ᠥᠪᠥᠷ ᠮᠣᠩᠭᠣᠯ ᠡᠨᠡ ᠵᠢᠯ ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ᠎ᠢ 349 ᠪᠣᠢᠵᠢᠭᠤᠯᠪᠠ
2025-10-21 15:42:46
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ ᠵᠢᠡᠷ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠨᠡᠷᠡᠰ᠎ᠢ ᠵᠠᠷᠯᠠᠨ ᠨᠡᠢᠲᠡᠯᠡᠬᠦ᠎ᠶᠢ ᠳᠠᠭᠠᠯᠳᠤᠨ᠂ ᠦᠪᠦᠷ ᠮᠤᠩᠭᠤᠯ ᠡᠨᠡ ᠵᠢᠯ ᠨᠡᠶ᠋ᠢᠲᠡ 349 ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠰᠢᠨ᠎ᠡ᠎ᠪᠡᠷ ᠪᠣᠢᠵᠢᠭᠤᠯᠪᠠ᠃ ᠡᠲᠡᠭᠡᠷ ᠠᠵᠤ ᠠᠬᠤᠢᠯᠠᠯ ᠰᠢᠨ᠎ᠡ᠎ᠶᠢ ᠡᠭᠦᠳᠬᠦ ᠴᠢᠨᠠᠷ᠎ᠢᠶᠠᠷ ᠴᠢᠩᠭ᠎ᠠ᠂ ᠰᠤᠳᠤᠯᠤᠨ ᠨᠡᠭᠡᠭᠡᠬᠦ ᠣᠷᠣᠭᠤᠯᠤᠯᠲᠠ  ᠪᠠᠷ ᠥᠨᠳᠥᠷ᠂ ᠲᠤᠰᠬᠠᠢᠵᠢᠭ᠍ᠰᠠᠨ ᠬᠡᠮᠵᠢᠶ᠎ᠡ᠎ᠪᠡᠷ ᠥᠨᠳᠥᠷ᠂ ᠢᠵᠢ ᠪᠦᠷᠢᠳᠦᠭᠦᠯᠬᠦ ᠴᠢᠳᠠᠪᠤᠷᠢ᠎ᠪᠠᠷ ᠴᠢᠩᠭ᠎ᠠ᠂ ᠪᠣᠶ᠋ᠢᠵᠢᠯᠲᠠ᠎ᠶᠢᠨ ᠴᠢᠨᠠᠷ᠎ᠢᠶᠠᠷ ᠨᠡᠯᠢᠶᠡᠳ ᠰᠠᠢᠨ᠂ ᠬᠥᠭᠵᠢᠯᠲᠡ᠎ᠶᠢᠨ ᠳᠠᠯᠳᠠ ᠬᠦᠴᠦᠨ᠎ᠢᠶᠡᠷ ᠶᠡᠬᠡ ᠪᠠᠢᠵᠤ᠂ ᠮᠠᠨ᠎ᠤ ᠣᠷᠣᠨ᠎ᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠶ ᠪᠣᠯᠭᠠᠬᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠦᠲᠦᠭᠡᠨ ᠪᠠᠶ᠋ᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃

ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ ᠪᠣᠯ ᠠᠵᠤ ᠠᠬᠤᠢ᠎ᠶᠢᠨ ᠤᠶᠠᠨ ᠬᠠᠳᠠᠨ ᠴᠢᠨᠠᠷ᠎ᠢ ᠨᠡᠮᠡᠭᠳᠡᠭᠦᠯᠬᠦ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ ᠎ᠶᠢᠨ ᠬᠡᠯᠬᠢᠶ᠎ᠡ ᠎ᠶᠢᠨ ᠣᠳᠣᠬᠢᠴᠢᠯᠠᠯᠲᠠ ᠎ᠶᠢᠨ ᠲᠦᠪᠰᠢᠨ ᠎ᠢ ᠳᠡᠭᠡᠭᠰᠢᠯᠡᠭᠦᠯᠬᠦ ᠵᠠᠩᠭᠢᠯᠠᠭ᠎ᠠ᠎ᠶᠢᠨ ᠭᠤᠤᠯ ᠴᠣᠭᠴᠠ ᠮᠥᠨ᠂ ᠪᠠᠰᠠ ᠴᠤ᠌ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠠᠵᠤ ᠦᠢᠯᠡᠰ᠎ᠦᠨ ᠤᠷᠴᠢᠨ ᠨᠦᠬᠦᠴᠡᠯ᠎ᠢ᠎ᠲᠡᠭᠦᠯᠳᠡᠷᠵᠢᠭᠦᠯᠬᠦ᠎ᠳᠦ ᠳᠤᠲᠠᠭᠳᠠᠵᠤ ᠪᠣᠯᠣᠰᠢ ᠦᠭᠡᠢ ᠴᠢᠬᠤᠯᠠ ᠬᠦᠴᠦᠨ ᠮᠥᠨ᠃ ᠣᠢᠷ᠎ᠠ᠎ᠶᠢᠨ ᠵᠢᠯ ᠳ᠋ᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠬᠥᠭᠵᠢᠯᠲᠡ᠎ᠶᠢ ᠳᠡᠮᠵᠢᠬᠦ ᠲᠤᠬᠠᠢ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠪᠣᠢᠵᠢᠭᠤᠯᠤᠯᠲᠠ ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠲᠤᠰᠬᠠᠢ ᠨᠠᠷᠢᠯᠢᠭ᠋ ᠣᠨᠴᠠ ᠰᠢᠨ᠎ᠡ ᠠᠵᠤ ᠠᠬᠤᠢᠯᠠᠯ᠎ᠢ ᠪᠣᠢᠵᠢᠭᠤᠯᠤᠨ ᠬᠦᠴᠦᠨ ᠤᠯᠭᠤᠬᠤ ᠠᠵᠢᠯ᠎ᠢ ᠥᠷᠨᠢᠭᠦᠯᠵᠦ᠂ 《ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ — ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ — ᠲᠤᠰᠬᠠᠢ ᠨᠠᠷᠢᠯᠢᠭ᠋ ᠣᠨᠴᠠ ᠰᠢᠨ᠎ᠡ 〈ᠪᠠᠭ᠎ᠠ ᠠᠪᠤᠷᠭᠤ〉 ᠠᠵᠤ ᠠᠬᠤᠢᠯᠠᠯ — ᠦᠢᠯᠡᠳᠬᠦ ᠦᠢᠯᠡᠰ᠎ᠦᠨ ᠳᠠᠩ ᠳᠦᠷᠦᠯ᠎ᠦᠨ ᠮᠠᠩᠯᠠᠢ ᠠᠵᠤ ᠠᠬᠤᠢᠯᠠᠯ》᠎ᠤᠨ ᠴᠢᠨᠠᠷ ᠰᠠᠢᠲᠠᠢ ᠠᠵᠤ ᠠᠬᠤᠢᠯᠠᠯ᠎ᠤᠨ ᠱᠠᠲᠤᠴᠢᠯᠠᠭᠰᠠᠨ ᠪᠣᠢᠵᠢᠭᠤᠯᠤᠯᠲᠠ᠎ᠶᠢᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠪᠡ᠃

ᠣᠢᠯᠠᠭᠠᠭᠰᠠᠨ᠎ᠢᠶᠠᠷ᠂ ᠲᠤᠰᠬᠠᠢ ᠨᠠᠷᠢᠯᠢᠭ᠋ ᠣᠨᠴᠠ ᠰᠢᠨ᠎ᠡ ᠠᠵᠤ ᠠᠬᠤᠢᠯᠠᠯ᠎ᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠢᠷᠠᠭᠤᠯᠬᠤ ᠎ᠶᠢ ᠠᠬᠢᠭᠤᠯᠬᠤ᠎ᠶᠢᠨ ᠲᠥᠯᠥᠭᠡ᠂ ᠮᠠᠨ᠎ᠤ ᠣᠷᠣᠨ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠳᠤᠮᠳᠠ ᠪᠠᠭ᠎ᠠ ᠠᠵᠤ ᠠᠬᠤᠢᠯᠠᠯ᠎ᠢ ᠱᠠᠲᠤᠴᠢᠯᠠᠨ ᠪᠣᠢᠵᠢᠭᠤᠯᠬᠤ ᠠᠵᠢᠯᠯᠠᠭᠠᠨ᠎ᠤ ᠲᠥᠰᠥᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠬᠥᠭᠵᠢᠯᠲᠡ᠎ᠶᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠥᠯ (2023 — 2025)》 ᠵᠡᠷᠭᠡ ᠠᠯᠢ ᠣᠯᠠᠨ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠨᠡᠢᠲᠡᠯᠡᠵᠥ᠂ ᠴᠢᠨᠠᠷ ᠰᠠᠢᠲᠠᠢ ᠳᠤᠮᠳᠠ ᠪᠠᠭ᠎ᠠ ᠠᠵᠤ ᠠᠬᠤᠢᠯᠠᠯ᠎ᠢ ᠱᠠᠲᠤᠴᠢᠯᠠᠨ ᠪᠣᠢᠵᠢᠭᠤᠯᠬᠤ᠂ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠬᠦ᠂ ᠲᠣᠭᠠᠴᠢᠯᠠᠭᠰᠠᠨ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ ᠵᠢᠴᠢ ᠣᠨᠴᠠᠯᠢᠭ᠍ᠲᠤ ᠠᠵᠤ ᠦᠢᠯᠡᠰ᠎ᠢ ᠰᠦᠷᠦᠭᠵᠢᠬᠦᠯᠦᠨ ᠬᠥᠭᠵᠢᠭᠦᠯᠬᠦ ᠵᠡᠷᠭᠡ ᠲᠠᠯ᠎ᠠ᠎ᠶᠢᠨ ᠲᠣᠭᠣᠷᠢᠨ᠎ᠳᠤ ᠪᠣᠳᠠᠲᠠᠢ ᠠᠷᠭ᠎ᠠ ᠬᠡᠮᠵᠢᠶ᠎ᠡ ᠳᠤᠷᠠᠳᠤᠨ ᠭᠠᠷᠭᠠᠵᠤ᠂ ᠳᠤᠮᠳᠠ ᠪᠠᠭ᠎ᠠ ᠠᠵᠤ ᠠᠬᠤᠢᠯᠠᠯ᠎ᠤᠨ ᠲᠤᠰᠬᠠᠢ ᠨᠠᠷᠢᠯᠢᠭ᠋ ᠣᠨᠴᠠ ᠰᠢᠨ᠎ᠡ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠪᠥᠬᠥ ᠬᠦᠴᠦᠨ᠎ᠢᠶᠡᠷ᠎ᠢᠶᠡᠨ ᠳᠡᠮᠵᠢᠪᠡ᠃ ᠣᠲᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ ᠢ᠋ 1675᠂ ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠪᠠᠭ᠎ᠠ ᠠᠵᠤ ᠠᠬᠤᠢᠯᠠᠯ ᠢ᠋ 814᠂ ᠤᠯᠤᠰ᠎ᠤᠨ ᠲᠠᠰ᠎ᠤᠨ ᠲᠤᠰᠬᠠᠢ ᠨᠠᠷᠢᠯᠢᠭ᠋ ᠣᠨᠴᠠ ᠰᠢᠨ᠎ᠡ 《ᠪᠠᠭ᠎ᠠ ᠠᠪᠤᠷᠭᠤ》 ᠠᠵᠤ ᠠᠬᠤᠢᠯᠠᠯ᠎ᠢ 38 ᠪᠣᠢᠵᠢᠭᠤᠯᠪᠠ᠃

《ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠡᠯ᠎ᠡ ᠭᠠᠵᠠᠷ᠎ᠤᠨ ᠬᠢᠨ᠎ᠢ ᠢᠳᠡᠪᠬᠢᠲᠡᠢ ᠵᠣᠬᠢᠶᠠᠨ ᠪᠠᠢᠭᠤᠯᠵᠤ ᠪᠠᠢᠭᠠᠳ ᠲᠣᠮᠣ᠌ ᠳᠤᠮᠳᠠ ᠪᠠᠭ᠎ᠠ ᠠᠵᠤ ᠠᠬᠤᠢᠯᠠᠯ ᠢ᠋ ᠨᠡᠪᠳᠡᠷᠡᠬᠦᠯᠦᠨ ᠵᠣᠯᠭᠠᠯᠳᠤᠭᠤᠯᠬᠤ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ᠋ ᠵᠣᠯᠭᠠᠯᠳᠤᠭᠤᠯᠬᠤ᠂ ᠵᠠᠰᠠᠭ᠎ᠤᠨ ᠣᠷᠳᠣᠨ ᠮᠦᠨᠭᠬᠦᠨ ᠬᠦᠢᠯᠭᠡᠭᠡᠨ᠎ᠤ ᠪᠠᠢᠭᠤᠯᠤᠮᠵᠢ ᠠᠵᠤ ᠠᠬᠤᠢᠯᠠᠯ᠎ᠢ ᠵᠣᠯᠭᠠᠯᠳᠤᠭᠤᠯᠬᠤ ᠠᠵᠢᠯᠯᠠᠭ᠎ᠠ᠎ᠶᠢ ᠥᠷᠨᠢᠭᠦᠯᠵᠦ᠂ ᠠᠵᠤ ᠠᠬᠤᠢᠯᠠᠯ᠎ᠤᠨ ᠮᠡᠷᠭᠡᠵᠢᠯ᠎ᠦᠨ ᠲᠠᠰ ᠳᠡᠪᠰᠢᠬᠦ᠂ ᠲᠣᠭᠠᠴᠢᠯᠠᠯᠳᠡ ᠳᠡᠢᠰᠢ ᠬᠡᠯᠪᠡᠷᠢ ᠪᠠᠨ ᠬᠤᠪᠢᠷᠠᠭᠤᠯᠬᠤ ᠳ᠋ᠤ ᠬᠦᠴᠦᠨ ᠨᠡᠮᠡᠷᠢᠯᠡᠨ᠎ᠡ᠃ ᠴᠢᠨᠠᠷ ᠰᠠᠢᠲᠠᠢ ᠠᠵᠤ ᠠᠬᠤᠢᠯᠠᠯ᠎ᠢ ᠱᠠᠲᠤᠴᠢᠯᠠᠨ ᠪᠣᠢᠵᠢᠭᠤᠯᠬᠤ ᠰᠢᠰᠲᠧᠮ᠎ᠳᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠨᠡᠩ ᠤᠯᠠᠨ ᠳᠤᠮᠳᠠ ᠪᠠᠭ᠎ᠠ ᠠᠵᠤ ᠠᠬᠤᠢᠯᠠᠯ᠎ᠤᠨ ᠲᠤᠰᠬᠠᠢᠵᠢᠬᠤ᠂ ᠨᠠᠷᠢᠯᠢᠭ᠍ᠵᠢᠬᠤ᠂ ᠣᠨᠴᠠᠯᠢᠬ᠍ᠵᠢᠬᠤ᠂ ᠰᠢᠨᠡᠴᠢᠯᠡᠬᠦ ᠲᠡᠢᠰᠢ ᠬᠥᠭᠵᠢᠬᠦ᠎ᠶᠢ ᠠᠬᠢᠭᠤᠯᠵᠤ᠂ ᠮᠠᠨ᠎ᠤ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠬᠦ ᠡᠨ᠋ᠸᠷᠬᠢ ᠨᠡᠮᠡᠷᠢᠯᠡᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号