ᠰᠤᠷᠪᠤᠯᠵᠢᠯᠠᠭ᠍ᠴᠢ ᠤᠯᠠᠭᠠᠨᠴᠠᠪ᠎ᠤᠨ ᠡᠮᠨᠡᠯᠭᠡ ᠵᠢᠨ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ᠎ᠠᠴᠠ ᠣᠢᠯᠠᠭᠠᠭ᠍ᠰᠠᠨ᠎ᠢᠶᠠᠷ᠂ ᠲᠣᠰ ᠰᠤᠷᠭᠠᠭᠤᠯᠢ ᠣᠢᠷ᠎ᠠ᠎ᠳᠤ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠳᠦᠷᠢᠮᠵᠢᠭᠦᠯᠦᠭᠰᠡᠨ ᠪᠠᠷᠢᠮᠵᠢᠶ᠎ᠠ᠎ᠳᠤ ᠭᠦᠷᠦᠭ᠌ᠰᠡᠨ ᠰᠤᠷᠭᠠᠭᠤᠯᠢ》 ᠵᠢᠨ ᠢᠷᠠᠭᠤ ᠠᠯᠳᠠᠷ᠎ᠢ ᠭᠥᠷᠳᠡᠪᠡ᠃ ᠡᠨᠡ ᠬᠦ᠌ ᠢᠷᠠᠭᠤ ᠠᠯᠳᠠᠷ᠎ᠢ ᠣᠯᠤᠭ᠍ᠰᠠᠨ᠎ᠨᠢ ᠲᠣᠰ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠦᠷᠢᠮᠵᠢᠭᠦᠨ ᠬᠡᠷᠡᠭ᠌ᠯᠡᠬᠦ᠌ ᠪᠠ ᠳᠡᠯᠭᠡᠷᠡᠭᠦᠯᠬᠦ᠌ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠭ᠎ᠠ ᠵᠢᠨ ᠪᠤᠳᠠᠲᠠᠢ ᠢᠯᠡᠷᠡᠯ ᠪᠤᠯᠤᠨ᠎ᠠ᠃
ᠤᠯᠠᠭᠠᠨᠴᠠᠪ᠎ᠤᠨ ᠡᠮᠨᠡᠯᠭᠡ ᠵᠢᠨ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭ᠍ᠰᠠᠭᠠᠷ ᠢᠷᠡᠵᠦ᠍᠂ ᠣᠯᠠᠨ ᠵᠦᠢᠯ᠎ᠤᠨ ᠦᠶ᠋ᠯᠡᠳᠦᠯᠭᠡ᠎ᠪᠡᠷ ᠳᠠᠮᠵᠢᠭᠤᠯᠤᠨ᠂ ᠰᠤᠷᠤᠭ᠍ᠴᠢᠳ᠎ᠤᠨ ᠳᠦᠷᠢᠮᠵᠢᠭᠦᠨ ᠶᠠᠷᠢᠵᠦ ᠪᠢᠴᠢᠬᠦ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠪᠡ᠃ ᠱᠠᠲᠤᠯᠢᠭ ᠮᠠᠶᠢᠭ᠎ᠤᠨ ᠬᠥᠮᠦᠨ ᠬᠥᠮᠦᠵᠢᠭᠦᠯᠬᠦ᠌ ᠵᠠᠭ᠍ᠪᠤᠷ᠎ᠲᠤ ᠲᠦᠱᠢᠭ᠌ᠯᠡᠨ᠂ ᠰᠤᠷᠤᠭ᠍ᠴᠢᠳ᠎ᠤᠨ ᠦᠭᠡ ᠬᠡᠯᠡ ᠦᠰᠦᠭ ᠪᠢᠴᠢᠭ ᠰᠤᠷᠤᠯᠴᠠᠬᠤ ᠬᠠᠯᠠᠭᠤᠨ ᠤᠷᠮ᠎ᠠ᠎ᠶ᠋ᠢ ᠭᠦᠢᠴᠡᠳ ᠬᠥᠭ᠌ᠵᠢᠭᠡᠵᠦ᠍᠂ ᠨᠢᠭᠡ ᠪᠦᠯᠦᠭ ᠦᠭᠡ ᠬᠡᠯᠡᠨ᠎ᠦ ᠬᠡᠪ ᠪᠣᠯᠪᠠᠰᠤᠷᠠᠯ᠎ᠲᠠᠶ ᠰᠤᠷᠤᠭ᠍ᠴᠢ᠎ᠶ᠋ᠢ ᠬᠥᠮᠦᠵᠢᠭᠦᠯᠦᠭ᠌ᠰᠡᠨ᠎ᠢᠶᠡᠷ ᠪᠠᠷᠠᠬᠤ ᠦᠭᠡᠢ᠂ ᠨᠡᠩ ᠴᠤ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠦᠷᠢᠮᠵᠢᠭᠦᠨ ᠬᠡᠷᠡᠭ᠌ᠯᠡᠬᠦ᠌᠎ᠶ᠋ᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯᠭᠠᠵᠠᠢ᠃
ᠡᠨᠡ ᠵᠢᠯ ᠲᠣᠰ ᠰᠤᠷᠭᠠᠭᠤᠯᠢ 2025 ᠣᠨ᠎ᠤ ᠳᠦᠷᠢᠮᠵᠢᠭᠦᠨ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ᠎ᠢ ᠠᠮᠵᠢᠯᠲᠠ᠎ᠲᠠᠶ ᠡᠷᠭᠢᠯᠡᠪᠡ᠃ ᠲᠤᠰ ᠤᠷᠤᠯᠳᠤᠭᠠᠨ 《ᠠᠩᠭᠢ᠎ᠶ᠋ᠢᠨ ᠨᠤᠭᠤᠯᠤᠭ᠎ᠠ ᠤᠷᠤᠯᠳᠤᠭᠠᠨ + ᠰᠤᠷᠭᠠᠭᠤᠯᠢ᠎ᠶ᠋ᠢᠨ ᠱᠢᠶ᠋ᠳᠪᠦᠷᠢᠲᠦ ᠤᠷᠤᠯᠳᠤᠭᠠᠨ》᠎ᠤ᠋ ᠵᠠᠭ᠍ᠪᠤᠷ᠎ᠢ ᠬᠡᠷᠡᠭ᠌ᠯᠡᠵᠦ᠍᠂ ᠪᠥᠬᠥ᠌ ᠰᠤᠷᠭᠠᠭᠤᠯᠢ᠎ᠶ᠋ᠢᠨ ᠰᠤᠷᠤᠭ᠍ᠴᠢᠳ᠎ᠤᠨ ᠣᠷᠣᠯᠴᠠᠬᠤ ᠢᠳᠡᠪᠬᠢᠵᠢᠯ᠎ᠢ ᠭᠦᠶ᠋ᠴᠡᠳ ᠳᠠᠢᠴᠢᠯᠠᠭ᠍ᠰᠠᠨ ᠪᠠᠢᠨ᠎ᠠ᠃ ᠱᠠᠲᠤ ᠱᠠᠲᠤ᠎ᠪᠠᠷ ᠱᠢᠯᠢᠨ ᠰᠣᠩᠭᠣᠬᠤ᠎ᠪᠠᠷ ᠳᠠᠮᠵᠢᠨ᠂ 110 ᠰᠤᠷᠤᠭᠴᠢ ᠰᠤᠷᠭᠠᠭᠤᠯᠢ᠎ᠶ᠋ᠢᠨ ᠲᠡᠰ᠎ᠤᠨ ᠱᠢᠶ᠋ᠳᠪᠦᠷᠢᠲᠦ ᠤᠷᠤᠯᠳᠤᠭᠠᠨ᠎ᠳᠤ ᠦᠷᠢᠰᠦᠯᠳᠦᠨ᠂ ᠡᠴᠦᠰ᠎ᠲᠦ 3 ᠰᠤᠷᠤᠭ᠍ᠴᠢ ᠤᠯᠠᠨ ᠡᠴᠡ ᠤᠷᠤᠢᠯᠠᠨ ᠮᠠᠩᠯᠠᠢ ᠳ᠋ᠦ ᠲᠤᠳᠤᠷᠠᠵᠦ᠂ ᠲᠤᠰ ᠰᠤᠷᠭᠠᠭᠤᠯᠢ᠎ᠶ᠋ᠢ ᠲᠥᠯᠥᠭᠡᠯᠡᠨ ᠨᠡᠩ ᠥᠨᠳᠥᠷ ᠲᠡᠰ ᠤ᠋ᠨ ᠤᠷᠤᠯᠳᠤᠭᠠᠨ ᠳ᠋ᠤ ᠤᠷᠤᠯᠴᠠᠬᠤ ᠬᠢᠷᠢ ᠬᠡᠮ᠎ᠢ ᠣᠯᠵᠠᠢ᠃
2025 ᠣᠨ᠎ᠤ ᠬᠢᠲᠠᠳ ᠡᠮᠨᠡᠯᠭᠡ᠎ᠶ᠋ᠢᠨ ᠠᠩᠭᠢ᠎ᠶ᠋ᠢᠨ ᠭᠦᠸᠧ ᠱᠢᠩ ᠢᠦᠶ᠄《ᠥᠩᠭᠡᠷᠡᠭ᠌ᠰᠡᠨ᠎ᠳᠦ ᠳᠠᠩᠳᠠ ᠲᠦᠰᠦᠭᠡᠲᠠᠢ ᠦᠰᠦᠭ᠂ ᠠᠷᠪᠢᠨ ᠳᠠᠭᠤᠳᠠᠯᠭ᠎ᠠ᠎ᠲᠠᠶ ᠦᠰᠦᠭ ᠢ᠋ ᠪᠤᠷᠤᠭᠤ ᠪᠢᠴᠢᠳᠡᠭ ᠪᠠᠢᠵᠠᠢ᠂ ᠣᠳᠣ ᠵᠣᠬᠢᠶᠠᠯ ᠪᠢᠴᠢᠭ᠌ᠰᠡᠨ ᠴᠦ᠍ ᠲᠡᠷᠡ᠂ ᠲᠡᠮᠳᠡᠭ᠌ᠯᠡᠯ ᠬᠢᠭ᠌ᠰᠡᠨ ᠴᠦ᠍ ᠲᠡᠷᠡ ᠦᠰᠦᠭ᠎ᠢ ᠵᠦᠪ ᠣᠨᠣᠪᠴᠢᠲᠠᠶ ᠬᠡᠷᠡᠭ᠌ᠯᠡᠵᠦ᠍ ᠴᠢᠳᠠᠬᠤ ᠪᠣᠯᠵᠠᠶ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠳᠦᠷᠢᠮᠵᠢᠭᠦᠨ ᠰᠤᠷᠤᠯᠴᠠᠯᠭ᠎ᠠ ᠨᠠᠳᠠ᠎ᠳᠤ ᠨᠡᠩ ᠪᠠᠲᠤ ᠬᠡᠯᠡ ᠪᠢᠴᠢᠭ᠎ᠦᠨ ᠰᠠᠭᠤᠷᠢ᠎ᠶ᠋ᠢ ᠲᠠᠯᠪᠢᠵᠤ ᠥᠭ᠌ᠴᠡᠢ》 ᠬᠡᠵᠤ ᠰᠤᠷᠪᠤᠯᠵᠢᠯᠠᠭᠴᠢ᠎ᠳᠤ ᠶᠠᠷᠢᠭᠰᠠᠨ ᠪᠠᠢᠨ᠎ᠠ᠃
ᠬᠥᠬᠡᠬᠣᠲᠠ᠎ᠳᠤ ᠶᠠᠪᠤᠭ᠍ᠳᠠᠭ᠍ᠰᠠᠨ 2024 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠦᠷᠢᠮᠵᠢᠭᠦᠨ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ》 ᠳᠡᠭᠡᠷ᠎ᠡ ᠲᠣᠰ ᠰᠤᠷᠭᠠᠭᠤᠯᠢ᠎ᠶ᠋ᠢᠨ ᠲᠥᠯᠥᠭᠡᠯᠡᠭ᠌ᠴᠢᠳ᠎ᠦᠨ ᠠᠩᠭᠢ ᠣᠯᠠᠨ᠎ᠤ ᠬᠦᠰᠡᠯ᠎ᠢ ᠬᠥᠰᠡᠷᠳᠡᠭᠦᠯᠦᠯ ᠥᠬᠡᠶ ᠦᠭᠡ ᠬᠡᠯᠡ ᠥᠰᠥᠭ ᠪᠢᠴᠢᠭ᠎ᠦᠨ ᠭᠦᠨᠵᠡᠭᠡᠢ ᠬᠡᠪ ᠪᠣᠯᠪᠠᠰᠤᠷᠠᠯ ᠪᠠ ᠲᠤᠬᠠᠢ ᠵᠢᠨ ᠲᠠᠯᠠᠪᠠᠢ ᠳ᠋ᠡᠬᠢ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠪᠡᠷ ᠲᠠᠮᠵᠢᠨ᠂ ᠤᠯᠠᠨ ᠪᠤᠭᠤᠮᠳᠠ ᠵᠢ ᠰᠢᠪᠲᠤᠯᠤᠭᠠᠳ ᠮᠠᠩᠯᠠᠶ ᠳ᠋ᠤ ᠲᠤᠳᠤᠷᠠᠪᠠ᠃ ᠡᠨᠡ ᠬᠦ᠌ ᠢᠷᠠᠭᠤ ᠠᠯᠳᠠᠷ ᠨᠢ ᠤᠷᠤᠯᠳᠤᠭᠠᠨ᠎ᠳᠤ ᠣᠷᠣᠯᠴᠠᠭ᠍ᠰᠠᠨ ᠰᠤᠷᠤᠭ᠍ᠴᠢᠳ᠎ᠤᠨ ᠬᠤᠪᠢ ᠬᠥᠮᠦᠨ᠎ᠦ ᠴᠢᠳᠠᠪᠤᠷᠢ ᠵᠢ ᠬᠠᠷᠠᠭᠤᠯᠤᠭᠰᠠᠨ ᠵᠢᠡᠷ ᠪᠠᠷᠠᠬᠤ ᠦᠭᠡᠢ᠂ ᠨᠠᠩ ᠴᠤ᠌ ᠲᠣᠰ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠴᠢᠨᠠᠷ ᠰᠠᠢᠲᠠᠢ ᠲᠡᠯᠭᠡᠷᠡᠭᠦᠯᠦᠨ ᠬᠡᠷᠡᠭ᠌ᠯᠡᠬᠦ᠌ ᠠᠵᠢᠯ᠎ᠤᠨ ᠲᠠᠯ᠎ᠠ᠎ᠪᠠᠷ ᠬᠢ ᠪᠦᠲᠦᠮᠵᠢᠲᠡᠶ ᠰᠥᠪᠡᠭ᠌ᠴᠢᠯᠡᠯᠲᠡ ᠬᠢᠵᠤ ᠪᠠᠢᠭ᠎ᠠ ᠪᠠ ᠢᠯᠡᠳᠲᠡ ᠦᠷ᠎ᠡ ᠪᠦᠲᠦᠮᠵᠢ ᠤᠯᠵᠤ ᠪᠠᠢᠭ᠎ᠠ ᠵᠢ ᠬᠠᠷᠠᠭᠤᠯᠤᠬᠰᠠᠨ ᠪᠠᠢᠨ᠎ᠠ᠃
ᠤᠯᠠᠭᠠᠨᠴᠠᠪ᠎ᠤᠨ ᠡᠮᠨᠡᠯᠭᠡ ᠵᠢᠨ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ ᠢᠮᠠᠭ᠍ᠲᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠦᠷᠢᠮᠵᠢᠭᠦᠨ ᠬᠡᠷᠡᠭᠯᠡᠬᠦ ᠠᠵᠢᠯ᠎ᠢ ᠡᠩ᠎ᠦᠨ ᠵᠢᠭᠠᠨ ᠰᠤᠷᠭᠠᠯᠲᠠ᠎ᠳᠦ ᠠᠭᠤᠰᠭᠠᠨ᠂ ᠣᠯᠠᠨ ᠠᠷᠭ᠎ᠠ ᠬᠡᠮᠵᠢᠶ᠎ᠡ ᠠᠪᠴᠤ᠂ ᠠᠵᠢᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃ ᠨᠢᠭᠡ ᠲᠠᠯ᠎ᠠ᠎ᠪᠠᠷ᠂ ᠰᠤᠷᠤᠭ᠍ᠴᠢᠳ᠎ᠤᠨ ᠴᠢᠳᠠᠪᠤᠷᠢ᠎ᠶ᠋ᠢ ᠬᠥᠮᠦᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠳᠦᠷ ᠲᠤᠲᠤᠮ᠎ᠤᠨ ᠵᠢᠭᠠᠨ ᠰᠤᠷᠭᠠᠯᠲᠠ ᠳᠤᠮᠳᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠳᠦᠷᠢᠮᠵᠢᠯ᠎ᠤᠨ ᠱᠠᠭᠠᠷᠳᠠᠯᠭ᠎ᠠ᠎ᠶ᠋ᠢ ᠴᠢᠩᠭᠠᠳᠭᠠᠵᠤ᠂ ᠰᠤᠷᠤᠭ᠍ᠴᠢᠳ᠎ᠤᠨ ᠶᠠᠷᠢᠶ᠎ᠠ ᠢᠯᠡᠳᠭᠡᠯ ᠢ᠋ ᠵᠦᠪ ᠣᠨᠣᠪᠴᠢᠲᠠᠢ ᠬᠢᠬᠦ ᠪᠠ ᠦᠰᠦᠭ ᠪᠢᠴᠢᠭ᠎ᠢ ᠳᠦᠷᠢᠮᠵᠢᠭᠦᠨ ᠪᠢᠴᠢᠬᠦ ᠬᠢᠷᠢ ᠲᠦᠪᠰᠢᠨ᠎ᠢ ᠭᠤᠤᠯᠳᠠᠯᠭ᠎ᠠ᠎ᠲᠠᠶ ᠳᠡᠭᠡᠭ᠌ᠰᠢᠯᠡᠭᠦᠯᠵᠦ᠍᠂ ᠰᠤᠷᠤᠭ᠍ᠴᠢᠳ᠎ᠤᠨ ᠦᠭᠡ ᠬᠡᠯᠡ ᠥᠰᠥᠭ ᠪᠢᠴᠢᠭ᠎ᠢ ᠳᠦᠷᠢᠮᠵᠢᠭᠦᠯᠬᠦ ᠤᠬᠠᠮᠰᠠᠷ ᠪᠠ ᠬᠡᠷᠡᠭ᠌ᠯᠡᠭᠦ ᠴᠢᠳᠠᠪᠤᠷᠢ᠎ᠶ᠋ᠢ ᠦᠨᠡᠨ ᠬᠦ᠌ ᠴᠢᠩᠭᠠᠳᠬᠠᠵᠠᠢ᠃ ᠨᠦᠬᠦᠭᠡ ᠲᠠᠯ᠎ᠠ᠎ᠪᠠᠷ᠂ ᠪᠠᠭ᠍ᠰᠢ ᠰᠤᠷᠤᠭ᠍ᠴᠢᠳ᠎ᠤᠨ ᠦᠨᠳᠦᠰᠦᠨ ᠴᠢᠳᠠᠪᠤᠷᠢ᠎ᠶ᠋ᠢᠨ ᠪᠣᠯᠪᠠᠰᠤᠷᠠᠯ᠎ᠢ ᠴᠢᠬᠤᠯᠠᠴᠢᠯᠠᠵᠤ᠂ ᠱᠢᠰᠲ᠋ᠧᠮᠲᠦ ᠵᠢᠯᠤᠭᠤᠳᠤᠯᠭ᠎ᠠ ᠪᠠ ᠪᠠᠢ᠌ᠩᠭᠤᠵᠢᠭ᠍ᠰᠠᠨ ᠪᠣᠯᠪᠠᠰᠤᠷᠠᠯ᠎ᠢᠶᠠᠷ ᠳᠠᠮᠵᠢᠭᠤᠯᠤᠨ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠳᠦᠷᠢᠮᠵᠢᠭᠦᠨ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠠᠢ᠃ ᠡᠭᠦᠨ᠎ᠦ ᠬᠠᠮᠲᠤ᠂ 《ᠨᠣᠮ ᠤᠩᠱᠢᠬᠤ ᠬᠤᠷᠠᠯ》᠂ 《ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ》᠂《ᠰᠣᠩᠭᠣᠳᠠᠭ ᠪᠦᠲᠦᠭᠡᠯ᠎ᠦᠨ ᠤᠩᠱᠢᠯᠭ᠎ᠠ》 ᠵᠡᠷᠭᠡ ᠣᠨᠴᠠᠯᠢᠭ᠍ᠲᠤ ᠬᠢᠴᠢᠶᠡᠯ᠎ᠢ ᠨᠡᠭᠡᠭᠡᠵᠦ᠍᠂ ᠰᠤᠷᠤᠯᠴᠠᠯᠭ᠎ᠠ ᠵᠢᠨ ᠳᠤᠮᠳᠠ ᠰᠤᠷᠤᠭ᠍ᠴᠢᠳ᠎ᠲᠤ ᠱᠢᠯᠦᠭ ᠳᠠᠭᠤᠯᠠᠯ ᠮᠠᠭ᠍ᠲᠠᠭᠤᠶ᠋ᠢ ᠣᠢᠯᠠᠭᠠᠭᠤᠯᠵᠤ᠂ ᠳᠤᠮᠳᠠᠳᠤ᠎ᠶ᠋ᠢᠨ ᠰᠣᠩᠭᠣᠳᠠᠭ ᠵᠣᠬᠢᠶᠠᠯ᠎ᠲᠠᠶ ᠣᠢᠷᠠᠲᠤᠭᠤᠯᠤᠨ᠂ ᠦᠭᠡ ᠬᠡᠯᠡ ᠦᠰᠦᠭ ᠪᠢᠴᠢᠭ᠎ᠦᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠶ᠋ᠢᠨ ᠬᠠᠮᠲᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠶ ᠣᠢᠯᠠᠭᠠᠯᠲᠠ᠎ᠶ᠋ᠢ ᠭᠦᠨᠵᠡᠭᠡᠢᠷᠡᠭᠦᠯᠬᠦ ᠪᠡᠷ ᠴᠢᠷᠮᠠᠢᠭᠰᠠᠨ ᠪᠠᠢᠨ᠎ᠠ᠃
《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠦᠷᠢᠮᠵᠢᠭᠦᠯᠬᠦ ᠠᠵᠢᠯ᠎ᠤᠨ ᠦᠷᠭᠦᠯᠵᠢᠯᠡᠨ ᠠᠬᠢᠬᠤ᠎ᠶ᠋ᠢ ᠳᠠᠭᠠᠯᠳᠤᠨ᠂ ᠬᠢᠴᠢᠶᠡᠯ ᠳᠡᠭᠡᠷ᠎ᠠ ᠢᠯᠡᠷᠬᠡᠢ ᠬᠤᠪᠢᠷᠠᠯᠲᠠ ᠭᠠᠷᠴᠠᠢ᠂ ᠰᠤᠷᠤᠭ᠍ᠴᠢᠳ ᠬᠢᠴᠢᠶᠠᠯ ᠲᠠᠭᠡᠷ᠎ᠡ ᠨᠡᠩ ᠢᠯᠡᠭᠦᠦ ᠠᠩᠬᠠᠷᠤᠯ᠎ᠢᠶᠠᠨ ᠲᠥᠪᠯᠡᠷᠡᠭᠦᠯᠵᠦ᠍᠂ ᠨᠡᠡᠭ ᠰᠠᠢᠨ ᠤᠢᠯᠠᠭᠠᠬᠤ ᠪᠤᠯᠵᠤ᠂ ᠮᠡᠳᠡᠯᠭᠡ᠎ᠶ᠋ᠢ ᠤᠢᠯᠠᠭᠠᠨ ᠡᠵᠡᠮᠰᠢᠬᠦ ᠦᠷ᠎ᠡ ᠪᠦᠲᠦᠮᠵᠢ ᠢᠯᠡᠳᠲᠡ ᠳᠡᠭᠡᠭ᠌ᠰᠢᠯᠡᠵᠡᠢ》 ᠭᠡᠵᠦ᠍ ᠲᠣᠰ ᠰᠤᠷᠭᠠᠭᠤᠯᠢ᠎ᠶ᠋ᠢᠨ ᠣᠯᠠᠨ ᠨᠡᠢᠲᠡ᠎ᠶ᠋ᠢᠨ ᠱᠢᠨᠵᠢᠯᠡᠭᠡᠨ᠎ᠦ ᠰᠠᠯᠠᠭᠠᠨ᠎ᠤ ᠪᠠᠭ᠍ᠰᠢ ᠮᠠ ᠱᠢᠶᠣᠤ ᠱᠢᠶᠣᠤ ᠶᠠᠷᠢᠪᠠ᠃