
《ᠤᠮᠠᠷᠠᠲᠤ ᠬᠢᠯᠢ ᠵᠢᠨ ᠰᠣᠶᠣᠯ᠎ᠤᠨ ᠡᠭᠡ ᠤᠯᠤᠰ ᠲᠡᠬᠢ ᠠᠶᠠᠯᠠᠯ ︱ᠤᠯᠠᠭᠠᠨᠮᠥ᠋ᠴᠢᠷ᠎ᠦᠨ ᠪᠦᠭᠦ ᠤᠯᠤᠰ ᠲᠦ᠍ ᠲᠣᠭᠣᠷᠢᠨ ᠲᠣᠬ᠍ᠯᠠᠯᠲᠠ ᠭᠠᠷᠭᠠᠭᠰᠠᠨ 60 ᠵᠢᠯ᠎ᠦᠨ ᠤᠢ᠎ᠶᠢ ᠳᠤᠷᠠᠰᠬᠠᠬᠤ ᠲᠣᠬ᠍ᠯᠠᠯᠲᠠ》 2025 ᠤᠨ᠎ᠤ 10 ᠰᠠᠷ᠎ᠡ 18 — 20 ᠤ ᠡᠳᠦᠷ ᠢᠷᠭᠠᠢ ᠬᠤᠲᠠ ᠵᠢᠨ ᠶᠤᠸᠠᠢ ᠬᠠᠢ ᠰᠢᠨ ᠲᠢᠶᠠᠨ ᠳᠢ᠂ ᠱᠠ ᡁᠢ ᠴᠤᠸᠠᠨ ᠢᠷᠭᠠᠢ ᠵᠢᠨ ᠡᠤᠤ ᠯᠠᠢ ᠬᠤᠳᠠᠯᠳᠤᠭᠠᠨ᠎ᠤ ᠲᠠᠯᠠᠪᠤᠷ᠂ ᠢᠤᠢ ᠬᠤᠸᠠᠩ ᠭᠸ ᠰᠤᠶᠤᠯ᠎ᠤᠨ ᠠᠭᠤᠲᠠᠮ ᠲᠠᠯᠠᠪᠠᠢ᠂ ᠢᠷᠭᠠᠢ ᠵᠢᠨ ᠰᠤᠶᠤᠯ ᠤᠷᠠᠯᠢᠭ᠎ᠤᠨ ᠤᠷᠲᠤᠨ᠎ᠤ ᠵᠦᠴᠦᠭᠡ ᠵᠢᠨ ᠲᠢᠶᠠᠲ᠋ᠷ ᠲᠦ᠍ ᠦᠪᠡᠳᠡᠭᠰᠢ ᠶᠡᠭᠡ ᠪᠠᠷ ᠶᠠᠪᠤᠭᠳᠠᠬᠤ ᠪᠤᠯᠤᠨ᠎ᠠ᠃

ᠲᠣᠬ᠍ᠯᠠᠯᠲᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ ᠤᠨ ᠲᠢᠩᠬᠢᠮ᠎ᠡᠴᠡ ᠬᠠᠮᠲᠤᠷᠠᠨ ᠭᠣᠣᠯᠯᠠᠨ ᠡᠷᠭᠢᠯᠡᠪᠠ᠃ ᠦᠬᠠᠢ᠎ᠶᠢᠨ ᠤᠯᠠᠭᠠᠨᠮᠥ᠋ᠴᠢᠷ᠎ᠦᠨ ᠰᠢᠯᠢᠳᠡᠭ ᠲᠣᠭᠯᠠᠭ᠍ᠴᠢᠳ ᠰᠣᠩᠭᠣᠳᠠᠭ ᠰᠣᠳᠣᠨ ᠪᠦᠲᠦᠭᠡᠯ ᠪᠣᠯᠣᠨ ᠰᠢᠨ᠎ᠡ᠎ᠶᠢ ᠡᠭᠦᠳᠦᠭᠰᠡᠨ ᠰᠢᠯᠢᠳᠡᠭ ᠪᠦᠲᠦᠭᠡᠯ ᠪᠠᠷ ᠵᠢᠡᠨ ᠬᠥᠭᠥᠷᠭᠡ ᠪᠣᠯᠭᠠᠨ ᠬᠣᠶᠠᠷ ᠭᠠᠵᠠᠷ᠎ᠤᠨ ᠰᠣᠶᠣᠯ᠎ᠤᠨ ᠠᠭᠤᠰᠤᠯᠴᠠᠯ᠎ᠤᠨ ᠬᠣᠯᠪᠣᠭᠠᠰᠤ᠎ᠶᠢ ᠪᠠᠢᠭᠤᠯᠵᠦ᠂ 《ᠬᠤᠪᠢᠰᠬᠠᠯᠲᠤ ᠤᠳᠬ᠎ᠠ ᠤᠷᠠᠯᠢᠭ᠋᠎ᠤᠨ ᠬᠥᠩᠭᠡᠨ ᠮᠣᠷᠢᠲᠤ ᠴᠡᠷᠢᠭ》᠎ᠤᠨ ᠤᠭ ᠰᠠᠨᠠᠭ᠎ᠠ ᠪᠠᠷᠢᠮᠲᠠᠯᠠᠯ ᠢ᠋ ᠲᠠᠬᠢᠨᠲᠠᠢᠯᠡᠷᠡᠭᠦᠯᠬᠦ ᠪᠠᠷ ᠵᠤᠷᠢᠯᠲᠠ ᠪᠠᠨ ᠪᠤᠯᠭᠠᠭᠰᠠᠨ ᠪᠠᠢᠨ᠎ᠡ᠃


ᠲᠣᠭᠣᠷᠢᠨ ᠲᠣᠬ᠍ᠯᠠᠯᠲᠠ᠎ᠶᠢᠨ ᠬᠤᠭᠤᠴᠠᠭᠠᠨ᠎ᠳᠤ᠂ ᠠᠬᠤᠢ ᠲᠠᠯᠠᠪᠠᠢ ᠳᠤ 16 ᠲᠦᠷᠦᠯ᠎ᠦᠨ 432 ᠦᠬᠠᠢ᠎ᠶᠢᠨ ᠣᠨᠴᠠᠯᠢᠭ᠍ᠲᠤ ᠰᠣᠶᠣᠯ᠎ᠤᠨ ᠪᠦᠳᠦᠭᠡᠯᠴᠢ ᠪᠦᠲᠦᠭᠡᠭᠳᠡᠬᠦᠨ᠎ᠢ ᠳᠡᠯᠭᠡᠨ ᠦᠵᠡᠭᠦᠯᠵᠦ᠂ ᠵᠢᠭᠤᠯᠴᠢᠯᠠᠬᠰᠠᠳ᠎ᠲᠦ ᠤᠮᠠᠷᠠᠲᠤ ᠬᠢᠯᠢ ᠵᠢᠨ ᠰᠣᠶᠣᠯ᠎ᠢ ᠮᠡᠳᠡᠷᠡᠭᠦᠯᠬᠦ ᠶᠢᠨ ᠬᠠᠮᠲᠤ᠂ ᠳᠤᠮᠳᠠᠳᠤ ᠤᠯᠤᠰ᠎ᠤᠨ ᠦᠬᠠᠢ᠎ᠶᠢᠨ ᠥᠪᠡᠷᠮᠢᠴᠡ ᠷᠢᠳᠢ ᠰᠢᠳᠢ᠎ᠶᠢ ᠪᠦᠭᠦ ᠲᠠᠯ᠎ᠠ᠎ᠪᠠᠷ ᠣᠢᠯᠠᠭᠠᠭᠤᠯᠬᠤ ᠪᠣᠯᠣᠨ᠎ᠠ᠃

【ᠠᠩᠬᠠᠨ᠎ᠤ ᠲᠠᠯᠠᠪᠤᠷ】
ᠲᠣᠬ᠍ᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 18᠎ᠤ ᠡᠳᠦᠷ (ᠭᠠᠷᠠᠭ᠎ᠤᠨ ᠵᠢᠷᠭᠤᠭᠠᠨ )
16 ᠄ 00 ︱ 17᠄ 10
ᠲᠣᠬ᠍ᠯᠠᠯᠲᠠᠭᠠᠷᠭᠠᠬᠤ ᠭᠠᠵᠠᠷ᠄ ᠶᠤᠸᠠᠢ ᠬᠠᠢ ᠰᠢᠨ ᠲᠢᠶᠠᠨ ᠳᠢ
【ᠬᠣᠶᠠᠳᠤᠭᠠᠷ ᠲᠠᠯᠠᠪᠤᠷ】
ᠲᠣᠬ᠍ᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 19᠎ᠦ ᠡᠳᠦᠷ ( ᠭᠠᠷᠠᠭ᠎ᠤᠨ ᠡᠳᠦᠷ )
10᠄ 00 ︱ 11 ᠄ 10
ᠲᠣᠬ᠍ᠯᠠᠯᠲᠠ ᠭᠠᠷᠭᠠᠬᠤ ᠭᠠᠵᠠᠷ᠄ ᠢᠦᠢ ᠬᠤᠸᠠᠩ ᠭᠧ ᠰᠣᠶᠣᠯ᠎ᠤᠨ ᠠᠭᠤᠳᠠᠮ ᠲᠠᠯᠠᠪᠠᠶ
【ᠭᠤᠷᠪᠠᠳᠤᠭᠠᠷ ᠲᠠᠯᠠᠪᠤᠷ】
ᠲᠣᠬ᠍ᠯᠠᠯᠲᠠᠭᠠᠷᠭᠠᠬᠤ ᠴᠠᠭ᠄ 2025 ᠣᠨ᠎ᠤ 10 ᠰᠠᠷ᠎ᠠ᠎ᠶᠢᠨ 19᠎ᠦ ᠡᠳᠦᠷ (ᠭᠠᠷᠠᠭ᠎ᠤᠨ ᠡᠳᠦᠷ )
15 ᠄ 00 ︱ 16 ᠄ 10
ᠲᠣᠬ᠍ᠯᠠᠯᠲᠠᠭᠠᠷᠭᠠᠬᠤ ᠭᠠᠵᠠᠷ᠄ ᠱᠠ ᡁᠢ ᠴᠤᠸᠠᠨ ( ᠢᠷᠭᠠᠢ ) ᠡᠤᠤ ᠯᠠᠢ ᠬᠤᠳᠠᠯᠳᠤᠭᠠᠨ᠎ᠤ ᠲᠠᠯᠠᠪᠤᠷ
【ᠳᠥᠷᠪᠡᠳᠦᠭᠡᠷ ᠲᠠᠯᠠᠪᠤᠷ】
ᠲᠣᠬ᠍ᠯᠠᠯᠲᠠ ᠭᠠᠷᠭᠠᠬᠤ ᠴᠠᠭ ᠄ 2025 ᠣᠨ᠎ᠤ 10 ᠰᠠᠷ᠎ᠠ᠎ᠶᠢᠨ 20᠎ᠤ ᠡᠳᠦᠷ (ᠭᠠᠷᠠᠭ᠎ᠤᠨ ᠨᠢᠭᠡᠨ )
19᠄ 00 - 20᠄ 10
ᠲᠣᠬ᠍ᠯᠠᠯᠲᠠᠭᠠᠷᠭᠠᠬᠤ ᠭᠠᠵᠠᠷ᠄ ᠢᠷᠭᠠᠢ ᠵᠢᠨ ᠰᠤᠶᠤᠯ ᠤᠷᠠᠯᠢᠭ᠎ᠤᠨ ᠤᠷᠲᠤᠨ᠎ᠤ ᠵᠦᠴᠦᠭᠡ ᠵᠢᠨ ᠲᠢᠶᠠᠲ᠋ᠷ
ᠦᠬᠠᠢ᠎ᠶᠢᠨ ᠤᠯᠠᠭᠠᠨᠮᠥ᠋ᠴᠢᠷ (ᠬᠤᠳᠠ᠎ᠶᠢᠨ ᠳᠠᠭᠤᠤ ᠪᠥᠵᠢᠭ᠎ᠦᠨ ᠪᠦᠯᠭᠦᠮ) ᠨᠢ ᠦᠬᠠᠢ ᠬᠤᠳᠠ᠎ᠶᠢᠨ ᠴᠤᠷ᠎ᠤᠨ ᠭᠠᠭᠴᠠ ᠤᠯᠤᠰ᠎ᠤᠨ ᠥᠮᠴᠢᠯᠡᠯ᠎ᠦᠨ ᠤᠳᠬ᠎ᠠ ᠤᠷᠠᠯᠢᠭ᠋᠎ᠤᠨ ᠬᠦᠷᠢᠶᠡᠯᠡᠩ ᠪᠦᠯᠭᠦᠮ ᠪᠣᠯᠤᠭᠰᠠᠨ᠎ᠤ ᠬᠤᠪᠢ᠎ᠳᠤ᠂《ᠬᠤᠪᠢᠰᠬᠠᠯᠲᠤ ᠤᠳᠬ᠎ᠠ ᠤᠷᠠᠯᠢᠭ᠋᠎ᠤᠨ ᠬᠥᠩᠭᠡᠨ ᠮᠣᠷᠢᠲᠤ ᠴᠡᠷᠢᠭ》 ᠤ᠋ᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠳᠬ᠎ᠠ ᠤᠷᠠᠯᠢᠭ᠋᠎ᠢᠶᠠᠷ ᠨᠠᠮ᠎ᠤᠨ ᠳᠠᠭᠤᠨ᠎ᠢ ᠳᠠᠮᠵᠢᠭᠤᠯᠵᠤ᠂ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠭᠦᠢᠴᠡᠳ ᠪᠠᠳᠠᠷᠠᠭᠤᠯᠪᠠ᠃ ᠦᠨᠳᠦᠰᠦᠨ ᠱᠠᠲᠤᠨ᠎ᠤ ᠤᠬᠠᠭᠤᠯᠭ᠎ᠠ᠎ᠵᠢᠨ ᠶᠠᠪᠤᠴᠠ ᠲᠤᠮᠳᠠ᠂ 《ᠨᠠᠮ᠎ᠤᠨ ᠭᠡᠷᠡᠯ ᠭᠢᠯᠪᠠᠭ᠍ᠡ ᠮᠢᠨᠦ ᠰᠡᠳᠭᠢᠯ᠎ᠢ ᠬᠡᠷᠡᠯᠳᠦᠭᠦᠯᠦᠨᠡ》 ᠵᠡᠷᠭᠡ ᠲᠦᠷᠦᠯ ᠲᠡᠮᠳᠡᠭ ᠢ ᠡᠭᠦᠳᠴᠦ᠂ ᠵᠢᠯ ᠳᠤᠮᠳᠠᠴᠢ᠎ᠵᠢᠨ ᠠᠷᠠᠳ᠎ᠲᠤ ᠠᠰᠢᠭ᠋ ᠬᠦᠷᠲᠡᠭᠡᠬᠦ ᠲᠣᠬ᠍ᠯᠠᠯᠲᠠ ᠵᠠᠭᠤᠨ ᠲᠠᠯᠠᠪᠤᠷ ᠢ ᠳᠠᠪᠠᠵᠤ᠂ ᠰᠦᠯᠵᠢᠶᠡᠨ ᠲᠤᠤᠷ᠎ᠡ ᠠᠷᠪᠠᠨ ᠲᠦᠮᠡᠨ ᠤᠯᠠᠨ ᠲᠦᠮᠡᠨ᠎ᠳᠤ ᠦᠢᠯᠡᠴᠢᠯᠡᠭᠡ ᠬᠦᠷᠲᠡᠭᠡᠵᠦ᠂ ᠰᠦᠯᠵᠢᠶᠡᠨ ᠳᠡᠭᠡᠷ᠎ᠡ 816 ᠤᠷᠠᠯᠢᠭ᠎ᠤᠨ ᠪᠦᠲᠦᠭᠡᠯ ᠨᠡᠢᠲᠡᠯᠡᠵᠦ᠂ ᠲᠠᠷᠤᠮ᠎ᠤᠨ ᠲᠤᠭ᠍ᠡ ᠵᠠᠭᠤᠨ ᠲᠦᠮᠡ᠎ᠶᠢ ᠳᠠᠪᠠᠭᠰᠠᠨ ᠪᠠᠢᠨ᠎ᠠ᠃
ᠤᠯᠤᠰ᠎ᠤᠨ ᠳᠣᠲᠣᠭᠠᠳᠤ᠎ᠶᠢᠨ ᠣᠷᠣᠨ ᠪᠦᠰᠡ ᠠᠯᠤᠰᠯᠠᠭᠰᠠᠨ ᠤᠬᠠᠭᠤᠯᠭ᠎ᠠ᠎ᠶᠢᠨ ᠠᠵᠢᠯᠯᠠᠭ᠍ᠡ ᠵᠢᠨ ᠦᠶ᠎ᠡ᠎ᠳᠦ᠂ ᠪᠡᠭᠡᠵᠢᠩ᠂ ᠱᠠᠩᠬᠠᠢ ᠵᠡᠷᠭᠡ ᠤᠯᠠᠨ ᠭᠠᠵᠠᠷ ᠲᠦ᠍ ᠬᠦᠷᠴᠦ 50 ᠭᠠᠷᠤᠢ ᠲᠠᠯᠠᠪᠤᠷ᠎ᠤᠨ ᠠᠵᠢᠯᠯᠠᠭ᠎ᠠ᠎ᠳᠤ ᠣᠷᠣᠯᠴᠠᠵᠤ᠂ ᠤᠬᠤᠷ ᠴᠠᠭ᠎ᠤᠨ ᠲᠤᠭᠯᠠᠯᠲᠠ ᠪᠠ ᠲᠤᠰᠬᠠᠢ ᠲᠣᠬ᠍ᠯᠠᠯᠲᠠ᠎ᠪᠠᠷ ᠦᠬᠠᠢ᠎ᠶᠢᠨ ᠬᠡᠪ ᠨᠠᠮᠪᠠᠭ᠍ᠡ ᠵᠢ ᠤᠯᠠᠨᠡ ᠳᠡᠯᠭᠡᠨ ᠦᠵᠡᠭᠦᠯᠵᠦ᠂ ᠰᠣᠶᠣᠯ᠎ᠤᠨ ᠰᠣᠯᠢᠯᠴᠠᠭ᠎ᠠ᠎ᠶᠢ ᠠᠬᠢᠭᠤᠯᠪᠠ᠃ ᠪᠠᠢᠭᠤᠯᠭ᠍ᠡ ᠨᠢᠭᠡᠴᠢ᠎ᠶᠢᠨ ᠵᠣᠬᠢᠶᠠᠨ ᠪᠦᠲᠦᠭᠡᠯᠭᠡ ᠨᠢ ᠴᠠᠭ ᠦᠶ᠎ᠡ᠎ᠲᠠᠢ ᠨᠢᠭ᠍ᠲᠠ ᠤᠶᠠᠯᠳᠤᠵᠤ᠂ 5 ᠪᠦᠲᠦᠭᠡᠯ ᠨᠢ ᠥᠪᠡᠷᠲᠡᠭᠡᠨ ᠵᠠᠰᠠᠬᠤ ᠣᠷᠣᠨ᠎ᠤ 《ᠲᠠᠪᠤ ᠨᠢᠭᠡ ᠶᠢᠨ ᠢᠨᠵᠧᠨᠧᠷᠢᠩ᠎ᠦᠨ ᠱᠠᠩᠨᠠᠯ》 ᠢ ᠬᠦᠷᠲᠡᠵᠦ᠂ 2 ᠪᠦᠲᠦᠭᠡᠯ ᠨᠢ ᠪᠦᠭᠦ ᠤᠯᠤᠰ᠂ ᠪᠦᠭᠦ ᠣᠷᠣᠨ᠎ᠤ ᠦᠵᠡᠭᠦᠯᠭᠡ᠎ᠶᠢᠨ ᠲᠤᠭᠤᠷᠢᠨ ᠲᠣᠬ᠍ᠯᠠᠯᠲᠠ᠎ᠳᠤ ᠰᠣᠩᠭᠣᠭᠳᠠᠪᠠ᠃
ᠦᠬᠠᠢᠬᠤᠲᠠ ᠵᠢᠨ ᠤᠯᠠᠭᠠᠨᠮᠥ᠋ᠴᠢᠷ᠎ᠦᠨ ᠭᠡᠪ ᠨᠠᠮᠪᠠ᠄

2025 ᠣᠨ᠎ᠤ ᠦᠬᠠᠢ ᠬᠣᠲᠠ᠎ᠶᠢᠨ ᠴᠠᠭᠠᠨ ᠰᠠᠷ᠎ᠠ᠎ᠶᠢᠨ ᠤᠷᠠᠨ ᠰᠠᠢᠬᠠᠨ᠎ᠤ ᠦᠳᠡᠰᠢᠯᠡᠭᠡ

《ᠠᠶᠠᠯᠭᠤ᠎ᠲᠦ ᠵᠢᠭᠤᠯᠴᠢᠯᠠᠯ ᠦᠪᠦᠷ ᠮᠤᠩᠭᠤᠯ ᠰᠢᠨ᠎ᠡ ᠴᠠᠭ ᠦᠶ᠎ᠡ᠎ᠶᠢ ᠪᠠᠬᠠᠲᠤᠨ ᠲᠠᠭᠤᠯᠠᠨᠠᠮ》 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 75 ᠵᠢᠯ᠎ᠦᠨ ᠣᠶ᠎ᠶᠢ ᠪᠡᠯᠭᠡᠯᠡᠬᠦ ᠤᠷᠠᠨ ᠰᠠᠢᠬᠠᠨ᠎ᠤ ᠦᠳᠡᠰᠢᠯᠡᠭᠡ

ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠳᠦ ᠮᠣᠷᠳᠠᠭᠰᠠᠨ 90 ᠵᠢᠯ᠎ᠦᠨ ᠤᠢ᠎ᠶᠢ ᠳᠤᠷᠠᠰᠬᠠᠬᠤ ᠤᠷᠠᠨ ᠰᠠᠢᠬᠠᠨ᠎ᠤ ᠦᠳᠡᠰᠢᠯᠡᠭᠡ

ᠦᠬᠠᠢ᠎ᠶᠢᠨ ᠤᠯᠠᠭᠠᠨᠮᠥ᠋ᠴᠢᠷ᠎ᠦᠨ ᠦᠨᠳᠦᠰᠦᠨ ᠱᠠᠲᠤᠨ᠎ᠳᠤ ᠪᠠᠭᠤᠵᠤ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠲᠣᠬ᠍ᠯᠠᠯᠲᠠ᠎ᠶᠢᠨ ᠠᠵᠢᠯᠯᠠᠭ᠎ᠠ

ᠪᠥᠵᠢᠭᠲᠦ ᠰᠢᠯᠦᠭᠯᠡᠯᠲᠦ ᠵᠦᠴᠦᠭᠡ 《ᠠᠭᠤᠯᠠᠤ ᠤᠷᠭᠢᠯ᠂ ᠤᠰᠤᠨ᠎ᠤ ᠭᠦᠨ᠎ᠡ 》 ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠢᠰᠠᠨ᠎ᠤ ᠤᠷᠠᠯᠢᠭ᠋᠎ᠤᠨ ᠰᠣᠳᠣᠨ ᠪᠦᠲᠦᠭᠡᠯ᠎ᠦᠨ ᠢᠨᠵᠧᠨᠧᠷᠢᠩ᠎ᠦᠨ ᠵᠦᠴᠦᠭᠡ᠎ᠪᠡᠷ ᠰᠣᠩᠭᠣᠭᠳᠠᠵᠤ᠂ 《 ᠥᠪᠥᠷ ᠮᠣᠩᠭᠣᠯ᠎ᠤᠨ ᠰᠢᠯᠢᠳᠡᠭ ᠵᠦᠴᠦᠭᠡ᠎ᠶᠢᠨ ᠦᠵᠡᠭᠦᠯᠭᠡ᠎ᠶᠢᠨ ᠲᠣᠬ᠍ᠯᠠᠯᠲᠠ᠎ᠶᠢᠨ ᠰᠠᠷ᠎ᠠ 》᠎ᠶᠢᠨ ᠰᠢᠯᠢᠳᠡᠭ ᠵᠦᠴᠦᠭᠡ᠎ᠶᠢᠨ ᠱᠠᠩᠨᠠᠯ᠂ ᠲᠣᠬ᠍ᠯᠠᠯᠲᠠ᠎ᠶᠢᠨ ᠱᠠᠩᠨᠠᠯ᠂ ᠤᠳᠤᠷᠢᠳᠤᠭᠠᠴᠢ᠎ᠶᠢᠨ ᠱᠠᠩᠨᠠᠯ᠂ ᠰᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯ᠎ᠢ ᠭᠦᠷᠳᠡᠪᠡ᠃

ᠳᠠᠭᠤᠤ ᠪᠥᠵᠢᠭᠲᠦ ᠵᠦᠴᠦᠭᠡ 《ᠭᠤᠷᠪᠠᠨ ᠱᠤᠭᠤᠮ᠎ᠤᠨ ᠢᠮ ᠲᠠᠮᠠᠭ᠎ᠠ》᠄ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠰᠣᠳᠣᠨ ᠵᠢᠭᠤᠯᠴᠢᠯᠠᠯ᠎ᠤᠨ ᠲᠣᠬ᠍ᠯᠠᠯᠲᠠ᠎ᠶᠢᠨ ᠲᠦᠷᠦᠯ ᠵᠦᠢᠯ᠎ᠢ ᠭᠣᠣᠯᠳᠠᠯᠭ᠎ᠠ᠎ᠲᠠᠢ ᠪᠣᠢᠵᠢᠭᠤᠯᠬᠤ ᠲᠦᠷᠦᠯ ᠵᠦᠢᠯ᠎ᠳᠤ ᠰᠣᠩᠭᠣᠬ᠍ᠳᠠᠵᠠᠢ; 2024 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠢᠰᠠᠨ᠎ᠤ ᠤᠷᠠᠯᠢᠭ᠋᠎ᠤᠨ ᠰᠣᠳᠣᠨ ᠪᠦᠲᠦᠭᠡᠯ᠎ᠦᠨ ᠢᠨᠵᠧᠨᠧᠷᠢᠩ᠎ᠳᠤ ᠰᠣᠩᠭᠣᠭᠳᠠᠪᠠ᠃

ᠦᠬᠠᠢ᠎ᠶᠢᠨ ᠤᠯᠠᠭᠠᠨᠮᠥ᠋ᠴᠢᠷ᠎ᠦᠨ ᠲᠣᠬ᠍ᠯᠠᠯᠲᠠ᠎ᠶᠢᠨ ᠪᠦᠯᠭᠦᠮ 《ᠭᠤᠸᠠᠩᠰᠢ᠎ᠶᠢᠨ ᠭᠤᠷᠪᠠᠨ ᠰᠠᠷ᠎ᠠ》 ᠤ ᠣᠯᠠᠨ ᠲᠦᠮᠡᠨ᠎ᠦ ᠰᠣᠶᠣᠯ᠎ᠤᠨ ᠠᠵᠢᠯᠯᠠᠭ᠎ᠠ᠎ᠳᠤ ᠣᠷᠣᠯᠴᠠᠪᠠ
ᠤᠬᠠᠭᠠᠯᠠᠭᠴᠢ᠄ ᠵᠧᠦ ᠴᠠᠩ ᠰᠢᠶᠠᠩ
ᠬᠢᠨᠠᠨ ᠦᠢᠯᠡᠳᠦᠭᠴᠢ᠄ ᠯᠢᠦ ᠰᠢᠶᠣᠣ
ᠬᠢᠨᠠᠭᠴᠢ᠄ ᠷᠧᠨ ᠵᠢᠶᠠ