦᠨ ᠪᠥᠬᠥ᠌ ᠬᠡᠯᠬᠢᠶᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠎ᠢ ᠨᠡᠮᠡᠭ᠌ᠳᠡᠭᠦᠯᠬᠦ᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠱᠢᠰᠲ᠋ᠧᠮ᠎ᠦᠨ ᠬᠡᠶ ᠬᠥᠳᠡᠯᠭᠡᠭᠦᠷ᠎ᠦᠨ ᠦᠷ᠎ᠡ ᠪᠦᠲᠦᠮᠵᠢ᠎ᠶ᠋ᠢ ᠱᠢᠯᠢᠳᠡᠭ᠌ᠵᠢᠭᠦᠯᠬᠦ᠌ ᠁ 《ᠲᠠᠰ᠎ᠠᠴᠠ ᠳᠠᠪᠠᠭ᠍ᠰᠠᠨ ᠢᠨᠵᠧᠨᠧᠷᠢᠩ》᠂  《ᠤᠯᠤᠰ᠎ᠤᠨ ᠴᠢᠬᠤᠯᠠ ᠵᠡᠪᠰᠡᠭ》 ᠨᠢᠭᠡᠪᠦᠷᠢ᠎ᠶ᠋ᠢᠨ ᠠᠷᠤ᠎ᠳᠤ ᠴᠥᠮ ᠵᠠᠯᠠᠭᠤᠴᠤᠳ᠎ᠤᠨ ᠪᠠᠷ᠎ᠠ ᠬᠠᠷᠠᠭ᠍ᠳᠠᠵᠤ ᠪᠤᠢ᠃

ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠯᠸᠺᠲ᠋ᠤᠷ ᠤ᠋ᠨ ᠪᠦᠯᠬᠦᠮ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠤᠨ ᠲᠠᠢᠯᠪᠤᠷᠢᠯᠠᠬᠤ 《ᠵᠠᠯᠠᠭᠤ ᠮᠣᠷᠢᠲᠤ ᠴᠡᠷᠢᠭ》 ᠵᠡᠷᠭᠡ ᠤᠬᠠᠭᠤᠯᠤᠨ ᠲᠠᠢᠯᠪᠤᠷᠢᠯᠠᠬᠤ ᠡᠩᠨᠡᠭᠡ᠎ᠨᠢ ᠤᠬᠠᠭᠤᠯᠤᠨ ᠲᠠᠢᠯᠪᠤᠷᠢᠯᠠᠯᠳᠠ᠎ᠶ᠋ᠢ ᠲᠠᠷᠢᠶᠠᠨ ᠭᠠᠵᠠᠷ᠂ ᠦᠢᠯᠡᠳᠪᠦᠷᠢ᠎ᠶ᠋ᠢᠨ ᠲᠠᠰᠤᠭ᠎ᠲᠤ ᠬᠦᠷᠭᠡᠵᠦ᠂ ᠤᠨᠤᠯ᠎ᠤᠨ ᠤᠬᠠᠭᠤᠯᠤᠨ ᠲᠠᠢᠯᠪᠤᠷᠢᠯᠠᠯᠳᠠ᠎ᠶ᠋ᠢ 《ᠭᠠᠭ᠍ᠴᠠ ᠴᠢᠭ᠌ᠯᠡᠯ》᠎ᠡᠴᠠ 《ᠤᠯᠠᠨ ᠡᠰᠢᠳᠤ》 ᠪᠣᠯᠭᠠᠨ ᠬᠤᠪᠢᠷᠠᠭᠤᠯᠵᠤ᠂ 《ᠮᠠᠩᠵᠠᠨ ᠲᠣᠭᠣᠭ᠎ᠠ᠎ᠠᠴᠠ ᠬᠣᠭᠣᠯᠠ ᠢᠳᠡᠬᠦ》 ᠡᠴᠨ 《ᠲᠤᠰᠬᠠᠢ ᠲᠤᠬᠢᠷᠠᠭᠤᠯᠤᠬᠰᠠᠨ ᠬᠤᠭᠤᠯᠠ》ᠪᠤᠯᠭᠠᠨ ᠬᠤᠪᠢᠷᠠᠭᠤᠯᠪᠠ᠃ ᠵᠠᠯᠠᠭᠤᠴᠤᠳ᠎ᠤᠨ ᠤᠨᠤᠯ᠎ᠤᠨ ᠰᠤᠳᠤᠯᠭᠠᠨ᠎ᠤ ᠲᠣᠭ᠍ᠲᠠᠴᠠ᠎ᠶ᠋ᠢ ᠤᠯᠠᠮ ᠴᠢᠨᠠᠭ᠍ᠰᠢᠳᠠ ᠲᠡᠭᠦᠯᠳᠡᠷᠵᠢᠭᠦᠯᠵᠦ᠍᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ ᠲᠠᠢ ᠬᠠᠮᠳᠤᠷᠠᠨ 14 ᠵᠦᠢᠯ᠎ᠤᠨ ᠵᠠᠯᠠᠭᠤᠴᠤᠳ᠎ᠤᠨ ᠠᠵᠢᠯ᠎ᠤᠨ ᠤᠨᠤᠯ᠎ᠤᠨ ᠰᠤᠳᠤᠯᠭᠠᠨ᠎ᠤ ᠰᠡᠳᠦᠪ᠎ᠢ ᠨᠡᠢᠲᠡᠯᠡᠵᠦ᠍᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠵᠠᠯᠠᠭᠤᠴᠤᠳ᠎ᠤᠨ ᠤᠨᠤᠯ᠎ᠤᠨ ᠰᠤᠳᠤᠯᠭᠠᠨ᠎ᠤ ᠲᠤᠯᠭᠠᠭᠤᠷᠢᠯᠠᠯ ᠬᠠᠩᠭᠠᠪᠠ᠃

ᠨᠡᠭᠡᠭᠡᠯᠲᠡ ᠬᠢᠵᠦ ᠰᠣᠯᠢᠯᠴᠠᠭ᠎ᠠ ᠬᠢᠬᠦ ᠳᠤᠮᠳᠠ ᠵᠠᠯᠠᠭᠤᠴᠤᠳ ᠤ᠋ᠨ ᠬᠥᠭᠥᠷᠭᠡ ᠬᠤᠯᠪᠤᠭᠠᠰᠤ ᠶ᠋ᠢ ᠪᠠᠢᠭᠤᠯᠪᠠ

ᠨᠢᠭᠡ ᠲᠦᠷᠦᠯ ᠵᠦᠢᠯ᠂ ᠨᠢᠭᠡ ᠤᠳᠠᠭ᠎ᠠ᠎ᠶ᠋ᠢᠨ ᠦᠪᠡᠳᠡᠭ᠌ᠰᠢ ᠴᠤᠭ᠍ᠯᠠᠭᠠᠨ ᠪᠣᠯ ᠵᠠᠯᠠᠭᠤᠴᠤᠳ᠎ᠤᠨ ᠬᠣᠯᠪᠣᠭᠠᠰᠤ᠂ ᠰᠣᠶᠣᠯ᠎ᠤᠨ ᠬᠣᠯᠪᠣᠭ᠎ᠠ᠂ ᠨᠥᠬᠥᠷᠯᠡᠯ᠎ᠦᠨ ᠬᠥᠭᠥᠷᠭᠡ ᠮᠥᠨ᠃ ᠪᠡᠭᠡᠵᠢᠩ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠪᠦᠬᠦ᠌ ᠲᠠᠯ᠎ᠠ᠎ᠪᠠᠷ ᠬᠠᠮᠵᠢᠯᠴᠠᠵᠤ᠂ ᠡᠨᠡ ᠵᠢᠯ 25 ᠬᠠᠮᠲᠤᠷᠠᠯᠴᠠᠭᠠᠨ᠎ᠤ ᠲᠦᠷᠦᠯ ᠵᠦᠢᠯ᠎ᠢ ᠲᠣᠭ᠍ᠲᠠᠭᠠᠵᠤ᠂ ᠬᠠᠪᠰᠤᠷᠤᠨ ᠲᠡᠳᠬᠦᠬᠦ᠌ 40 ᠲᠦᠷᠦᠯ ᠵᠦᠢᠯ᠎ᠢ ᠱᠢᠨ᠎ᠡ᠎ᠪᠡᠷ ᠨᠡᠮᠡᠭ᠌ᠳᠡᠭᠦᠯᠵᠦ᠍᠂ ᠱᠠᠨᠰᠢ ᠵᠡᠷᠭᠡ 11 ᠮᠤᠵᠢ᠎ᠶ᠋ᠢᠨ ᠡᠪᠯᠡᠯ᠎ᠦᠨ ᠬᠣᠷᠢᠢ᠎ᠠ᠎ᠲᠠᠶ ᠱᠢᠭᠤᠳ ᠬᠠᠷᠢᠯᠴᠠᠭ᠎ᠠ ᠪᠠᠢᠭᠤᠯᠪᠠ᠃

ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠠᠯᠠᠭᠤᠴᠤᠳ ᠤ᠋ᠨ ᠬᠥᠭᠥᠷᠭᠡ ᠵᠢ ᠡᠭᠦᠳᠦᠨ ᠪᠠᠢᠭᠤᠯᠵᠤ᠂ ᠨᠡᠭᠡᠭᠡᠯᠲᠡ ᠪᠠ ᠰᠣᠯᠢᠯᠴᠠᠭ᠎ᠠ ᠵᠢᠨ ᠲᠤᠮᠳᠠ ᠱᠢᠨ᠎ᠡ ᠠᠷᠭ᠎ᠠ ᠵᠠᠮ ᠎ᠢ ᠥᠷᠭᠡᠳᠭᠡᠪᠡ᠃ ᠵᠢᠵᠢᠭ ᠠᠨᠠᠷ᠎ᠤᠨ ᠦᠷ᠎ᠡ᠎ᠶ᠋ᠢᠨ《1 + N》 ᠲᠦᠷᠦᠯ ᠲᠡᠮᠳᠡᠭ ᠢ᠋ ᠴᠣᠭ᠍ᠴᠠᠯᠠᠵᠤ᠂ 《ᠬᠢᠯᠢ᠎ᠶ᠋ᠢᠨ ᠪᠣᠭᠣᠮᠲᠠ᠎ᠪᠠᠷ ᠭᠦᠷᠬᠦ》᠂ 《ᠵᠢᠱ᠌ᠢᠶᠡᠴᠢ᠎ᠶ᠋ᠢ ᠰᠤᠷᠪᠤᠯᠵᠢᠯᠠᠬᠤ》᠂ 《ᠰᠤᠳᠤᠯᠤᠨ ᠰᠤᠷᠤᠯᠴᠠᠬᠤ ᠬᠤᠸᠠᠷᠠᠨ》᠂《ᠭᠠᠷ ᠭᠠᠷ᠎ᠢᠶᠠᠨ ᠬᠣᠯᠪᠣᠬᠤ》 ᠵᠡᠷᠭᠡ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠭᠦᠨ ᠬᠠᠳᠠᠩᠱᠢᠭᠤᠯᠪᠠ᠃ 《ᠤᠯᠠᠭᠠᠨ ᠪᠥᠴᠡᠲᠡᠨ ᠤᠯᠤᠰ᠎ᠢᠶᠠᠨ ᠬᠠᠢᠷᠠᠯᠠᠨ᠎ᠠ·  ᠠᠨᠠᠷ᠎ᠤᠨ ᠦᠷ᠎ᠡ ᠨᠢᠭᠡ ᠭᠡᠷ ᠮᠡᠲᠦ ᠳᠣᠲᠣᠨᠣ》 ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ᠎ᠦᠨ 《6·1》 ᠎ᠤ᠋ ᠥᠪᠥᠷ ᠮᠣᠩᠭᠣᠯ᠂ ᠪᠡᠭᠡᠵᠢᠩ᠎ᠤᠨ ᠦᠢᠯᠡᠳᠦᠯᠭᠡ᠎ᠶ᠋ᠢᠨ ᠬᠤᠸᠠᠷᠠᠨ ᠤ᠋ ᠠᠵᠢᠯᠯᠠᠭ᠎ᠠ ᠥᠷᠨᠢᠭᠦᠯᠵᠦ᠍᠂ ᠬᠣᠶᠠᠷ ᠭᠠᠵᠠᠷ᠎ᠤᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠡ᠃

《ᠱᠢᠶᠠᠩᠭᠠᠩ ᠣᠣᠮᠧᠨ᠎ᠦ ᠵᠠᠯᠠᠭᠤᠴᠤᠳ ᠡᠬᠡ ᠤᠯᠤᠰ᠎ᠢᠶᠠᠷ ᠵᠢᠡᠨ ᠲᠤᠭᠤᠷᠢᠨ ᠦᠵᠡᠬᠦ》 ᠱᠢᠶᠠᠩᠭᠠᠩ᠎ᠤᠨ ᠵᠠᠯᠠᠭᠤᠴᠤᠳ᠎ᠤᠨ ᠥᠪᠥᠷ ᠮᠣᠩᠭᠣᠯ᠎ᠳᠠᠬᠢ ᠠᠶᠠᠯᠠᠯ᠂ 《ᠵᠠᠯᠠᠭᠤ ᠨᠠᠰᠤᠨ ᠤ᠋ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠱᠢᠶᠠᠩᠭᠠᠩ᠎ᠤᠨ ᠤᠶᠤᠲᠠᠳ᠎ᠤᠨ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠳᠠᠳᠤᠯᠭ᠎ᠠ ᠵᠡᠷᠭᠡ ᠠᠵᠢᠯᠯᠠᠭ᠎ᠠ ᠪᠡᠷ ᠱᠢᠶᠠᠩᠭᠠᠩ ᠣᠣᠮᠧᠨ᠎ᠤ᠋ ᠠᠢᠯᠴᠢᠯᠠᠬᠤ᠎ᠪᠠᠷ ᠢᠷᠡᠭ᠌ᠰᠡᠨ ᠵᠠᠯᠠᠭᠤᠴᠤᠳ ᠎ᠢ 205 ᠬᠥᠮᠦᠨ ᠤᠳᠠᠭ᠎ᠠ ᠬᠦᠯᠢᠶᠡᠨ ᠠᠪᠴᠤ᠌᠂ ᠱᠢᠶᠠᠩᠭᠠᠩ ᠣᠣᠮᠧᠨ᠎ᠦ ᠵᠠᠯᠠᠭᠤᠴᠤᠳ᠎ᠤᠨ ᠡᠬᠡ ᠤᠯᠤᠰ᠎ᠢᠶᠠᠨ ᠮᠡᠳᠡᠷᠡᠬᠦ᠌ ᠰᠡᠳᠭᠢᠯᠭᠡ ᠪᠠ ᠡᠬᠡ ᠤᠯᠤᠰ᠎ᠲᠠᠭᠠᠨ ᠬᠠᠷᠢᠶᠠᠯᠠᠭ᠍ᠳᠠᠬᠤ ᠰᠡᠳᠭᠢᠯᠭᠡ᠎ᠶ᠋ᠢ ᠨᠢ ᠴᠢᠡᠭᠭᠠᠷᠠᠭᠤᠯᠪᠠ᠃ ᠮᠣᠩᠭᠣᠯ ᠤᠯᠤᠰ᠎ᠤᠨ ᠵᠠᠯᠠᠭᠤ ᠠᠵᠤ ᠠᠬᠤᠢᠯᠠᠯᠲᠠᠨ᠎ᠢ ᠤᠷᠢᠵᠤ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠠᠵᠢᠯᠯᠠᠭ᠎ᠠ ᠦᠷᠨᠢᠬᠦᠯᠵᠦ᠂ ᠣᠷᠣᠰ ᠮᠣᠩᠭᠣᠯ᠎ᠤᠨ ᠵᠠᠯᠠᠭᠤᠴᠤᠳ᠎ᠤᠨ ᠵᠣᠬᠢᠶᠠᠨ ᠪᠠᠢᠭᠤᠯᠤᠯᠲᠠ᠎ᠯᠤᠭ᠎ᠠ ᠎ᠶ᠋ᠢᠨ ᠰᠣᠯᠢᠯᠴᠠᠭ᠎ᠠ ᠬᠤᠷᠱᠢᠯᠴᠠᠭ᠎ᠠ ᠎ᠶ᠋ᠢ ᠴᠢᠩᠭᠠᠳᠭᠠᠵᠤ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ 《ᠨᠠᠢᠵᠠ᠎ᠶ᠋ᠢᠨ ᠲᠣᠭᠣᠷᠢᠭ》 ᠢ᠋ ᠥᠷᠭᠡᠳᠭᠡᠪᠡ᠃

ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠥᠷᠭᠡᠨ ᠣᠯᠠᠨ ᠵᠠᠯᠠᠭᠤᠴᠤᠳ ᠎ᠢ ᠨᠠᠩ ᠨᠢᠭ᠍ᠲᠠ ᠪᠦᠯᠬᠦᠮᠳᠡᠭᠦᠯᠦᠨ ᠳᠠᠭᠠᠭᠤᠯᠵᠤ᠂ ᠬᠤᠪᠢᠰᠬᠠᠯ ᠤ᠋ᠨ ᠤᠳᠤᠮᠰᠢᠯ ᠢ᠋ ᠤᠯᠠᠮᠵᠢᠯᠠᠨ ᠵᠠᠯᠭᠠᠮᠵᠢᠯᠠᠵᠤ᠂ ᠦᠷᠬᠦᠯᠵᠢᠯᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠭᠠᠯ ᠬᠠᠯᠠᠭᠤᠨ ᠦᠶ᠋ᠯᠡᠳᠦᠯᠭᠡ ᠳ᠋ᠤ ᠵᠠᠯᠠᠭᠤ ᠨᠠᠰᠤᠨ ᠤ᠋ ᠴᠤᠭ ᠵᠢᠪᠬᠤᠭ᠎ᠠ ᠵᠢ ᠪᠠᠳᠠᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号