ᠣᠢᠷ᠎ᠠ᠎ᠶ᠋ᠢᠨ ᠵᠢᠯ᠎ᠳᠦ᠂ ᠦᠬᠠᠶ ᠬᠣᠲᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤ᠋ᠨ ᠲᠦᠭᠡᠮᠡᠯᠵᠢᠭᠦᠯᠬᠦ᠌ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠳᠦᠷᠢᠮᠵᠢᠭ᠌ᠰᠡᠨ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠡᠷᠭᠢᠯᠡᠬᠦ᠌᠎ᠪᠡᠷ ᠳᠠᠮᠵᠢᠭᠤᠯᠤᠨ᠂ ᠪᠥᠬᠥ᠌ ᠬᠣᠲᠠ᠎ᠶ᠋ᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠪᠥᠬᠥ᠌ ᠲᠠᠯ᠎ᠠ ᠪᠠᠷ ᠳᠡᠭᠡᠭ᠌ᠰᠢᠯᠡᠭᠦᠯᠵᠦ᠍᠂ ᠵᠢᠷᠤᠮᠵᠢᠯ᠎ᠤᠨ ᠦᠵᠡᠯ ᠤᠬᠠᠮᠰᠠᠷ᠎ᠢ ᠴᠢᠩᠭᠠᠳᠭᠠᠪᠠ᠃
ᠣᠢᠷ᠎ᠠ᠎ᠳᠤ᠂ 2025 ᠣᠨ᠎ᠤ ᠦᠬᠠᠶ ᠬᠣᠲᠠ᠎ᠶ᠋ᠢᠨ ᠳᠦᠷᠢᠮᠵᠢᠭ᠌ᠰᠡᠨ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ ᠦᠬᠠᠶ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠶᠠᠪᠤᠭ᠍ᠳᠠᠪᠠ᠃ ᠪᠥᠬᠥ᠌ ᠬᠣᠲᠠ᠎ᠶ᠋ᠢᠨ 22 ᠰᠤᠷᠭᠠᠭᠤᠯᠢ᠎ᠡᠴᠡ ᠢᠷᠡᠭ᠌ᠰᠡᠨ 91 ᠪᠠᠭ᠍ᠰᠢ ᠰᠣᠷᠣᠭ᠍ᠴᠢ ᠥᠰᠥᠭ ᠪᠢᠴᠢᠭ᠎ᠦᠨ ᠰᠠᠭᠤᠷᠢ ᠪᠠ ᠤᠳᠭ᠎ᠠ ᠵᠣᠬᠢᠶᠠᠯ᠎ᠤᠨ ᠬᠡᠪ ᠪᠣᠯᠪᠠᠰᠤᠷᠠᠯ᠎ᠤᠨ ᠲᠤᠬᠠᠶ ᠦᠷᠢᠰᠦᠯᠳᠦᠬᠡᠨ ᠬᠢᠪᠡ᠃
ᠲᠤᠰ ᠤᠳᠠᠭᠠᠨ᠎ᠤ ᠤᠷᠤᠯᠳᠤᠭᠠᠨ᠎ᠢ ᠪᠠᠭ᠎ᠠ ᠰᠤᠷᠭᠠᠭᠤᠯᠢ᠎ᠶ᠋ᠢᠨ ᠳᠤᠭᠤᠢᠯᠠᠩ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠤᠭᠤᠢᠯᠠᠩ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠤᠭᠤᠢᠯᠠᠩ᠂ ᠪᠠᠭ᠍ᠰᠢ᠎ᠶ᠋ᠢᠨ ᠳᠤᠭᠤᠢᠯᠠᠩ ᠵᠡᠷᠭᠡ 4 ᠳᠤᠭᠤᠢᠯᠠᠩ ᠬᠤᠪᠢᠶᠠᠨ᠂ ᠠᠪᠢᠶᠠᠰ ᠴᠢᠳᠠᠪᠤᠷᠢ ᠪᠡᠨ ᠢᠯᠡᠷᠡᠭᠦᠯᠬᠦ᠂ ᠲᠡᠢᠯᠦᠭᠰᠡᠨ ᠡᠷᠴᠢᠨ ᠳᠡᠭᠡᠷ᠎ᠡ᠎ᠪᠡᠨ ᠲᠠᠬᠢᠨ ᠤᠷᠤᠬᠰᠢᠯᠠᠬᠤ᠂ ᠤᠷᠤᠨ ᠲᠤᠭ᠎ᠠ ᠪᠤᠯᠢᠶᠠᠯᠳᠤᠬᠤ᠂ ᠨᠣᠶᠠᠨ ᠤᠷᠬᠢᠯ᠎ᠳᠤ ᠬᠦᠷᠬᠦ ᠵᠡᠷᠭᠡ 5 ᠶᠠᠪᠤᠴᠠ ᠪᠡᠷ ᠤᠷᠤᠯᠳᠤᠵᠠᠢ᠃ ᠤᠷᠤᠯᠳᠤᠭᠠᠨ᠎ᠨᠢ 《ᠰᠣᠨᠣᠰᠭᠤ — ᠶᠠᠷᠢᠬᠤ — ᠪᠢᠴᠢᠬᠦ᠌》 ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠱᠢᠨᠵᠢᠯᠡᠨ ᠪᠠᠢᠴᠠᠭᠠᠬᠤ ᠵᠠᠭ᠍ᠪᠤᠷ᠎ᠢ ᠬᠡᠷᠡᠭ᠌ᠯᠡᠵᠦ᠍᠂ ᠨᠢᠭᠡ ᠲᠠᠯ᠎ᠠ᠎ᠪᠠᠷ ᠤᠷᠤᠯᠴᠠᠭᠴᠢᠳ᠎ᠤᠨ ᠦᠭᠡ ᠬᠡᠯᠡ ᠥᠰᠥᠭ ᠪᠢᠴᠢᠭ᠎ᠦᠨ ᠰᠠᠭᠤᠷᠢ᠎ᠶ᠋ᠢᠨ ᠬᠡᠪ ᠪᠣᠯᠪᠠᠰᠤᠷᠠᠯ᠎ᠢ ᠰᠢᠯᠭᠠᠵᠦ᠂ ᠨᠥᠭᠥᠭᠡ ᠲᠠᠯ᠎ᠠ᠎ᠪᠠᠷ ᠤᠷᠤᠯᠴᠠᠭᠴᠢᠳ᠎ᠤᠨ ᠥᠰᠥᠭ ᠪᠢᠴᠢᠭ᠎ᠦᠨ ᠬᠡᠯᠪᠡᠷᠢ᠂ ᠠᠪᠢᠶ᠎ᠠ᠂ ᠤᠳᠭ᠎ᠠ᠎ᠶ᠋ᠢᠨ ᠲᠤᠬᠠᠶ ᠨᠠᠷᠢᠨ ᠣᠨᠣᠪᠴᠢᠲᠠᠶ ᠡᠵᠡᠮᠱᠢᠯᠲᠡᠶ᠋ᠢ ᠱᠢᠯᠭᠠᠨ᠂ ᠪᠠᠰᠠ ᠰᠣᠩᠭᠣᠳᠠᠭ ᠱᠢᠯᠦᠭ ᠵᠣᠬᠢᠶᠠᠯ᠎ᠢ ᠰᠣᠨᠣᠰᠴᠤ᠌ ᠪᠢᠴᠢᠬᠦ᠌ ᠪᠠᠷ ᠳᠠᠮᠵᠢᠭᠤᠯᠤᠨ ᠳᠤᠮᠳᠠᠳᠤ᠎ᠶ᠋ᠢᠨ ᠱᠢᠯᠢᠳᠡᠭ ᠰᠣᠶᠣᠯ᠎ᠤᠨ ᠠᠭᠤᠯᠤᠭ᠍ᠳᠠᠬᠤᠨ᠎ᠢ ᠮᠡᠳᠡᠷᠡᠬᠦᠯᠵᠠᠢ᠃ ᠤᠷᠤᠯᠳᠤᠭᠠᠨ ᠨᠢ ᠬᠥᠷ ᠬᠥᠭ᠌ᠵᠢᠶᠡᠨ᠎ᠲᠠᠢ᠂ ᠦᠷᠢᠰᠦᠯᠳᠦᠬᠡᠨ ᠶᠡᠬᠡᠳᠡᠢ ᠶᠠᠪᠤᠬᠳᠠᠵᠦ ᠂ ᠳᠡᠯᠭᠡᠴᠡᠨ ᠳᠡᠭᠡᠷ᠎ᠡ ᠰᠡᠳᠦᠪ ᠪᠣᠯᠤᠨ ᠰᠣᠩᠭᠣᠯᠲᠠ ᠭᠠᠷᠤᠮᠠᠭ᠍ᠴᠠ ᠲᠠᠢᠰᠠᠨ ᠳᠡᠭᠡᠷᠡᠬᠢ ᠰᠤᠷᠤᠭ᠍ᠴᠢᠳ ᠲᠡᠷᠡ ᠳᠠᠷᠤᠶ ᠳ᠋ᠤᠨᠢ ᠵᠥᠪ ᠬᠠᠷᠢᠭᠤᠯᠲᠠ ᠥᠭ᠌ᠴᠤ ᠪᠠᠢᠯ᠎ᠠ᠃
ᠦᠬᠠᠶ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠲᠣᠰ ᠤᠳᠠᠭᠠᠨ᠎ᠤ ᠤᠷᠤᠯᠳᠤᠭᠠᠨ᠎ᠨᠢ ᠱᠢᠨ᠎ᠡ ᠴᠠᠭ ᠦᠶ᠎ᠡ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠱᠠᠭᠠᠷᠳᠠᠯᠭ᠎ᠠ᠎ᠳᠤ ᠰᠠᠭᠤᠷᠢᠯᠠᠨ᠂ 《ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ᠂ ᠤᠷᠤᠯᠳᠤᠭᠠᠨ᠎ᠢᠶᠠᠷ ᠬᠡᠷᠡᠭ᠌ᠯᠡᠯᠲᠡ᠎ᠶ᠋ᠢ ᠠᠬᠢᠭᠤᠯᠬᠤ》 ᠠᠷᠭ᠎ᠠ ᠬᠡᠯᠪᠡᠷᠢ᠎ᠪᠡᠷ ᠳᠠᠮᠵᠢᠭᠤᠯᠤᠨ᠂ ᠤᠷᠤᠯᠳᠤᠭᠠᠨ ᠪᠠ ᠡᠳᠦᠷ ᠲᠤᠲᠤᠮ᠎ᠤᠨ ᠵᠢᠭᠠᠨ ᠰᠤᠷᠭᠠᠯᠲᠠ᠎ᠶ᠋ᠢ ᠭᠦᠨᠵᠡᠭᠡᠶ ᠵᠣᠯᠭᠠᠭᠤᠯᠬᠤ᠎ᠶ᠋ᠢ ᠪᠡᠶᠡᠯᠡᠭᠦᠯᠵᠦ᠍᠂ ᠤᠷᠤᠯᠳᠤᠭᠠᠨ᠎ᠳᠤ ᠣᠷᠣᠯᠴᠠᠭ᠍ᠰᠠᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠡᠵᠡᠮᠱᠢᠬᠦ᠌ ᠪᠠ ᠬᠡᠷᠡᠭ᠌ᠯᠡᠬᠦ᠌ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠱᠢᠯᠭᠠᠬᠰᠠᠨ ᠭᠡᠪᠡ᠃
ᠡᠳᠦᠭᠡ ᠦᠬᠠᠢ ᠬᠤᠳᠠ᠎ᠶ᠋ᠢᠨ ᠡᠯ᠎ᠡ ᠰᠤᠷᠭᠠᠭᠤᠯᠢ᠎ᠳᠤ ᠳᠦᠷᠢᠮᠵᠢᠭ᠌ᠰᠡᠨ ᠬᠢᠲᠠᠳ ᠦᠰᠦᠭ᠎ᠢ ᠰᠤᠷᠤᠯᠴᠠᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠬᠠᠯᠠᠭᠤᠨ ᠰᠡᠳᠭᠢᠯᠭᠡ ᠡᠳᠦᠷ ᠢᠷᠡᠬᠦᠶ᠎ᠡ ᠤᠷᠬᠢᠯ᠎ᠤᠨ ᠪᠠᠳᠠᠷᠠᠵᠤ᠂ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠶᠠᠷᠢᠵᠤ᠂ ᠳᠦᠷᠢᠮᠵᠢᠭ᠌ᠰᠡᠨ ᠦᠰᠦᠭ ᠪᠢᠴᠢᠬᠦ᠌》 ᠨᠢ ᠨᠢᠭᠡᠨᠲᠡ ᠰᠤᠷᠭᠠᠭᠤᠯᠢ᠎ᠶ᠋ᠢᠨ ᠬᠦᠷᠢᠶᠡᠨ᠎ᠦ ᠦᠵᠡᠰᠭᠦᠯᠡᠩᠲᠦ ᠰᠠᠢᠬᠠᠨ ᠦᠵᠡᠮᠵᠢ ᠪᠣᠯᠵᠠᠢ᠃ ᠬᠢᠴᠢᠶᠡᠯ ᠳᠡᠭᠡᠷ᠎ᠡ᠂ ᠪᠠᠭ᠍ᠰᠢ᠎ᠨᠠᠷ ᠨᠠᠷᠢᠨ ᠨᠢᠮᠪᠠᠶ ᠶᠠᠷᠢᠵᠤ᠂ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠦᠰᠦᠭ ᠪᠢᠴᠢᠭ᠎ᠡᠴᠡ ᠰᠣᠶᠣᠯ᠎ᠤᠨ ᠤᠭ ᠦᠨᠳᠦᠰᠦ᠎ᠶ᠋ᠢ ᠡᠷᠢᠭᠦᠯᠪᠡ;ᠬᠢᠴᠢᠶᠡᠯ᠎ᠦᠨ ᠲᠠᠩᠬᠢᠮ᠎ᠤᠨ ᠭᠠᠳᠠᠨ᠎ᠠ᠂ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠠᠷᠠᠭ᠂ ᠳᠤᠮᠳᠠᠳᠤ᠎ᠶ᠋ᠢᠨ ᠰᠣᠩᠭᠣᠳᠠᠭ ᠵᠣᠬᠢᠶᠠᠯ᠎ᠢ ᠤᠶᠠᠩᠭᠠᠯᠠᠨ ᠤᠩᠱᠢᠬᠤ ᠤᠷᠤᠯᠳᠤᠭᠠᠨ᠂ ᠳᠦᠷᠢᠮᠵᠢᠭᠦᠨ ᠬᠢᠲᠠᠳ ᠦᠰᠦᠭ᠎ᠢ ᠰᠣᠨᠣᠰᠴᠤ᠌ ᠪᠢᠴᠢᠬᠦ᠌ ᠤᠷᠤᠯᠳᠤᠭᠠᠨ᠂ ᠳ᠋ᠢᠩ ᠰᠢᠶᠠᠩ ᠨᠣᠮ ᠤᠩᠱᠢᠬᠤ ᠨᠠᠢᠷ ᠵᠡᠷᠭᠡ ᠠᠵᠢᠯᠯᠠᠭ᠎ᠠ ᠦᠷᠨᠢᠬᠦᠯᠬᠦ ᠪᠡᠷ ᠳᠠᠮᠵᠢᠨ᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠶ᠋ᠢᠨ ᠬᠠᠮᠲᠤ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠠ ᠰᠣᠶᠣᠯ᠎ᠤᠨ ᠬᠡᠪ ᠪᠣᠯᠪᠠᠰᠤᠷᠠᠯ᠎ᠢ ᠨᠡᠩ ᠪᠦᠲᠦᠮᠵᠢᠲᠡᠢ ᠳᠡᠭᠡᠭ᠌ᠰᠢᠯᠡᠭᠦᠯᠪᠡ᠃ 《ᠳᠤᠮᠳᠠᠳᠤ ᠤᠯᠤᠰ᠎ᠤᠨ ᠤᠷᠠᠨ ᠪᠢᠴᠢᠯᠭᠡ᠎ᠶ᠋ᠢᠨ ᠬᠣᠲᠠ》 ᠪᠣᠯᠤᠭ᠍ᠰᠠᠨ᠎ᠤ ᠬᠤᠪᠢ᠎ᠳᠤ᠂ ᠦᠬᠠᠶ ᠬᠣᠲᠠ᠎ᠶ᠋ᠢᠨ ᠡᠯ᠎ᠡ ᠱᠠᠲᠤᠨ᠎ᠤ ᠡᠯ᠎ᠡ ᠲᠥᠷᠥᠯ᠎ᠦᠨ ᠳᠤᠮᠳᠠᠳᠤ ᠪᠠᠭ᠎ᠠ ᠰᠤᠷᠭᠠᠭᠤᠯᠢ ᠪᠠᠰᠠ ᠤᠷᠠᠨ ᠪᠢᠴᠢᠯᠭᠡ᠎ᠶ᠋ᠢᠨ ᠰᠤᠷᠭᠠᠨ ᠬᠥᠮᠦᠵᠢᠯ᠎ᠢ ᠨᠡᠢᠳᠡᠮ ᠪᠥᠷᠬᠥᠭᠦᠯᠦᠭᠰᠡᠨ ᠪᠠᠢᠨ᠎ᠠ᠃