《ᠤᠮᠠᠷᠠᠲᠤ᠌ ᠬᠢᠯᠢ ᠎ᠶᠢᠨ ᠰᠣᠶᠣᠯ ᠎ᠤᠨ ᠪᠦᠭᠦ ᠤᠯᠤᠰ ᠲᠡᠬᠢ ᠠᠶᠠᠯᠠᠯ》 ᠎ᠤᠨ ᠤᠯᠠᠭᠠᠨᠮᠥ᠋ᠴᠢᠷ᠎ᠦᠨ ᠪᠥᠬᠥ᠌ ᠤᠯᠤᠰ᠎ᠤᠨ ᠲᠣᠭᠣᠷᠢᠨ ᠲᠣᠭᠯᠠᠯᠲᠠ᠎ᠶᠢᠨ 60 ᠵᠢᠯ ᠎ᠦᠨ ᠣᠶ ᠎ᠶᠢ ᠳᠤᠷᠠᠰᠬᠠᠬᠤ ᠲᠣᠭᠯᠠᠯᠲᠠ — ᠰᠢᠯᠢ᠎ᠶᠢᠨ ᠭᠤᠤᠯ᠎ᠤᠨ ᠤᠯᠠᠭᠠᠨᠮᠥ᠋ᠴᠢᠷ᠎ᠦᠨ ᠭᠡᠰᠢᠭᠦᠳ ᠪᠡᠭᠡᠵᠢᠩ᠎ᠦᠨ ᠦᠵᠡᠭᠴᠢᠳ᠎ᠲᠦ᠍ ᠬᠠᠳᠠᠭ ᠪᠠᠷᠢᠪᠠ
2025-10-23 11:43:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

10 ᠰᠠᠷ᠎ᠠ᠎ᠶᠢᠨ 21 ᠎ᠦ ᠡᠳᠦᠷ᠂ 《ᠤᠮᠠᠷᠠᠲᠤ᠌ ᠬᠢᠯᠢ᠎ᠶᠢᠨ ᠰᠣᠶᠣᠯ᠎ᠤᠨ ᠪᠦᠭᠦ ᠤᠯᠤᠰ ᠲᠡᠬᠢ ᠠᠶᠠᠯᠠᠯ》 ᠎ᠤᠨ ᠤᠯᠠᠭᠠᠨᠮᠥ᠋ᠴᠢᠷ ᠎ᠦᠨ ᠪᠥᠬᠥ᠌ ᠤᠯᠤᠰ ᠎ᠤᠨ ᠲᠣᠭᠣᠷᠢᠨ ᠲᠣᠭᠯᠠᠯᠲᠠ᠎ᠶᠢᠨ 60 ᠵᠢᠯ᠎ᠦᠨ ᠣᠶ ᠎ᠶᠢ ᠳᠤᠷᠠᠰᠬᠠᠬᠤ ᠲᠣᠭᠯᠠᠯᠲᠠ (ᠪᠡᠭᠡᠵᠢᠩ ᠥᠷᠲᠡᠭᠡ)ᠪᠡᠭᠡᠵᠢᠩ ᠬᠣᠲᠠ᠎ᠶᠢᠨ ᠳ᠋ᠦᠩ ᠴᠧᠩ ᠲᠣᠭᠣᠷᠢᠭ ᠎ᠤᠨ ᠯᠦᠩ ᠲᠠᠨ ᠎ᠤ ᠵᠥᠩ ᠬᠤ᠍  ᠴᠡᠴᠡᠷᠯᠢᠭ᠎ᠲᠦ᠍ ᠶᠠᠪᠤᠭᠳᠠᠪᠠ᠃



ᠲᠣᠭᠯᠠᠯᠲᠠ᠎ᠶᠢᠨ ᠵᠠᠪᠰᠠᠷ᠎ᠲᠤ᠌᠂ ᠰᠢᠯᠢ᠎ᠶᠢᠨ ᠭᠤᠤᠯ᠎ᠤᠨ ᠤᠯᠠᠭᠠᠨᠮᠥ᠋ᠴᠢᠷ᠎ᠦᠨ ᠭᠡᠰᠢᠭᠦᠳ ᠪᠡᠭᠡᠵᠢᠩ᠎ᠦᠨ ᠦᠵᠡᠭᠴᠢᠳ᠎ᠲᠦ᠍ ᠥᠯᠵᠡᠶ ᠪᠡᠯᠭᠡ᠎ᠲᠡᠶ ᠬᠠᠳᠠᠭ ᠡᠷᠭᠦᠭᠰᠡᠨ ᠪᠥᠭᠡᠳ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ ᠬᠦᠷᠭᠡᠵᠦ᠍᠂ ᠤᠮᠠᠷᠠᠲᠤ᠌ ᠬᠢᠯᠢ ᠎ᠶᠢᠨ ᠬᠥᠪᠡᠭᠦᠳ ᠥᠬᠢᠳ᠎ᠦᠨ ᠨᠡᠶ᠋ᠢᠰᠯᠡᠯ᠎ᠦᠨ ᠠᠷᠠᠳ ᠲᠦᠮᠡᠨ᠎ᠳᠦ ᠰᠠᠶ᠋ᠢᠨ ᠰᠠᠶ᠋ᠢᠬᠠᠨ ᠬᠦᠰᠡᠯ ᠵᠥᠩᠨᠡᠯ᠎ᠢᠶᠡᠨ ᠳᠡᠪᠰᠢᠭᠦᠯᠪᠡ᠃

ᠰᠢᠯᠢ ᠎ᠶᠢᠨ ᠭᠤᠤᠯ ᠠᠶ᠋ᠢᠮᠠᠭ᠎ᠤᠨ ᠤᠯᠠᠭᠠᠨᠮᠥ᠋ᠴᠢᠷ ᠎ᠦᠨ ᠳᠡᠳ᠋ ᠳᠠᠷᠤᠭ᠎ᠠ ᠸᠠᠩ ᠵᠢᠩ ᠄ 《ᠲᠣᠰ ᠤᠳᠠᠭ᠎ᠠ ᠎ᠶᠢᠨ ᠲᠣᠭᠣᠷᠢᠨ ᠲᠣᠭᠯᠠᠯᠲᠠ᠎ᠶᠢᠨ ᠠᠴᠢ ᠬᠣᠯᠪᠣᠭᠳᠠᠯ᠎ᠨᠢ ᠤᠯᠠᠮᠵᠢᠯᠠᠨ ᠵᠠᠯᠭᠠᠮᠵᠢᠯᠠᠬᠤ ᠪᠠ ᠤᠯᠠᠮᠵᠢᠯᠠᠨ ᠳᠡᠯᠭᠡᠷᠡᠭᠦᠯᠬᠦ᠌ ᠎ᠶᠢᠨ ᠬᠤᠤᠰ ᠲᠠᠰ ᠳᠠᠪᠰᠢᠯᠲᠠ᠎ᠳᠤ ᠪᠠᠶ᠋ᠢᠨ᠎ᠠ᠂ ᠡᠨᠡ᠎ᠨᠢ ᠤᠯᠠᠭᠠᠨᠮᠥ᠋ᠴᠢᠷ᠎ᠦᠨ ᠪᠥᠬᠥ᠌ ᠤᠯᠤᠰ᠎ᠤᠨ ᠲᠣᠭᠣᠷᠢᠨ ᠲᠣᠭᠯᠠᠯᠲᠠ ᠬᠢᠭᠰᠡᠨ 60 ᠵᠢᠯ᠎ᠦᠨ ᠣᠶ᠎ᠶᠢᠨ ᠬᠡᠷᠡᠯ ᠰᠠᠴᠤᠷᠠᠩᠭᠤᠶ ᠲᠡᠦᠬᠡᠨ ᠶᠠᠪᠤᠴᠠ᠎ᠶᠢ ᠳᠤᠷᠠᠰᠬᠠᠵᠤ ᠬᠦᠨᠳᠦᠳᠬᠡᠯ ᠳᠡᠪᠰᠢᠭᠦᠯᠦᠭᠰᠡᠨ ᠶᠠᠪᠤᠳᠠᠯ ᠪᠣᠯᠬᠤ ᠪᠥᠭᠡᠳ ᠪᠠᠰᠠ ᠴᠤ᠌ ᠪᠥᠬᠥ᠌ ᠤᠯᠤᠰ᠎ᠤᠨ ᠦᠵᠡᠭᠴᠢᠳ᠎ᠲᠦ᠍ ᠤᠮᠠᠷᠠᠲᠤ᠌ ᠬᠢᠯᠢ᠎ᠶᠢᠨ ᠰᠣᠶᠣᠯ᠎ᠢ ᠳᠡᠯᠭᠡᠨ ᠦᠵᠡᠭᠦᠯᠬᠦ᠌ ᠴᠢᠬᠤᠯᠠ ᠠᠵᠠ ᠲᠣᠬᠢᠶᠠᠯ ᠪᠣᠯᠤᠨ᠎ᠠ 》 ᠭᠡᠯ᠎ᠠ᠃

 

ᠤᠬᠠᠭᠠᠯᠠᠬᠴᠢ᠄ ᠵᠧᠦ ᠴᠠᠩ ᠰᠢᠶᠠᠩ

ᠬᠢᠨᠠᠭᠴᠢ ᠄ ᠯᠢᠦ ᠰᠢᠶᠤᠤ

ᠦᠢᠯᠡᠳᠦᠭᠴᠢ᠄ ᠸᠠᠩ ᠹᠦ᠋ ᠾᠤᠶ᠋ᠢ  ᠨᠢᠦ ᠲᠢᠶᠠᠨ ᠵᠢᠶᠠ


ᠢᠷᠡᠯᠳᠡ᠄ ᠲᠠᠯ᠎ᠠ  ᠨᠤᠳᠤᠭ ᠡᠭᠦᠯᠡ ᠰᠢᠯᠵᠢᠶ᠎ᠠ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号