10 ᠰᠠᠷ᠎ᠠ᠎ᠶ᠋ᠢᠨ 16 ᠤ᠋ ᠡᠳᠦᠷ᠂ ᠦᠪᠤᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠡᠴᠡ ᠦᠪᠤᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠤᠬᠠᠭᠤᠯᠬᠤ ᠬᠡᠯᠲᠡᠰ ᠪᠣᠯᠤᠨ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠳᠠᠢ ᠬᠠᠮᠳᠤᠷᠠᠨ ᠡᠷᠭᠢᠯᠡᠭ᠌ᠰᠡᠨ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠶ ᠴᠢᠬᠤᠯᠠ ᠥᠭᠦᠯᠡᠯᠲᠡ ᠵᠢᠨ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠵᠦ᠂ ᠣᠷᠣᠨ᠎ᠤ ᠳᠣᠲᠣᠨ᠎ᠠ ᠭᠠᠳᠠᠨᠠᠬᠢ ᠦᠨᠳᠦᠰᠦᠲᠡᠨ᠎ᠦ ᠠᠵᠢᠯ᠎ᠤᠨ ᠬᠦᠷᠢᠶᠡᠨ᠎ᠳᠡᠬᠢ 100 ᠭᠠᠷᠤᠢ ᠡᠷᠳᠡᠮᠲᠡᠨ ᠮᠡᠷᠭᠡᠵᠢᠯᠲᠡᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠷᠭ᠎ᠠ ᠤᠬᠠᠭᠠᠨ ᠳᠡᠪᠱᠢᠭᠦᠯᠪᠡ᠃
ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭ᠍ᠰᠠᠨ ᠡᠷᠳᠡᠮᠲᠡᠡ ᠮᠡᠷᠭᠡᠵᠢᠯᠲᠡᠳ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠦᠷ᠎ᠡ ᠪᠦᠲᠦᠭᠡᠯ᠎ᠢᠶᠡᠨ ᠳᠡᠯᠭᠡᠨ ᠦᠵᠡᠭᠦᠯᠵᠦ᠍᠂ ᠲᠤᠷᠱᠢᠯᠭ᠎ᠠ᠎ᠪᠠᠨ ᠰᠣᠯᠢᠯᠴᠠᠪᠠ᠃ ᠯᠢᠦ ᠪᠦᠦ ᠮᠢᠩ᠂ ᠭᠤᠸᠠᠨ ᠺᠠᠢ᠂ ᠯᠢ ᠱᠸ᠋ ᠯᠢᠨ᠂ ᠾᠧ ᠱᠧᠩ ᠬᠠᠢ ᠵᠡᠷᠭᠡ ᠣᠷᠣᠨ᠎ᠤ ᠳᠣᠲᠣᠨ᠎ᠠ ᠭᠠᠳᠠᠨᠠᠬᠢ ᠡᠷᠳᠡᠮᠲᠡᠡ ᠮᠡᠷᠭᠡᠵᠢᠯᠲᠡᠳ ᠲᠤᠰ ᠲᠤᠰ᠎ᠤᠨ ᠤᠨᠤᠯ᠎ᠤᠨ ᠰᠤᠳᠤᠯᠭᠠᠨ᠎ᠤ ᠴᠢᠭ᠌ᠯᠡᠯ᠂ ᠦᠢᠯᠡᠳᠦᠯᠭᠡ ᠰᠦᠪᠡᠭ᠌ᠴᠢᠯᠡᠯ᠎ᠦᠨ ᠲᠤᠷᠱᠢᠯᠭ᠎ᠠ᠎ᠲᠠᠶ᠎ᠪᠠᠨ ᠤᠶᠠᠯᠳᠤᠭᠤᠯᠤᠨ ᠭᠣᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃ ᠬᠤᠷᠠᠯ᠎ᠠᠴᠠ ᠪᠠᠰᠠ ᠲᠤᠰᠭᠠᠢ ᠰᠡᠳᠦᠪᠲᠦ ᠰᠤᠳᠤᠯᠤᠨ ᠶᠠᠷᠢᠯᠴᠠᠭ᠎ᠠ ᠪᠠ ᠤᠨᠤᠯ᠎ᠤᠨ ᠰᠤᠳᠤᠯᠭᠠᠨ᠎ᠤ ᠦᠷ᠎ᠡ ᠪᠦᠲᠦᠭᠡᠯ᠎ᠦᠨ ᠦᠵᠡᠭᠦᠯᠭᠡ ᠬᠢᠵᠠᠢ᠃
ᠣᠢᠯᠠᠭᠠᠭ᠍ᠰᠠᠨ᠎ᠢᠶᠠᠷ᠂ ᠦᠪᠤᠷ ᠮᠤᠡᠭᠭᠤᠯ ᠨᠢᠭᠡᠨᠲᠡ 3 ᠵᠢᠯ ᠳᠠᠷᠠᠭᠠᠯᠠᠨ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠴᠢᠬᠤᠯᠠ ᠥᠭᠦᠯᠡᠯᠲᠡ ᠵᠢᠨ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠶ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠵᠢ ᠦᠷᠭᠦᠯᠵᠢᠯᠡᠨ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠣᠨᠣᠯ ᠪᠠ ᠦᠶ᠋ᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠢ ᠰᠤᠳᠤᠯᠤᠨ ᠲᠣᠳᠣᠷᠬᠠᠢᠯᠠᠵᠤ᠂ ᠦᠪᠤᠷ ᠮᠤᠡᠭᠭᠤᠯ ᠤ᠋ᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠤᠭ᠍ᠰᠠᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠭᠦᠨᠵᠡᠭᠡᠢ ᠰᠣᠯᠢᠯᠴᠠᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠬᠦᠴᠦᠲᠡᠶ ᠦᠵᠡᠯ ᠰᠠᠨᠠᠭ᠎ᠠ ᠪᠣᠯᠤᠨ ᠣᠨᠣᠯ᠎ᠤᠨ ᠲᠤᠯᠭᠠᠭᠤᠷᠢᠯᠠᠯ ᠬᠠᠩᠭᠠᠬᠤ ᠵᠢ ᠵᠤᠷᠢᠵᠠᠢ᠃