ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ
ᠪᠠᠢᠩᠭᠤ᠎ᠶᠢᠨ ᠬᠤᠷᠢᠶ᠎ᠠ ᠵᠢᠨ 2026 ᠣᠨ᠎ᠤ ᠬᠢᠨᠠᠯᠲᠠ ᠲᠠᠯᠪᠢᠬᠤ ᠵᠥᠪᠯᠡᠬᠦ ᠰᠡᠳᠦᠪ᠎ᠦᠨ
ᠰᠠᠨᠠᠭᠤᠯᠭ᠎ᠠ ᠵᠢ
ᠨᠡᠢᠭᠡᠮᠨᠡᠢᠲᠡ ᠡᠴᠡ ᠢᠯᠡ᠎ᠪᠡᠷ ᠡᠯᠰᠡᠬᠦ ᠲᠤᠬᠠᠢ ᠠᠯᠪᠠᠨ ᠵᠠᠷᠯᠠᠯ
ᠠᠷᠠᠳ ᠲᠦᠮᠡᠨ᠎ᠦ ᠪᠠᠢᠳᠠᠯ᠎ᠢ ᠮᠡᠳᠡᠬᠦ ᠡᠷᠬᠡ᠂ ᠣᠷᠣᠯᠴᠠᠬᠤ
ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ᠎ᠶᠢ ᠪᠠᠲᠤᠯᠠᠵᠤ᠂ ᠠᠷᠠᠳ ᠤᠯᠠᠨ᠎ᠤ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠠᠵᠢᠯ᠎ᠳᠤ ᠡᠮᠬᠢ
ᠵᠢᠷᠤᠮ᠎ᠲᠠᠢ ᠣᠷᠣᠯᠴᠠᠬᠤ᠂ ᠬᠥᠭᠵᠢᠯᠲᠡ ᠵᠢᠨ ᠪᠥᠬᠥ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠤᠯᠠᠮ ᠨᠢᠭᠡ ᠠᠯᠬᠤᠮ
ᠥᠷᠭᠡᠳᠬᠡᠬᠦ ᠵᠢᠨ ᠲᠦᠯᠦᠭᠡ᠂ ᠡᠳᠦᠭᠡ ᠨᠡᠢᠭᠡᠮ ᠨᠡᠢᠲᠡ᠎ᠡᠴᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ
ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ 2026 ᠣᠨ᠎ᠤ ᠬᠢᠨᠠᠯᠲᠠ ᠲᠠᠯᠪᠢᠬᠤ ᠵᠥᠪᠯᠡᠬᠦ ᠰᠡᠳᠦᠪ᠎ᠦᠨ
ᠰᠠᠨᠠᠭᠤᠯᠭ᠎ᠠ᠎ᠶᠢ ᠢᠯᠡ᠎ᠪᠡᠷ ᠡᠯᠰᠡᠵᠦ ᠪᠤᠢ᠂ ᠪᠣᠳᠠᠲᠠᠢ ᠵᠦᠢᠯᠡᠰ᠎ᠢ ᠳᠣᠣᠷᠠᠬᠢ ᠮᠡᠲᠦ ᠵᠠᠷᠯᠠᠨ ᠨᠡᠢᠲᠡᠯᠡᠶ᠎ᠡ᠄
ᠨᠢᠭᠡ᠂ ᠡᠯᠰᠡᠬᠦ ᠠᠭᠤᠯᠭ᠎ᠠ
(ᠨᠢᠭᠡ) ᠬᠠᠤᠯᠢ ᠬᠡᠷᠡᠭᠵᠢᠭᠦᠯᠦᠯᠲᠡ᠎ᠶᠢᠨ ᠪᠠᠢᠴᠠᠭᠠᠯᠲᠠ
ᠥᠷᠨᠢᠭᠦᠯᠬᠦ ᠲᠤᠬᠠᠢ ᠵᠥᠪᠯᠡᠬᠦ ᠰᠡᠳᠦᠪ;
(ᠬᠣᠶᠠᠷ) ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ ᠬᠢᠨᠠᠨ
ᠪᠠᠢᠴᠠᠭᠠᠬᠤ ᠵᠥᠪᠯᠡᠯ ᠰᠢᠬᠦᠬᠦ ᠬᠣᠷᠢᠶ᠎ᠠ ᠪᠠᠢᠴᠠᠭᠠᠬᠤ ᠬᠤᠷᠢᠶ᠎ᠠ》᠎ᠶᠢᠨ
ᠲᠤᠰᠬᠠᠢ ᠲᠦᠷᠦᠯ᠎ᠤᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠬᠦ ᠵᠥᠪᠯᠡᠬᠦ ᠰᠡᠳᠦᠪ;
(ᠭᠤᠷᠪᠠ) ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ
ᠡᠷᠬᠡ ᠲᠤᠰᠢᠶᠠᠯ᠎ᠤᠨ ᠬᠡᠪᠴᠢᠶᠡᠨ᠎ᠳᠦ ᠬᠠᠷᠢᠶᠠᠯᠠᠭᠳᠠᠬᠤ ᠪᠤᠰᠤᠳ ᠬᠢᠨᠠᠯᠲᠠ ᠲᠠᠯᠪᠢᠬᠤ ᠵᠦᠢᠯᠡᠰ᠃
ᠬᠣᠶᠠᠷ᠂ ᠵᠥᠪᠯᠡᠬᠦ ᠰᠡᠳᠦᠪ᠎ᠦᠨ ᠱᠠᠭᠠᠷᠳᠠᠯᠭ᠎ᠠ
(ᠨᠢᠭᠡ) ᠲᠤᠷᠠᠳᠤᠭᠰᠠᠨ ᠵᠥᠪᠯᠡᠬᠦ ᠰᠡᠳᠦᠪ ᠨᠢ ᠪᠦᠬᠦ
ᠣᠷᠣᠨ᠎ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠶᠡᠬᠡ ᠲᠠᠯ᠎ᠠ ᠪᠣᠯᠣᠨ ᠣᠯᠠᠨ ᠲᠦᠮᠡᠨ᠎ᠦ ᠲᠤᠰ ᠪᠡᠶ᠎ᠡ᠎ᠶᠢᠨ
ᠠᠰᠢᠭ᠋ ᠲᠤᠰᠠᠲᠠᠢ ᠬᠣᠯᠪᠣᠭᠳᠠᠬᠤ᠂ ᠨᠡᠢᠭᠡᠮ ᠨᠡᠢᠲᠡ ᠵᠢᠨ ᠨᠡᠢᠳᠡᠮ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ
ᠲᠣᠭᠣᠷᠢᠨ᠎ᠳᠤ ᠪᠠᠢᠵᠥ᠂ ᠨᠡᠢᠲᠡᠯᠢᠭ ᠴᠢᠨᠠᠷ ᠪᠠ ᠲᠥᠯᠥᠭᠡᠯᠡᠬᠦ ᠴᠢᠨᠠᠷᠲᠠᠢ ᠪᠠᠢᠬᠤ᠃
(ᠬᠣᠶᠠᠷ) ᠵᠥᠪᠯᠡᠬᠦ ᠰᠡᠳᠦᠪ᠎ᠲᠤ ᠭᠤᠤᠯ ᠭᠠᠷᠴᠠᠭ
ᠲᠠᠢ ᠪᠠᠢᠵᠦ᠂ ᠲᠤᠰ ᠵᠦᠢᠯ᠎ᠦᠨ ᠬᠢᠨᠠᠯᠲᠠᠲᠠᠯᠪᠢᠬᠤ ᠵᠢ ᠦᠷᠨᠢᠭᠦᠯᠬᠦ ᠴᠢᠬᠤᠯᠠ ᠴᠢᠨᠠᠷ ᠪᠤᠶᠤ ᠰᠢᠢᠳᠪᠦᠷᠢᠯᠡᠬᠦ
ᠴᠢᠬᠤᠯᠠᠲᠠᠢ ᠭᠣᠣᠯ ᠠᠰᠠᠭᠤᠳᠠᠯ ᠵᠡᠷᠭᠡ᠎ᠶᠢ ᠲᠣᠳᠣᠷᠬᠠᠢ ᠪᠢᠴᠢᠬᠦ᠎ᠶᠢᠨ ᠬᠠᠮᠲᠤ ᠬᠠᠷᠢᠯᠴᠠᠬᠤ ᠬᠥᠮᠥᠨ ᠪᠠ ᠬᠠᠷᠢᠯᠴᠠᠬᠤ
ᠠᠷᠭ᠎ᠠ ᠮᠠᠶᠢᠭ᠋᠎ᠢᠶᠠᠨ ᠲᠣᠳᠣᠷᠬᠠᠢᠯᠠᠵᠤ᠂ ᠬᠦᠯᠢᠶᠡᠨ ᠠᠪᠤᠭᠰᠠᠨ ᠪᠠᠢᠳᠠᠯ᠎ᠢ ᠬᠠᠷᠢᠭᠤ ᠲᠤᠰᠬᠠᠬᠤ᠎ᠳᠦ
ᠲᠦᠬᠦᠮ ᠬᠠᠨᠭᠭᠠᠬᠤ ᠬᠡᠷᠡᠭᠲᠡᠢ᠃
ᠭᠤᠷᠪᠠ᠂ ᠵᠥᠪᠯᠡᠬᠦ ᠰᠡᠳᠦᠪ᠎ᠢ ᠳᠤᠷᠠᠳᠬᠤ ᠠᠷᠭ᠎ᠠ ᠮᠠᠶᠢᠭ
ᠢᠮᠧᠯ᠂ ᠵᠠᠬᠢᠳᠠᠯ᠂ ᠰᠦᠯᠵᠢᠶᠡᠨ ᠳᠡᠭᠡᠷ᠎ᠡ ᠲᠤᠰᠢᠶᠠᠬᠤ
ᠭᠤᠷᠪᠠᠨ ᠵᠦᠢᠯ᠎ᠦᠨ ᠠᠷᠭ᠎ᠠ ᠮᠠᠶᠢᠭ᠋᠎ᠢᠶᠠᠷ ᠲᠠᠮᠵᠢᠭᠤᠯᠤᠨ᠂ 2025 ᠣᠨ᠎ᠤ 11 ᠰᠠᠷ᠎ᠠ᠎ᠶᠢᠨ 7 ᠤ ᠡᠳᠦᠷ᠎ᠦᠨ
24 ᠴᠠᠭ ᠪᠤᠯᠲᠠᠯ᠎ᠠ ᠲᠤᠰᠢᠶᠠᠵᠦ ᠪᠤᠯᠤᠨ᠎ᠠ᠃
ᠢᠮᠧᠯ᠄ rdzhyc@163.com
ᠬᠠᠷᠢᠯᠴᠠᠬᠤ ᠬᠠᠶᠢᠭ᠋᠄ ᠬᠥᠬᠡᠬᠣᠲᠠ᠎ᠶᠢᠨ ᠰᠢᠨ᠎ᠡ ᠬᠣᠲᠠ
ᠲᠣᠭᠣᠷᠢᠭ᠋᠎ᠤᠨ ᠵᠥᠩ ᠱᠠᠨ ᠵᠡᠭᠦᠨ ᠵᠠᠮ᠎ᠤᠨ 3 ᠳ᠋ᠤᠭᠠᠷ ᠨᠤᠮᠸᠷ ᠤ᠋ᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠰᠤᠳᠤᠯᠬᠤ ᠲᠠᠰᠤᠭ᠎ᠤᠨ ᠶᠡᠷᠦᠩᠬᠡᠢᠯᠡᠭᠰᠡᠨ
ᠨᠢᠭᠡᠳᠦᠭᠡᠷ ᠭᠠᠵᠠᠷ
ᠰᠦᠯᠵᠢᠶᠡᠨ ᠳᠡᠭᠡᠷ᠎ᠡ ᠦᠭᠡ ᠦᠯᠡᠳᠡᠭᠡᠬᠦ ᠠᠷᠭ᠎ᠠ᠄ ᠳᠣᠣᠷ᠎ᠠ
ᠲᠠᠯ᠎ᠠ ᠵᠢᠨ ᠬᠣᠶᠠᠷ ᠬᠡᠮᠵᠢᠯᠲᠦ ᠺᠣᠳ᠋᠎ᠢ ᠰᠢᠷᠪᠢᠵᠦ ᠡᠯᠰᠡᠨ ᠴᠤᠭᠯᠠᠭᠤᠯᠬᠤ ᠨᠢᠭᠤᠷ᠎ᠲᠦ ᠤᠷᠤᠨ᠎ᠠ
ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠠᠯᠪᠠᠨ ᠲᠢᠩᠬᠢᠮ
2025 ᠣᠨ ᠤ 10 ᠰᠠᠷ᠎ᠠ
ᠶᠢᠨ 20᠎ᠤ ᠡᠳᠦᠷ
ᠢᠷᠡᠯᠲᠡ᠄ ᠥᠪᠥᠷ ᠮᠣᠩᠭᠣᠯ᠎ᠤᠨ ᠠᠷᠠᠳ᠎ᠤᠨ
ᠲᠥᠯᠥᠭᠡᠯᠡᠭᠴᠢᠳ᠎ᠦᠨ ᠶᠡᠬᠡ ᠬᠤᠷᠠᠯ