10 ᠰᠠᠷ᠎ᠠ᠎ᠶᠢᠨ 20᠎ᠤ ᠡᠳᠦᠷ᠂ ᠦᠬᠠᠶ᠎ᠶᠢᠨ ᠤᠯᠠᠭᠠᠨᠮᠥᠴᠢᠷ᠎ᠦᠨ ᠢᠷᠭᠠᠶ ᠥᠷᠲᠡᠭᠡ᠎ᠶᠢᠨ ᠬᠠᠮᠤᠭ ᠰᠡᠭᠦᠯᠴᠢ᠎ᠶᠢᠨ ᠲᠣᠭᠯᠠᠯᠲᠠ ᠢᠷᠭᠠᠶ ᠬᠣᠲᠠ᠎ᠶᠢᠨ ᠰᠣᠶᠣᠯ ᠤᠷᠠᠯᠢᠭ᠎ᠤᠨ ᠣᠷᠳᠣᠨ᠎ᠳᠤ ᠶᠠᠪᠤᠭᠳᠠᠵᠤ᠂ ᠲᠤᠬᠠᠶ᠎ᠶᠢᠨ ᠲᠠᠯᠠᠪᠠᠶ᠎ᠳᠤ ᠲᠣᠭ᠍ᠯᠠᠭ᠍ᠰᠠᠨ 《ᠲᠦᠮᠡᠨ ᠠᠭᠲᠠ᠎ᠶᠢᠨ ᠲᠦᠪᠡᠷᠭᠡᠨ》 ᠨᠢ ᠦᠵᠡᠭᠴᠢᠳ᠎ᠲᠦ᠍ ᠲᠠᠯ᠎ᠠ ᠨᠤᠲᠤᠭ᠎ᠤᠨ ᠬᠥᠭᠵᠢᠮ᠎ᠦᠨ ᠴᠤ᠋ ᠰᠢᠨ᠎ᠡ ᠷᠢᠳᠢ ᠰᠢᠳᠢ᠎ᠶᠢ ᠮᠡᠳᠡᠷᠡᠭᠦᠯᠪᠡ᠃
ᠲᠣᠭᠯᠠᠯᠲᠠ᠎ᠳᠤ᠂ ᠤᠯᠠᠭᠠᠨᠮᠥᠴᠢᠷ᠎ᠦᠨ ᠲᠣᠭᠯᠠᠭᠴᠢᠳ ᠰᠣᠩᠭᠣᠳᠠᠭ ᠮᠣᠷᠢᠨ ᠬᠤᠭᠤᠷ᠎ᠤᠨ ᠠᠶ᠎ᠠ ᠪᠠᠷ ᠰᠠᠭᠤᠷᠢ ᠪᠣᠯᠭᠠᠵᠤ᠂ ᠣᠲᠣ ᠦᠶ᠎ᠡ᠎ᠶᠢᠨ ᠲᠣᠭᠯᠠᠯᠲᠠ᠎ᠶ᠋ᠢᠨ ᠬᠡᠪ ᠨᠠᠮᠪᠠ᠎ᠶ᠋ᠢ ᠤᠷᠠᠨ᠎ᠢᠶᠠᠷ ᠠᠭᠤᠰᠤᠯᠴᠠᠭᠤᠯᠵᠤ᠂ 《ᠲᠦᠮᠡᠨ ᠠᠭᠲᠠ᠎ᠶᠢᠨ ᠲᠦᠪᠡᠷᠭᠡᠨ》᠎ᠳ᠋ᠤ ᠬᠠᠷᠠᠭ᠎ᠠ᠎ᠶ᠋ᠢ ᠪᠠᠶᠠᠰᠭᠠᠵᠤ ᠰᠣᠨᠣᠷᠢ ᠮᠢᠯᠢᠶᠠᠭ᠍ᠰᠠᠨ ᠲᠠᠭᠠᠷᠢᠯᠲᠠ᠎ᠶᠢᠨ ᠬᠦᠴᠦᠨ ᠨᠡᠮᠡᠷᠢᠯᠡᠪᠡ᠃
ᠭᠠᠨᠳᠠᠷᠢ ᠵᠢᠨ ᠬᠠᠮᠲᠤᠯᠢᠭ᠎ᠤᠨ ᠳᠠᠷᠤᠭ᠎ᠠ ᠬᠠᠶ᠋ᠢᠷᠬᠠᠨᠤ ᠲᠠᠨᠢᠯᠴᠠᠭᠤᠯᠤᠭᠰᠠᠨ᠎ᠢᠶᠠᠷ᠂ ᠲᠣᠰ ᠤᠳᠠᠭᠠᠨ᠎ᠤ ᠰᠢᠨ᠎ᠡ ᠡᠭᠦᠳᠦᠯᠲᠡ ᠨᠢ ᠮᠣᠷᠢᠨ ᠬᠤᠭᠤᠷ ᠭᠡᠬᠦ᠌ ᠡᠨᠡᠬᠦ᠌ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠦᠭᠵᠢᠮᠳᠡᠬᠦᠷᠢ 《ᠠᠮᠢᠯᠠᠭᠤᠯᠵᠤ》᠂ ᠲᠡᠭᠦᠨ᠎ᠦ ᠭᠦᠨ ᠵᠤᠵᠠᠭᠠᠨ ᠲᠠᠭᠤᠨ ᠥᠩᠭᠡ᠎ᠶᠢᠨ ᠮᠥᠨ ᠴᠢᠨᠠᠷ᠎ᠢ ᠪᠠᠲᠤ᠌ ᠰᠠᠬᠢᠬᠤ᠎ᠪᠠᠷ ᠪᠠᠷᠠᠬᠤ ᠥᠬᠡᠶ᠂ ᠣᠲᠣ ᠦᠶ᠎ᠡ᠎ᠶᠢᠨ ᠤᠷᠠᠯᠢᠭ᠎ᠤᠨ ᠦᠭᠡ ᠬᠡᠯᠡ᠎ᠪᠡᠷ ᠳᠠᠮᠵᠢᠭᠤᠯᠤᠨ ᠵᠠᠯᠠᠭᠤ ᠦᠵᠡᠭᠴᠢᠳ᠎ᠢ ᠣᠢᠷᠠᠲᠤᠭᠤᠯᠤᠨ ᠠᠪᠴᠢᠷᠠᠨ᠎ᠠ᠃
ᠲᠤᠬᠠᠢ᠎ᠶᠢᠨ ᠲᠠᠯᠠᠪᠠᠢ᠎ᠶᠢᠨ ᠦᠵᠡᠭᠴᠢᠳ ᠲᠣᠭ᠍ᠯᠠᠯᠲᠠ᠎ᠳᠠᠬᠢ ᠤᠯᠠᠮᠵᠢᠯᠠᠯᠲᠤ᠌ ᠬᠦᠭ ᠠᠶᠠᠰ ᠪᠣᠯᠤᠨ ᠰᠢᠨ᠎ᠡ᠎ᠶᠢ ᠡᠭᠦᠳᠬᠦ᠌ ᠬᠡᠯᠪᠡᠷᠢ᠎ᠶᠢᠨ ᠮᠥᠷᠭᠥᠯᠳᠦᠯ ᠨᠢ ᠤᠯᠠᠨ᠎ᠳᠤ ᠮᠤᠷᠢᠨ ᠬᠤᠭᠤᠷ᠎ᠤᠨ ᠬᠢᠵᠠᠭᠠᠯᠠᠰᠢ ᠦᠭᠡᠢ ᠪᠣᠯᠤᠯᠴᠠᠭ᠎ᠠ᠎ᠶᠢ ᠲᠠᠬᠢᠨ ᠲᠠᠨᠢᠭᠤᠯᠪᠠ ᠭᠡᠵᠦ᠍ ᠢᠯᠡᠳᠭᠡᠵᠡᠭᠡᠪᠡ᠃
ᠤᠬᠠᠭᠠᠯᠠᠬᠴᠢ ᠄ ᠵᠧᠦ ᠴᠠᠩ ᠰᠢᠶᠠᠩ
ᠬᠢᠨᠠᠨ ᠦᠢᠯᠡᠳᠦᠭᠴᠢ ᠄ ᠯᠢᠦ ᠰᠢᠶᠣᠤ
ᠦᠢᠯᠡᠳᠦᠭᠴᠢ ᠄ ᠱ᠌ᠢ ᠶᠣᠣ ᠯᠢᠣ ᠷᠦᠢ ᠷᠦᠢ
ᠢᠷᠡᠯᠳᠡ᠄ ᠲᠠᠯ᠎ᠠ ᠨᠤᠳᠤᠭ᠎ᠤᠨ ᠡᠭᠦᠯᠡ ᠰᠢᠯᠵᠢᠶ᠎ᠠ