ᠰᠤᠷᠪᠤᠯᠵᠢᠯᠠᠭ᠍ᠴᠢ 8 ᠤ᠋ ᠡᠳᠦᠷ ᠳᠣᠲᠣᠭᠠᠳᠤ᠎ᠶ᠋ᠢ ᠬᠠᠮᠠᠭᠠᠯᠠᠬᠤ ᠶᠠᠮᠤᠨ ᠡᠴᠡ ᠤᠢ᠍ᠢᠯᠠᠭᠠᠭ᠍ᠰᠠᠠᠢᠶᠡᠷ᠂ ᠤᠯᠤᠰ᠎ᠤᠨ ᠪᠠᠶᠠᠷ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠪᠦᠬᠦ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠯ᠎ᠡ ᠵᠦᠢᠯ᠎ᠦᠨ ᠠᠮᠤᠷ᠎ᠢ ᠬᠠᠮᠠᠭᠠᠯᠠᠬᠤ ᠲᠣᠭ᠍ᠲᠠᠭᠤᠨ ᠢ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠠᠵᠢᠯ ᠢ ᠴᠢᠩᠭ᠎ᠠ ᠪᠣᠳᠠᠲᠠᠢ ᠨᠠᠷᠢᠯᠢᠭ ᠠᠳᠭᠤᠵᠤ᠂ ᠠᠷᠠᠳ ᠤᠯᠠᠨ᠎ᠤ ᠠᠮᠤᠷ ᠠᠮᠤᠭᠤᠯᠠᠩ ᠡᠶ᠎ᠡ ᠵᠣᠬᠢᠴᠠᠩᠭᠤᠢ ᠠᠭᠤᠷ ᠠᠮᠢᠰᠭᠤᠯ᠎ᠤᠨ ᠳᠤᠮᠳᠠ ᠪᠠᠶᠠᠷ᠎ᠤᠨ ᠡᠳᠦᠷ᠎ᠢᠶᠡᠨ ᠪᠠᠶᠠᠷ ᠬᠦᠷ᠎ᠲᠡᠶ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠪᠠ᠃ 10 ᠰᠠᠷ᠎ᠠ᠎ᠶ᠋ᠢᠨ 8 ᠤ᠋ ᠡᠳᠦᠷ᠎ᠦᠨ 18 ᠴᠠᠭ ᠪᠣᠯᠲᠠᠯ᠎ᠠ᠂ ᠪᠥᠬᠥ᠌ ᠤᠯᠤᠰ᠎ᠤᠨ ᠨᠡᠢᠭᠡᠮ᠎ᠦᠨ ᠠᠮᠤᠷ ᠲᠦᠪᠱᠢᠨ᠎ᠦ ᠡᠮᠬᠢ ᠵᠢᠷᠤᠮ ᠰᠠᠢᠨ ᠪᠠᠢᠵᠤ᠂ ᠡᠷᠡᠭᠦᠦ᠍᠎ᠶ᠋ᠢᠨ ᠬᠡᠷᠡᠭ᠂ ᠠᠮᠤᠷ᠎ᠢ ᠬᠠᠮᠠᠭᠠᠯᠠᠬᠤ ᠴᠠᠭ᠍ᠳᠠᠭᠠᠨ᠎ᠤ ᠪᠠᠢᠳᠠᠯ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 16.9 %᠂ 6.5% ᠪᠠᠷ ᠪᠠᠭᠤᠷᠠᠵᠤ᠂ 2700 ᠭᠠᠷᠤᠶ ᠲᠣᠮᠣ ᠬᠡᠯᠪᠡᠷᠢ᠎ᠶ᠋ᠢᠨ ᠠᠵᠢᠯᠯᠠᠭ᠎ᠠ ᠠᠮᠤᠷ ᠲᠦᠪᠱᠢᠨ ᠪᠥᠭᠡᠳ ᠤᠷᠤᠭ᠍ᠰᠢᠲᠠᠶ ᠶᠠᠪᠤᠭ᠍ᠳᠠᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠡᠮᠬᠢ ᠳᠢᠭ᠌ᠯᠢᠮ ᠨᠡᠢᠳᠡᠮ᠎ᠳᠡᠭᠡᠨ ᠰᠠᠢᠨ ᠪᠠᠢᠪᠠ᠃
ᠡᠨᠡ ᠵᠢᠯ᠎ᠦᠨ ᠤᠯᠤᠰ᠎ᠤᠨ ᠪᠠᠶᠠᠷ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠳᠤ᠂ ᠣᠯᠠᠨ ᠲᠦᠮᠡᠨ᠎ᠦ ᠵᠢᠭᠤᠯᠴᠢᠯᠠᠯ᠂ ᠬᠡᠷᠡᠭ᠌ᠯᠡᠭᠡ ᠵᠤᠭ᠎ᠠ ᠴᠡᠩᠭᠡᠯ ᠵᠡᠷᠭᠡ ᠬᠡᠷᠡᠭ᠌ᠴᠡᠭᠡ ᠲᠥᠪᠯᠡᠷᠡᠩᠭᠦᠶ ᠪᠠᠢᠵᠤ᠂ ᠬᠥᠮᠦᠨ ᠪᠠ ᠮᠠᠱᠢᠨ ᠲᠡᠷᠭᠡᠨ ᠤ᠋ ᠤᠷᠤᠰᠬᠠᠯ ᠵᠢᠴᠢ ᠲᠣᠮᠣ ᠬᠡᠯᠪᠡᠷᠢ᠎ᠶ᠋ᠢᠨ ᠠᠵᠢᠯᠯᠠᠭ᠎ᠠ ᠨᠢᠭ᠍ᠲᠠᠷᠠᠵᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠠᠮᠤᠷ ᠲᠦᠪᠱᠢᠨ ᠲᠣᠭ᠍ᠲᠠᠭᠤᠨ ᠪᠠᠢᠳᠠᠯ ᠢ ᠬᠠᠮᠠᠭᠠᠯᠠᠬᠤ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢᠪᠠ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ ᠡᠭᠦᠨ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠣᠯᠠᠨ ᠤᠳᠠᠭ᠎ᠠ ᠰᠤᠳᠤᠯᠤᠨ ᠪᠠᠢᠷᠢᠯᠠᠭᠤᠯᠵᠤ᠂ ᠥᠷᠭᠡᠨ ᠣᠯᠠᠨ ᠠᠷᠠᠳ᠎ᠤᠨ ᠴᠠᠭ᠍ᠳᠠᠭ᠎ᠠ ᠲᠤᠰᠠᠯᠠᠬᠤ ᠴᠠᠭ᠍ᠳᠠᠭ᠎ᠠ ᠡᠭᠦᠷᠭᠡ ᠲᠤᠱᠢᠶᠠᠯ᠎ᠢᠶᠠᠨ ᠬᠢᠴᠢᠶᠡᠩᠭᠦᠢᠯᠡᠨ ᠭᠦᠶ᠋ᠴᠡᠳᠭᠡᠵᠦ᠍᠂ ᠦᠨᠡᠨᠴᠢ ᠱᠢᠳᠤᠷᠭᠤ᠎ᠪᠠᠷ ᠬᠤᠪᠢ ᠨᠡᠮᠡᠷᠢ ᠦᠵᠡᠭᠦᠯᠵᠦ᠍᠂ ᠡᠯ᠎ᠡ ᠵᠦᠶ᠋ᠯ᠎ᠦᠨ ᠠᠵᠢᠯ᠎ᠤᠨ ᠪᠠᠢᠷᠢᠯᠠᠭᠤᠯᠤᠯᠲᠠ᠎ᠶ᠋ᠢ ᠬᠦᠴᠦᠲᠡᠶ ᠪᠥᠭᠡᠳ ᠥᠨᠳᠥᠷ ᠪᠦᠲᠦᠮᠵᠢᠲᠡᠶᠨᠠᠢᠳᠠᠪᠤᠷᠢᠵᠢᠭᠤᠯᠬᠤᠶ᠋ᠢ ᠦᠨᠡᠨ ᠬᠦ᠌ ᠪᠠᠲᠤᠯᠠᠪᠠ᠃
ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 《ᠲᠤᠰᠭᠠᠶ ᠮᠡᠷᠭᠡᠵᠢᠯ + ᠲᠣᠭ᠍ᠲᠠᠴᠠ + ᠲᠣᠮᠣ ᠳ᠋ᠠᠢᠲ᠋ᠠ》 ᠱᠢᠨ᠎ᠡ ᠬᠡᠯᠪᠡᠷᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭ᠍ᠪᠤᠷ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠴᠠᠭ᠍ᠳᠠᠭᠠᠨ᠎ᠤ ᠬᠦᠴᠦᠨ ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ ᠪᠠᠢᠷᠢᠯᠠᠭᠤᠯᠵᠤ᠂ ᠵᠢᠵᠢᠭᠦᠷᠯᠡᠨ ᠰᠠᠬᠢᠬᠤ ᠴᠡᠭ ᠢ 2.9 ᠲᠦᠮᠡ ᠲᠣᠬᠢᠷᠠᠭᠤᠯᠤᠨ᠂ ᠠᠷᠠᠳ᠎ᠤᠨ ᠴᠠᠭ᠍ᠳᠠᠭ᠎ᠠ ᠲᠤᠰᠠᠯᠠᠬᠤ ᠴᠠᠭ᠍ᠳᠠᠭ᠎ᠠ ᠡᠳᠦᠷ ᠪᠦᠷᠢ ᠳᠤᠮᠳᠠᠴᠢ ᠪᠠᠷ 51 ᠲᠦᠮᠡᠨ ᠬᠥᠮᠦᠨ ᠤᠳᠠᠭ᠎ᠠ ᠣᠷᠣᠯᠴᠠᠵᠤ᠂ ᠬᠥᠭ᠌ᠵᠢᠶᠡᠨ ᠨᠠᠷᠭᠢᠶᠠᠨᠲᠤ ᠬᠤᠳᠠᠯᠳᠤᠭᠠᠨ᠎ᠤ ᠲᠣᠭᠣᠷᠢᠭ᠂ ᠵᠠᠮ ᠬᠠᠷᠢᠯᠴᠠᠭᠠᠨ᠎ᠤ ᠲᠠᠯᠠᠪᠤᠷ ᠥᠷᠲᠡᠭᠡ᠂ ᠰᠤᠷᠭᠠᠭᠤᠯᠢ ᠡᠮᠨᠡᠯᠭᠡ᠎ᠶ᠋ᠢᠨ ᠬᠣᠷᠢᠶ᠎ᠠ ᠵᠡᠷᠭᠡ ᠭᠤᠤᠯᠳᠠᠯᠭ᠎ᠠ᠎ᠲᠠᠶ ᠣᠷᠣᠨ ᠪᠠᠢᠷᠢ ᠪᠠ ᠬᠥᠮᠦᠨ ᠬᠠᠷ᠎ᠠ ᠨᠢᠭ᠍ᠲᠠᠷᠠᠭ᠍ᠰᠠᠨ ᠲᠠᠯᠠᠪᠤᠷ ᠭᠠᠵᠠᠷ᠎ᠲᠤ ᠲᠣᠭᠣᠷᠢᠨ ᠴᠠᠭ᠍ᠳᠠᠵᠤ ᠰᠡᠷᠭᠡᠢᠯᠡᠨ ᠡᠵᠡᠮᠳᠡᠬᠦ᠌᠎ᠶ᠋ᠢ ᠬᠠᠨᠳᠤᠯᠭᠠᠲᠤ ᠴᠢᠨᠠᠷᠲᠠᠶ᠎ᠪᠠᠷ ᠴᠢᠩᠭᠠᠳᠭᠠᠵᠤ᠂ ᠲᠣᠪᠣᠢᠮ᠎ᠠ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠴᠦ ᠴᠡᠭ᠌ᠴᠡᠯᠡᠨ ᠵᠠᠰᠠᠬᠤ᠎ᠶ᠋ᠢ ᠴᠢᠩᠭᠠᠳᠭᠠᠨ᠂ ᠨᠡᠢᠭᠡᠮ᠎ᠦᠨ ᠠᠮᠤᠷ ᠲᠦᠪᠱᠢᠨ᠎ᠦ ᠰᠠᠢᠨ ᠰᠠᠢᠬᠠᠨ ᠡᠮᠬᠢ ᠵᠢᠷᠤᠮ᠎ᠢ ᠬᠠᠮᠠᠭᠠᠯᠠᠪᠠ᠃
ᠠᠮᠠᠷᠠᠯᠲᠠ᠎ᠶ᠋ᠢᠨ ᠬᠤᠭᠤᠴᠠᠭᠠᠨ᠎ᠤ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠳᠦ ᠴᠢᠭ᠌ᠯᠡᠭᠦᠯᠦᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠢᠯᠣᠭᠣᠳᠤᠨ ᠲᠣᠬᠢᠷᠠᠭᠤᠯᠬᠤ ᠪᠠ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠪᠠ; ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠳᠦᠷ ᠳᠤᠮᠳᠠᠴᠢ᠎ᠪᠠᠷ ᠴᠠᠭ᠍ᠳᠠᠭᠠᠨ᠎ᠤ ᠬᠦᠴᠦᠨ ᠢ 18 ᠲᠦᠮᠡᠨ ᠬᠥᠮᠦᠨ ᠤᠳᠠᠭ᠎ᠠ᠂ ᠴᠠᠭ᠍ᠳᠠᠭᠠᠨ᠎ᠤ ᠲᠡᠷᠭᠡ᠎ᠶ᠋ᠢ 6 ᠲᠦᠮᠡᠨ ᠤᠳᠠᠭ᠎ᠠ ᠲᠤᠬᠢᠷᠠᠭᠤᠯᠵᠤ᠂ ᠬᠣᠲᠠ᠎ᠪᠠᠷ ᠣᠷᠣᠵᠤ ᠭᠠᠷᠬᠤ ᠳᠦᠷᠭᠡᠨ᠎ᠤ ᠵᠠᠮ᠂ ᠦᠵᠡᠮᠵᠢ᠎ᠶ᠋ᠢᠨ ᠣᠷᠣᠨ᠎ᠤ ᠡᠷᠬᠢᠨ ᠲᠣᠭᠣᠷᠢᠨ ᠵᠡᠷᠭᠡ ᠭᠤᠤᠯᠳᠠᠯᠭ᠎ᠠ᠎ᠲᠠᠶ ᠵᠠᠮ ᠪᠠ ᠲᠦᠭ᠌ᠰᠢᠭᠦᠷᠢ ᠶᠡᠬᠡᠲᠡᠶ ᠵᠠᠮ᠎ᠤᠨ ᠬᠡᠰᠡᠭ᠎ᠢ ᠱᠢᠯᠤᠭᠤᠳᠭᠠᠨ ᠬᠠᠮᠢᠶᠠᠷᠴᠤ᠌ ᠡᠵᠡᠮᠳᠡᠬᠦ᠌᠎ᠶ᠋ᠢ ᠴᠢᠩᠭᠠᠳᠭᠠᠪᠠ᠃ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠭᠠᠯᠲᠤ ᠲᠡᠷᠭᠡ᠂ ᠡᠭᠡᠯᠵᠢ᠎ᠶ᠋ᠢᠨ ᠨᠢᠰᠭᠡᠯ᠎ᠦᠨ ᠠᠮᠤᠷ ᠲᠦᠪᠱᠢᠨ᠎ᠦ ᠰᠡᠷᠭᠡᠢᠯᠡᠯᠲᠡ ᠬᠠᠮᠢᠶᠠᠷᠤᠯᠲᠠ ᠡᠵᠡᠮᠳᠡᠯ᠎ᠢ ᠪᠥᠬᠥ᠌ ᠲᠠᠯ᠎ᠠ᠎ᠪᠠᠷ ᠴᠢᠩᠭᠠᠳᠭᠠᠵᠤ᠂ ᠥᠷᠭᠡᠨ ᠣᠯᠠᠨ ᠠᠶᠠᠨᠴᠢᠳ᠎ᠤᠨ ᠠᠮᠤᠷ ᠲᠦᠪᠱᠢᠨ᠎ᠢᠶᠡᠷ ᠭᠠᠳᠠᠭ᠍ᠰᠢ ᠭᠠᠷᠬᠤ᠎ᠶ᠋ᠢ ᠦᠨᠡᠨ ᠬᠦ᠌ ᠪᠠᠲᠤᠯᠠᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)