10 ᠰᠠᠷ᠎ᠠ᠎ᠶ᠋ᠢᠨ 16 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠭᠤᠤᠯᠯᠠᠨ ᠡᠷᠭᠢᠯᠡᠭ᠌ᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠨᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠦᠨ ᠦᠵᠡᠭᠦᠯᠭᠡ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠳᠤ ᠡᠬᠢᠯᠡᠪᠡ᠃
ᠲᠤᠰ ᠦᠵᠡᠰᠭᠦᠯᠡᠩ ᠨᠢ 《ᠤᠨᠤᠯ᠎ᠤᠨ ᠰᠦᠭ ᠰᠦᠨᠡᠰᠦ᠎ᠶ᠋ᠢ ᠱᠤᠭᠤᠵᠤ ᠦᠨᠳᠦᠰᠦ ᠰᠤᠳᠠᠰᠤ᠎ᠶ᠋ᠢ ᠪᠡᠬᠢᠵᠢᠭᠦᠯᠵᠤ ᠦᠢᠯᠡᠳᠦᠯᠭᠡ ᠪᠠᠷ ᠬᠦᠴᠦᠨ ᠤᠯᠭᠤᠵᠦ ᠤᠮᠠᠷᠠᠲᠤ ᠬᠢᠯᠢ᠎ᠶ᠋ᠢ ᠬᠡᠷᠠᠯᠲᠤᠬᠦᠯᠬᠦ》 ᠪᠡᠷ ᠭᠣᠣᠯ ᠰᠡᠳᠦᠪ ᠪᠣᠯᠭᠠᠵᠤ᠂ ᠪᠦᠬᠦ᠌ ᠣᠷᠣᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠶᠠᠪᠤᠴᠠ ᠳᠤᠮᠳᠠ᠂ ᠤᠨᠤᠯ᠎ᠤᠨ ᠰᠦᠪᠡᠭ᠌ᠴᠢᠯᠡᠯ ᠪᠠ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠣᠯᠤᠭ᠍ᠰᠠᠨ ᠭᠠᠷᠮᠠᠭᠠᠢ ᠠᠮᠵᠢᠯᠲᠠ᠎ᠶ᠋ᠢ ᠱᠢᠰᠲᠸᠮ ᠲᠠᠢ ᠢᠯᠡᠷᠡᠭᠦᠯᠵᠠᠢ᠃ ᠦᠵᠡᠬᠦᠯᠭᠡ᠎ᠳᠦ ᠥᠪᠡᠷᠲᠡᠭᠡᠨ ᠵᠠᠰᠠᠬᠤ ᠣᠷᠣᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ (ᠪᠣᠢᠵᠢᠭᠤᠯᠬᠤ) ᠤ᠋ ᠰᠠᠭᠤᠷᠢᠨ᠂ ᠡᠯ᠎ᠡ ᠠᠢᠮᠠᠭ ᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠵᠡᠷᠭᠡ 30 ᠭᠠᠷᠤᠶ ᠨᠢᠭᠡᠴᠢ᠎ᠶ᠋ᠢᠨ ᠮᠡᠳᠡᠭᠦᠯᠦᠨ ᠬᠦᠷᠭᠡᠭ᠌ᠰᠡᠨ ᠱᠢᠯᠢᠳᠡᠭ ᠦᠷ᠎ᠡ ᠪᠦᠲᠦᠭᠡᠯ᠎ᠢ ᠡᠮᠬᠢᠯᠡᠨ ᠴᠤᠭ᠍ᠯᠠᠭᠤᠯᠵᠤ᠂ ᠡᠭᠦᠨ᠎ᠳᠦ ᠵᠣᠬᠢᠶᠠᠯ ᠪᠦᠲᠦᠭᠡᠯ᠎ᠦᠨ ᠲᠥᠷᠥᠯ᠎ᠦᠨ ᠦᠷ᠎ᠡ ᠪᠦᠲᠦᠭᠡᠯ 448᠂ ᠡᠷᠳᠡᠮ ᠱᠢᠨᠵᠢᠯᠡᠭᠡᠨ᠎ᠦ ᠥᠭᠦᠯᠡᠯ 657᠂ ᠰᠤᠷᠭᠠᠭᠤᠯᠢ᠎ᠶ᠋ᠢᠨ ᠵᠢᠭᠠᠬᠤ ᠮᠠᠲ᠋ᠧᠷᠢᠶᠠᠯ 93᠂ ᠤᠬᠠᠭᠤᠯᠭ᠎ᠠ᠎ᠶ᠋ᠢᠨ ᠵᠢᠷᠤᠭ᠍ᠲᠤ ᠳᠡᠪᠲᠡᠷ᠂ ᠸᠢᠳᠢᠣ᠋ ᠵᠡᠷᠭᠡ ᠣᠯᠠᠨ ᠡᠱᠢᠴᠢᠯᠡᠭ᠌ᠰᠡᠨ ᠤᠬᠠᠭᠤᠯᠭ᠎ᠠ᠎ᠶ᠋ᠢᠨ ᠦᠷ᠎ᠡ ᠪᠦᠲᠦᠭᠡᠯ 899 ᠪᠣᠶ᠃ ᠦᠵᠡᠭᠦᠯᠭᠡ ᠨᠢ 20 ᠡᠳᠦᠷ ᠦᠷᠭᠦᠯᠵᠢᠯᠡᠬᠦ ᠪᠤᠯᠤᠨ᠎ᠠ᠃
ᠦᠵᠡᠭᠦᠯᠭᠡ ᠵᠢ ᠲᠣᠭᠣᠷᠢᠨ ᠦᠵᠡᠭ᠌ᠰᠡᠨ᠎ᠦ ᠳᠠᠷᠠᠭ᠎ᠠ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠴᠧᠨ ᠯᠧᠢ᠄《ᠲᠣᠰ ᠤᠳᠠᠭᠠᠨ᠎ᠤ ᠦᠵᠡᠭᠦᠯᠭᠡ ᠵᠢ ᠲᠣᠭᠣᠷᠢᠨ ᠦᠵᠡᠭ᠌ᠰᠡᠨ᠎ᠨᠢ ᠨᠠᠳᠠ᠎ᠳᠤ ᠮᠠᠰᠢ ᠶᠡᠬᠡ ᠣᠯᠤᠯᠲᠠ᠎ᠲᠠᠶ ᠪᠣᠯᠪᠠ᠃ ᠡᠮᠦᠨ᠎ᠡ ᠹᠷᠣᠨᠲ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠬᠣᠢᠱᠢᠳᠠ ᠪᠢ ᠰᠤᠷᠤᠭ᠍ᠴᠢᠳ᠎ᠲᠦ 〈ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠲᠣᠢᠮᠣ〉 ᠵᠢ ᠵᠢᠭᠠᠵᠤ ᠥᠭ᠌ᠬᠦ᠎ᠳᠡᠭᠡᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠨᠡᠩ ᠤᠯᠠᠨ ᠲᠡᠦᠬᠡᠨ ᠮᠠᠲ᠋ᠧᠷᠢᠶᠠᠯ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠰᠤᠷᠤᠭ᠍ᠴᠢᠳ᠎ᠤᠨ ᠦᠵᠡᠯ ᠰᠠᠨᠠᠭᠠᠨ᠎ᠤ ᠲᠠᠯ᠎ᠠ᠎ᠪᠠᠷ ᠵᠥᠪ ᠣᠨᠣᠪᠴᠢᠲᠠᠢ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ᠎ᠶ᠋ᠢ ᠪᠤᠢ ᠪᠣᠯᠭᠠᠵᠤ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠳᠤ ᠢᠳᠡᠪᠬᠢᠳᠡᠢ ᠣᠷᠣᠯᠴᠠᠭᠤᠯᠤᠨ᠎ᠠ》 ᠬᠡᠵᠠᠢ᠃
ᠲᠠᠨᠢᠯᠴᠠᠭᠤᠯᠤᠭ᠍ᠰᠠᠨ᠎ᠢᠶᠠᠷ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠨᠣᠯ᠎ᠤᠨ ᠰᠤᠳᠤᠯᠭᠠᠨ᠎ᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ 2 ᠤᠯᠤᠰ᠎ᠤᠨ ᠲᠠᠰ᠎ᠤᠨ ᠰᠤᠳᠤᠯᠭᠠᠨ᠎ᠤ ᠰᠠᠭᠤᠷᠢᠨ᠂ 19 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠭᠠᠨ (ᠪᠣᠢᠵᠢᠭᠤᠯᠬᠤ) ᠤ᠋ ᠰᠠᠭᠤᠷᠢᠨ᠎ᠢ ᠪᠠᠢᠭᠤᠯᠵᠤ᠂ 《ᠰᠤᠳᠤᠯᠭᠠᠨ᠎ᠤ ᠲᠥᠪ + ᠰᠠᠭᠤᠷᠢᠨ ᠤ᠋ ᠬᠣᠯᠪᠣᠭ᠎ᠠ + ᠰᠤᠳᠤᠯᠭᠠᠨ᠎ᠤ ᠰᠠᠭᠤᠷᠢᠨ》 ᠤ᠋ ᠠᠵᠢᠯ᠎ᠤᠨ ᠲᠣᠭ᠍ᠲᠠᠴᠠ᠎ᠶ᠋ᠢᠨ ᠱᠢᠨ᠎ᠡ᠎ᠵᠢ ᠡᠭᠦᠳᠦᠨ ᠪᠠᠢᠭᠤᠯᠵᠤ᠂ ᠪᠥᠬᠥ᠌ ᠣᠷᠣᠨ᠎ᠢ ᠬᠠᠮᠤᠷᠤᠭ᠍ᠰᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠰᠤᠳᠤᠯᠭᠠᠨ᠎ᠤ ᠰᠦᠯᠵᠢᠶ᠎ᠡ᠎ᠶ᠋ᠢ ᠪᠠᠢᠭᠤᠯᠪᠠ᠃ 2021 ᠣᠨ᠎ᠠᠴᠠ ᠨᠠᠭᠠᠰᠢ᠂ ᠰᠤᠳᠤᠯᠭᠠᠨ᠎ᠤ ᠰᠠᠭᠤᠷᠢᠨ᠎ᠤ᠎ᠬᠢᠨ ᠨᠡᠢᠲᠡ 680 ᠭᠠᠷᠤᠶ ᠡᠷᠳᠡᠮ ᠱᠢᠨᠵᠢᠯᠡᠭᠡᠨ᠎ᠦ ᠵᠣᠬᠢᠶᠠᠯ ᠨᠡᠢᠲᠡᠯᠡᠵᠦ᠍᠂ 70 ᠭᠠᠷᠤᠶ ᠵᠣᠬᠢᠶᠠᠯ ᠬᠡᠪᠯᠡᠭᠦᠯᠵᠦ᠍᠂ 60 ᠭᠠᠷᠤᠶ ᠬᠤᠪᠢ ᠪᠠᠢᠴᠠᠭᠠᠨ ᠰᠤᠳᠤᠯᠤᠯᠲᠠ ᠬᠢᠵᠦ᠍ ᠵᠥᠪᠯᠡᠯᠭᠡ ᠥᠭ᠌ᠭᠦᠭ᠌ᠰᠡᠨ ᠮᠡᠳᠡᠭᠦᠯᠦᠯᠲᠡ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ᠎ᠶ᠋ᠢᠨ ᠴᠣᠬᠣᠯᠠᠪᠤᠷᠢ᠎ᠶ᠋ᠢ ᠤᠯᠪᠠ᠃ ᠡᠯᠪᠡᠭ ᠪᠠᠶᠠᠯᠢᠭ ᠣᠨᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠨᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠬᠤ᠎ᠳᠤ ᠪᠠᠲᠤ ᠪᠠᠬᠢ ᠶᠣᠰᠣ ᠰᠤᠷᠲᠠᠬᠤᠨ᠎ᠤ ᠲᠤᠯᠭᠠᠭᠤᠷᠢᠯᠠᠯ ᠪᠠ ᠲᠣᠳᠣᠷᠬᠠᠶ ᠦᠶ᠋ᠯᠡᠳᠦᠯᠭᠡ᠎ᠶ᠋ᠢᠨ ᠵᠢᠯᠣᠭᠣᠳᠣᠯᠭ᠎ᠠ ᠬᠠᠩᠭᠠᠬᠰᠠᠨ ᠪᠠᠢᠨ᠎ᠠ᠃