ᠲᠠᠯ᠎ᠠ ᠨᠤᠳᠤᠭ ᠬᠢᠭᠡᠳ ᠳᠠᠯᠠᠢ ᠵᠢᠨ ᠠᠷᠠᠯ ᠤ᠋ᠨ 《ᠴᠠᠬᠢᠯᠭᠠᠨ ᠬᠦᠴᠦᠨ ᠤ᠋ ᠬᠤᠯᠪᠤᠭ᠎ᠠ》
2025-10-19 11:44:27
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠲᠦᠮᠡᠨ ᠤ᠋ ᠬᠠᠷᠠᠭᠠᠨ ᠳ᠋ᠦ ᠬᠦᠷᠦᠭᠰᠡᠨ ᠡᠮᠦᠨᠡᠲᠦ ᠤᠮᠠᠷᠠᠲᠤ ᠵᠢ ᠰᠤᠨᠳᠠᠯᠠᠭ᠍ᠰᠠᠨ ᠡᠨᠧᠷᠭᠢ ᠵᠢᠨ ᠪᠤᠤᠬᠢᠢ᠎ᠠ ᠳᠠᠮᠵᠢᠭᠤᠯᠬᠤ ᠠᠵᠢᠯᠯᠠᠭ᠎ᠠ 10 ᠰᠠᠷ᠎ᠠ ᠵᠢᠨ 3 ᠡᠴᠡ 9 ᠤ᠋ ᠡᠳᠦᠷ ᠪᠣᠯᠲᠠᠯ᠎ᠠ᠂ ᠠᠮᠵᠢᠯᠲᠠ ᠲᠠᠢ ᠶᠠᠪᠤᠭᠳᠠᠯ᠎ᠠ᠃ ᠥᠪᠥᠷ ᠮᠣᠩᠭᠣᠯ ᠤ᠋ᠨ ᠰᠠᠯᠬᠢᠨ ᠬᠦᠴᠦᠨ᠎ᠦ ᠴᠠᠬᠢᠯᠭᠠᠨ᠂ ᠭᠡᠷᠡᠯᠴᠢ ᠴᠡᠨᠡᠭ᠎ᠦᠨ ᠪᠤᠬᠢᠷᠳᠦᠯ ᠦᠭᠡᠢ ᠴᠠᠬᠢᠯᠭᠠᠨ ᠶᠡᠷᠦᠩᠬᠡᠢ ᠤᠷᠳᠤ ᠨᠢ 3000 ᠺᠢᠯᠤᠮᠸᠲᠷ ᠢ᠋ ᠳᠠᠪᠠᠭ᠍ᠰᠠᠨ ᠴᠠᠬᠢᠯᠭᠠᠨ ᠱᠤᠭᠤᠮ ᠵᠢᠡᠷ ᠡᠮᠦᠨᠡᠱᠢᠯᠡᠵᠦ᠍᠂ ᠠᠩᠬ᠎ᠠ ᠤᠳᠠᠭ᠎ᠠ ᠬᠠᠢᠨᠠᠨ ᠠᠷᠠᠯ᠎ᠳᠤ ᠬᠦᠷᠴᠦ᠂ ᠲᠦᠭ ᠲᠦᠮᠡᠨ ᠡᠷᠦᠭᠡ ᠳ᠋ᠦ 《ᠴᠡᠪᠡᠷ ᠬᠥᠳᠡᠯᠭᠡᠬᠦ᠌ ᠡᠨᠧᠷᠭᠢ》 ᠨᠡᠮᠡᠷᠢᠯᠡᠭᠰᠡᠨ ᠠᠵᠢ᠃ ᠡᠨᠡ ᠬᠦ᠌ ᠱᠢᠪᠲᠤᠯᠤᠯᠲᠠ᠎ᠨᠢ ᠥᠪᠥᠷ ᠮᠣᠩᠭᠣᠯ ᠤ᠋ᠨ ᠴᠡᠪᠡᠷ ᠡᠨᠧᠷᠭᠢ᠎ᠵᠢᠨ ᠲᠡᠦᠬᠡᠨ᠎ᠳᠡᠭᠡᠷᠡᠬᠢ ᠬᠠᠮᠤᠭ ᠤ᠋ᠨ ᠬᠣᠯᠠ ᠵᠠᠶ ᠵᠢᠨ ᠮᠤᠵᠢ ᠠᠯᠤᠰᠯᠠᠨ ᠬᠦᠷᠭᠡᠬᠦ ᠶᠠᠪᠤᠳᠠᠯ ᠢ᠋ ᠪᠡᠶᠡᠯᠡᠭᠦᠯᠦᠭ᠌ᠰᠡᠨ ᠢ᠋ ᠬᠠᠷᠠᠭᠤᠯᠵᠤ ᠪᠠᠢᠬᠤ᠎ᠪᠦᠭᠡᠳ ᠨᠠᠩ ᠴᠤ᠌ ᠲᠠᠯ᠎ᠠ ᠨᠤᠲᠤᠭ ᠤ᠋ᠨ 《ᠰᠠᠯᠬᠢᠨ ᠬᠦᠴᠦᠨ ᠪᠠ ᠬᠡᠷᠡᠯᠴᠢ ᠴᠡᠨᠡᠭ》 ᠪᠤᠯᠤᠨ ᠳᠠᠯᠠᠢ ᠵᠢᠨ ᠠᠷᠠᠯ ᠤ᠋ᠨ 《ᠴᠠᠬᠢᠯᠭᠠᠨ ᠬᠢᠭᠡᠳ ᠳᠤᠯᠠᠭᠠᠯᠠᠭ᠎ᠠ》 ᠨᠢᠭᠡ ᠤᠳᠠᠭᠠᠨ ᠤ᠋ ᠠᠭᠤᠯᠠ ᠤᠰᠤ ᠠᠯᠤᠰᠯᠠᠭ᠍ᠰᠠᠨ ᠬᠤᠯᠪᠤᠭ᠎ᠠ ᠪᠠᠢᠭᠤᠯᠤᠭᠰᠠᠨ ᠢ᠋ ᠬᠠᠷᠠᠭᠤᠯᠵᠦ ᠪᠠᠢᠨ᠎ᠠ᠃

ᠲᠣᠰ ᠤᠳᠠᠭᠠᠨ ᠤ᠋ ᠣᠷᠣᠨ ᠪᠦᠰᠡ ᠠᠯᠤᠰᠯᠠᠭ᠍ᠰᠠᠨ ᠪᠤᠬᠢᠷᠳᠦᠯ ᠦᠭᠡᠢ ᠴᠠᠬᠢᠯᠭᠠᠨ ᠤ᠋ ᠬᠦᠷᠭᠡᠯᠲᠡ ᠪᠣᠯ ᠪᠥᠬᠥ᠌ ᠤᠯᠤᠰ ᠤ᠋ᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠲᠣᠭ᠍ᠲᠠᠴᠠ ᠳᠤᠤᠷᠠᠬᠢ ᠨᠢᠭᠡ ᠤᠳᠠᠭᠠᠨ ᠤ᠋ ᠥᠨᠳᠥᠷ ᠪᠦᠲᠦᠮᠵᠢᠲᠡᠶ ᠦᠶ᠋ᠯᠡᠳᠦᠯᠭᠡ ᠪᠣᠯᠤᠨ᠎ᠠ᠃ ᠪᠡᠭᠡᠵᠢᠩ᠎ᠦᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠲᠥᠪ ᠪᠠ ᠭᠤᠸᠠᠩᠵᠧᠦ᠍ ᠵᠢᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠲᠥᠪ ᠡᠴᠡ ᠬᠠᠮᠲᠤᠷᠠᠨ ᠵᠣᠬᠢᠶᠠᠨ ᠪᠠᠢᠭᠤᠯᠵᠤ᠂ ᠣᠲᠣ ᠵᠢᠨ ᠪᠠᠢᠭ᠎ᠠ ᠣᠷᠣᠨ ᠪᠦᠰᠡ ᠠᠯᠤᠰᠯᠠᠭ᠍ᠰᠠᠨ ᠮᠤᠵᠢ ᠠᠯᠤᠰᠯᠠᠭ᠍ᠰᠠᠨ ᠴᠠᠬᠢᠯᠭᠠᠨ ᠬᠦᠷᠭᠡᠬᠦ᠌ ᠨᠡᠪᠳᠡᠷᠡᠯ ᠵᠠᠮ᠎ᠳᠤ ᠲᠦᠱᠢᠭ᠌ᠯᠡᠨ᠂ ᠥᠪᠥᠷ ᠮᠣᠩᠭᠣᠯ ᠤ᠋ᠨ ᠪᠠᠷᠠᠭᠤᠨ ᠬᠡᠰᠡᠭ᠎ᠦᠨ ᠴᠡᠪᠡᠷ ᠴᠠᠬᠢᠯᠭᠠᠨ ᠡᠨᠧᠷᠭᠢ᠎ᠨᠢ ᠤᠮᠠᠷᠠᠲᠤ ᠣᠷᠣᠨ᠂ ᠳᠤᠮᠳᠠᠳᠤ ᠣᠷᠣᠨ ᠤ᠋ ᠴᠠᠬᠢᠯᠭᠠᠨ ᠲᠤᠤᠷ ᠵᠢᠡᠷ ᠳᠠᠷᠠᠭᠠᠯᠠᠨ ᠥᠩᠭᠡᠷᠡᠵᠦ᠍᠂ ᠭᠤᠸᠠᠩᠳᠦ᠋ᠩ᠎ᠦᠨ ᠴᠠᠬᠢᠯᠭᠠᠨ ᠲᠤᠤᠷ ᠵᠢᠡᠷ ᠳᠡᠮᠵᠢᠨ ᠬᠠᠢᠨᠠᠨ ᠭᠤᠸᠠᠩᠳᠦ᠋ᠩ᠎ᠦᠨ ᠲᠡᠯᠡᠶ ᠠᠯᠤᠰᠯᠠᠭᠰᠠᠨ ᠲᠤᠤᠷ ᠬᠣᠯᠪᠣᠬᠤ ᠨᠡᠪᠳᠡᠷᠡᠯ ᠵᠠᠮ ᠲᠠᠢ ᠵᠣᠯᠭᠠᠯᠳᠤᠵᠦ᠂ ᠡᠴᠦᠰ᠎ᠲᠡᠬᠡᠨ ᠬᠠᠢᠨᠠᠨ᠎ᠳᠤ ᠤᠨᠤᠴᠠᠳᠠᠢ ᠬᠦᠷᠴᠦ᠍᠂ ᠡᠮᠦᠨᠡᠲᠦ ᠤᠮᠠᠷᠠᠲᠤ ᠵᠢᠨ ᠴᠠᠬᠢᠯᠭᠠᠨ ᠲᠤᠤᠷ ᠤ᠋ᠨ ᠬᠣᠭᠣᠷᠣᠨᠳᠣᠬᠢ 《ᠣᠷᠭᠢᠯ ᠤ᠋ᠨ ᠦᠶ᠎ᠡ ᠪᠤᠯᠤᠨ ᠬᠥᠨᠳᠡᠢ ᠵᠢᠨ ᠦᠶ᠎ᠡ ᠵᠢᠨ ᠴᠠᠬᠢᠯᠭᠠᠨ ᠭᠡᠷᠡᠭᠯᠡᠭᠡ ᠵᠢ ᠵᠤᠬᠢᠴᠠᠭᠤᠯᠬᠤ》 ᠪᠠ 《ᠴᠠᠬᠢᠯᠭᠠᠨ ᠲᠤᠤᠷ ᠤ᠋ᠨ ᠠᠴᠢᠶ᠎ᠠ ᠵᠢ ᠨᠢ ᠱᠢᠯᠵᠢᠭᠦᠯᠬᠦ᠌》 ᠵᠢ ᠬᠠᠮᠵᠢᠯᠴᠠᠭᠤᠯᠤᠨ ᠱᠢᠯᠢᠳᠡᠭ᠌ᠵᠢᠭᠦᠯᠬᠦ᠌ ᠵᠢ ᠪᠡᠶᠡᠯᠡᠭᠦᠯᠪᠡ᠃ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ ᠵᠢᠡᠷ᠂ ᠲᠣᠰ ᠤᠳᠠᠭᠠᠨ ᠤ᠋ ᠠᠷᠠᠯᠵᠢᠶᠠᠨ ᠤ᠋ ᠶᠡᠷᠦᠩᠬᠡᠶ ᠴᠠᠬᠢᠯᠭᠠᠨ ᠤ᠋ ᠬᠡᠮᠵᠢᠶ᠎ᠡ 833.5 ᠲᠦᠮᠡᠨ ᠺᠢᠯᠦᠸᠠᠲ ᠴᠠᠭ ᠲᠣ᠌ ᠬᠦᠷᠴᠦ᠍᠂ ᠤᠯᠤᠰ ᠤ᠋ᠨ ᠪᠠᠶᠠᠷ ᠨᠠᠶ᠋ᠮᠠᠨ ᠰᠠᠷ᠎ᠠ ᠵᠢᠨ ᠲᠡᠷᠭᠡᠯ ᠪᠠᠶᠠᠷ ᠤ᠋ᠨ ᠠᠮᠠᠷᠠᠯᠳᠠ ᠵᠢᠨ ᠬᠤᠭᠤᠴᠠᠭᠠᠨ ᠤ᠋ ᠴᠠᠬᠢᠯᠭᠠᠨ ᠬᠡᠷᠡᠭ᠌ᠯᠡᠬᠦ᠌ ᠣᠷᠭᠢᠯ ᠤ᠋ᠨ ᠬᠤᠭᠤᠴᠠᠭᠠᠨ᠎ᠳᠤ ᠬᠠᠢᠨᠠᠨ ᠤ᠋ ᠴᠠᠬᠢᠯᠭᠠᠨ ᠬᠦᠴᠦᠨ᠎ᠦ ᠬᠠᠩᠭᠠᠯᠭ᠎ᠠ᠎ᠳᠤ ᠵᠠᠩᠭᠢᠯᠠᠭ᠎ᠠ ᠵᠢᠨ ᠪᠠᠲᠤᠯᠠᠭ᠎ᠠ ᠬᠠᠩᠭᠠᠭ᠍ᠰᠠᠨ ᠪᠥᠭᠡᠳ ᠴᠡᠪᠡᠷ ᠡᠨᠧᠷᠭᠢ ᠵᠢᠨ ᠣᠷᠣᠨ ᠪᠦᠰᠡ ᠠᠯᠤᠰᠯᠠᠨ ᠲᠣᠬᠢᠷᠠᠭᠤᠯᠤᠭ᠍ᠰᠠᠨ ᠪᠣᠳᠠᠲᠤ ᠦᠷ᠎ᠡ ᠪᠦᠲᠦᠮᠵᠢ ᠵᠢ ᠭᠦᠶ᠋ᠴᠡᠳ ᠱᠢᠯᠭᠠᠨ ᠨᠤᠲᠠᠯᠠᠭ᠍ᠰᠠᠨ ᠪᠠᠢᠨ᠎ᠠ᠃

ᠤᠯᠤᠰ ᠤ᠋ᠨ ᠴᠢᠬᠤᠯᠠ ᠡᠨᠧᠷᠭᠢ ᠵᠢᠨ ᠰᠠᠭᠤᠷᠢᠨ ᠪᠣᠯᠤᠭ᠍ᠰᠠᠨ ᠤ᠋ ᠬᠤᠪᠢ᠎ᠳᠤ᠂ ᠥᠪᠥᠷ ᠮᠣᠩᠭᠣᠯ ᠤ᠋ᠨ ᠰᠠᠯᠬᠢᠨ ᠬᠦᠴᠦᠨ ᠬᠡᠷᠡᠯᠴᠢ ᠴᠡᠨᠡᠭ᠎ᠦᠨ ᠡᠬᠢ ᠪᠠᠶᠠᠯᠢᠭ ᠤ᠋ᠨ ᠳᠠᠪᠠᠭᠤᠯᠢᠭ ᠨᠢ 《ᠤᠯᠠᠨ ᠡᠴᠡ ᠬᠡᠳᠦᠢᠳᠦᠭᠰᠡᠨ》 ᠶᠤᠮ᠃ ᠰᠠᠯᠬᠢᠨ ᠬᠦᠴᠦᠨ ᠤ᠋ ᠡᠨᠧᠷᠭᠢ ᠵᠢᠨ ᠮᠡᠷᠭᠡᠵᠢᠯ ᠤ᠋ᠨ ᠨᠡᠭᠡᠭᠡᠨ ᠠᠱᠢᠭ᠍ᠯᠠᠵᠤ ᠪᠣᠯᠬᠤ ᠬᠡᠮᠵᠢᠶ᠎ᠡ 14.6 ᠳ᠋ᠦᠩᠱᠢᠭᠤᠷ ᠺᠢᠯᠦᠸᠠᠲ ᠲᠣ᠌ ᠬᠦᠷᠴᠦ᠍᠂ ᠪᠥᠬᠥ᠌ ᠤᠯᠤᠰ ᠤ᠋ᠨ ᠪᠠᠷᠤᠭ 57% ᠵᠢ ᠡᠵᠡᠯᠡᠪᠡ; ᠨᠡᠷᠡᠨ᠎ᠦ ᠡᠨᠧᠷᠭᠢ ᠵᠢᠨ ᠮᠡᠷᠭᠡᠵᠢᠯ᠎ᠦᠨ ᠨᠡᠭᠡᠭᠡᠨ ᠠᠱᠢᠭ᠍ᠯᠠᠵᠤ ᠪᠣᠯᠬᠤ ᠬᠡᠮᠵᠢᠶ᠎ᠡ 94 ᠳ᠋ᠦᠩᠱᠢᠭᠤᠷ ᠺᠢᠯᠦᠸᠠᠲ ᠲᠣ᠌ ᠬᠦᠷᠴᠦ᠍᠂ ᠪᠠᠷᠤᠭ ᠪᠦᠬᠦ᠌ ᠤᠯᠤᠰ ᠤ᠋ᠨ 21% ᠵᠢ ᠡᠵᠡᠯᠡᠨ᠎ᠡ᠃ ᠣᠢᠷ᠎ᠠ ᠵᠢᠨ ᠵᠢᠯ᠎ᠦᠨ ᠲᠤᠷᠰᠢ᠂ ᠡᠨᠡ ᠬᠦ᠌ ᠳᠠᠪᠠᠭᠤᠯᠢᠭ᠎ᠲᠠᠭᠠᠨ ᠲᠦᠱᠢᠭ᠌ᠯᠡᠨ᠂ ᠥᠪᠥᠷ ᠮᠣᠩᠭᠣᠯ ᠤ᠋ᠨ ᠡᠨᠧᠷᠭᠢ ᠵᠢᠨ ᠪᠦᠲᠦᠴᠡ ᠵᠢᠨ ᠪᠣᠬᠢᠷᠲᠤᠯ ᠥᠬᠡᠶ ᠬᠡᠯᠪᠡᠷᠢ ᠵᠢᠨ ᠬᠤᠪᠢᠷᠠᠭᠤᠯᠤᠯᠳᠠ ᠬᠤᠷᠳᠤᠴᠠ᠎ᠪᠠᠨ ᠲᠦᠷᠭᠡᠳᠭᠡᠵᠤ᠂ 2024 ᠣᠨ᠎ᠳᠤ᠂ ᠱᠢᠨ᠎ᠡ ᠡᠨᠧᠷᠭᠢ ᠵᠢᠨ ᠶᠡᠷᠦᠩᠬᠡᠶ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ᠎ᠨᠢ ᠪᠥᠬᠥ᠌ ᠤᠯᠤᠰ ᠲᠣ᠌ ᠬᠠᠮᠤᠭ᠎ᠦᠨ ᠲᠦᠷᠦᠬᠦᠨ ᠳ᠋ᠦ 1 ᠳ᠋ᠦᠩᠱᠢᠭᠤᠷ ᠺᠢᠯᠦᠸᠠᠲ ᠢ᠋ ᠳᠠᠪᠠᠵᠤ᠂ ᠢᠯᠴᠢ ᠵᠢᠨ ᠴᠠᠬᠢᠯᠭᠠᠨ ᠤ᠋ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠡᠴᠡ ᠳᠠᠪᠠᠭ᠍ᠰᠠᠨ ᠵᠢᠡᠷ ᠪᠠᠷᠠᠬᠤ ᠥᠬᠡᠶ᠂ ᠨᠠᠩ ᠴᠤ᠌ ᠦᠪᠡᠷᠳᠡᠭᠡᠨ ᠵᠠᠰᠠᠬᠤ ᠣᠷᠣᠨ ᠤ᠋ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ ᠵᠢᠨ 52% ᠢ᠋ ᠡᠵᠡᠯᠡᠵᠦ᠍᠂ ᠴᠡᠪᠡᠷ ᠡᠨᠧᠷᠭᠢ ᠵᠢ ᠭᠠᠳᠠᠭ᠍ᠰᠢ ᠬᠦᠷᠭᠡᠬᠦ ᠳ᠋ᠦ ᠪᠠᠲᠤ ᠪᠠᠬᠢ ᠰᠠᠭᠤᠷᠢ ᠲᠠᠯᠪᠢᠭᠰᠠᠨ ᠪᠠᠢᠨ᠎ᠠ᠃

ᠣᠷᠳᠣ ᠬᠤᠭᠤᠴᠠᠭᠠᠨ ᠤ᠋ ᠲᠤᠷᠰᠢ᠂ ᠥᠪᠥᠷ ᠮᠣᠩᠭᠣᠯ 《ᠪᠠᠷᠠᠭᠤᠨ ᠣᠷᠣᠨ ᠤ᠋ ᠴᠠᠬᠢᠯᠭᠠᠨ ᠢ᠋ ᠵᠡᠭᠦᠨᠰᠢ ᠬᠦᠷᠭᠡᠬᠦ᠌》᠂ 《ᠤᠮᠠᠷᠠᠲᠤ ᠵᠢᠨ ᠴᠠᠬᠢᠯᠭᠠᠨ ᠢ᠋ ᠡᠮᠦᠨᠡᠰᠢ ᠬᠠᠩᠭᠠᠬᠤ》 ᠤᠯᠤᠰ ᠤ᠋ᠨ ᠡᠭᠦᠷᠭᠡ ᠵᠢ ᠢᠮᠠᠭ᠍ᠲᠠ ᠡᠭᠦᠷᠭᠡᠯᠡᠵᠦ᠍᠂ ᠭᠠᠳᠠᠭ᠍ᠰᠢ ᠬᠦᠷᠭᠡᠭ᠌ᠰᠡᠨ ᠴᠠᠬᠢᠯᠭᠠᠨ ᠤ᠋ ᠬᠡᠮᠵᠢᠶ᠎ᠡ ᠣᠯᠠᠨ ᠵᠢᠯ ᠳᠠᠷᠠᠭᠠᠯᠠᠨ ᠪᠥᠬᠥ᠌ ᠤᠯᠤᠰ ᠤ᠋ᠨ ᠲᠡᠷᠢᠬᠦᠨ ᠳ᠋ᠦ ᠵᠢᠭᠰᠠᠪᠠ᠃ 2024 ᠣᠨ᠎ᠳᠤ᠂ ᠦᠪᠡᠷᠳᠡᠭᠡᠨ ᠵᠠᠰᠠᠬᠤ ᠣᠷᠣᠨ ᠤ᠋ ᠭᠠᠳᠠᠭ᠍ᠰᠢ ᠬᠦᠷᠭᠡᠭ᠌ᠰᠡᠨ ᠴᠠᠬᠢᠯᠭᠠᠨ ᠤ᠋ ᠬᠡᠮᠵᠢᠶ᠎ᠡ 3377 ᠳ᠋ᠦᠩᠱᠢᠭᠤᠷ  ᠺᠢᠯᠦᠸᠠᠲ ᠴᠠᠭ ᠲᠣ᠌ ᠬᠦᠷᠴᠦ᠂ ᠪᠥᠬᠥ᠌ ᠤᠯᠤᠰ ᠤ᠋ᠨ ᠶᠡᠷᠦᠩᠬᠡᠶ ᠬᠡᠮᠵᠢᠶᠡᠨ᠎ᠦ 1/6 ᠵᠢ ᠡᠵᠡᠯᠡᠪᠡ; ᠡᠭᠦᠨ ᠳ᠋ᠦ  ᠪᠤᠬᠢᠷᠳᠦᠯ  ᠦᠭᠡᠢ  ᠴᠠᠬᠢᠯᠭᠠᠨ ᠢ᠋  ᠭᠠᠳᠠᠭ᠍ᠰᠢ  ᠬᠦᠷᠭᠡᠭᠰᠡᠨ ᠬᠡᠮᠵᠢᠶ᠎ᠡ 600 ᠳ᠋ᠦᠩᠱᠢᠭᠤᠷ  ᠺᠢᠯᠦᠸᠠᠲ ᠴᠠᠭ ᠢ᠋ ᠳᠠᠪᠠᠵᠤ᠂ ᠪᠦᠬᠦ᠌ ᠤᠯᠤᠰ ᠤ᠋ᠨ ᠪᠤᠬᠢᠷᠳᠦᠯ ᠦᠭᠡᠢ ᠴᠠᠬᠢᠯᠭᠠᠨ ᠢ᠋ ᠭᠠᠳᠠᠭ᠍ᠰᠢ ᠬᠦᠷᠭᠡᠭᠰᠡᠨ ᠶᠡᠷᠦᠩᠬᠡᠢ ᠬᠡᠮᠵᠢᠶᠡᠨ᠎ᠦ 1/3 ᠵᠢ ᠡᠵᠡᠯᠡᠵᠦ᠍᠂ ᠪᠦᠬᠦ᠌ ᠤᠯᠤᠰ ᠤ᠋ᠨ ᠴᠡᠪᠡᠷ ᠡᠨᠧᠷᠭᠢ ᠵᠢᠨ ᠬᠠᠩᠭᠠᠯᠭ᠎ᠠ ᠵᠢᠨ 《ᠭᠣᠣᠯ ᠬᠦᠴᠦᠨ》 ᠪᠣᠯᠪᠠ᠃

ᠲᠠᠯ᠎ᠠ ᠨᠤᠲᠤᠭ ᠤ᠋ᠨ ᠪᠤᠬᠢᠷᠳᠦᠯ ᠦᠭᠡᠢ ᠴᠠᠬᠢᠯᠭᠠᠨ ᠵᠢᠡᠷ ᠨᠠᠩ ᠣᠯᠠᠨ ᠭᠠᠵᠠᠷ ᠣᠷᠣᠨ᠎ᠳᠤ ᠠᠰᠢᠭ ᠬᠦᠷᠲᠡᠭᠡᠬᠦ᠌ ᠵᠢᠨ ᠲᠥᠯᠥᠭᠡ᠂ ᠥᠪᠥᠷ ᠮᠣᠩᠭᠣᠯ ᠤᠷᠢᠳ ᠵᠢᠡᠷ ᠬᠡᠷᠡᠭ᠌ᠵᠢᠭᠦᠯᠵᠦ᠍ ᠤᠷᠢᠳ ᠵᠢᠡᠷ ᠲᠤᠷᠱᠢᠵᠤ᠂ ᠦᠪᠡᠷᠳᠡᠭᠡᠨ ᠵᠠᠰᠠᠬᠤ ᠤᠷᠤᠨ ᠤ᠋ ᠬᠡᠪᠴᠢᠶᠡᠨ ᠳ᠋ᠦ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠᠨ ᠤ᠋ ᠲᠤᠷᠱᠢᠯᠲᠠ ᠵᠢ ᠥᠷᠨᠢᠭᠦᠯᠬᠦ᠌ ᠵᠢᠨ ᠬᠠᠮᠲᠤ᠂ ᠪᠥᠬᠥ᠌ ᠤᠯᠤᠰ ᠲᠣ᠌ ᠤᠷᠢᠳ ᠵᠢᠡᠷ ᠮᠤᠵᠢ ᠠᠯᠤᠰᠯᠠᠭ᠍ᠰᠠᠨ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠵᠢ ᠡᠬᠢᠯᠡᠭᠦᠯᠵᠦ᠍᠂ 2024 ᠣᠨ᠎ᠳᠤ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶᠠᠨ ᠤ᠋ ᠳ᠋ᠦᠩᠨᠡᠨ ᠪᠤᠳᠤᠭ᠍ᠰᠠᠨ ᠴᠠᠬᠢᠯᠭᠠᠨ ᠤ᠋ ᠬᠡᠮᠵᠢᠶ᠎ᠡ 762 ᠳ᠋ᠦᠩᠱᠢᠭᠤᠷ ᠺᠢᠯᠦᠸᠠᠲ ᠴᠠᠭ ᠲᠣ᠌ ᠬᠦᠷᠴᠦ᠍᠂ ᠪᠥᠬᠥ᠌ ᠤᠯᠤᠰ ᠲᠣ᠌ ᠲᠡᠷᠢᠭᠦᠯᠡᠪᠡ; 2025 ᠣᠨ ᠤ᠋ 6 ᠰᠠᠷ᠎ᠠ᠎ᠳᠤ᠂ ᠥᠪᠥᠷ ᠮᠣᠩᠭᠣᠯ ᠤ᠋ᠨ ᠪᠠᠷᠠᠭᠤᠨ ᠬᠡᠰᠡᠭ᠎ᠦᠨ ᠴᠠᠬᠢᠯᠭᠠᠨ ᠲᠣᠣᠷ ᠤ᠋ᠨ ᠪᠤᠬᠢᠷᠳᠦᠯ ᠦᠭᠡᠢ ᠴᠠᠬᠢᠯᠭᠠᠨ ᠲᠣᠣᠷ ᠢ᠋ ᠠᠩᠬ᠎ᠠ ᠤᠳᠠᠭ᠎ᠠ ᠡᠮᠦᠨᠡᠲᠦ ᠣᠷᠣᠨ ᠤ᠋ ᠴᠠᠬᠢᠯᠭᠠᠨ ᠲᠣᠣᠷ ᠲᠣ᠌ ᠵᠠᠯᠭᠠᠵᠤ᠂ ᠭᠤᠸᠠᠩᠳᠦ᠋ᠩ ᠳ᠋ᠦ ᠠᠮᠵᠢᠯᠲᠠ ᠲᠠᠢ ᠬᠦᠷᠭᠡᠪᠡ; 2025 ᠣᠨ ᠤ᠋ 9 ᠰᠠᠷ᠎ᠠ ᠪᠣᠯᠲᠠᠯ᠎ᠠ᠂ ᠨᠢᠭᠡᠨᠲᠡ 8 ᠮᠤᠵᠢ ᠣᠷᠣᠨ ᠲᠠᠢ ᠪᠣᠬᠢᠷᠲᠤᠯ ᠦᠭᠡᠢ ᠴᠠᠬᠢᠯᠭᠠᠨ ᠢ᠋ ᠭᠠᠳᠠᠭ᠍ᠰᠢ ᠬᠦᠷᠭᠡᠬᠦ᠌ ᠲᠣᠭ᠍ᠲᠠᠭᠤᠨ ᠠᠷᠠᠯᠵᠢᠶᠠᠨ ᠤ᠋ ᠬᠠᠮᠲᠤᠷᠠᠯᠴᠠᠭᠠᠨ ᠤ᠋ ᠲᠣᠭ᠍ᠲᠠᠴᠠ ᠵᠢ ᠪᠠᠢᠭᠤᠯᠵᠤ᠂ ᠡᠮᠦᠨᠡᠲᠦ ᠤᠮᠠᠷᠠᠲᠤ ᠵᠢ ᠬᠠᠮᠤᠷᠤᠭᠰᠠᠨ ᠴᠡᠪᠡᠷ ᠡᠨᠧᠷᠭᠢ ᠳᠠᠮᠵᠢᠭᠤᠯᠬᠤ ᠲᠣᠣᠷ ᠢ᠋  ᠪᠦᠷᠢᠯᠳᠦᠭᠦᠯᠪᠡ᠃

ᠲᠠᠯ᠎ᠠ ᠨᠤᠲᠤᠭ᠎ᠠᠴᠠ ᠠᠯᠤᠰ ᠳᠠᠯᠠᠢ ᠵᠢᠨ ᠠᠷᠠᠯ ᠬᠦᠷᠲᠡᠯ᠎ᠡ᠂ ᠲᠣᠰ ᠤᠳᠠᠭᠠᠨ ᠤ᠋ ᠪᠤᠬᠢᠷᠳᠦᠯ ᠦᠭᠡᠢ ᠴᠠᠬᠢᠯᠭᠠᠨ ᠢ᠋ ᠮᠤᠵᠢ ᠠᠯᠤᠰᠯᠠᠨ ᠬᠦᠷᠭᠡᠭ᠌ᠰᠡᠨ ᠠᠮᠵᠢᠯᠲᠠ ᠨᠢ ᠣᠷᠣᠨ ᠪᠦᠰᠡ ᠠᠯᠤᠰᠯᠠᠭ᠍ᠰᠠᠨ ᠴᠠᠬᠢᠯᠭᠠᠨ ᠬᠦᠷᠭᠡᠬᠦ᠌ ᠵᠠᠮ ᠤ᠋ᠨ ᠦᠯᠡᠳᠡᠪᠦᠷᠢ ᠣᠷᠣᠨ ᠵᠠᠶ ᠵᠢ ᠥᠨᠳᠥᠷ ᠪᠦᠲᠦᠮᠵᠢᠲᠡᠶ ᠠᠱᠢᠭ᠍ᠯᠠᠭ᠍ᠰᠠᠨ ᠲᠡᠳᠦᠢ ᠥᠬᠡᠶ᠂ ᠨᠠᠩ ᠴᠤ᠌ ᠪᠥᠬᠥ᠌ ᠤᠯᠤᠰ ᠤ᠋ᠨ ᠬᠡᠪᠴᠢᠶᠡᠨ ᠳ᠋ᠦ ᠴᠠᠬᠢᠯᠭᠠᠨ ᠬᠦᠴᠦᠨ᠎ᠦ ᠦᠶ᠋ᠯᠡᠳᠪᠦᠷᠢᠯᠡᠯ᠎ᠦᠨ ᠬᠦᠴᠦᠨ᠎ᠦ ᠪᠠᠢᠷᠢᠱᠢᠭᠤᠯᠤᠯᠲᠠ ᠵᠢᠨ ᠡᠮᠦᠨ᠎ᠡ ᠤᠮᠠᠷ᠎ᠠ ᠵᠢ ᠨᠡᠪᠲᠡᠷᠡᠭᠦᠯᠬᠦ᠌ ᠪᠠ ᠣᠯᠠᠨ ᠲᠤᠤᠷ ᠢ᠋ ᠬᠠᠮᠵᠢᠯᠴᠠᠭᠤᠯᠤᠨ ᠱᠢᠯᠢᠳᠡᠭ᠌ᠵᠢᠭᠦᠯᠬᠦ᠌ ᠵᠢ ᠪᠡᠶᠡᠯᠡᠭᠦᠯᠵᠠᠢ᠃ ᠲᠡᠷᠡ᠎ᠨᠢ ᠮᠠᠨ ᠤ᠋ ᠤᠯᠤᠰ ᠤ᠋ᠨ ᠠᠳᠠᠯᠢ ᠪᠤᠰᠤ ᠣᠷᠣᠨ ᠪᠦᠰᠡ ᠵᠢᠨ ᠡᠨᠧᠷᠭᠢ ᠵᠢᠨ ᠬᠠᠷᠢᠯᠴᠠᠨ ᠨᠥᠬᠥᠪᠥᠷᠢᠯᠡᠬᠦ᠌᠂ ᠬᠠᠮᠵᠢᠯᠴᠠᠨ ᠬᠥᠭ᠌ᠵᠢᠬᠦ᠌ ᠯᠤᠲᠤ ᠶᠡᠬᠡ ᠳᠠᠯᠳᠠ ᠬᠦᠴᠦᠨ ᠢ᠋ ᠠᠮᠢᠳᠤᠯᠢᠭ ᠵᠢᠡᠷ ᠲᠠᠢᠯᠪᠤᠷᠢᠯᠠᠵᠤ᠂ ᠨᠠᠩ ᠴᠤ᠌ ᠵᠠᠬ᠎ᠠ ᠳᠡᠯᠭᠡᠭᠦᠷ᠎ᠦᠨ ᠠᠷᠭ᠎ᠠ ᠪᠠᠷᠢᠯ ᠵᠢᠡᠷ ᠳᠠᠮᠵᠢᠭᠤᠯᠤᠨ ᠴᠠᠬᠢᠯᠭᠠᠨ ᠬᠦᠴᠦᠨ᠎ᠦ ᠡᠬᠢ ᠪᠠᠶᠠᠯᠢᠭ ᠤ᠋ᠨ ᠲᠣᠬᠢᠷᠠᠭᠤᠯᠤᠯᠲᠠ ᠵᠢ ᠱᠢᠯᠢᠳᠡᠭ᠌ᠵᠢᠭᠦᠯᠬᠦ᠂ ᠪᠥᠬᠥ᠌ ᠤᠯᠤᠰ ᠤ᠋ᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ ᠵᠢ ᠠᠬᠢᠭᠤᠯᠬᠤ ᠬᠦᠰᠢᠶ᠎ᠡ ᠲᠡᠮᠳᠡᠭ᠎ᠦᠨ ᠴᠢᠨᠠᠷᠲᠠᠶ ᠦᠶ᠋ᠯᠡᠳᠦᠯᠭᠡ ᠪᠣᠯᠵᠣ᠂ ᠬᠣᠢᠱᠢᠳᠠ ᠵᠢᠨ ᠨᠠᠩ ᠶᠡᠬᠡ ᠬᠡᠪᠴᠢᠶᠡᠨ᠎ᠦ᠂ ᠨᠠᠩ ᠠᠯᠤᠰ ᠵᠠᠶ ᠵᠢᠨ ᠴᠡᠪᠡᠷ ᠡᠨᠧᠷᠭᠢ ᠵᠢᠨ ᠣᠷᠣᠨ ᠪᠦᠰᠡ ᠠᠯᠤᠰᠯᠠᠨ ᠲᠣᠬᠢᠷᠠᠭᠤᠯᠤᠯᠲᠠ ᠬᠢᠬᠦ ᠳ᠋ᠦ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤᠢᠴᠠ ᠲᠤᠷᠱᠢᠯᠭ᠎ᠠ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号