—《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠶ ᠨᠡᠢᠭᠡᠮ ᠦᠨ ᠬᠥᠭ᠌ᠵᠢᠯᠲᠡ᠎ᠶ᠋ᠢᠨ ᠦᠶ᠋ᠯᠡᠳᠦᠯᠭᠡ ᠬᠢᠭᠡᠳ ᠰᠡᠩᠬᠡᠷᠡᠭᠦᠯᠦᠯ ᠤ᠋ᠨ ᠬᠦᠤᠷᠨᠢᠯ ᠰᠢᠬᠦᠮᠵᠢ (ᠬᠤᠶᠠᠷ)
ᠠᠷᠠᠳ ᠲᠦᠮᠡᠨ᠎ᠦ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠨ᠂ ᠬᠠᠮᠲᠤ᠎ᠪᠠᠷ ᠪᠠᠶᠠᠵᠢᠬᠤ ᠴᠢᠭ᠌ᠯᠡᠯ᠎ᠢ ᠪᠠᠷᠢᠮᠲᠠᠯᠠᠵᠤ᠂ ᠬᠥᠭ᠌ᠵᠢᠭᠦᠯᠬᠦ᠌ ᠨᠢ ᠠᠷᠠᠳ ᠲᠦᠮᠡᠨ᠎ᠦ ᠲᠥᠯᠥᠭᠡ ᠪᠠᠢᠬᠤ᠂ ᠬᠥᠭ᠌ᠵᠢᠭᠦᠯᠬᠦ᠌᠎ᠳᠦ ᠠᠷᠠᠳ ᠲᠦᠮᠡᠨ᠎ᠢ ᠲᠦᠱᠢᠭ᠌ᠯᠡᠬᠦ᠌᠂ ᠬᠥᠭ᠌ᠵᠢᠯᠲᠡ᠎ᠶ᠋ᠢᠨ ᠦᠷ᠎ᠡ ᠪᠦᠲᠦᠭᠡᠯ ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠌᠎ᠶ᠋ᠢ ᠢᠮᠠᠭ᠍ᠲᠠ ᠪᠡᠶᠡᠯᠡᠭᠦᠯᠵᠦ᠍᠂ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠬᠠᠮᠠᠭᠠᠯᠠᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠵᠤ ᠠᠬᠤᠶ ᠨᠡᠢᠭᠡᠮ᠎ᠦᠨ ᠬᠥᠭ᠌ᠵᠢᠯᠲᠡ ᠢᠮᠠᠭ᠍ᠲᠠ ᠠᠷᠠᠳ ᠲᠦᠮᠡᠨ᠎ᠦ ᠵᠣᠯ ᠵᠢᠷᠭᠠᠯ ᠭᠡᠬᠦ᠌ 《ᠤᠯᠤᠰ᠎ᠤᠨ ᠶᠡᠬᠡ ᠶᠠᠪᠤᠳᠠᠯ》 ᠢ᠋ ᠪᠠᠳᠤ ᠡᠵᠡᠮᠳᠡᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠪᠤᠤᠬᠢᠶ᠎ᠠ ᠳᠠᠮᠵᠢᠭᠤᠯᠤᠨ ᠲᠡᠮᠡᠴᠡᠬᠦ᠌ ᠳᠤᠮᠳᠠ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠪᠣᠳᠠᠲᠤ ᠶᠠᠪᠤᠳᠠᠯ ᠪᠣᠯᠭᠠᠨ ᠪᠡᠶᠡᠯᠡᠬᠦᠯᠵᠤ᠂ ᠠᠷᠠᠳ ᠣᠯᠠᠨ᠎ᠤ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠪᠡ᠃
ᠬᠥᠭ᠌ᠵᠢᠯᠲᠡ ᠨᠢ ᠠᠷᠠᠳ ᠲᠦᠮᠡᠨ᠎ᠦ ᠲᠥᠯᠥᠭᠡ᠄ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠰᠠᠭᠤᠷᠢ᠎ᠶ᠋ᠢ ᠪᠠᠲᠤ ᠴᠣᠭ᠍ᠴᠠᠯᠠᠪᠠ
ᠪᠦᠲᠦᠭᠡᠯᠴᠢ ᠰᠡᠳᠭᠢᠮᠵᠢ ᠪᠦᠬᠦᠢ ᠵᠡᠭᠡᠯᠢ᠎ᠶ᠋ᠢᠨ ᠦᠵᠡᠮᠵᠢ ᠨᠢ ᠨᠤᠲᠤᠭ᠎ᠤᠨ ᠮᠥᠷᠥᠭᠡᠳᠦᠯ᠎ᠢᠶᠡᠷ ᠪᠢᠯᠬᠠᠮ᠎ᠠ ᠬᠠᠭᠤᠴᠢᠨ ᠮᠠᠶᠢᠭ᠎ᠤᠨ ᠪᠠᠷᠢᠯᠭ᠎ᠠ᠎ᠯᠤᠭ᠎ᠠ ᠤᠷᠠᠨ ᠬᠠᠪᠤᠯᠢᠭ ᠠᠭᠤᠰᠤᠯᠴᠠᠵᠤ᠂ ᠰᠢᠨ᠎ᠠ ᠰᠡᠪᠡᠬᠦᠨ ᠤᠳᠭ᠎ᠠ ᠤᠷᠠᠯᠢᠭ᠎ᠤᠨ ᠤᠨᠴᠠᠯᠢᠬ᠍ᠳᠤ ᠵᠢᠵᠢᠭ ᠳᠡᠯᠭᠡᠭᠦᠷ ᠨᠢ ᠢᠵᠢ ᠪᠦᠷᠢᠳᠦᠭ᠌ᠰᠡᠨ ᠦᠢᠯᠡᠴᠢᠯᠡᠭᠡᠨ᠎ᠦ ᠲᠥᠬᠥᠭᠡᠷᠦᠮᠵᠢᠯᠦᠭᠡ ᠬᠠᠷᠢᠯᠴᠠᠨ ᠲᠤᠪᠤᠢᠯᠭᠠᠪᠠ ᠁ ᠴᠦᠩᠴᠢᠩ ᠬᠤᠳᠠ᠎ᠶ᠋ᠢᠨ ᠵᠢᠦ ᠯᠦᠩ ᠫᠦᠸᠸ ᠲᠣᠭᠣᠷᠢᠭ᠎ᠤᠨ ᠱᠢᠶ᠍ᠸ ᠵᠢᠶᠠ ᠸᠠᠨ ᠵᠡᠭᠡᠯᠢ ᠭᠤᠳᠤᠮᠵᠢ᠎ᠶ᠋ᠢᠨ ᠮᠢᠨ ᠵᠦ᠍ ᠲᠣᠰᠭᠣᠨ᠎ᠤ ᠨᠡᠢᠭᠡᠮ ᠲᠣᠭᠣᠷᠢᠭ᠎ᠲᠤ᠂ ᠠᠮᠢᠳᠤᠷᠠᠯ ᠤ᠋ᠨ ᠠᠭᠤᠷ ᠠᠮᠢᠰᠬᠤᠯ ᠪᠠ ᠵᠢᠷᠭᠠᠯᠲᠤ ᠲᠦᠷᠦᠭ᠌ᠳᠡᠯ᠎ᠢᠶᠡᠷ ᠪᠢᠯᠬᠠᠨ᠎ᠠ᠃
ᠥᠩᠭᠡᠷᠡᠭ᠌ᠰᠡᠨ᠎ᠳᠦ᠂ ᠡᠨᠡ ᠭᠠᠵᠠᠷ ᠪᠣᠯ ᠬᠤᠯᠠ ᠤᠢ᠍ᠢᠷ᠎ᠠ᠎ᠳᠠᠭᠠᠨ ᠠᠯᠳᠠᠷᠱᠢᠭ᠍ᠰᠠᠨ ᠬᠠᠭᠤᠴᠢᠨ ᠰᠠᠭᠤᠭᠠᠯᠢ ᠠᠷᠠᠳ ᠤ᠋ᠨ ᠲᠤᠭᠤᠷᠢᠭ ᠪᠣᠯᠤᠨ᠎ᠠ᠂ ᠡᠳᠤᠭᠡ ᠬᠤᠳᠠ᠎ᠶ᠋ᠢ ᠱᠢᠨᠡᠳᠭᠡᠬᠦ᠌᠎ᠪᠡᠷ ᠳᠠᠮᠵᠢᠨ᠂ ᠨᠢᠭᠡᠨᠲᠡ《ᠰᠠᠭᠤᠭᠠᠯᠢ ᠠᠷᠠᠳ ᠤᠨ ᠱᠢᠨ᠎ᠡ ᠭᠡᠷ ᠣᠷᠣᠨ᠂ ᠬᠤᠳᠠᠯᠳᠤᠭᠠᠨ᠎ᠤ ᠲᠣᠭᠣᠷᠢᠭ᠎ᠤᠨ ᠱᠢᠨ᠎ᠡ ᠬᠣᠯᠪᠣᠭᠠᠰᠤ᠂ ᠦᠢᠯᠡᠰ ᠪᠤᠰᠭᠠᠬᠤ ᠱᠢᠨ᠎ᠡ ᠶᠢᠷᠲᠢᠨᠴᠦ᠍》 ᠪᠤᠯᠵᠤ᠂ ᠵᠢᠭᠤᠯᠴᠢᠯᠠᠭ᠍ᠰᠠᠳ ᠲᠠᠰᠤᠷᠠᠯᠳᠠ ᠦᠭᠡᠢ ᠢᠷᠡᠵᠥ᠍ ᠵᠢᠭᠤᠯᠴᠢᠯᠡᠨ ᠲᠤᠭᠤᠷᠢᠨ᠎ᠠ᠃
2024 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠴᠦᠩᠴᠢᠩ᠎ᠳᠦ ᠱᠢᠨᠵᠢᠯᠡᠨ ᠪᠠᠢᠴᠠᠭᠠᠬᠤ᠎ᠳᠠᠭᠠᠨ ᠮᠢᠨ ᠵᠦ᠍ ᠲᠣᠰᠭᠣᠨ ᠤ᠋ ᠨᠡᠢᠭᠡᠮ ᠲᠣᠭᠣᠷᠢᠭ᠎ᠲᠤ ᠬᠦᠷᠴᠦ᠍᠄《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠠᠷᠠᠳ᠎ᠤᠨ ᠠᠮᠢᠳᠤᠷᠠᠯ ᠢ᠋ ᠲᠡᠷᠢᠬᠦᠨ ᠴᠢᠬᠤᠯᠠ ᠶᠠᠪᠤᠳᠠᠯ ᠪᠤᠯᠭᠠᠨ᠎ᠠ᠃ ᠨᠠᠮ ᠪᠠ ᠵᠠᠰᠠᠭ᠎ᠤᠨ ᠣᠷᠳᠣᠨ᠎ᠤ ᠠᠯᠢᠪᠠ ᠠᠵᠢᠯ ᠪᠣᠯ ᠴᠥᠮ ᠠᠷᠠᠳ ᠲᠦᠮᠡᠨ᠎ᠳ᠋ᠤ ᠨᠡᠩ ᠵᠣᠯ ᠵᠢᠷᠭᠠᠯ᠎ᠲᠠᠢ ᠠᠮᠢᠳᠤᠷᠠᠯ ᠢ᠋ ᠡᠳ᠋ᠯᠡᠬᠦᠯᠬᠦ ᠵᠢᠨ ᠲᠥᠯᠥᠭᠡ ᠶᠤᠮ》 ᠭᠡᠵᠤ ᠦᠭᠡ ᠦᠨᠡᠨᠴᠢ ᠰᠡᠳᠬᠢᠯᠭᠡ ᠬᠦᠨ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠣᠯᠠᠨ ᠤᠯᠤᠰ᠎ᠤᠨ ᠣᠷᠴᠢᠨ ᠲᠣᠭᠣᠷᠢᠨ ᠪᠣᠯᠤᠨ ᠬᠠᠲᠠᠭᠤ ᠪᠡᠷᠬᠡ ᠬᠦᠨᠳᠦ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠢ ᠨᠡᠮᠡᠭ᠌ᠳᠡᠭᠦᠯᠬᠦ᠌᠎ᠪᠡᠷ ᠬᠥᠭ᠌ᠵᠢᠯᠲᠡ᠎ᠶ᠋ᠢᠨ ᠦᠨᠳᠦᠰᠦᠨ ᠬᠠᠷᠠᠯᠲᠠ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ ᠤᠨ ᠰᠠᠭᠤᠷᠢ ᠶ᠋ᠢ ᠪᠠᠲᠤ ᠴᠣᠭ᠍ᠴᠠᠯᠠᠵᠤ᠂ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠪᠡ᠃
ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠂ ᠠᠷᠠᠳ ᠤᠯᠠᠨ᠎ᠤ ᠦᠨᠳᠦᠰᠦᠨ ᠠᠱᠢᠭ ᠲᠤᠰᠠᠲᠠᠶ ᠬᠣᠯᠪᠣᠭ᠍ᠳᠠᠵᠤ᠂ ᠠᠵᠤ ᠠᠬᠤᠢ ᠨᠡᠢᠭᠡᠮ᠎ᠦᠨ ᠡᠷᠡᠭᠦᠯ᠎ᠢᠶᠡᠷ ᠬᠥᠭ᠌ᠵᠢᠬᠦ᠌᠎ᠲᠡᠶ ᠬᠣᠯᠪᠣᠭ᠍ᠳᠠᠵᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠱᠢᠨ ᠪᠠᠢᠬᠤ᠎ᠳᠤ ᠬᠣᠯᠪᠣᠭ᠍ᠳᠠᠨ᠎ᠠ᠃
2024 ᠣᠨ᠎ᠤ 5 ᠰᠠᠷ᠎ᠠ᠎ᠶ᠋ᠢᠨ 27 ᠤ᠋ ᠡᠳᠦᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠲᠤᠬᠠᠶ ᠠᠷᠪᠠᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠠ᠃ ᠶᠡᠷᠦᠩᠬᠡᠢ ᠱᠦᠵᠢ ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠠᠵᠢᠯ ᠣᠯᠭᠣᠯᠲᠠ᠎ᠶ᠋ᠢ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠭᠤᠵᠤ᠂ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠲᠦᠷᠢᠮ ᠲᠣᠭ᠍ᠲᠠᠴᠠ ᠪᠠᠨ ᠪᠦᠷᠢᠨᠱᠢᠬᠦᠯᠵᠤ᠂ ᠠᠵᠢᠯ ᠤᠨ ᠬᠠᠮᠲᠤᠷᠠᠯ ᠬᠦᠴᠦᠨ᠎ᠢᠶᠡᠨ ᠴᠢᠩᠭᠠᠳᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠲᠤᠰ ᠵᠢᠯ᠎ᠦᠨ 9 ᠰᠠᠷ᠎ᠠ᠎ᠳᠤ᠂ 《ᠠᠵᠢᠯ ᠣᠯᠭᠣᠯᠲᠠ᠎ᠶ᠋ᠢ ᠤᠷᠢᠳ᠎ᠢᠶᠠᠷ ᠪᠣᠳᠣᠯᠬᠢᠯᠠᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠬᠤ ᠲᠤᠬᠠᠢ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠢ᠋ ᠨᠡᠢᠲᠡᠯᠡᠵᠦ᠍᠂ ᠲᠥᠪ᠎ᠦᠨ ᠳᠠᠪᠬᠤᠷᠭ᠎ᠠ᠎ᠡᠴᠡ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠬᠤ᠎ᠳᠤ ᠦᠵᠦ᠍ ᠲᠥᠯᠥᠪᠯᠡᠭᠡ ᠬᠢᠪᠡ᠃
5 ᠵᠢᠯ ᠦᠨ ᠬᠤᠭᠤᠴᠠᠭᠠᠨ᠎ᠳᠤ᠂ ᠮᠠᠨ ᠤ ᠤᠯᠤᠰ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠵᠢᠯ ᠪᠦᠷᠢ ᠬᠤᠳᠠ ᠪᠠᠯᠭᠠᠰᠤᠨ᠎ᠤ ᠱᠢᠨ᠎ᠡ ᠪᠡᠷ ᠠᠵᠢᠯ ᠣᠯᠤᠭ᠍ᠰᠠᠨ ᠬᠥᠮᠦᠨ 1200 ᠲᠦᠮᠡ᠎ᠡᠴᠡ ᠳᠡᠭᠡᠭ᠌ᠰᠢ᠎ᠳᠦ ᠲᠣᠭ᠍ᠲᠠᠪᠤᠷᠢᠵᠢᠪᠠ᠃ ᠰᠠᠭᠤᠭᠠᠯᠢ ᠠᠷᠠᠳ ᠤᠨ ᠣᠷᠣᠯᠭ᠎ᠠ᠎ᠶ᠋ᠢᠨ ᠨᠡᠮᠡᠭ᠌ᠳᠡᠯ ᠢ ᠠᠵᠤ ᠠᠬᠤᠢ᠎ᠶ᠋ᠢᠨ ᠨᠡᠮᠡᠭ᠌ᠳᠡᠯ᠎ᠲᠡᠶ ᠦᠨᠳᠦᠰᠦᠨ᠎ᠳᠡᠭᠡᠨ ᠠᠳᠠᠯᠢ ᠪᠠᠢᠯᠭᠠᠵᠤ᠂ ᠬᠤᠳᠠ ᠬᠥᠳᠡᠭᠡ᠎ᠶ᠋ᠢᠨ ᠣᠷᠣᠯᠭ᠎ᠠ᠎ᠶ᠋ᠢᠨ ᠬᠠᠷᠢᠴᠠᠩᠭᠤᠢ ᠵᠥᠷᠢᠶ᠎ᠡ᠎ᠶ᠋ᠢ ᠤᠯᠠᠮ ᠨᠢᠭᠡ ᠠᠯᠬᠤᠮ ᠪᠠᠭᠠᠰᠭᠠᠪᠠ᠃
ᠡᠪᠡᠳᠴᠢᠯᠡᠪᠡᠯ ᠦᠵᠡᠭᠦᠯᠬᠦ᠌ ᠡᠮᠨᠡᠯᠭᠡ᠎ᠲᠡᠶ᠂ ᠰᠤᠷᠤᠯᠴᠠᠬᠤ ᠡᠴᠡ ᠰᠤᠷᠭᠠᠨ ᠬᠥᠮᠦᠵᠢᠯ᠎ᠲᠡᠶ᠂ ᠰᠠᠭᠤᠬᠤ᠎ᠡᠴᠡ ᠣᠷᠣᠨ ᠰᠠᠭᠤᠴᠠ ᠲᠠᠶ ᠁ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢᠨ ᠬᠤᠭᠤᠴᠠᠭᠠᠨ᠎ᠳᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠡᠳ᠋᠎ᠦᠨ ᠵᠠᠰᠠᠭ᠎ᠤᠨ ᠣᠷᠣᠭᠤᠯᠤᠯᠲᠠ 100 ᠲᠦᠮᠡᠨ ᠳ᠋ᠦᠩᠱᠢᠭᠤᠷ ᠱᠢᠬᠠᠮ ᠲᠥᠭᠥᠷᠢᠭ᠎ᠲᠦ ᠬᠦᠷᠴᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠪᠡ᠃
ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢᠨ ᠲᠦᠪᠱᠢᠨ᠂ ᠪᠣᠯᠤᠮᠵᠢᠲᠤ ᠴᠢᠨᠠᠷ᠂ ᠲᠥᠪ ᠭᠤᠤᠯᠴᠢ ᠴᠢᠨᠠᠷ ᠢ ᠦᠷᠭᠦᠯᠵᠢᠯᠡᠨ ᠰᠠᠢᠵᠢᠷᠠᠭᠤᠯᠤᠨ ᠳᠡᠭᠡᠭ᠌ᠰᠢᠯᠡᠭᠦᠯᠵᠦ᠍᠂ ᠳᠡᠯᠡᠬᠡᠶ ᠳᠡᠭᠡᠷᠡᠬᠢ ᠬᠡᠪᠴᠢᠶ᠎ᠡ ᠪᠡᠷ ᠬᠠᠮᠤᠭ᠎ᠤᠨ ᠶᠡᠬᠡ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠱᠢᠰᠲ᠋ᠧᠮ ᠪᠣᠯᠤᠨ ᠡᠮᠴᠢᠯᠡᠭᠡᠨ ᠦ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ 79 ᠨᠠᠰᠤᠨ᠎ᠳᠤ ᠬᠦᠷᠴᠦ᠍᠂ ᠰᠠᠭᠤᠭᠠᠯᠢ ᠠᠷᠠᠳ᠎ᠤᠨ ᠡᠷᠡᠭᠦᠯ ᠮᠡᠨᠳᠦ᠍ ᠶ᠋ᠢᠨ ᠬᠡᠪ ᠪᠣᠯᠪᠠᠰᠤᠷᠠᠯ ᠤᠨ ᠲᠦᠪᠱᠢᠨ 31.9% ᠪᠣᠯᠲᠠᠯ᠎ᠠ ᠳᠡᠭᠡᠭ᠌ᠰᠢᠯᠡᠪᠡ᠃
ᠲᠦᠭᠡᠮᠡᠯ ᠬᠠᠷᠠᠭᠠᠯᠵᠠᠯᠲᠤ ᠴᠢᠨᠠᠷ ᠰᠠᠢᠲᠠᠶ ᠰᠤᠷᠭᠠᠨ ᠬᠥᠮᠦᠵᠢᠯ ᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠬᠠᠩᠭᠠᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠵᠤ᠂ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠤᠷᠤᠭ᠍ᠰᠠᠨ ᠪᠥᠬᠥ᠌ ᠨᠣᠷᠮ᠎ᠠ 92%᠎ᠲᠤ᠌ ᠬᠦᠷᠴᠦ᠍᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠰᠤᠷᠭᠠᠭᠤᠯᠢ ᠳᠤ ᠤᠷᠤᠭ᠍ᠰᠠᠨ ᠪᠥᠬᠥ᠌ ᠨᠣᠷᠮ᠎ᠠ 60.8% ᠳ᠋ᠤ ᠬᠦᠷᠴᠡᠢ᠃
ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ᠎ᠶ᠋ᠢᠨ ᠪᠥᠳᠥᠭᠡᠨ ᠪᠠᠢᠭᠤᠯᠤᠯᠲᠠ ᠶ᠋ᠢ ᠯᠠᠪᠳᠠᠭᠤᠨ᠎ᠢᠶᠠᠷ ᠠᠬᠢᠭᠤᠯᠵᠤ᠂ ᠡᠯ᠎ᠡ ᠲᠥᠷᠥᠯ᠎ᠦᠨ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ ᠪᠠ ᠬᠣᠳᠠ᠎ᠶ᠋ᠢᠨ ᠳᠤᠮᠳᠠᠬᠢ ᠲᠣᠰᠭᠣᠨ᠂ ᠬᠣᠳᠠ᠎ᠶ᠋ᠢᠨ ᠨᠤᠷᠠᠬᠤ ᠠᠶᠤᠯᠲᠠᠢ ᠬᠠᠭᠤᠴᠢᠨ ᠭᠡᠷ ᠪᠠᠢᠱᠢᠩ ᠢ ᠥᠭᠡᠷᠡᠴᠢᠯᠡᠨ ᠪᠠᠢᠭᠤᠯᠬᠤ ᠵᠡᠷᠭᠡ 1100 ᠭᠠᠷᠤᠢ ᠲᠦᠮᠡᠨ ᠢᠵᠢ (ᠲᠠᠰᠤᠯᠭ᠎ᠠ) ᠲᠥᠪᠬᠢᠨᠡᠭᠦᠯᠬᠦ᠌ ᠣᠷᠣᠨ ᠰᠠᠭᠤᠴᠠ᠎ᠶ᠋ᠢ ᠪᠥᠳᠥᠭᠡᠨ ᠪᠠᠢᠭᠤᠯᠵᠤ᠂ 3000 ᠭᠠᠷᠤᠢ ᠲᠦᠮᠡᠨ ᠣᠯᠠᠨ ᠲᠦᠮᠡᠨ᠎ᠳᠦ ᠠᠱᠢᠭ ᠬᠦᠷᠲᠡᠭᠡᠪᠡ᠃
ᠬᠥᠭ᠌ᠵᠢᠯᠲᠡ ᠶ᠋ᠢᠨ ᠵᠠᠮ ᠳᠡᠭᠡᠷ᠎ᠡ᠂ ᠨᠢᠭᠡ ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠳᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠪᠣᠯ ᠨᠢᠭᠡᠨ ᠶᠡᠬᠡ ᠰᠡᠳᠦᠪ ᠪᠣᠯᠤᠨ᠎ᠠ᠃
ᠡᠨᠡ ᠵᠢᠯ ᠪᠣᠯ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ 5 ᠵᠢᠯ᠎ᠦᠨ ᠱᠢᠯᠵᠢᠯᠲᠡ᠎ᠶ᠋ᠢᠨ ᠬᠤᠭᠤᠴᠠᠭ᠎ᠠ᠎ᠲᠠᠶ ᠪᠦᠲᠦᠮᠵᠢᠲᠡᠢ ᠵᠣᠯᠭᠠᠭᠤᠯᠬᠤ ᠡᠴᠦᠰ᠎ᠦᠨ ᠨᠢᠭᠡ ᠵᠢᠯ ᠪᠣᠯᠤᠨ᠎ᠠ᠃ ᠶᠠᠳᠠᠭᠤ᠎ᠡᠴᠡ ᠠᠩᠭᠢᠵᠢᠷᠠᠬᠰᠡᠨ ᠬᠥᠮᠦᠨ ᠠᠮᠠ᠎ᠶ᠋ᠢᠨ ᠠᠵᠢᠯ ᠬᠢᠵᠦ᠍ ᠠᠵᠢᠯ ᠣᠯᠭᠣᠬᠤ ᠬᠡᠪᠴᠢᠶ᠎ᠡ 4 ᠵᠢᠯ ᠳᠠᠷᠠᠭᠠᠯᠠᠨ 3000 ᠲᠦᠮᠡ᠎ᠡᠴᠡ ᠳᠡᠭᠡᠭ᠌ᠰᠢ᠎ᠳᠦ ᠲᠣᠭ᠍ᠲᠠᠪᠤᠷᠢᠵᠢᠵᠤ᠂ ᠶᠠᠳᠠᠭᠤ᠎ᠡᠴᠡ ᠠᠩᠭᠢᠵᠢᠷᠠᠬᠰᠡᠨ ᠱᠢᠶᠠᠨ᠎ᠤ ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ 4 ᠵᠢᠯ ᠳᠠᠷᠠᠭᠠᠯᠠᠨ ᠪᠦᠬᠦ᠌ ᠤᠯᠤᠰ ᠤᠨ ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠡᠴᠡ ᠲᠦᠷᠭᠡᠨ ᠪᠣᠯᠪᠠ᠃
ᠲᠤᠮᠳᠠᠳᠤ ᠵᠢᠨ ᠡᠬᠡ ᠭᠠᠵᠠᠷ ᠢ ᠪᠠᠷᠠᠯᠠᠬᠤᠶ᠎ᠠ᠂ ᠱᠢᠷ᠎ᠠ ᠬᠥᠷᠥᠰᠥᠲᠦ ᠥᠨᠳᠥᠷᠯᠢᠭ ᠦᠨ ᠠᠯᠮᠤᠷᠠᠳ᠎ᠤᠨ ᠰᠠᠭᠤᠷᠢᠨ᠎ᠡᠴᠡ ᠭᠦᠢᠵᠧᠦ᠍᠎ᠶ᠋ᠢᠨ ᠬᠦᠳᠡᠭᠡ ᠲᠣᠰᠭᠣᠨ᠎ᠤ ᠪᠦᠲᠦᠭᠡᠯᠴᠢ ᠰᠡᠳᠬᠢᠮᠵᠢ ᠵᠢᠨ ᠦᠢᠯᠡᠳᠪᠦᠷᠢ᠎ᠶ᠋ᠢᠨ ᠲᠠᠰᠤᠭ ᠬᠦᠷᠲᠡᠯ᠎ᠡ; ᠬᠤᠨᠡᠨ ᠤ᠋ ᠲᠠᠷᠢᠶᠠᠨ ᠭᠠᠵᠠᠷ᠎ᠤᠨ ᠵᠢᠱ᠌ᠢᠢ᠎ᠡ ᠦᠵᠡᠭᠦᠯᠬᠦ᠌ ᠣᠷᠣᠨ᠎ᠡᠴᠡ ᠬᠠᠢᠨᠠᠨ ᠤ᠋ ᠭᠦᠨ ᠠᠭᠤᠯᠠ᠎ᠶ᠋ᠢᠨ ᠴᠠᠢ᠎ᠶ᠋ᠢᠨ ᠬᠤᠷᠱᠢᠶ᠎ᠠ ᠬᠦᠷᠲᠡᠯ᠎ᠡ ᠁ ᠡᠯ᠎ᠡ ᠭᠠᠵᠠᠷ᠎ᠤᠨ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃
ᠠᠷᠠᠳ᠎ᠤᠨ ᠠᠮᠢᠳᠤᠷᠠᠯ ᠪᠤᠯ ᠲᠤᠮᠤ ᠶᠠᠪᠤᠳᠠᠯ᠂ ᠠᠷᠠᠳ᠎ᠤᠨ ᠠᠮᠢᠳᠤᠷᠠᠯ ᠪᠤᠯ ᠴᠢᠬᠤᠯᠠ ᠶᠠᠪᠤᠳᠠᠯ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ᠎ᠳᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ 20 ᠵᠦᠶ᠋ᠯ᠎ᠦᠨ ᠭᠤᠤᠯ ᠭᠦᠶ᠋ᠴᠡᠳᠭᠡᠯ ᠲᠣᠭ᠎ᠠ᠎ᠳᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠲᠠᠶ ᠱᠢᠭᠤᠳ ᠬᠣᠯᠪᠣᠭ᠍ᠳᠠᠭ᠍ᠰᠠᠨ ᠨᠢ 7 ᠵᠦᠶ᠋ᠯ ᠪᠠᠢᠵᠤ᠂ ᠠᠷᠠᠳ᠎ᠤᠨ ᠠᠮᠢᠳᠤᠷᠠᠯ ᠤᠨ ᠦᠶ᠋ᠯᠡᠰ ᠦᠨ ᠲᠠᠰᠤᠷᠠᠯᠲᠠ ᠥᠬᠡᠶ ᠱᠢᠨ᠎ᠡ ᠠᠬᠢᠴᠠ᠎ᠲᠠᠶ ᠪᠣᠯᠬᠤ᠎ᠶ᠋ᠢ ᠠᠬᠢᠭᠤᠯᠪᠠ᠃
ᠬᠥᠭ᠌ᠵᠢᠯᠲᠡ᠎ᠳᠦ ᠠᠷᠠᠳ ᠲᠦᠮᠡᠨ ᠢ ᠲᠦᠱᠢᠭ᠌ᠯᠡᠨ᠎ᠡ ᠄ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ
ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠬᠥᠳᠡᠭᠡ ᠲᠣᠰᠭᠣᠨ᠎ᠤ ᠪᠠᠭ᠍ᠰᠢ᠂ ᠶᠠᠳᠠᠭᠤ᠎ᠶ᠋ᠢ ᠲᠡᠳᠬᠦᠬᠦ᠌ ᠺᠠᠳ᠋ᠷ᠂ ᠬᠥᠯᠥᠰᠥᠨ ᠲᠠᠷᠢᠶᠠᠴᠢᠨ᠂ ᠠᠮᠤ ᠪᠤᠳᠠᠭ᠎ᠠ ᠳᠠᠷᠢᠬᠤ ᠲᠣᠮᠣ ᠡᠷᠦᠬᠡ᠂ ᠠᠴᠢᠶᠠᠨ᠎ᠤ ᠮᠠᠱᠢᠨ ᠲᠡᠷᠭᠡᠨ ᠤ᠋ ᠵᠢᠯᠣᠭᠣᠴᠢ᠂ ᠲᠦᠷᠭᠡᠨ ᠬᠦᠷᠭᠡᠭ᠌ᠴᠢ᠂ ᠬᠣᠭᠣᠯᠠᠨ ᠬᠡᠷ᠎ᠦᠨ ᠡᠵᠡᠨ᠂ ᠬᠠᠤᠯᠢ ᠴᠠᠭᠠᠵᠠ᠎ᠶ᠋ᠢᠨ ᠠᠵᠢᠯᠲᠠᠨ ᠁ 30 ᠦᠨᠳᠦᠰᠦᠨ ᠱᠠᠲᠤᠨ᠎ᠤ ᠲᠥᠯᠥᠭᠡᠯᠡᠭ᠌ᠴᠢ ᠨᠢᠭᠡ ᠲᠠᠩᠬᠢᠮ᠎ᠳᠤ ᠴᠤᠭ᠍ᠯᠠᠷᠠᠵᠤ᠂ 10 ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃
2020 ᠣᠨ᠎ᠤ 9 ᠰᠠᠷ᠎ᠠ᠎ᠶ᠋ᠢᠨ 17 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠬᠤᠨᠠᠨ᠎ᠤ ᠴᠠᠩᠱᠠ᠎ᠳᠤ ᠦᠨᠳᠦᠰᠦᠨ ᠱᠠᠲᠤᠨ᠎ᠤ ᠲᠥᠯᠥᠭᠡᠯᠡᠭ᠌ᠴᠢᠳ᠎ᠦᠨ《ᠣᠨᠴᠠᠭᠠᠢ》 ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠣᠶᠠᠷ ᠴᠠᠭ ᠭᠠᠷᠤᠢ᠎ᠶ᠋ᠢᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠦᠭᠡ ᠬᠡᠯᠡᠭᠰᠡᠨ ᠲᠥᠯᠥᠭᠡᠯᠡᠭ᠌ᠴᠢ ᠨᠢᠭᠡᠪᠦᠷᠢ᠎ᠲᠡᠶ ᠰᠠᠨᠠᠯ᠎ᠢᠶᠠᠨ ᠰᠣᠯᠢᠯᠴᠠᠪᠠ᠃
ᠡᠨᠡ ᠤᠳᠠᠭ᠎ᠠ ᠵᠢᠨ ᠶᠠᠷᠢᠯᠴᠠᠬᠤ ᠬᠤᠷᠠᠯ ᠳᠡᠭᠡᠷ᠎ᠡ ᠶᠡᠷᠤᠨᠭᠭᠡᠢ ᠱᠦᠵᠢ ᠰᠢ ᠵᠢᠨ ᠫᠢᠩ᠄ 《ᠵᠥᠪ ᠵᠠᠮ ᠬᠠᠮᠢᠭ᠎ᠠ᠎ᠡᠴᠡ ᠢᠷᠡᠳᠡᠭ ᠪᠤᠢ?ᠣᠯᠠᠨ ᠲᠦᠮᠡᠨ᠎ᠦ ᠳᠤᠮᠳᠠ᠎ᠡᠴᠡ ᠢᠷᠡᠳᠡᠭ᠃ ᠪᠢᠳᠠ ᠦᠨᠳᠤᠰᠤᠨ ᠱᠠᠳᠤᠨ ᠳ᠋ᠤ ᠠᠨᠭᠬᠠᠷᠤᠯ ᠵᠢᠡᠨ ᠲᠦᠪᠯᠡᠷᠡᠬᠦᠯᠵᠤ᠂ ᠦᠵᠦ᠍ ᠲᠥᠯᠥᠪᠯᠡᠭᠡ᠎ᠶ᠋ᠢ ᠠᠷᠠᠳ᠎ᠡᠴᠡ ᠠᠷᠭ᠎ᠠ ᠪᠤᠳᠤᠯᠭ᠎ᠠ ᠠᠰᠠᠭᠤᠬᠤᠯᠤᠭᠠ ᠨᠢᠭᠡᠳᠭᠡᠬᠦ᠌ ᠬᠡᠷᠡᠭ᠌ᠲᠡᠢ》 ᠭᠡᠵᠤ ᠭᠦᠨᠵᠡᠭᠡᠶ ᠵᠢᠭᠠᠵᠤ ᠭᠠᠷᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠰᠠᠢᠲᠤᠷ ᠲᠤᠭᠤᠷᠪᠢᠬᠤ᠎ᠶ᠋ᠢᠨ ᠲᠥᠯᠥᠭᠡ᠂ 2020 ᠣᠨ᠎ᠤ 7 — 9 ᠰᠠᠷ᠎ᠠ ᠪᠣᠯᠲᠠᠯ᠎ᠠ᠂ ᠶᠡᠷᠦᠩᠬᠡᠶ ᠱᠦᠵᠢ ᠰᠢ ᠵᠢᠨ ᠫᠢᠩ ᠡᠢᠮᠦᠷᠬᠦᠦ ᠶᠠᠷᠢᠯᠴᠠᠬᠤ ᠬᠤᠷᠠᠯ᠎ᠢ 7 ᠤᠳᠠᠭ᠎ᠠ ᠡᠷᠭᠢᠯᠡᠨ ᠬᠤᠷᠠᠯᠳᠤᠭᠤᠯᠪᠠ᠃
ᠠᠷᠠᠳ ᠲᠦᠮᠡᠨ᠎ᠦ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠪᠠ᠃
《ᠠᠳᠠᠯ ᠠᠬᠤᠶ᠎ᠶ᠋ᠢᠨ ᠬᠠᠮᠢᠶᠠᠷᠤᠯᠳᠠ ᠵᠢᠨ ᠺᠣᠮᠫᠠᠨᠢ ᠴᠠᠬᠢᠯᠭᠠᠨ ᠴᠡᠨᠡᠭ᠌ᠯᠡᠬᠦ᠌ ᠱᠣᠩ᠎ᠢ ᠱᠢᠭᠤᠳ ᠭᠥᠯᠢᠶᠡᠨ ᠠᠪᠴᠤ᠌ ᠬᠠᠮᠢᠶᠠᠷᠤᠨ᠂ ᠡᠳᠦᠷ ᠲᠤᠲᠤᠮ᠎ᠤᠨ ᠬᠠᠮᠠᠭᠠᠯᠠᠯᠲᠠ᠎ᠳᠤ ᠲᠥᠬᠥᠮ ᠦᠵᠡᠭᠦᠯᠬᠦ᠌ ᠪᠥᠭᠡᠳ ᠰᠠᠭᠤᠭᠠᠯᠢ ᠠᠷᠠᠳ᠎ᠤᠨ ᠴᠠᠬᠢᠯᠭᠠᠨ ᠴᠡᠨᠡᠭ᠌ᠯᠡᠬᠦ᠌᠎ᠳᠦ ᠲᠥᠬᠥᠮ ᠦᠵᠡᠭᠦᠯᠪᠠᠯ ᠵᠤᠬᠢᠨ᠎ᠠ》᠂《ᠠᠰᠠᠷ᠎ᠤᠨ ᠳᠠᠪᠬᠤᠷᠯᠢᠭ᠎ᠤᠨ ᠨᠡᠪᠲᠡᠷᠡᠬᠦ᠌ ᠵᠠᠮ ᠵᠡᠷᠭᠡ ᠣᠷᠣᠨ ᠪᠦᠰᠡ᠎ᠳᠦ ᠣᠪᠣᠭᠠᠯᠠᠵᠤ ᠪᠠᠢᠭ᠎ᠠ ᠬᠠᠶᠠᠭ᠍ᠳᠠᠮᠠᠯ ᠪᠣᠳᠠᠰ᠎ᠢ ᠳᠠᠷᠤᠢᠬᠠᠨ ᠴᠡᠪᠡᠷᠯᠡᠵᠦ᠍᠂ ᠠᠳᠠᠯ ᠠᠬᠤᠶ᠎ᠶ᠋ᠢᠨ ᠬᠠᠮᠢᠶᠠᠷᠤᠯᠳᠠ ᠵᠢᠨ ᠺᠣᠮᠫᠠᠨᠢ ᠲᠣᠭᠣᠷᠢᠨ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠬᠤ ᠬᠡᠷᠡᠭ᠌ᠲᠡᠶ》᠃
ᠵᠢᠶᠠᠩᠰᠦ᠎ᠶ᠋ᠢᠨ ᠱᠢᠨ ᠢ ᠬᠣᠲᠠ᠎ᠶ᠋ᠢᠨ ᠱᠢᠨ ᠠᠨ ᠵᠡᠭᠡᠯᠢ ᠭᠤᠳᠤᠮᠵᠢ᠎ᠶ᠋ᠢᠨ ᠴᠧᠩ ᠭᠤᠸᠠᠨ ᠨᠡᠢᠭᠡᠮ ᠲᠣᠭᠣᠷᠢᠭ᠎ᠲᠤ᠂ ᠰᠠᠷ᠎ᠠ ᠪᠦᠷᠢ᠎ᠶ᠋ᠢᠨ 5 ᠤ᠋ ᠡᠳᠦᠷ ᠪᠠ 15 ᠤ᠋ ᠡᠳᠦᠷ᠂ ᠨᠡᠢᠭᠡᠮ ᠲᠣᠭᠣᠷᠢᠭ᠎ᠤᠨ 《ᠲᠤᠤᠷᠵᠢᠭᠤᠯᠤᠬᠰᠡᠨ ᠬᠡᠷᠡᠭ ᠵᠥᠪᠯᠡᠬᠦ᠌ ᠲᠢᠩᠬᠢᠮ》 ᠮᠠᠰᠢ ᠬᠥᠷ ᠬᠥᠭ᠌ᠵᠢᠶᠡᠨᠲᠡᠶ ᠪᠣᠯᠵᠣ᠂ ᠨᠡᠢᠭᠡᠮ ᠲᠣᠭᠣᠷᠢᠭ᠎ᠤᠨ ᠺᠠᠳ᠋ᠷ᠂ ᠲᠤᠤᠷᠵᠢᠭᠤᠯᠤᠯᠳᠠ ᠵᠢᠨ ᠠᠵᠢᠯᠲᠠᠨ ᠪᠣᠯᠤᠨ ᠰᠠᠭᠤᠭᠠᠯᠢ ᠠᠷᠠᠳ ᠬᠠᠮᠲᠤ᠎ᠪᠠᠷ ᠰᠠᠭᠤᠭᠠᠯᠢ ᠠᠷᠠᠳ ᠤ᠋ᠨ ᠲᠣᠭᠣᠷᠢᠭ᠎ᠤᠨ ᠵᠠᠰᠠᠯᠲᠠ᠎ᠶ᠋ᠢᠨ ᠠᠰᠠᠭᠤᠳᠠᠯ᠎ᠳᠤ ᠴᠢᠭ᠌ᠯᠡᠭᠦᠯᠦᠨ᠂ ᠱᠢᠶ᠋ᠳᠪᠦᠷᠢᠯᠡᠬᠦ᠌ ᠠᠷᠭ᠎ᠠ ᠶ᠋ᠢ ᠬᠠᠮᠲᠤ᠎ᠪᠠᠷ ᠵᠥᠪᠳᠡᠯᠴᠡᠨ ᠲᠤᠬᠳᠠᠭᠠᠳᠠᠭ᠃
ᠡᠳᠦᠭᠡ᠂《ᠤᠯᠠᠨ ᠲᠦᠮᠡᠨ ᠦ ᠶᠠᠪᠤᠳᠠᠯ᠎ᠢ ᠤᠯᠠᠨ ᠲᠦᠮᠡᠨ᠎ᠲᠡᠶ ᠢᠯᠡᠭᠦᠬᠡᠨ ᠵᠥᠪᠳᠡᠯᠴᠡᠵᠦ᠍᠂ ᠤᠯᠠᠨ ᠤ ᠶᠠᠪᠤᠳᠠᠯᠳ᠋ᠤ ᠬᠥᠮᠦᠨ ᠪᠦᠬᠦᠨ ᠣᠷᠣᠯᠴᠠᠬᠤ》 ᠨᠢ ᠨᠢᠭᠡᠨᠳᠠ ᠦᠨᠳᠦᠰᠦᠨ ᠱᠠᠲᠤᠨ᠎ᠤ ᠵᠠᠰᠠᠯᠲᠠ᠎ᠶ᠋ᠢᠨ 《ᠬᠥᠳᠡᠯᠭᠡᠬᠦ᠌ ᠬᠦᠴᠦᠨ᠎ᠦ ᠠᠨᠢᠰᠤ》 ᠪᠣᠯᠵᠠᠢ᠃
ᠦᠨᠳᠦᠰᠦᠨ ᠱᠠᠲᠤᠨ᠎ᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠷᠠᠳ ᠲᠦᠮᠡᠨ᠎ᠦ ᠥᠭᠡᠷᠡᠴᠢᠯᠡᠯᠲᠡ᠎ᠶ᠋ᠢᠨ ᠡᠭᠦᠳᠦᠨ ᠪᠦᠲᠦᠭᠡᠬᠦ᠌ ᠠᠮᠢᠵᠢᠷᠠᠯ ᠤᠨ ᠬᠦᠴᠦᠨ ᠢ ᠬᠥᠭ᠌ᠵᠢᠭᠡᠨ᠎ᠡ᠃
《ᠥᠩᠭᠡᠷᠡᠭ᠌ᠰᠡᠨ᠎ᠳᠦ ᠠᠵᠢᠯ ᠶᠠᠪᠤᠳᠠᠯ ᠭᠦᠢᠴᠡᠳᠭᠡᠬᠦ᠎ᠳᠦ ᠣᠯᠠᠨ ᠤᠳᠠᠭ᠎ᠠ ᠭᠦᠶᠦᠵᠦ᠍ ᠪᠠᠢᠭ᠍ᠰᠠᠨ᠂ ᠣᠲᠣ ᠨᠢᠭᠡ ᠯᠡ ᠤᠳᠠᠭ᠎ᠠ ᠮᠠᠲ᠋ᠧᠷᠢᠶᠠᠯ᠎ᠢᠶᠡᠨ ᠲᠤᠱᠢᠶᠠᠪᠠᠯ ᠪᠣᠯᠴᠢᠬᠠᠨ᠎ᠠ》᠃ ᠨᠢᠩᠱᠢᠶᠠ᠎ᠶ᠋ᠢᠨ ᠵᠥᠩ ᠨᠢᠩ ᠱᠢᠶᠠᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠲᠦ᠂ ᠮᠠ ᠠᠪᠤᠭᠠᠶ ᠡᠵᠡᠩᠨᠡᠯᠲᠡ᠎ᠶ᠋ᠢᠨ ᠦᠨᠡᠮᠯᠡᠯ ᠭᠤᠶᠤᠴᠢᠯᠠᠨ ᠠᠪᠬᠤ᠂ ᠭᠠᠢᠯᠢ᠎ᠶ᠋ᠢᠨ ᠶᠠᠪᠤᠳᠠᠯ᠎ᠤᠨ ᠳᠡᠩᠰᠡᠯᠡᠯᠲᠡ ᠬᠢᠬᠦ᠌ ᠵᠡᠷᠭᠡ ᠪᠥᠬᠥ᠌ ᠶᠠᠪᠤᠴᠠ᠎ᠶ᠋ᠢᠨ ᠲᠤᠬᠠᠢᠯᠠᠭ᠍ᠰᠠᠨ ᠠᠵᠢᠯ᠎ᠢ ᠬᠠᠭᠠᠰᠭᠠᠨ ᠡᠳᠦᠷ᠎ᠲᠦ ᠪᠡᠶᠡᠯᠡᠭᠦᠯᠵᠦ᠍᠂ ᠠᠵᠤ ᠠᠬᠤᠢᠯᠠᠯ ᠪᠠᠢᠭᠤᠯᠬᠤ ᠠᠵᠢᠯ᠎ᠢ ᠪᠡᠶᠡᠯᠡᠭᠦᠯᠪᠡ᠃
ᠦᠨᠳᠦᠰᠦᠨ ᠱᠠᠲᠤᠨ᠎ᠤ ᠠᠮᠢᠳᠤᠯᠢᠭ ᠪᠣᠳᠠᠲᠠᠢ ᠦᠢᠯᠡᠳᠦᠯᠭᠡ ᠳᠤᠮᠳᠠ᠎ᠡᠴᠡ ᠱᠢᠮ᠎ᠡ ᠲᠡᠵᠢᠭᠡᠯ ᠬᠦᠷᠲᠡᠵᠦ᠍᠂ ᠰᠠᠢ᠌ᠨ ᠲᠤᠷᠱᠢᠯᠭ᠎ᠠ ᠠᠷᠭ᠎ᠠ ᠬᠢᠳᠡᠯ᠎ᠢ ᠤᠯᠤᠰ᠎ᠤᠨ ᠲᠦᠷᠦ᠍᠎ᠶ᠋ᠢᠨ ᠪᠤᠳᠤᠯᠭ᠎ᠠ ᠪᠣᠯᠭᠠᠨ ᠳᠡᠭᠡᠭ᠌ᠰᠢᠯᠡᠭᠦᠯᠵᠦ᠍᠂ ᠥᠭᠡᠷᠡᠴᠢᠯᠡᠯᠲᠡ᠎ᠶ᠋ᠢᠨ ᠲᠠᠰᠤᠷᠠᠯᠲᠠ ᠦᠭᠡᠢ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠪᠠ᠃ ᠣᠳᠣᠬᠠᠨ᠎ᠳᠤ᠂ 《ᠨᠢᠭᠡ ᠰᠦᠯᠵᠢᠶ᠎ᠡ᠎ᠪᠡᠷ ᠪᠦᠬᠦᠨ᠎ᠢ ᠭᠦᠶ᠋ᠴᠡᠳᠭᠡᠬᠦ》᠂ 《ᠮᠤᠵᠢ ᠠᠯᠤᠰᠯᠠᠨ ᠪᠦᠬᠦᠨ᠎ᠢ ᠭᠦᠶ᠋ᠴᠡᠳᠭᠡᠬᠦ᠌》 ᠵᠡᠷᠭᠡ᠎ᠨᠢ ᠨᠢᠭᠡᠨᠲᠡ ᠡᠯ᠎ᠡ ᠭᠠᠵᠠᠷ᠎ᠲᠤ ᠬᠡᠪ᠎ᠦᠨ ᠪᠠᠢᠳᠠᠯ ᠪᠣᠯᠵᠣ᠂ ᠠᠵᠤ ᠠᠬᠤᠢᠯᠠᠯ ᠪᠠ ᠣᠯᠠᠨ ᠲᠦᠮᠡᠨ᠎ᠳᠦ ᠲᠤᠢᠯ᠎ᠤᠨ ᠶᠡᠬᠡ ᠲᠥᠬᠥᠮ ᠦᠵᠡᠭᠦᠯᠪᠡ᠃
ᠵᠧᠵᠢᠶᠠᠩ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠰᠦᠪᠡᠭ᠌ᠴᠢᠯᠡᠵᠦ᠍ ᠬᠠᠮᠲᠤ᠎ᠪᠠᠷ ᠪᠠᠶᠠᠵᠢᠬᠤ ᠵᠢᠱ᠌ᠢᠢ᠎ᠡ ᠦᠵᠡᠭᠦᠯᠬᠦ᠌ ᠣᠷᠣᠨ᠎ᠢ ᠪᠠᠢᠭᠤᠯᠤᠭ᠍ᠰᠠᠨ᠎ᠡᠴᠡ ᠠᠪᠤᠭᠠᠳ ᠱᠧᠨᠵᠧᠨ᠎ᠳᠦ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠤᠷᠢᠳ᠎ᠢᠶᠠᠷ ᠬᠡᠷᠡᠭ᠌ᠵᠢᠭᠦᠯᠬᠦ᠌ ᠵᠢᠱ᠌ᠢᠢ᠎ᠡ ᠦᠵᠡᠭᠦᠯᠬᠦ᠌ ᠣᠷᠣᠨ᠎ᠢ ᠪᠠᠢᠭᠤᠯᠤᠭ᠍ᠰᠠᠨ ᠬᠦᠷᠲᠡᠯ᠎ᠡ; ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠤ ᠬᠢᠨ ᠵᠣᠷᠢᠭ᠍ᠲᠠᠢ ᠪᠠᠷ ᠲᠤᠷᠱᠢᠵᠤ᠂ ᠵᠣᠷᠢᠭ᠍ᠲᠠᠢ ᠪᠠᠷ ᠬᠢᠵᠦ᠍᠂ ᠨᠢᠭᠡ ᠪᠦᠯᠦᠭ ᠲᠡᠷᠡ ᠬᠡᠪ ᠢᠶᠡᠷ ᠨᠢ ᠳᠡᠯᠭᠡᠷᠡᠭᠦᠯᠵᠦ᠍ ᠪᠣᠯᠬᠤ ᠲᠦᠷᠢᠮ᠎ᠦᠨ ᠱᠢᠨ᠎ᠡ ᠵᠢ ᠡᠭᠦᠳᠦᠭᠰᠡᠨ ᠦᠷ᠎ᠡ ᠪᠦᠲᠦᠭᠡᠯ ᠢ ᠪᠦᠷᠢᠯᠳᠦᠭᠦᠯᠦᠭ᠌ᠰᠡᠨ᠎ᠡᠴᠡ ᠠᠪᠤᠭᠠᠳ ᠡᠯ᠎ᠡ ᠭᠠᠵᠠᠷ ᠤᠨ ᠬᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠲᠠᠯ᠎ᠠ᠎ᠪᠠᠷ ᠢᠳᠡᠪᠬᠢᠲᠡᠢ ᠰᠦᠪᠡᠭ᠌ᠴᠢᠯᠡᠭ᠌ᠰᠡᠨ ᠬᠦᠷᠲᠡᠯ᠎ᠡ ᠴᠦᠮ ᠠᠷᠠᠳ ᠤᠯᠠᠨ᠎ᠤ ᠦᠢᠯᠡᠳᠦᠯᠭᠡ᠎ᠶ᠋ᠢᠨ ᠤᠶᠤᠨ ᠤᠬᠠᠭᠠᠨ ᠪᠣᠯᠤᠨ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ ᠪᠠᠢᠨ᠎ᠠ᠃
ᠠᠷᠠᠳ ᠲᠦᠮᠡᠨ᠎ᠳᠦ ᠨᠢᠭᠲᠠ ᠲᠦᠱᠢᠭ᠌ᠯᠡᠵᠦ᠍᠂ ᠲᠡᠮᠡᠴᠡᠯ ᠦᠨ ᠬᠦᠴᠦᠨ ᠢ ᠨᠢᠭ᠍ᠲᠠᠷᠠᠭᠤᠯᠵᠤ᠂ ᠬᠦᠴᠢᠷ ᠢ ᠲᠤᠭᠤᠯᠤᠨ ᠪᠡᠷᠬᠡ ᠶ᠋ᠢ ᠳᠠᠪᠠᠬᠤ ᠲᠤᠮᠳᠠ ᠪᠤᠭᠤᠮᠳᠠ ᠰᠢᠪᠳᠤᠯᠵᠤ᠂ ᠯᠠᠪᠳᠠᠭᠤᠨ᠎ᠢᠶᠠᠷ ᠬᠤᠯᠠ ᠠᠶᠠᠯᠠᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠯᠤᠲᠤ ᠶᠡᠬᠡ ᠳᠠᠪᠱᠢᠯᠲᠠ᠎ᠨᠢ ᠠᠯᠢ ᠣᠯᠠᠨ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠡᠨ ᠳᠠᠪᠠᠵᠤ᠂ ᠠᠷᠠᠳ ᠣᠯᠠᠨ ᠠᠵᠢᠯᠴᠢ ᠬᠣᠶᠠᠷ ᠭᠠᠷ᠎ᠢᠶᠠᠷ᠎ᠢᠶᠠᠨ ᠲᠡᠮᠡᠴᠡᠵᠤ ᠪᠠᠢᠭᠠᠳ ᠣᠯᠤᠭ᠍ᠰᠠᠨ ᠶᠤᠮ᠃
ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠨᠡᠮᠡᠭ᠌ᠳᠡᠭᠦᠯᠵᠦ᠍᠂ ᠬᠤᠪᠢᠷᠠᠯᠲᠠ᠎ᠶ᠋ᠢ ᠢᠳᠡᠪᠬᠢᠲᠡᠢ ᠲᠠᠨᠢᠵᠤ ᠬᠤᠪᠢᠷᠠᠯᠲᠠ ᠵᠢ ᠠᠷᠭᠠᠴᠠᠭᠠᠵᠤ ᠬᠤᠪᠢᠷᠠᠯᠲᠠ᠎ᠶ᠋ᠢ ᠡᠷᠢᠯᠬᠢᠯᠡᠵᠦ᠍᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠪᠡ᠃ 5 ᠵᠢᠯ᠎ᠦᠨ ᠲᠤᠷᠰᠢ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠡᠮᠵᠢᠶ᠎ᠡ ᠵᠢᠱ᠌ᠢᠯᠲᠡ᠎ᠪᠡᠷ 35 ᠲᠦᠮᠡᠨ ᠳ᠋ᠦᠩᠱᠢᠭᠤᠷ ᠲᠥᠭᠥᠷᠢᠭ ᠢ ᠳᠠᠪᠠᠵᠤ᠂ ᠳᠡᠯᠡᠬᠡᠶ᠎ᠶ᠋ᠢᠨ ᠭᠤᠷᠪᠠᠳᠤᠭᠠᠷ᠎ᠲᠤ ᠤᠷᠤᠵᠤ ᠪᠠᠢᠭ᠎ᠠ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠡᠴᠡ ᠳᠠᠪᠠᠭ᠍ᠰᠠᠨ ᠪᠠᠢᠨ᠎ᠠ᠃
14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠪᠦᠯᠬᠦᠮᠳᠡᠨ ᠲᠡᠮᠡᠴᠡᠵᠦ᠍᠂ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠬᠤ ᠰᠦᠷ ᠳᠠᠯᠠᠢᠴᠠᠲᠠᠢ ᠬᠦᠴᠦᠨ ᠢ ᠨᠢᠭ᠍ᠲᠠᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠯ᠎ᠡ ᠵᠦᠢᠯ᠎ᠦᠨ ᠡᠭᠦᠷᠭᠡ᠎ᠶ᠋ᠢ ᠤᠷᠤᠭ᠍ᠰᠢᠲᠠᠢ ᠠᠬᠢᠭᠤᠯᠬᠤ᠎ᠶ᠋ᠢ ᠦᠨᠡᠨ ᠬᠦ᠌ ᠪᠠᠲᠤᠯᠠᠪᠠ᠃
ᠬᠥᠭ᠌ᠵᠢᠯᠲᠡ᠎ᠶ᠋ᠢᠨ ᠦᠷ᠎ᠡ ᠪᠦᠲᠦᠭᠡᠯ ᠢ ᠠᠷᠠᠳ ᠲᠦᠮᠡᠨ ᠬᠠᠮᠲᠤ ᠪᠠᠷ ᠡᠳ᠋ᠯᠡᠪᠡ ᠄ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ ᠤᠨ ᠲᠤᠬᠠᠢ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠨᠭᠭᠠᠪᠠ
2025 ᠣᠨ ᠤ ᠤᠯᠤᠰ᠎ᠤᠨ ᠪᠠᠶᠠᠷ᠎ᠡᠴᠡ ᠡᠮᠦᠨᠡᠬᠡᠨ ᠱᠠᠩᠬᠠᠶ᠎ᠶ᠋ᠢᠨ ᠪᠦᠦ ᠱᠠᠨ ᠲᠣᠭᠣᠷᠢᠭ᠎ᠤᠨ ᠬᠠᠮᠤᠭ ᠤᠨ ᠲᠣᠮᠣ 《ᠱᠢᠨ᠎ᠡ ᠴᠠᠭ ᠦᠶ᠎ᠡ᠎ᠶ᠋ᠢᠨ ᠬᠣᠲᠠ᠎ᠶ᠋ᠢᠨ ᠪᠥᠲᠥᠭᠡᠨ ᠪᠠᠢᠭᠤᠯᠤᠭ᠍ᠴᠢ ᠬᠠᠮᠢᠶᠠᠷᠤᠭ᠍ᠴᠢ ᠵᠢᠨ ᠭᠡᠷ ᠤᠷᠤᠨ》᠎ᠤ᠋ ᠲᠥᠷᠥᠯ ᠵᠦᠶ᠋ᠯ ᠵᠢᠩᠬᠢᠨᠢ ᠪᠡᠷ ᠫᠠᠢᠰᠠ ᠡᠯᠭᠦᠪᠡ᠃
ᠡᠨᠡ ᠬᠦ᠌ ᠲᠥᠷᠥᠯ ᠵᠦᠶ᠋ᠯ᠎ᠨᠢ ᠪᠥᠲᠥᠭᠡᠨ ᠪᠠᠢᠭᠤᠯᠤᠭ᠍ᠴᠢ᠂ ᠬᠡᠷ᠎ᠦᠨ ᠶᠠᠪᠤᠳᠠᠯ᠎ᠤᠨ ᠠᠵᠢᠯᠯᠠᠭ᠍ᠴᠢ᠂ ᠡᠮᠴᠢ ᠰᠤᠪᠢᠯᠠᠭ᠍ᠴᠢ᠂ ᠲᠦᠷᠭᠡᠨ ᠬᠦᠷᠭᠡᠭ᠌ᠴᠢ ᠵᠡᠷᠭᠡ ᠡᠮᠦᠨ᠎ᠡ ᠹᠷᠣᠨᠲ᠎ᠤᠨ ᠬᠥᠳᠡᠯᠮᠦᠷᠢᠴᠢᠨ᠎ᠳᠦ ᠬᠠᠨᠳᠤᠭᠤᠯᠤᠨ 1188 ᠣᠷᠣ ᠬᠠᠩᠭᠠᠵᠤ᠂ ᠣᠷᠣ ᠪᠦᠷᠢ᠎ᠨᠢ ᠨᠢᠬᠡ ᠰᠠᠷ᠎ᠠ 600 ᠲᠥᠭᠥᠷᠢᠭ᠎ᠡᠴᠡ 900 ᠲᠥᠭᠥᠷᠢᠭ ᠪᠠᠢᠵᠤ᠂ ᠥᠷᠥᠭᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠨᠢ ᠴᠡᠪᠡᠷ ᠲᠡᠭ᠌ᠰᠢ᠂ ᠬᠡᠷ ᠳᠣᠲᠣᠷᠠᠬᠢ ᠬᠡᠷ᠎ᠦᠨ ᠴᠠᠬᠢᠯᠭᠠᠨ ᠬᠡᠷᠡᠭ᠌ᠰᠡᠯ᠂ ᠣᠯᠠᠨ ᠨᠡᠢᠲᠡ᠎ᠶ᠋ᠢᠨ ᠲᠣᠭᠣᠭᠠᠨ ᠬᠡᠷ᠂ ᠪᠡᠶ᠎ᠡ ᠴᠢᠭᠢᠷᠠᠭ᠍ᠵᠢᠭᠤᠯᠬᠤ ᠵᠤᠭ᠎ᠠ ᠴᠡᠩᠭᠡᠯ ᠵᠡᠷᠭᠡ ᠲᠤᠨᠤᠭ ᠲᠥᠬᠥᠭᠡᠷᠦᠮᠵᠢ᠎ᠨᠢ ᠪᠦᠷᠢᠨ᠂ ᠣᠷᠣᠨ ᠰᠠᠭᠤᠴᠠ᠎ᠨᠢ ᠲᠠᠭᠠᠯᠠᠮᠵᠢᠲᠠᠶ ᠪᠠᠢᠳᠠᠭ᠃
2023 ᠣᠨ᠎ᠤ 11 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠠᠩᠬᠠᠢ᠎ᠳᠤ ᠱᠢᠨᠵᠢᠯᠡᠨ ᠪᠠᠢᠴᠠᠭᠠᠬᠤ ᠬᠤᠭᠤᠴᠠᠭᠠᠨ᠎ᠳᠠᠭᠠᠨ᠂ ᠮᠢᠨ ᠬᠠᠩ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠬᠤᠳᠠ᠎ᠶ᠋ᠢᠨ ᠪᠦᠳᠦᠭᠡᠨ ᠪᠠᠢᠭᠤᠯᠤᠭ᠍ᠴᠢ ᠬᠠᠮᠢᠶᠠᠷᠤᠭᠴᠢ ᠵᠢᠨ ᠭᠡᠷᠤᠷᠤᠨᠳᠦ ᠲᠤᠰᠭᠠᠢᠯᠠᠨ ᠬᠦᠷᠴᠦ᠍ ᠪᠠᠢᠴᠠᠭᠠᠨ ᠰᠤᠳᠤᠯᠵᠡᠢ᠃ ᠶᠡᠷᠦᠩᠬᠡᠢ ᠱᠦᠵᠢ ᠰᠢ ᠵᠢᠨ ᠫᠢᠩ᠄《ᠬᠤᠳᠠ᠎ᠨᠢ ᠦᠨᠳᠦᠷᠴᠡ ᠲᠠᠢ ᠪᠠᠢᠬᠤ᠎ᠪᠦᠭᠡᠳ ᠨᠡᠩ ᠴᠤ᠌ ᠬᠠᠯᠠᠭᠤᠨ ᠳᠤᠯᠠᠭᠠᠠ ᠪᠠᠢᠬᠤ ᠬᠡᠷᠡᠭ᠌ᠲᠡᠢ᠃ ᠮᠠᠨ᠎ᠤ ᠨᠡᠢᠭᠡᠮ ᠵᠢᠷᠤᠮ ᠪᠣᠯ ᠬᠠᠮᠲᠤ᠎ᠪᠠᠷ ᠪᠠᠶᠠᠵᠢᠬᠤ ᠵᠡᠮ᠎ᠢᠶᠠᠷ ᠵᠠᠮᠨᠠᠨ᠎ᠠ》 ᠭᠡᠵᠦ ᠴᠢᠬᠤᠯᠠᠴᠢᠯᠠᠪᠠ᠃
ᠤᠯᠤᠰ ᠢ ᠵᠠᠰᠠᠬᠤ ᠶᠣᠰᠣ ᠠᠨ᠎ᠤ ᠠᠷᠠᠳ ᠢ ᠪᠠᠶᠠᠵᠢᠭᠤᠯᠬᠤ᠎ᠡᠴᠡ ᠡᠬᠢᠯᠡᠳᠡᠭ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠶ᠋ᠢ ᠨᠠᠩ ᠴᠢᠬᠤᠯᠠ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠶ᠋ᠢ ᠦᠨᠳᠦᠰᠦᠨ ᠥᠷᠲᠡᠭ᠎ᠦᠨ ᠬᠠᠨᠳᠤᠰᠢ ᠪᠣᠯᠭᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ ᠢ ᠪᠥᠬᠥ᠌ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ᠎ᠪᠡᠷ ᠬᠦᠷᠲᠡᠭᠡᠪᠡ᠃
ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠌᠎ᠳᠦ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠢ ᠲᠦᠷᠭᠡᠯᠡᠨ ᠱᠢᠢᠳᠪᠦᠷᠢᠯᠡᠵᠦ᠍᠂ ᠬᠤᠳᠠ ᠬᠥᠳᠡᠭᠡ ᠣᠷᠣᠨ ᠪᠦᠰᠡ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ ᠢ ᠲᠡᠩᠴᠡᠭᠦᠷᠢᠲᠡᠢ ᠪᠥᠭᠡᠳ ᠵᠦᠢ ᠵᠣᠬᠢᠰᠲᠠᠢ ᠲᠤᠬᠢᠷᠠᠭᠤᠯᠬᠤ ᠴᠢᠬᠤᠯᠠᠲᠠᠢ ᠶᠤᠮ᠃
ᠭᠤᠸᠠᠩᠳᠦ᠋ᠩ ᠮᠤᠵᠢ᠎ᠶ᠋ᠢᠨ ᠭᠤᠸᠠᠩᠵᠧᠦ ᠬᠣᠲᠠ ᠲᠣᠬᠢᠷᠠᠭᠤᠯᠤᠨ ᠲᠦᠷᠢᠶᠡᠰᠦᠯᠡᠬᠦ ᠬᠡᠯᠪᠡᠷᠢ᠎ᠶ᠋ᠢᠨ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ ᠪᠠ ᠲᠣᠬᠢᠷᠠᠭᠤᠯᠤᠨ ᠬᠤᠳᠠᠯᠳᠤᠬᠤ ᠬᠡᠯᠪᠡᠷᠢ᠎ᠶ᠋ᠢᠨ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠪᠠᠷ ᠭᠤᠤᠯ ᠪᠣᠯᠭᠠᠭ᠍ᠰᠠᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠲᠦᠷᠭᠡᠪᠴᠢᠯᠡᠨ ᠪᠠᠢᠭᠤᠯᠵᠤ᠂ ᠭᠤᠸᠠᠩᠳᠦ᠋ᠩ ᠮᠤᠵᠢ ᠳ᠋ᠦ᠍ ᠢᠷᠡᠵᠦ᠍ ᠬᠥᠯᠥᠰᠥᠨ ᠠᠵᠢᠯ ᠬᠢᠵᠦ᠍ ᠪᠠᠢᠭ᠎ᠠ ᠬᠥᠮᠦᠰ᠂ ᠱᠢᠨ᠎ᠡ᠎ᠪᠡᠷ ᠠᠵᠢᠯ ᠣᠯᠤᠭ᠍ᠰᠠᠨ ᠬᠡᠷ ᠪᠠᠢᠱᠢᠩ ᠥᠬᠡᠶ ᠠᠵᠢᠯᠲᠠᠨ ᠠᠵᠢᠯᠴᠢᠨ ᠵᠡᠷᠭᠡ ᠬᠦᠮᠦᠰ᠎ᠤᠨ ᠣᠷᠣᠨ ᠰᠠᠭᠤᠴᠠ᠎ᠶ᠋ᠢᠨ ᠠᠰᠠᠭᠤᠳᠠᠯ᠎ᠢ ᠭᠤᠤᠯᠳᠠᠯᠭ᠎ᠠ᠎ᠲᠠᠶ ᠱᠢᠶ᠋ᠳᠪᠦᠷᠢᠯᠡᠪᠡ ;
ᠣᠯᠠᠨ ᠭᠠᠵᠠᠷ᠎ᠤᠨ ᠬᠢᠨ ᠪᠠᠢᠩᠭᠤ ᠰᠠᠭᠤᠭ᠎ᠠ ᠭᠠᠵᠠᠷ᠎ᠢᠶᠠᠷ ᠠᠴᠢᠶᠠᠯᠠᠪᠤᠷᠢ ᠪᠣᠯᠭᠠᠵᠤ᠂ ᠣᠷᠣᠨ ᠰᠠᠭᠤᠴᠠ ᠪᠠ ᠰᠤᠷᠭᠠᠨ ᠬᠥᠮᠦᠵᠢᠯ ᠵᠡᠷᠭᠡ ᠬᠦᠷᠢᠶᠡᠨ᠎ᠳᠡᠬᠢ ᠲᠤᠯᠭᠠᠮ ᠬᠡᠷᠡᠭ᠌ᠴᠡᠭᠡ᠎ᠲᠡᠶ ᠨᠢᠭ᠍ᠲᠠ ᠤᠶᠠᠯᠳᠤᠭᠤᠯᠤᠨ᠂ ᠣᠯᠠᠨ ᠨᠡᠢᠲᠡ ᠶ᠋ᠢᠨ ᠦᠨᠳᠦᠰᠦᠨ ᠦᠶ᠋ᠯᠡᠴᠢᠯᠡᠭᠡ᠎ᠶ᠋ᠢᠨ ᠲᠡᠩᠴᠡᠭᠦᠷᠢᠲᠦ ᠴᠢᠨᠠᠷ᠎ᠢ ᠴᠢᠩᠭᠠᠳᠬᠠᠪᠠ᠃
ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠳ᠋ᠤ ᠲᠡᠭᠦᠰᠭᠡᠯ ᠭᠡᠵᠦ᠍ ᠪᠠᠢᠬᠤ ᠦᠭᠡᠢ᠂ ᠲᠠᠰᠤᠷᠠᠯᠳᠠ ᠦᠭᠡᠢ ᠦᠷᠭᠦᠯᠵᠢᠯᠡᠬᠦ᠌ ᠱᠢᠨ᠎ᠡ ᠭᠠᠷᠤᠭ᠎ᠠ ᠯᠠ ᠪᠠᠢᠳᠠᠭ᠃ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠳᠤ ᠵᠠᠩᠭᠢᠯᠠᠭ᠎ᠠ ᠨᠢ ᠨᠡᠩ ᠤᠯᠠᠨ ᠲᠦᠭᠡᠮᠡᠯ ᠬᠠᠷᠠᠭᠠᠯᠵᠠᠯᠳᠤ ᠴᠢᠨᠠᠷᠳᠠᠢ ᠠᠷᠠᠳ᠎ᠤᠨ ᠠᠮᠢᠳᠤᠷᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠬᠤ᠎ᠳᠤ ᠪᠤᠢ᠃
ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠶᠡᠬᠡ ᠡᠭᠦᠷᠭᠡ ᠮᠥᠨ᠃
ᠡᠨᠡ ᠵᠢᠯ᠎ᠦᠨ 6 ᠰᠠᠷ᠎ᠠ᠎ᠶ᠋ᠢᠨ 9 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠦᠨ ᠳᠠᠷᠤᠮᠠᠯᠯᠠᠨ ᠲᠠᠷᠬᠠᠭᠠᠭ᠍ᠰᠠᠨ《ᠠᠷᠠᠳ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠲᠤᠯᠠᠨ ᠰᠠᠢᠵᠢᠷᠠᠭᠤᠯᠵᠤ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠢ ᠬᠦᠴᠦᠯᠡᠨ ᠱᠢᠶ᠋ᠳᠪᠦᠷᠢᠯᠡᠬᠦ᠌ ᠲᠤᠬᠠᠶ ᠰᠠᠨᠠᠯ》 ᠳ᠋ᠤ᠂ ᠨᠡᠢᠭᠡᠮ᠎ᠦᠨ ᠪᠠᠲᠤᠯᠠᠭ᠎ᠠ᠎ᠶ᠋ᠢᠨ ᠲᠥᠪ ᠭᠤᠤᠯᠴᠢ ᠴᠢᠨᠠᠷ᠎ᠢ ᠴᠢᠩᠭᠠᠳᠭᠠᠬᠤ᠂ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ᠎ᠶ᠋ᠢᠨ ᠲᠡᠩᠴᠡᠭᠦᠷᠢᠲᠦ ᠴᠢᠨᠠᠷ᠎ᠢ ᠳᠡᠭᠡᠭ᠌ᠰᠢᠯᠡᠭᠦᠯᠬᠦ᠌᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ ᠶ᠋ᠢᠨ ᠲᠦᠭᠡᠮᠡᠯ ᠬᠠᠷᠠᠭᠠᠯᠵᠠᠯᠳᠤ ᠴᠢᠨᠠᠷ᠎ᠢ ᠥᠷᠭᠡᠳᠭᠡᠬᠦ᠌᠂ ᠣᠯᠠᠨ ᠶᠠᠨᠭᠵᠤᠵᠢᠬᠰᠠᠨ ᠨᠡᠢᠭᠡᠮ᠎ᠦᠨ ᠦᠶ᠋ᠯᠡᠴᠢᠯᠡᠭᠡ᠎ᠶ᠋ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠪᠠᠢᠷᠢᠯᠠᠭᠤᠯᠤᠯᠲᠠ ᠬᠢᠵᠦ᠍᠂ ᠣᠯᠠᠨ ᠲᠦᠮᠡᠨ᠎ᠦ ᠲᠤᠰᠭᠠᠯ ᠴᠢᠩᠭ᠎ᠠ᠂ ᠠᠷᠠᠳ᠎ᠤᠨ ᠠᠮᠢᠳᠤᠷᠠᠯ᠎ᠤᠨ ᠪᠡᠷᠬᠡ ᠠᠰᠠᠭᠤᠳᠠᠯ ᠪᠠ ᠣᠷᠳᠣ ᠬᠤᠭᠤᠴᠠᠭ᠎ᠠ᠎ᠪᠠᠷ ᠬᠤᠷᠠᠮᠳᠤᠬᠰᠠᠨ᠂ ᠨᠠᠷᠢᠨ ᠪᠤᠳᠤᠯᠢᠶᠠᠨᠲᠠᠶ ᠪᠥᠭᠡᠳ ᠱᠢᠶ᠋ᠳᠪᠦᠷᠢᠯᠡᠬᠦ᠌᠎ᠳᠦ ᠪᠡᠷᠬᠡ ᠠᠷᠠᠳ᠎ᠤᠨ ᠠᠮᠢᠳᠤᠷᠠᠯ᠎ᠤᠨ ᠲᠦᠭ᠌ᠵᠢᠷᠡᠯ ᠠᠰᠠᠭᠤᠳᠠᠯ ᠢ ᠱᠢᠶ᠋ᠳᠪᠦᠷᠢᠯᠡᠵᠦ᠍᠂ ᠨᠠᠩ ᠣᠯᠠᠨ ᠪᠠᠯᠠ ᠮᠥᠩᠭᠥ ᠶ᠋ᠢ 《ᠬᠥᠮᠦᠨ ᠳᠦ ᠪᠠᠯᠠ ᠣᠷᠣᠭᠤᠯᠵᠤ》ᠠᠷᠠᠳ᠎ᠤᠨ ᠠᠮᠢᠳᠤᠷᠠᠯ᠎ᠳᠦ ᠦᠢᠯᠡᠴᠢᠯᠡᠭᠦᠯᠦᠨ᠎ᠡ ᠬᠡᠵᠤ ᠨᠠᠢᠳᠠᠯᠠᠪᠠ᠃
ᠠᠷᠠᠳ ᠤᠯᠠᠨ ᠶᠠᠭᠤ ᠶ᠋ᠢ ᠬᠠᠯᠠᠮᠵᠢᠯᠠᠵᠤ᠂ ᠶᠠᠭᠤ ᠶ᠋ᠢ ᠬᠦᠰᠡᠵᠦ᠍ ᠪᠠᠢᠪᠠᠯ ᠥᠭᠡᠷᠡᠴᠢᠯᠡᠯᠲᠡ ᠳᠠᠷᠤᠢ ᠶᠠᠭᠤ᠎ᠶ᠋ᠢ ᠠᠳᠭᠤᠵᠤ᠂ ᠶᠠᠭᠤ᠎ᠶ᠋ᠢ ᠠᠬᠢᠭᠤᠯᠵᠤ᠂ ᠥᠭᠡᠷᠡᠴᠢᠯᠡᠯᠲᠡ᠎ᠪᠡᠷ ᠳᠠᠮᠵᠢᠨ ᠠᠷᠠᠳ ᠤᠯᠠᠨ᠎ᠳᠤ ᠨᠡᠩ ᠤᠯᠠᠨ ᠬᠦᠷᠲᠡᠮᠵᠢ᠎ᠶ᠋ᠢᠨ ᠲᠦᠷᠦᠭ᠌ᠳᠡᠯ ᠣᠯᠭᠣᠬᠤ ᠬᠡᠷᠡᠭ᠌ᠲᠡᠢ᠃
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ ᠤᠨ ᠲᠥᠪ ᠬᠣᠷᠢᠶ᠎ᠠ ᠠᠷᠠᠳ ᠲᠦᠮᠡᠨ ᠢᠶᠡᠷ ᠭᠤᠤᠯ ᠪᠣᠯᠭᠠᠬᠤ ᠥᠷᠲᠡᠭ ᠦᠨ ᠬᠠᠨᠳᠤᠰᠢ ᠶ᠋ᠢ ᠪᠠᠲᠤ ᠡᠵᠡᠮᠳᠡᠵᠦ᠍᠂ ᠠᠷᠠᠳ᠎ᠤᠨ ᠠᠮᠢᠳᠤᠷᠠᠯ᠎ᠤᠨ ᠬᠦᠷᠢᠶᠡᠨ᠎ᠦ ᠥᠭᠡᠷᠡᠴᠢᠯᠡᠯᠲᠡ᠎ᠶ᠋ᠢ ᠪᠥᠬᠥ᠌ ᠲᠠᠯ᠎ᠠ ᠪᠠᠷ ᠭᠦᠨᠵᠡᠭᠡᠢᠷᠡᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠪᠡ᠃
ᠬᠥᠮᠦᠨ ᠠᠮᠠ᠎ᠶ᠋ᠢᠨ ᠨᠠᠰᠤᠵᠢᠯᠳᠠ᠎ᠵᠢ ᠢᠳᠡᠪᠬᠢᠲᠡᠶ ᠠᠷᠭᠠᠴᠠᠭᠠᠵᠤ᠂ 《ᠬᠠᠷᠢᠮᠠᠬᠠᠶ ᠴᠢᠨᠠᠷᠲᠠᠶ᠎ᠪᠠᠷ ᠠᠵᠢᠯ᠎ᠡᠴᠡ᠎ᠪᠠᠨ ᠠᠮᠠᠷᠠᠬᠤ ᠲᠦᠷᠢᠮ᠎ᠢ ᠬᠡᠷᠡᠭ᠌ᠵᠢᠭᠦᠯᠬᠦ᠌ ᠲᠦᠷ ᠬᠡᠷᠡᠭ᠌ᠵᠢᠭᠦᠯᠬᠦ᠌ ᠠᠷᠭ᠎ᠠ》 ᠶ᠋ᠢ ᠨᠡᠢᠲᠡᠯᠡᠵᠦ᠍᠂ ᠰᠠᠢᠨ ᠳᠤᠷ᠎ᠠ᠎ᠶ᠋ᠢᠨ᠂ ᠬᠠᠷᠢᠮᠠᠬᠠᠶ ᠴᠢᠨᠠᠷᠳᠠᠢ ᠪᠠᠢᠬᠤ ᠵᠠᠷᠴᠢᠮ᠎ᠢ ᠡᠵᠡᠮᠳᠡᠨ᠂ ᠶᠡᠷᠦᠩᠬᠡᠶ ᠳ᠋ᠡᠬᠡᠨ ᠨᠡᠯᠢᠶᠡᠳ ᠤᠳᠠᠭᠠᠨ ᠢᠶᠡᠷ ᠪᠠᠭ᠎ᠠ ᠬᠡᠮᠵᠢᠶ᠎ᠡ᠎ᠪᠡᠷ ᠠᠯᠬᠤᠮ ᠠᠯᠬᠤᠮ᠎ᠢᠶᠠᠷ ᠲᠣᠬᠢᠷᠠᠭᠤᠯᠤᠯᠲᠠ ᠬᠢᠨ᠎ᠠ ; ᠰᠤᠷᠭᠠᠨ ᠬᠥᠮᠦᠵᠢᠯ᠎ᠦᠨ ᠡᠷᠬᠡ ᠲᠡᠭ᠌ᠰᠢ ᠪᠠᠢᠬᠤ᠎ᠶ᠋ᠢ ᠠᠬᠢᠭᠤᠯᠬᠤ᠎ᠶ᠋ᠢ ᠪᠣᠳᠣᠯᠬᠢᠯᠠᠨ᠂ 《ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠎ᠶ᠋ᠢᠨ ᠬᠥᠲᠥᠯᠪᠦᠷᠢ (2024 — 2035 ᠣᠨ)》 ᠶ᠋ᠢ ᠨᠡᠢᠲᠡᠯᠡᠵᠦ᠍᠂ ᠬᠣᠲᠠ᠎ᠶ᠋ᠢᠨ ᠪᠦᠬᠦ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠬᠦ᠌᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠪᠠ ᠁
ᠤᠯᠤᠰ᠎ᠢ ᠵᠠᠰᠠᠬᠤ ᠡᠭᠦᠷᠢᠳᠡ ᠵᠢᠨ ᠶᠤᠰᠤ ᠠᠨ᠎ᠤ ᠠᠷᠠᠳ᠎ᠲᠤ ᠠᠱᠢᠭ ᠬᠦᠷᠲᠡᠭᠡᠬᠦ᠌᠎ᠪᠡᠷ ᠦᠨᠳᠦᠰᠦ ᠪᠣᠯᠭᠠᠮᠤᠢ᠃ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠲᠦᠭ ᠲᠦᠮᠡᠨ ᠠᠷᠠᠳ ᠲᠦᠮᠡᠨ ᠵᠣᠯ ᠵᠢᠷᠭᠠᠯᠲᠤ ᠠᠮᠢᠳᠤᠷᠠᠯ᠎ᠤᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠵᠢᠷᠤᠭ᠍ᠯᠠᠨᠠᠮ᠃
(ᠰᠢᠨᠬᠤᠸᠠ ᠬᠤᠷᠢᠶ᠎ᠠ ᠵᠢᠨ ᠪᠡᠬᠡᠵᠢᠩ᠎ᠤᠨ 10 ᠰᠠᠷ᠎ᠠ ᠵᠢᠨ 15᠎ᠤ᠋ ᠴᠠᠬᠢᠯᠭᠠᠨ ᠮᠡᠳᠡᠬᠡ ᠡᠴᠡ