ᠥᠪᠥᠷ ᠮᠣᠩᠭᠣᠯ᠎ᠤᠨ ᠮᠢᠩ ᠴᠢᠤᠸᠠᠨ ᠲᠠᠷᠢᠶᠠᠯᠠᠩ ᠮᠠᠯ ᠠᠵᠤ ᠠᠬᠤᠢ᠎ᠶᠢᠨ ᠬᠢᠵᠠᠭᠠᠷᠲᠤ ᠺᠣᠮᠫᠠᠨᠢ ᠣᠢᠷ᠎ᠠ᠎ᠳᠤ 《ᠲᠥᠪ ᠪᠠᠩᠬᠢ᠎ᠶᠢᠨ ᠢᠲᠡᠭᠡᠮᠵᠢᠲᠦ ᠵᠢᠭᠡᠯᠡᠯᠭᠡ ᠵᠢᠨ ᠳᠠᠪᠴᠠᠡᠭ》 (ᠢᠲᠡᠭᠡᠮᠵᠢᠲᠦ ᠵᠢᠭᠡᠯᠡᠯᠭᠡ᠎ᠶᠢᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠲᠠᠪᠴᠠᠩ) ᠵᠢᠡᠷ ᠳᠠᠮᠵᠢᠭᠤᠯᠤᠨ 500 ᠲᠦᠮᠡᠨ ᠲᠥᠭᠥᠷᠢᠭ᠎ᠦᠨ ᠪᠡᠯᠡ ᠲᠣᠬᠢᠷᠠᠭᠤᠯᠭ᠎ᠠ ᠤᠯᠵᠥ᠂ ᠡᠨᠡ ᠨᠢ ᠥᠪᠥᠷ ᠮᠣᠩᠭᠣᠯ᠎ᠤᠨ ᠠᠩᠬᠠᠳᠠᠭ᠍ᠴᠢ 《ᠲᠥᠪ ᠪᠠᠩᠬᠢ᠎ᠶᠢᠨ ᠢᠲᠡᠭᠡᠮᠵᠢᠲᠦ ᠵᠢᠭᠡᠯᠡᠯᠭᠡ᠎ᠶᠢᠨ ᠳᠠᠪᠴᠠᠡᠭ》 ᠵᠢᠡᠷ ᠪᠡᠯᠡ ᠲᠣᠬᠢᠷᠠᠭᠤᠯᠬᠤ ᠲᠤᠬᠠᠢᠯᠠᠭᠰᠠᠨ ᠠᠵᠢᠯ ᠠᠮᠵᠢᠯᠲᠠ ᠲᠠᠢ ᠪᠠᠷ ᠨᠠᠢᠳᠠᠪᠤᠷᠢᠵᠢᠭᠤᠯᠤᠬᠳᠠᠬᠰᠠᠨᠢ ᠬᠠᠷᠠᠭᠤᠯᠵᠤ ᠪᠠᠢᠨ᠎ᠠ᠃
《ᠲᠥᠪ ᠪᠠᠩᠬᠢ᠎ᠶᠢᠨ ᠢᠲᠡᠭᠡᠮᠵᠢᠲᠦ ᠵᠢᠭᠡᠯᠡᠯᠭᠡ ᠵᠢᠨ ᠳᠠᠪᠴᠠᠡᠭ》 ᠪᠣᠯ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠪᠠᠢᠭᠤᠯᠤᠭᠰᠠᠨ ᠢᠲᠡᠭᠡᠮᠵᠢᠲᠦ ᠵᠢᠭᠡᠯᠡᠯᠭᠡ᠎ᠶᠢᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠲᠠᠪᠴᠠᠩ ᠮᠥᠨ᠂ ᠳᠤᠰ ᠳᠠᠪᠴᠠᠩ ᠨᠢ ᠪᠡᠯᠡ ᠲᠣᠬᠢᠷᠠᠭᠤᠯᠭ᠎ᠠ᠎ᠶᠢ ᠵᠣᠯᠭᠠᠭᠤᠯᠬᠤ ᠪᠠ ᠲᠥᠷᠥ᠎ᠶᠢᠨ ᠪᠣᠳᠣᠯᠭ᠎ᠠ᠎ᠶᠢ ᠳᠠᠮᠵᠢᠭᠤᠯᠬᠤ ᠰᠦᠯᠵᠢᠶᠡᠨ ᠳᠡᠭᠡᠷᠡᠬᠢ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠢᠲᠡᠭᠡᠮᠵᠢᠲᠦ ᠵᠢᠭᠡᠯᠡᠯᠭᠡ᠎ᠶᠢᠨ ᠲᠥᠷᠥ᠎ᠶᠢᠨ ᠪᠣᠳᠣᠯᠭ᠎ᠠ᠎ᠶᠢ ᠳᠠᠮᠵᠢᠭᠤᠯᠬᠤ ᠨᠠᠷᠢᠯᠢᠭ᠋ ᠣᠨᠣᠴᠠᠳᠠᠢ ᠴᠢᠨᠠᠷ᠂ ᠰᠢᠭᠤᠳ ᠳᠠᠮᠵᠢᠭᠤᠯᠬᠤ ᠴᠢᠨᠠᠷ᠎ᠢ ᠳᠡᠭᠡᠭᠰᠢᠯᠡᠭᠦᠯᠵᠦ᠂ ᠪᠡᠯᠡ ᠮᠥᠩᠭᠥ ᠬᠠᠩᠭᠠᠬᠤ ᠪᠠ ᠬᠡᠷᠡᠭᠰᠡᠬᠦ ᠬᠣᠶᠠᠷ ᠲᠠᠯ᠎ᠠ᠎ᠳᠤ ᠥᠨᠳᠥᠷ ᠪᠦᠲᠦᠮᠵᠢᠲᠡᠶ᠂ ᠳᠥᠭᠥᠮ ᠳᠥᠲᠡ ᠪᠡᠯᠡ ᠲᠣᠬᠢᠷᠠᠭᠤᠯᠭ᠎ᠠ᠎ᠶᠢᠨ ᠮᠡᠳᠡᠭᠡ ᠵᠠᠩᠭᠢ᠎ᠶᠢ ᠵᠣᠯᠭᠠᠭᠤᠯᠬᠤ ᠦᠢᠯᠡᠴᠢᠯᠡᠭᠡ ᠬᠠᠩᠭᠠᠬᠤ᠎ᠶᠢ ᠵᠤᠷᠢᠪᠠ᠃ ᠥᠪᠥᠷ ᠮᠣᠩᠭᠣᠯ᠎ᠤᠨ ᠮᠢᠩ ᠴᠢᠦᠸᠠᠨ ᠲᠠᠷᠢᠶᠠᠯᠠᠩ ᠮᠠᠯ ᠠᠵᠤ ᠠᠬᠤᠢ᠎ᠶᠢᠨ ᠬᠢᠵᠠᠭᠠᠷᠲᠤ ᠺᠣᠮᠫᠠᠨᠢ᠎ᠶᠢᠨ ᠭᠣᠣᠯ ᠡᠵᠡᠩᠨᠡᠯᠲᠡ᠎ᠶᠢᠨ ᠲᠤᠬᠠᠢᠯᠠᠭᠰᠠᠨ ᠠᠵᠢᠯ ᠨᠢ ᠰᠠᠭᠠᠯᠢ᠎ᠶᠢᠨ ᠦᠨᠢᠶ᠎ᠡ ᠲᠡᠵᠢᠭᠡᠨ ᠦᠷᠡᠵᠢᠭᠦᠯᠬᠦ ᠪᠣᠯᠣᠨ᠎ᠠ᠂ ᠣᠢᠷ᠎ᠠ᠎ᠶᠢᠨ ᠬᠤᠭᠤᠴᠠᠭᠠᠨ᠎ᠳᠤ᠂ ᠲᠣᠰ ᠺᠣᠮᠫᠠᠨᠢ ᠪᠡᠯᠡ ᠮᠥᠩᠭᠥᠨ᠎ᠦ ᠡᠷᠭᠢᠯᠲᠡ᠎ᠶᠢᠨ ᠬᠦᠴᠢᠷᠳᠡᠯ᠎ᠡᠴᠡ ᠪᠣᠯᠵᠤ ᠪᠡᠯᠡ ᠲᠣᠬᠢᠷᠠᠭᠤᠯᠭ᠎ᠠ᠎ᠶᠢᠨ ᠳᠡᠮᠵᠢᠯᠭᠡ ᠪᠠᠴᠢᠮ ᠱᠠᠭᠠᠷᠳᠠᠭᠳᠠᠵᠤ ᠪᠠᠢᠯ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠪᠠᠢᠳᠠᠯ᠎ᠢ ᠨᠢ ᠣᠢᠯᠠᠭᠠᠭᠰᠠᠨ᠎ᠤ ᠳᠠᠷᠠᠭ᠎ᠠ᠂ ᠲᠤᠰᠬᠠᠢ ᠬᠥᠮᠥᠨ ᠲᠣᠮᠢᠯᠠᠨ ᠵᠣᠯᠭᠠᠭᠤᠯᠵᠤ᠂ ᠳᠤᠰ ᠺᠤᠮᠫᠠᠨᠢ ᠵᠢ ᠵᠢᠯᠣᠭᠣᠳᠤᠨ 《ᠲᠥᠪ ᠪᠠᠩᠬᠢ᠎ᠶᠢᠨ ᠢᠲᠡᠭᠡᠮᠵᠢᠲᠦ ᠵᠢᠭᠡᠯᠡᠯᠭᠡ᠎ᠶᠢᠨ ᠳᠠᠪᠴᠠᠡᠭ》 ᠳ᠋ᠤ ᠳᠠᠩᠰᠠᠯᠠᠭᠤᠯᠬᠤ᠎ᠶᠢᠨ ᠬᠠᠮᠲᠤ ᠪᠡᠯᠡ ᠲᠣᠬᠢᠷᠠᠭᠤᠯᠭ᠎ᠠ᠎ᠶᠢᠨ ᠭᠤᠶᠤᠴᠢᠯᠠᠯ᠎ᠢ ᠨᠢ ᠳᠡᠪᠰᠢᠬᠦᠯᠪᠡ᠃
ᠠᠵᠤ ᠠᠬᠤᠢᠯᠠᠯ᠎ᠤᠨ ᠰᠦᠯᠵᠢᠶᠡᠨ ᠳᠡᠭᠡᠷ᠎ᠡ ᠳᠡᠪᠰᠢᠬᠦᠯᠦᠭᠰᠡᠨ ᠪᠡᠯᠡ ᠲᠣᠬᠢᠷᠠᠭᠤᠯᠭ᠎ᠠ᠎ᠶᠢᠨ ᠭᠤᠶᠤᠴᠢᠯᠠᠯ᠎ᠢ ᠣᠯᠣᠭᠰᠠᠨ᠎ᠤ ᠳᠠᠷᠠᠭ᠎ᠠ᠂ ᠦᠢᠯᠡᠳᠪᠦᠷᠢ ᠬᠤᠳᠠᠯᠳᠤᠭᠠᠨ᠎ᠤ ᠪᠠᠩᠬᠢ᠎ᠶᠢᠨ ᠪᠤᠭᠤᠲᠤ ᠬᠤᠳᠠ᠎ᠶᠢᠨ ᠬᠤᠪᠢᠶᠠᠷᠢ ᠪᠠᠩᠬᠢ ᠦᠳᠲᠡᠷ ᠲᠦᠷᠭᠡᠨ ᠠᠵᠢᠯ ᠵᠢᠡᠨ ᠦᠷᠨᠢᠬᠦᠯᠵᠥ᠂ ᠠᠵᠤ ᠠᠬᠤᠢᠯᠠᠯ ᠳ᠋ᠤ ᠲᠡᠵᠢᠭᠡᠨ ᠦᠷᠡᠵᠢᠭᠦᠯᠬᠦ e ᠵᠢᠭᠡᠯᠡᠯᠭᠡ᠎ᠶᠢᠨ ᠦᠢᠯᠡᠳᠬᠦᠨ᠎ᠢ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠬᠤ᠎ᠶᠢᠨ ᠬᠠᠮᠲᠤ ᠭᠤᠷᠪᠠᠳᠠᠭᠢ ᠡᠲᠡᠭᠡᠳ᠎ᠦᠨ ᠳᠠᠭᠠᠭᠠᠯᠲᠠ ᠬᠢᠯᠬᠡᠬᠦ᠎ᠪᠡᠷ ᠳᠠᠮᠵᠢᠭᠤᠯᠤᠨ ᠲᠡᠳᠡᠨ᠎ᠦ ᠢᠲᠡᠭᠡᠮᠵᠢ ᠣᠯᠭᠣᠬᠤ ᠲᠣᠭ᠎ᠠ ᠬᠡᠮᠵᠢᠶ᠎ᠡ᠎ᠶᠢ ᠳᠡᠭᠡᠭᠰᠢᠯᠡᠭᠦᠯᠵᠦ᠂ ᠡᠴᠦᠰ᠎ᠲᠡᠬᠡᠨ ᠲᠤᠰ ᠠᠵᠤ ᠠᠬᠤᠢᠯᠠᠯ᠎ᠳᠤ 500 ᠲᠦᠮᠡᠨ ᠲᠥᠭᠥᠷᠢᠭ᠎ᠦᠨ ᠪᠡᠯᠡ ᠲᠣᠬᠢᠷᠠᠭᠤᠯᠭ᠎ᠠ᠎ᠶᠢ ᠠᠮᠵᠢᠯᠲᠠ᠎ᠲᠠᠢ ᠬᠠᠩᠭᠠᠵᠤ᠂ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠬᠡᠷᠡᠭᠴᠡᠭᠡ᠎ᠶᠢ ᠴᠠᠭ ᠲᠤᠬᠠᠢ ᠳ᠋ᠤᠨᠢ ᠪᠦᠲᠦᠮᠵᠢᠲᠡᠢ ᠬᠠᠩᠭᠠᠵᠤ᠂ ᠲᠡᠭᠦᠨ᠎ᠦ ᠬᠣᠢᠰᠢᠳᠠ᠎ᠶᠢᠨ ᠦᠢᠯᠡᠳᠪᠦᠷᠢᠯᠡᠯ᠎ᠢᠶᠡᠨ ᠥᠷᠭᠡᠳᠬᠡᠬᠦ᠂ ᠮᠡᠷᠭᠡᠵᠢᠯ᠎ᠢᠶᠡᠨ ᠲᠡᠰ ᠳᠡᠪᠰᠢᠭᠦᠯᠬᠦ᠂ ᠲᠣᠭᠲᠠᠭᠤᠨ ᠡᠵᠡᠩᠨᠡᠯᠲᠡ᠎ᠳᠦ ᠨᠢ ᠬᠦᠴᠦᠲᠡᠢ ᠲᠤᠯᠭᠠᠭᠤᠷᠢᠯᠠᠯ ᠬᠠᠩᠭᠠᠵᠠᠢ᠃
ᠣᠢᠯᠠᠭᠠᠭᠰᠠᠨ᠎ᠢᠶᠠᠷ᠂ ᠲᠣᠰ ᠲᠤᠬᠠᠢᠯᠠᠭᠰᠠᠨ ᠠᠵᠢᠯ᠎ᠢ ᠭᠤᠶᠤᠴᠢᠯᠠᠭᠰᠠᠨ ᠡᠴᠡ ᠠᠪᠤᠭᠠᠳ ᠪᠣᠳᠠᠲᠠᠢ᠎ᠳᠤ ᠨᠠᠢᠳᠠᠪᠤᠷᠢᠵᠢᠭᠤᠯᠬᠤ ᠬᠦᠷᠲᠡᠯ᠎ᠡ ᠬᠣᠶᠠᠷᠬᠠᠨ ᠡᠳᠦᠷ᠎ᠦᠨ ᠴᠠᠭ ᠬᠡᠷᠡᠭᠰᠡᠵᠥ᠂ ᠪᠠᠩᠬᠢ ᠪᠠ ᠠᠵᠤ ᠠᠬᠤᠢᠯᠠᠯ᠎ᠤᠨ ᠵᠣᠯᠭᠠᠯᠴᠠᠭ᠎ᠠ᠎ᠶᠢᠨ ᠦᠷ᠎ᠡ ᠪᠦᠲᠦᠮᠵᠢ ᠢᠯᠡᠳᠲᠡ ᠪᠣᠯᠵᠤ᠂ ᠪᠥᠬᠥ ᠣᠷᠣᠨ᠎ᠤ ᠬᠡᠪᠴᠢᠶᠡᠨ᠎ᠳᠦ 《ᠲᠥᠪ ᠪᠠᠩᠬᠢ᠎ᠶᠢᠨ ᠢᠲᠡᠭᠡᠮᠵᠢᠲᠦ ᠵᠢᠭᠡᠯᠡᠯᠭᠡ᠎ᠶᠢᠨ ᠳᠠᠪᠴᠠᠡᠭ》 ᠵᠢᠡᠷ ᠪᠡᠯᠡ ᠲᠣᠬᠢᠷᠠᠭᠤᠯᠬᠤ ᠲᠤᠬᠠᠢᠯᠠᠭᠰᠠᠨ ᠠᠵᠢᠯ᠎ᠢ ᠳᠡᠯᠭᠡᠷᠡᠭᠦᠯᠬᠦ᠎ᠳᠦ ᠦᠢᠯᠡᠳᠦᠯᠭᠡ᠎ᠶᠢᠨ ᠥᠯᠢᠭᠡᠷ ᠵᠢᠱ᠌ᠢᠶ᠎ᠡ ᠪᠤᠯᠤᠬᠰᠠᠨ ᠪᠠᠢᠨ᠎ᠠ᠃