ᠰᠦᠨᠢᠳ ᠪᠠᠷᠠᠭᠤᠨ ᠬᠤᠰᠢᠭᠤᠨ᠎ᠤ ᠳᠠᠯ᠎ᠠ ᠶ᠋ᠢᠨ ᠡᠯᠢᠬᠡᠨ ᠳ᠋ᠥ᠂ ᠪᠡᠶ᠎ᠠ ᠪᠢᠯᠳᠠᠷ ᠳᠤᠮᠤ ᠰᠦᠨᠢᠳ ᠬᠤᠤᠰ ᠪᠦᠬᠦᠳᠦ ᠳᠡᠮᠡᠭᠡ᠂ ᠳᠡᠯᠡᠭᠡᠢ ᠳ᠋ᠥ ᠠᠯᠳᠠᠷᠳᠠᠢ ᠰᠦᠨᠢᠳ ᠬᠤᠨᠢ᠂ ᠬᠤᠷᠳᠤ ᠰᠠᠢᠳᠠᠢ ᠰᠤᠮᠤᠨ ᠬᠦᠯᠦᠭ ᠤ᠋ᠳ ᠳᠠᠷᠭᠤᠨ ᠳᠠᠪᠠᠳᠠᠢ ᠪᠡᠯᠴᠢᠵᠦ᠂ ᠦᠷᠡᠵᠢᠯ ᠰᠢᠮ᠎ᠡ ᠪᠠᠷ ᠢ᠋ᠶ᠋ᠠᠨ ᠮᠠᠯᠴᠢᠨ ᠠᠷᠠᠳ ᠢ᠋ᠶ᠋ᠠᠨ ᠳᠡᠳᠬᠦᠨ᠂ ᠦᠶ᠎ᠡ ᠶ᠋ᠢᠨ ᠦᠶ᠎ᠡ ᠳ᠋ᠥ ᠡᠵᠡᠳ ᠢ᠋ᠶ᠋ᠠᠨ ᠪᠠᠶᠠᠰᠬᠠᠨ᠂ ᠬᠦᠳᠡᠭᠡ ᠨᠤᠳᠤᠭ ᠤ᠋ᠨ ᠬᠦᠭᠵᠢᠯ ᠳ᠋ᠥ ᠠᠰᠢᠭ᠋ ᠰᠢᠮ᠎ᠡ ᠪᠠᠨ ᠦᠵᠡᠬᠦᠯᠦᠭᠰᠡᠭᠡᠷ ᠪᠠᠢᠭ᠎ᠠ ᠪᠢᠯᠡ᠃
ᠤᠢᠷ᠎ᠠ ᠶ᠋ᠢᠨ ᠵᠢᠯ ᠳ᠋ᠥ᠂ ᠣᠯᠣᠰ ᠤ᠋ᠨ ᠴᠢᠬᠣᠯᠠ ᠪᠣᠯᠬᠣ᠌ ᠮᠠᠯ ᠤ᠋ᠨ ᠠᠰᠢᠭ᠋ ᠰᠢᠮ᠎ᠡ ᠪᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠣᠷᠢᠨ ᠭᠠᠵᠠᠷ ᠤ᠋ᠨ ᠪᠦᠲᠦᠭᠡᠨ ᠪᠠᠢᠭᠣᠯᠣᠯᠳᠠ ᠶ᠋ᠢ ᠴᠢᠷᠮᠠᠢᠨ ᠠᠬᠢᠭᠣᠯᠬᠣ᠌ ᠳ᠋ᠤ᠌ ᠲᠦᠪᠯᠡᠷᠡᠭᠦᠯᠵᠦ᠂ 《ᠰᠦᠨᠢᠳ ᠬᠤᠨᠢᠨ ᠤ᠋ ᠡᠭᠦᠯᠳᠡᠷ ᠢ᠋ ᠰᠢᠯᠢᠳᠡᠭᠵᠢᠭᠦᠯᠦᠨ ᠦᠬᠡᠷ ᠳᠡᠮᠡᠭᠡ ᠦᠰᠬᠡᠬᠦ》 ᠪᠠᠢᠯᠳᠣᠬᠣ᠌ ᠪᠣᠳᠣᠯᠭ᠎ᠠ ᠶ᠋ᠢᠨ ᠴᠢᠳᠠᠪᠬᠢ ᠶ᠋ᠢ ᠦᠷᠭᠦᠯᠵᠢᠯᠡᠨ ᠪᠠᠳᠠᠷᠠᠭᠤᠯᠵᠤ᠂ ᠦᠩᠭᠡᠷᠡᠭᠰᠡᠨ ᠵᠢᠯ ᠳ᠋ᠥ᠂ ᠬᠣᠣᠰ ᠪᠦᠬᠦᠲᠦ ᠲᠡᠮᠡᠭᠡ 1.11 ᠲᠦᠮᠡ᠂ ᠮᠢᠬᠠᠨ᠎ᠤ ᠬᠣᠨᠢᠨ ᠤ᠋ ᠲᠣᠭ᠎ᠠ 74.79 ᠲᠦᠮᠡ᠂ ᠮᠢᠬᠠᠨ ᠤ᠋ ᠦᠭᠡᠷ 8.58 ᠲᠦᠮᠡ ᠪᠠᠢᠵᠣ᠌᠂ ᠣᠯᠠᠭᠠᠨ ᠢᠳᠡᠭᠡᠨ ᠤ᠋ ᠶᠡᠷᠦᠩᠭᠡᠢ ᠭᠠᠷᠣᠯᠳᠠ 2.4 ᠲᠦᠮᠡᠨ ᠲᠣᠨ ᠳ᠋ᠤ᠌ ᠬᠦᠷᠴᠠᠢ᠃ ᠳᠡᠬᠦᠨ ᠵᠢᠡᠷ ᠪᠠᠷᠠᠬᠤ ᠦᠬᠡᠢ᠂ 12 ᠵᠠᠬ᠎ᠠ ᠳᠡᠯᠭᠡᠭᠦᠷ ᠤ᠋ᠨ ᠭᠣᠣᠯ ᠴᠣᠭᠴᠠ ᠳ᠋ᠤ᠌ 《ᠰᠦᠨᠢᠳ ᠬᠣᠨᠢ》᠂ 《ᠰᠦᠨᠢᠳ ᠬᠣᠣᠰ ᠪᠦᠬᠦᠲᠦ ᠳᠡᠮᠡᠭᠡᠨ》 ᠤ᠋ ᠣᠯᠣᠰ ᠤ᠋ᠨ ᠭᠠᠵᠠᠷ ᠵᠦᠢ ᠶ᠋ᠢᠨ ᠢᠯᠡᠷᠬᠡᠢᠯᠡᠯᠳᠦ ᠲᠠᠸᠠᠷ ᠤ᠋ᠨ ᠲᠡᠮᠳᠡᠭ ᠢ᠋ ᠬᠡᠷᠡᠭᠯᠡᠭᠦᠯᠬᠦ ᠡᠷᠭᠡ ᠣᠯᠭᠣᠵᠣ᠌᠂ ᠲᠠᠨᠢᠯᠴᠠᠭᠣᠯᠣᠨ ᠮᠡᠳᠡᠭᠦᠯᠦᠭᠰᠡᠨ 3 ᠦᠢᠯᠡᠳᠪᠦᠷᠢᠯᠡᠯ ᠡᠵᠡᠩᠨᠡᠯᠳᠡ ᠶ᠋ᠢᠨ ᠭᠣᠣᠯ ᠴᠣᠭᠴᠠ ᠨᠢ ᠰᠢᠯᠢ ᠶ᠋ᠢᠨ ᠭᠣᠣᠯ ᠤ᠋ᠨ ᠴᠠᠭᠠᠨ ᠢᠳᠡᠭᠡᠨ ᠤ᠋ ᠣᠷᠣᠨ ᠪᠦᠰᠡ ᠶ᠋ᠢᠨ ᠲᠦᠷᠦᠯ ᠲᠡᠮᠳᠡᠭ ᠤ᠋ᠨ ᠡᠷᠭᠡ ᠶ᠋ᠢ ᠣᠯᠵᠣ᠌᠂ 2 ᠡᠷᠦᠭᠡ ᠨᠢ ᠦᠪᠡᠷᠳᠡᠭᠡᠨ ᠵᠠᠰᠠᠬᠣ᠌ ᠣᠷᠣᠨ ᠤ᠋ 《ᠦᠪᠦᠷ ᠮᠣᠩᠭᠣᠯ》 ᠲᠡᠮᠳᠡᠭᠳᠤ ᠵᠢᠨ ᠬᠡᠷᠡᠴᠢᠯᠡᠭᠡ ᠶ᠋ᠢ ᠬᠦᠷᠳᠡᠭᠰᠡᠨ ᠪᠠᠢᠨ᠎ᠠ᠃ 《ᠰᠦᠨᠢᠳ ᠬᠣᠣᠰ ᠪᠦᠬᠦᠲᠦ ᠲᠡᠮᠡᠭᠡᠨ ᠤ᠋ ᠠᠵᠣ᠌ ᠦᠢᠯᠡᠰ ᠤ᠋ᠨ ᠲᠣᠭᠣᠷᠢᠭ᠋》 ᠢ᠋ ᠦᠪᠡᠷᠳᠡᠭᠡᠨ ᠵᠠᠰᠠᠬᠣ᠌ ᠣᠷᠣᠨ ᠤ᠋ ᠣᠳᠣ᠌ ᠦᠶ᠎ᠡ ᠶ᠋ᠢᠨ ᠲᠠᠷᠢᠶᠠᠯᠠᠩ ᠮᠠᠯ ᠠᠵᠣ᠌ ᠠᠬᠣᠢ ᠶ᠋ᠢᠨ ᠠᠵᠣ᠌ ᠦᠢᠯᠡᠰ ᠤ᠋ᠨ ᠲᠣᠭᠣᠷᠢᠭ᠋ ᠤ᠋ᠨ ᠬᠢᠨᠠᠨ ᠬᠡᠮᠵᠢᠬᠦ ᠦᠨᠡᠯᠡᠯᠳᠡ ᠶ᠋ᠢᠨ 《ᠣᠷᠢᠳ ᠵᠢᠡᠷ ᠪᠠᠢᠭᠣᠯᠣᠨ ᠳᠠᠷᠠᠭ᠎ᠠ ᠨᠢ ᠨᠦᠬᠦᠬᠦ》ᠨᠡᠷᠡᠰ ᠤ᠋ᠨ ᠵᠢᠭ᠍ᠰᠠᠭᠠᠯᠳᠠ ᠳ᠋ᠤ᠌ ᠠᠮᠵᠢᠯᠳᠠᠳᠠᠢ ᠣᠷᠣᠭᠣᠯᠵᠣ᠌᠂ ᠰᠦᠨᠢᠳ ᠬᠣᠣᠰ ᠪᠦᠬᠦᠲᠦ ᠲᠡᠮᠡᠭᠡ ᠮᠠᠯᠵᠢᠬᠣ᠌ 4 ᠰᠠᠭᠣᠷᠢᠨ ᠭᠠᠵᠠᠷ ᠢ᠋ ᠪᠠᠢᠭᠣᠯᠵᠣ᠌᠂ 2695 ᠢᠩᠭᠡᠨ ᠠ᠋ᠴᠠ 2021 ᠲᠣᠨ ᠰᠦ ᠰᠠᠭᠠᠵᠣ᠌᠂ ᠵᠢᠯ ᠳᠠᠷᠠᠭᠠᠯᠠᠨ ᠲᠠᠬᠢᠨ ᠢ᠋ᠶ᠋ᠠᠷ ᠨᠡᠮᠡᠭᠳᠡᠭᠦᠯᠬᠦ ᠶ᠋ᠢ ᠪᠡᠶᠡᠯᠡᠭᠦᠯᠦᠭᠰᠡᠨ ᠨᠢ ᠤᠨᠴᠠᠯᠠᠨ ᠳᠤᠷᠠᠳᠤᠭᠤᠰᠢᠳᠠᠢ᠃
ᠦᠪᠦᠷ ᠮᠤᠩᠭᠤᠯ ᠤ᠋ᠨ ᠰᠥᠨᠢᠳ ᠲᠡᠮᠡᠭᠡᠨ᠎ᠦ ᠦᠢᠯᠡᠰ᠎ᠦᠨ ᠠᠮᠢᠳᠤ ᠪᠤᠳᠠᠰ ᠤ᠋ᠨ ᠰᠢᠨᠵᠢᠯᠡᠬᠡ ᠮᠡᠷᠭᠡᠵᠢᠯ ᠤ᠋ᠨ ᠬᠢᠵᠠᠭᠠᠷᠳᠤ ᠺᠤᠮᠫᠠᠨᠢ ᠨᠢ ᠪᠦᠬᠦ ᠤᠷᠤᠨ ᠤ᠋ ᠲᠠᠷᠢᠶᠠᠯᠠᠩ ᠮᠠᠯ ᠠᠵᠤ ᠠᠬᠤᠢ ᠵᠢ ᠠᠵᠤ ᠦᠢᠯᠡᠰᠵᠢᠬᠦᠯᠬᠦ ᠭᠤᠤᠯᠳᠠᠯᠭ᠎ᠠ᠎ᠳᠤ ᠳᠤᠯᠤᠭᠠᠢᠯᠠᠭ᠍ᠴᠢ ᠠᠵᠤ ᠠᠬᠤᠢᠯᠠᠯ ᠪᠤᠯᠤᠭᠰᠠᠨ ᠤ᠋ ᠬᠤᠪᠢ ᠳ᠋ᠥ᠂ ᠮᠠᠯᠴᠢᠳ ᠪᠣᠯᠤᠨ ᠵᠠᠬ᠎ᠠ ᠳᠡᠯᠭᠡᠭᠦᠷ᠎ᠢ ᠬᠣᠯᠪᠣᠭᠰᠠᠨ ᠵᠠᠩᠭᠢᠯᠠᠭ᠎ᠠ᠎ᠶᠢᠨ ᠭᠣᠭᠴᠣᠭ᠎ᠠ ᠪᠤᠯᠵᠤ᠂ ᠢᠩᠭᠡᠨ ᠰᠦ ᠵᠦᠬᠡᠬᠡᠪᠦᠷᠢᠯᠡᠬᠦ ᠳᠡᠷᠭᠡ ᠪᠠᠷ ᠳᠡᠮᠡᠭᠡᠴᠢᠨ ᠡᠷᠦᠬᠡ ᠶ᠋ᠢᠨ ᠰᠦ ᠬᠦᠷᠭᠡᠬᠦ ᠳ᠋ᠥ ᠬᠦᠴᠢᠷ ᠠᠰᠠᠭᠤᠳᠠᠯ ᠢ᠋ ᠰᠢᠢᠳᠪᠦᠷᠢᠯᠡᠨ᠂ ᠰᠦᠨ ᠤ᠋ ᠰᠢᠨ᠎ᠡ ᠰᠤᠷᠭᠤᠭ ᠢ᠋ ᠪᠠᠳᠤᠯᠠᠵᠤ᠂ ᠳᠡᠮᠡᠭᠡᠨ ᠤ᠋ ᠠᠵᠤ ᠦᠢᠯᠡᠰ ᠢ᠋ᠶ᠋ᠠᠷ ᠮᠠᠯᠴᠢᠳ ᠤ᠋ᠨ ᠤᠷᠤᠯᠭ᠎ᠠ ᠵᠢ ᠨᠡᠮᠡᠭᠳᠡᠬᠦᠯᠬᠦ᠂ ᠤᠷᠤᠨ ᠨᠤᠳᠤᠭ ᠤ᠋ᠨ ᠠᠵᠤ ᠠᠬᠤᠢ ᠵᠢ ᠬᠦᠭᠵᠢᠬᠦᠯᠬᠦ ᠳ᠋ᠥ ᠬᠦᠴᠦᠨ ᠨᠡᠮᠡᠷᠢᠯᠡᠨ᠎ᠡ᠃
ᠰᠦᠨᠢᠳ ᠪᠠᠷᠠᠭᠤᠨ ᠬᠤᠰᠢᠭᠤᠨ ᠤ᠋ ᠦᠷᠭᠡᠨᠳᠡᠯ᠎ᠡ ᠪᠠᠯᠭᠠᠰᠤᠨ᠎ᠤ ᠪᠠᠶᠠᠨᠴᠢᠯᠠᠭᠤ ᠭᠠᠴᠠᠭᠠᠨ ᠤ᠋ ᠮᠠᠯᠴᠢᠨ ᠮᠥᠩᠬᠡᠵᠠᠶᠠᠭ᠎ᠠ᠎ᠶᠢᠨ ᠬᠡᠷ᠎ᠤᠨ ᠭᠠᠳᠠᠨ᠎ᠠ ᠥᠪᠥᠷ ᠮᠣᠩᠭᠣᠯ᠎ᠤᠨ ᠰᠥᠨᠢᠳ ᠲᠡᠮᠡᠭᠡᠨ᠎ᠦ ᠦᠢᠯᠡᠰ᠎ᠦᠨ ᠠᠮᠢᠳᠤ ᠪᠣᠳᠠᠰ᠎ᠤᠨ ᠰᠢᠨᠵᠢᠯᠡᠬᠡ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠰᠦ ᠵᠦᠭᠡᠭᠡᠪᠦᠷᠢᠯᠡᠬᠦ ᠳᠡᠷᠭᠡ ᠢᠷᠡᠴᠢᠬᠡᠭᠰᠡᠨ᠂ ᠡᠳᠡᠨ ᠤ᠋ ᠰᠠᠭᠠᠯᠢ ᠶ᠋ᠢᠨ ᠦᠷᠳᠡᠭᠡᠨ ᠳ᠋ᠥ ᠬᠠᠮᠢᠶ᠎ᠠ ᠪᠦᠬᠦᠢ ᠰᠢᠯᠭᠠᠨ ᠪᠠᠢᠴᠠᠭᠠᠯᠳᠠ ᠵᠢ ᠬᠢᠵᠦ ᠪᠠᠷᠠᠭᠰᠠᠨ᠎ᠤ ᠳᠠᠷᠠᠭ᠎ᠠ ᠡᠷᠬᠢᠨ ᠳᠤᠭᠤᠷᠢᠨ᠎ᠤ ᠳᠡᠮᠡᠭᠡᠴᠢᠨ ᠡᠷᠦᠬᠡ ᠶ᠋ᠢᠨ ᠢᠩᠭᠡᠨ ᠰᠦ ᠵᠢ ᠶᠡᠬᠦᠯᠡᠵᠦ ᠪᠠᠢᠯ᠎ᠠ᠃ᠣᠶ᠋ᠢᠯᠠᠭᠠᠭᠰᠠᠨ᠎ᠢᠶᠠᠷ᠂ 2024 ᠣᠨ᠎ᠳᠤ᠂ ᠮᠠᠯᠴᠢᠳ᠎ᠤᠨ ᠰᠦ ᠬᠠᠳᠠᠭᠠᠯᠠᠬᠤ ᠪᠠ ᠰᠦ ᠬᠦᠷᠭᠡᠬᠦ᠎ᠳᠦ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠥᠪᠥᠷ ᠮᠣᠩᠭᠣᠯ᠎ᠤᠨ ᠰᠥᠨᠢᠳ ᠲᠡᠮᠡᠭᠡᠨ᠎ᠦ ᠦᠢᠯᠡᠰ᠎ᠦᠨ ᠠᠮᠢᠳᠤ ᠪᠣᠳᠠᠰ᠎ᠤᠨ ᠰᠢᠨᠵᠢᠯᠡᠬᠡ ᠮᠡᠷᠭᠡᠵᠢᠯ᠎ᠦᠨ ᠬᠢᠵᠠᠭᠠᠷᠲᠤ ᠺᠣᠮᠫᠠᠨᠢ 10 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ ᠪᠥᠬᠥ ᠬᠣᠰᠢᠭᠤᠨ᠎ᠤ 6 ᠳᠡᠮᠡᠭᠡᠴᠢᠨ ᠡᠷᠦᠬᠡ ᠳ᠋ᠥ ᠰᠠᠭᠠᠯᠢ ᠶ᠋ᠢᠨ ᠥᠷᠲᠡᠭᠡ ᠪᠠᠶ᠋ᠢᠭᠤᠯᠵᠤ ᠦᠭᠭᠦᠨ᠂ ᠰᠠᠭᠠᠯᠢ ᠶ᠋ᠢᠨ ᠦᠷᠳᠡᠭᠡᠨ᠎ᠳᠦ ᠰᠡᠷᠢᠬᠦᠨ᠎ᠢᠶᠡᠷ ᠬᠠᠳᠠᠭᠠᠯᠠᠬᠤ ᠰᠠᠪᠠ ᠲᠣᠬᠢᠷᠠᠭᠤᠯᠵᠤ᠂ ᠢᠩᠭᠡᠨ ᠰᠦ ᠵᠢ 2 ᠠ᠋ᠴᠠ 4 ᠭᠷᠠᠳᠦ᠋ᠰ ᠤ᠋ᠨ ᠰᠡᠷᠢᠬᠦᠨ ᠳ᠋ᠥ ᠣᠨᠣᠪᠴᠢᠲᠠᠶ ᠬᠢᠵᠠᠭᠠᠷᠯᠠᠵᠤ᠂ ᠰᠦᠨ ᠤ᠋ ᠰᠢᠨ᠎ᠡ ᠰᠤᠷᠭᠤᠭ ᠵᠢ ᠪᠠᠳᠤᠯᠠᠵᠠᠢ᠃ ᠡᠢᠨ ᠬᠦ᠌ ᠡᠯ᠎ᠡ ᠰᠤᠮᠤ ᠭᠠᠴᠠᠭᠠᠨ ᠤ᠋ ᠲᠤᠷᠰᠢᠯᠲᠠ᠎ᠶᠢᠨ ᠴᠢᠭ ᠨᠢ ᠤᠢᠷ᠎ᠠ ᠬᠠᠪᠢ ᠶ᠋ᠢᠨ ᠮᠠᠯᠴᠢᠨ ᠡᠷᠦᠬᠡ ᠶ᠋ᠢᠨ ᠠᠪᠴᠢᠷᠠᠭᠰᠠᠨ ᠢᠩᠭᠡᠨ ᠰᠦ ᠵᠢ ᠨᠢᠭᠡᠳᠦᠯᠳᠡᠢ ᠰᠢᠯᠭᠠᠨ ᠪᠠᠢᠴᠠᠭᠠᠵᠤ᠂ ᠬᠠᠳᠠᠭᠠᠯᠠᠨ᠂ ᠠᠵᠤ ᠠᠬᠤᠢᠯᠠᠯ ᠤ᠋ᠨ ᠰᠦ ᠵᠦᠬᠡᠬᠡᠪᠦᠷᠢᠯᠡᠬᠦ ᠳᠡᠷᠭᠡ ᠳᠤᠭᠳᠠᠭᠰᠠᠨ ᠴᠠᠭ ᠲᠠᠢ ᠢᠷᠡᠵᠦ ᠬᠤᠳᠠᠯᠳᠤᠨ ᠠᠪᠬᠤ ᠪᠤᠯᠤᠭᠰᠠᠨ ᠨᠢ᠂ ᠮᠠᠯᠴᠢᠳ ᠤ᠋ᠨ ᠡᠳᠦᠷ ᠪᠦᠷᠢ ᠶ᠋ᠢᠨ ᠰᠠᠭᠠᠭᠰᠠᠨ ᠰᠦ ᠪᠠᠨ ᠬᠤᠰᠢᠭᠤᠨ ᠲᠦᠪ ᠲᠣ᠌ ᠬᠦᠷᠭᠡᠬᠦ ᠵᠢ ᠪᠤᠳᠤᠪᠡᠯ ᠶᠡᠬᠡᠳᠡ ᠲᠦᠭᠦᠮ ᠪᠤᠯᠵᠤ᠂ ᠰᠦ ᠬᠦᠷᠭᠡᠬᠦ ᠦᠪᠡᠷ ᠤ᠋ᠨ ᠦᠷᠳᠡᠭ ᠢ᠋ ᠪᠠᠭᠤᠷᠠᠭᠤᠯᠤᠨ᠂ ᠮᠠᠯᠴᠢᠨ ᠲᠦᠮᠡᠨ ᠳ᠋ᠥ ᠪᠤᠳᠠᠳᠤ ᠠᠰᠢᠭ᠋ ᠬᠦᠷᠳᠡᠭᠡᠵᠡᠢ᠃ ᠡᠭᠦᠨ᠎ᠡᠴᠡ ᠭᠠᠳᠠᠨ᠎ᠠ᠂ ᠠᠵᠤ ᠠᠬᠤᠢᠯᠠᠯ ᠨᠢ ᠮᠠᠯᠴᠢᠳ᠎ᠲᠠᠢ ᠵᠢᠯ ᠪᠦᠷᠢ ᠬᠠᠮᠲᠤᠷᠠᠨ ᠠᠵᠢᠯᠯᠠᠬᠤ ᠭᠡᠷ᠎ᠡ ᠳᠤᠭᠳᠠᠨ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠪᠠᠲᠤᠯᠠᠭ᠎ᠠ ᠪᠤᠯᠵᠤ᠂ ᠠᠵᠤ ᠠᠬᠤᠢᠯᠠᠯ ᠪᠠ ᠮᠠᠯᠴᠢᠨ ᠡᠷᠦᠬᠡ ᠶ᠋ᠢᠨ ᠬᠠᠮᠳᠤ ᠪᠡᠷ ᠠᠰᠢᠭ᠋ ᠭᠥᠷᠳᠡᠬᠦ ᠵᠢ ᠪᠡᠶᠡᠯᠡᠬᠦᠯᠵᠦ ᠪᠠᠢᠨ᠎ᠠ᠃
ᠥᠪᠥᠷ ᠮᠣᠩᠭᠣᠯ᠎ᠤᠨ ᠰᠥᠨᠢᠳ ᠲᠡᠮᠡᠭᠡᠨ᠎ᠦ ᠦᠢᠯᠡᠰ᠎ᠦᠨ ᠠᠮᠢᠳᠤ ᠪᠣᠳᠠᠰ᠎ᠤᠨ ᠰᠢᠨᠵᠢᠯᠡᠭᠡ ᠮᠡᠷᠭᠡᠵᠢᠯ᠎ᠦᠨ ᠬᠢᠵᠠᠭᠠᠷᠲᠤ ᠺᠣᠮᠫᠠᠨᠢ ᠲᠤᠬᠠᠶ᠎ᠶᠢᠨ ᠭᠠᠵᠠᠷ᠎ᠤᠨ ᠢᠩᠭᠡᠨ ᠰᠦ ᠬᠤᠳᠠᠯᠳᠤᠨ ᠠᠪᠬᠤ ᠲᠣᠭᠲᠠᠭᠰᠠᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠲᠡᠮᠡᠭᠡᠨ᠎ᠦ ᠠᠵᠤ ᠦᠢᠯᠡᠰ᠎ᠦᠨ ᠭᠦᠨᠵᠡᠭᠡᠶ ᠡᠳ᠋ᠰᠢᠭᠦᠯᠦᠯᠲᠡ᠎ᠶᠢᠨ ᠬᠦᠷᠢᠶᠡᠨ᠎ᠳᠦ ᠢᠯᠡᠳᠲᠡ ᠦᠷ᠎ᠡ ᠪᠦᠲᠦᠭᠡᠯ ᠤᠯᠵᠤ᠂ ᠵᠢᠯ᠎ᠳᠦ 5000 ᠲᠣᠨ ᠰᠦ ᠪᠣᠯᠪᠠᠰᠤᠷᠠᠭᠤᠯᠵᠤ᠂ ᠵᠢᠯ᠎ᠦᠨ ᠪᠣᠷᠣᠯᠠᠭᠤᠯᠤᠯᠲᠠ᠎ᠶᠢᠨ ᠬᠡᠮᠵᠢᠶ᠎ᠡ 8000 ᠭᠠᠷᠤᠶ ᠲᠦᠮᠡᠨ ᠲᠥᠭᠥᠷᠢᠭ᠎ᠲᠦ ᠬᠦᠷᠴᠦ᠂ ᠳᠡᠭᠡᠭᠰᠢ ᠲᠤᠰᠢᠶᠠᠭᠰᠠᠨ ᠭᠠᠶ᠋ᠢᠯᠢ᠎ᠶᠢᠨ ᠮᠥᠩᠭᠥ ᠨᠢ ᠪᠠᠷᠤᠭ 300 ᠲᠦᠮᠡᠨ ᠲᠥᠭᠥᠷᠢᠭ᠎ᠲᠦ ᠬᠦᠷᠴᠦ᠂ 《ᠺᠣᠮᠫᠠᠨᠢ + ᠰᠠᠭᠤᠷᠢᠨ ᠭᠠᠵᠠᠷ + ᠮᠠᠯᠴᠢᠨ ᠡᠷᠦᠬᠡ》 ᠶᠢᠨ ᠡᠵᠡᠩᠨᠡᠯᠲᠡ᠎ᠶᠢᠨ ᠵᠠᠭᠪᠤᠷ᠎ᠢᠶᠠᠷ ᠳᠠᠮᠵᠢᠨ᠂ 40 ᠭᠠᠷᠤᠢ ᠬᠣᠷᠰᠢᠶᠠᠵᠢᠯ ᠪᠠ ᠭᠡᠷ ᠪᠦᠯᠢ᠎ᠶᠢᠨ ᠮᠠᠯᠵᠢᠯ᠎ᠤᠨ ᠲᠠᠯᠠᠪᠠᠢ᠎ᠲᠠᠢ ᠬᠠᠮᠲᠤ ᠪᠠᠷ ᠬᠦᠭᠵᠢᠵᠦ᠂ ᠠᠵᠤ ᠦᠢᠯᠡᠰ᠎ᠦᠨ ᠥᠷᠨᠢᠩᠭᠦᠢ ᠬᠥᠭᠵᠢᠯᠲᠡ᠂ ᠠᠵᠤ ᠠᠬᠤᠢᠯᠠᠯ᠎ᠤᠨ ᠦᠷ᠎ᠡ ᠠᠰᠢᠭ᠋᠎ᠤᠨ ᠳᠡᠭᠡᠭᠰᠢᠯᠡᠯᠲᠡ᠂ ᠮᠠᠯᠴᠢᠳ᠎ᠤᠨ ᠣᠷᠣᠯᠭ᠎ᠠ ᠶ᠋ᠢᠨ ᠨᠡᠮᠡᠭᠳᠡᠯ᠂ ᠰᠦᠨᠢᠳ ᠪᠠᠷᠠᠭᠤᠨ ᠬᠣᠰᠢᠭᠤᠨ᠎ᠤ ᠠᠵᠤ ᠠᠬᠤᠢ᠎ᠶᠢᠨ ᠬᠥᠭᠵᠢᠯᠲᠡ᠎ᠶᠢᠨ ᠴᠢᠬᠤᠯᠠ ᠬᠥᠳᠡᠯᠭᠡᠭᠦᠷ ᠪᠣᠯᠤᠭᠰᠠᠨ ᠪᠠᠶ᠋ᠢᠨ᠎ᠠ᠃
ᠳᠤᠰ ᠺᠣᠮᠫᠠᠨᠢ ᠨᠢ ᠢᠩᠭᠡᠨ ᠰᠦ ᠬᠤᠳᠠᠯᠳᠤᠨ ᠠᠪᠬᠤ ᠲᠠᠯ᠎ᠠ᠎ᠪᠠᠷ ᠮᠠᠯᠴᠢᠳ ᠲᠣ᠌ ᠠᠰᠢᠭ᠋ ᠬᠦᠷᠲᠡᠭᠡᠭᠰᠡᠨ᠎ᠢᠶᠡᠷ ᠪᠠᠷᠠᠬᠤ ᠥᠬᠡᠶ᠂ ᠪᠠᠰᠠ ᠲᠤᠬᠠᠶ᠎ᠶᠢᠨ ᠭᠠᠵᠠᠷ᠎ᠤᠨ ᠮᠠᠯᠴᠢᠳ᠎ᠲᠤ ᠳᠤᠬᠢᠷᠠᠮᠵᠢᠳᠠᠢ ᠠᠵᠢᠯ᠎ᠤᠨ ᠪᠠᠶ᠋ᠢᠷᠢ ᠬᠠᠩᠭᠠᠵᠤ᠂ ᠳᠤᠭᠳᠠᠭᠤᠨ ᠤᠷᠤᠯᠭ᠎ᠠ ᠲᠠᠢ ᠪᠤᠯᠭᠠᠭᠰᠠᠨ ᠪᠠᠢᠨ᠎ᠠ᠃ ᠠᠴᠠᠳᠤᠠᠠᠭᠤᠯᠠ ᠰᠤᠮᠤᠨ ᠤ᠋ ᠮᠠᠯᠴᠢᠨ ᠬᠠᠰᠴᠢᠮᠡᠭ 2023 ᠣᠨ᠎ᠤ 7 ᠰᠠᠷ᠎ᠠ᠎ᠳᠤ ᠲᠡᠮᠡᠭᠡᠨ᠎ᠦ ᠦᠢᠯᠡᠰ᠎ᠦᠨ ᠠᠵᠢᠯᠲᠠᠨ ᠡᠯᠰᠡᠬᠦ ᠮᠡᠳᠡᠭᠳᠡᠯ ᠢ᠋ ᠦᠵᠡᠭᠡᠳ ᠳᠤᠰ ᠺᠤᠮᠫᠠᠨᠢ ᠳ᠋ᠥ ᠢᠷᠡᠵᠦ᠂ ᠣᠲᠣ᠌ ᠪᠤᠭᠤᠳᠠᠯᠯᠠᠵᠤ ᠪᠠᠭᠯᠠᠬᠤ ᠠᠵᠢᠯ᠎ᠢ ᠬᠢᠵᠦ᠂ ᠰᠠᠨᠠᠭᠠᠨ᠎ᠳᠠᠭᠠᠨ ᠳᠤᠬᠢᠷᠠᠭᠰᠠᠨ ᠤᠷᠤᠯᠭ᠎ᠠ ᠲᠠᠢ ᠮᠦᠷᠳᠡᠭᠡᠨ ᠭᠡᠷ ᠤ᠋ᠨ ᠢ᠋ᠶ᠋ᠠᠨ ᠤᠢᠷᠠᠯᠴᠠᠭ᠎ᠠ ᠠᠵᠢᠯ ᠤᠯᠤᠭᠰᠠᠨ ᠳ᠋ᠠᠭᠠᠨ ᠮᠠᠰᠢ ᠬᠠᠨᠤᠮᠵᠢᠳᠠᠢ ᠪᠠᠢᠯ᠎ᠠ᠃ ᠳᠤᠰ ᠺᠣᠮᠫᠠᠨᠢ 2019 ᠣᠨ᠎ᠳᠤ ᠪᠠᠶ᠋ᠢᠭᠤᠯᠤᠭᠳᠠᠨ ᠠᠰᠢᠭ᠍ᠯᠠᠯᠲᠠ᠎ᠳᠤ ᠤᠷᠤᠭᠰᠠᠨ᠎ᠠᠴᠠ ᠨᠠᠭᠠᠰᠢ᠂ ᠲᠡᠷᠢᠭᠦᠨ᠎ᠦ ᠪᠦᠷᠢᠨ ᠠᠦ᠋ᠲ᠋ᠣᠴᠢᠯᠠᠭᠰᠠᠨ ᠦᠢᠯᠡᠳᠪᠦᠷᠢᠯᠡᠯ᠎ᠦᠨ ᠱᠤᠭᠤᠮ᠎ᠤᠨ ᠲᠥᠬᠥᠭᠡᠷᠦᠮᠵᠢ᠎ᠶᠢ ᠣᠷᠣᠭᠤᠯᠤᠨ᠂ ᠪᠦᠷᠢᠨ ᠲᠡᠭᠦᠯᠳᠡᠷ ᠶᠠᠰᠤ ᠴᠢᠨᠠᠷ᠎ᠤᠨ ᠬᠠᠮᠢᠶᠠᠷᠤᠯᠲᠠ᠎ᠶᠢᠨ ᠰᠢᠰᠲᠧᠮ᠎ᠢ ᠪᠠᠶ᠋ᠢᠭᠤᠯᠵᠤ᠂ ᠭᠣᠭᠴᠣᠭ᠎ᠠ ᠨᠢᠭᠡᠪᠦᠷᠢ᠎ᠶᠢ ᠴᠢᠩᠭ᠎ᠠ ᠡᠵᠡᠮᠳᠡᠨ᠂ ᠪᠡᠶ᠎ᠡ ᠳᠠᠭᠠᠭᠠᠭᠰᠠᠨ ᠭᠤᠤᠯᠯᠠᠨ ᠰᠢᠯᠭᠠᠨ ᠪᠠᠶ᠋ᠢᠴᠠᠭᠠᠬᠤ ᠲᠠᠰᠤᠭ ᠲᠠᠭᠠᠨ ᠣᠯᠠᠨ ᠤᠯᠤᠰ᠎ᠤᠨ ᠲᠡᠷᠢᠭᠦᠨ᠎ᠦ ᠰᠢᠯᠭᠠᠨ ᠪᠠᠶ᠋ᠢᠴᠠᠭᠠᠬᠤ ᠬᠡᠮᠵᠢᠭᠦᠷᠯᠢᠭ᠎ᠢ ᠳᠣᠭᠢᠷᠠᠭᠤᠯᠵᠤ᠂ ᠲᠤᠰᠬᠠᠶ ᠮᠡᠷᠭᠡᠵᠢᠯ᠎ᠦᠨ ᠰᠢᠯᠭᠠᠨ ᠪᠠᠶ᠋ᠢᠴᠠᠭᠠᠭ᠍ᠴᠢ ᠪᠥᠬᠥ ᠦᠢᠯᠡᠳᠬᠦᠨ ᠢ᠋ ᠦᠪᠡᠷᠳᠡᠭᠡᠨ ᠰᠢᠯᠭᠠᠨ᠂ ᠭᠠᠷᠮᠠᠭᠠᠶ ᠶᠠᠰᠤ ᠴᠢᠨᠠᠷ᠎ᠢᠶᠠᠷ ᠵᠠᠬ᠎ᠠ ᠳᠡᠯᠭᠡᠭᠦᠷ᠎ᠦᠨ ᠵᠥᠪᠰᠢᠶᠡᠷᠡᠯ᠎ᠢ ᠤᠯᠤᠭᠰᠠᠨ ᠪᠠᠢᠨ᠎ᠠ᠃ ᠬᠤᠢᠰᠢᠳᠠ᠂ ᠰᠢᠨ᠎ᠡ ᠦᠢᠯᠡᠳᠪᠦᠷᠢ᠎ᠶᠢᠨ ᠲᠠᠰᠤᠭ᠎ᠤᠨ ᠪᠦᠳᠦᠭᠡᠨ ᠪᠠᠶ᠋ᠢᠭᠤᠯᠤᠯᠲᠠ ᠪᠣᠯᠤᠨ ᠰᠠᠪᠠᠯᠠᠬᠤ ᠲᠥᠬᠥᠭᠡᠷᠦᠮᠵᠢ᠎ᠶᠢᠨ ᠰᠢᠨᠡᠴᠢᠯᠡᠯᠲᠡ ᠪᠠᠷ ᠦᠢᠯᠡᠳᠪᠦᠷᠢᠯᠡᠯ᠎ᠦᠨ ᠴᠢᠳᠠᠪᠤᠷᠢ᠎ᠶᠢ ᠤᠯᠠᠮ ᠥᠷᠭᠡᠳᠬᠡᠵᠦ᠂ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠠᠵᠤ ᠦᠢᠯᠡᠰ᠎ᠦᠨ ᠬᠡᠯᠬᠢᠶ᠎ᠡ᠎ᠶᠢ ᠳᠡᠭᠡᠳᠦ ᠲᠦᠪᠰᠢᠨ᠎ᠳᠦ ᠬᠦᠷᠭᠡᠬᠦ ᠪᠣᠯᠤᠨ᠎ᠠ᠃ ᠺᠣᠮᠫᠠᠨᠢ᠎ᠶᠢᠨ ᠳᠠᠭᠠᠭᠠᠮᠠᠯ ᠬᠤᠸᠠᠩ ᠶᠠᠨ᠄ 《 ᠮᠠᠨ ᠤ᠋ ᠺᠤᠮᠫᠠᠨᠢ 2018 ᠣᠨ᠎ᠳᠤ ᠰᠥᠨᠢᠳ ᠪᠠᠷᠠᠭᠤᠨ ᠬᠣᠰᠢᠭᠤᠨ᠎ᠳᠤ ᠨᠤᠲᠤᠭᠰᠢᠵᠤ᠂ ᠲᠤᠬᠠᠶ᠎ᠶᠢᠨ ᠭᠠᠵᠠᠷ᠎ᠤᠨ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ᠎ᠶᠢ ᠬᠦᠷᠳᠡᠪᠡ᠃ ᠪᠢᠳᠡᠨ ᠳ᠋ᠥ ᠣᠳᠣᠬᠢᠴᠢᠯᠠᠭᠰᠠᠨ ᠮᠠᠯᠵᠢᠯ᠎ᠤᠨ ᠲᠠᠯᠠᠪᠠᠶ᠎ᠶᠢ ᠪᠥᠲᠥᠭᠡᠨ ᠪᠠᠶ᠋ᠢᠭᠤᠯᠵᠤ᠂ ᠰᠦᠨ ᠤ᠋ ᠢᠷᠡᠯᠲᠡ᠎ᠶᠢᠨ ᠵᠠᠬ᠎ᠠ ᠳᠡᠯᠭᠡᠭᠦᠷ᠎ᠢ ᠳᠤᠭᠳᠠᠪᠤᠷᠢᠵᠢᠭᠤᠯᠵᠤ ᠦᠭᠭᠦᠭᠰᠡᠨ ᠪᠠᠶ᠋ᠢᠨ᠎ᠠ᠃ ᠣᠶ᠋ᠢᠷ᠎ᠠ᠎ᠶᠢᠨ ᠬᠡᠳᠦᠨ ᠵᠢᠯ᠎ᠳᠦ ᠬᠤᠰᠢᠭᠤ ᠵᠠᠰᠠᠭ᠎ᠤᠨ ᠣᠷᠳᠣᠨ ᠪᠣᠯᠤᠨ ᠮᠠᠨ᠎ᠤ ᠠᠵᠤ ᠠᠬᠤᠢᠯᠠᠯ ᠬᠠᠮᠳᠤᠷᠠᠨ᠂ ᠰᠦᠨ ᠤ᠋ ᠥᠷᠲᠡᠭᠡ ᠪᠠᠢᠭᠤᠯᠬᠤ᠂ ᠰᠢᠨ᠎ᠡ ᠰᠦᠨ ᠤ᠋ ᠨᠥᠬᠥᠪᠥᠷᠢ ᠦᠭᠬᠦ ᠵᠡᠷᠭᠡ ᠲᠠᠯ᠎ᠠ᠎ᠪᠠᠷ ᠮᠠᠯᠴᠢᠳ᠎ᠲᠤ ᠣᠯᠠᠨ ᠬᠠᠷᠠᠭᠠᠯᠵᠠᠯ ᠬᠦᠷᠳᠡᠭᠡᠬᠦ ᠠᠵᠢᠯᠯᠠᠭ᠎ᠠ ᠦᠷᠨᠢᠬᠦᠯᠵᠡᠢ᠃ ᠳᠠᠷᠠᠭᠠᠴᠢ ᠪᠠᠷ᠂ ᠦᠢᠯᠡᠳᠪᠦᠷᠢ᠎ᠪᠡᠨ ᠲᠠᠰ ᠳᠡᠪᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠶᠤᠨᠴᠢᠯᠠᠯᠲᠠ ᠳᠠᠢᠰᠢ ᠬᠦᠭᠵᠢᠬᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠎ᠳᠦ ᠨᠠᠩ ᠶᠡᠬᠡ ᠬᠤᠪᠢ ᠨᠡᠮᠡᠷᠢ ᠦᠵᠡᠬᠦᠯᠦᠨ᠎ᠡ》 ᠬᠡᠵᠦ ᠶᠠᠷᠢᠯ᠎ᠠ᠃
ᠰᠦᠨᠢᠳ ᠪᠠᠷᠠᠭᠤᠨ ᠬᠤᠰᠢᠭᠤᠨ ᠤ᠋ ᠰᠠᠩᠪᠤᠯᠠᠭ ᠰᠤᠮᠤᠨ᠎ᠤ ᠴᠠᠭᠠᠠᠴᠢᠯᠠᠭᠤᠳᠤ ᠭᠠᠴᠠᠭᠠᠨ᠎ᠤ ᠨᠠᠮ᠎ᠤᠨ ᠡᠭᠦᠷ ᠲᠡᠮᠡᠭᠡᠨ᠎ᠦ ᠠᠵᠤ ᠦᠢᠯᠡᠰ᠎ᠢ ᠲᠤᠰᠬᠠᠶ᠋ᠢᠵᠢᠭᠤᠯᠬᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ ᠲᠡᠶ᠋ᠢᠰᠢ ᠬᠥᠭᠵᠢᠭᠦᠯᠵᠦ᠂ ᠬᠥᠳᠡᠭᠡ ᠨᠤᠳᠤᠭ ᠤ᠋ᠨ ᠬᠦᠭᠵᠢᠯ ᠢ᠋ ᠠᠬᠢᠭᠤᠯᠤᠨ᠂ ᠮᠠᠯᠴᠢᠨ ᠲᠦᠮᠡᠨ ᠢ᠋ᠶ᠋ᠠᠨ ᠪᠠᠶᠠᠵᠢᠯ ᠤ᠋ᠨ ᠵᠠᠮ ᠳ᠋ᠥ ᠬᠦᠳᠦᠯᠦᠨᠡ᠃ᠣᠶ᠋ᠢᠯᠠᠭᠠᠭᠰᠠᠨ᠎ᠢᠶᠠᠷ᠂ ᠴᠠᠭᠠᠠᠴᠢᠯᠠᠭᠤᠳᠤ ᠭᠠᠴᠠᠭᠠᠨ᠎ᠤ ᠰᠥᠨᠢᠳ ᠬᠤᠤᠰ ᠪᠥᠬᠥᠲᠦ ᠲᠡᠮᠡᠭᠡ ᠮᠠᠯᠵᠢᠬᠤ ᠰᠠᠭᠤᠷᠢᠨ ᠭᠠᠵᠠᠷ ᠲᠡᠮᠡᠭᠡᠨ ᠨᠤᠤᠯᠤᠭᠤᠷ᠂ ᠢᠩᠭᠡ ᠰᠠᠭᠠᠬᠤ᠂ ᠪᠤᠳᠤᠭᠤ ᠦᠰᠬᠡᠨ ᠬᠤᠳᠠᠯᠳᠤᠬᠤ ᠵᠡᠷᠭᠡ ᠠᠷᠭ᠎ᠠ ᠮᠠᠶᠢᠭ᠋᠎ᠢᠶᠠᠷ ᠵᠢᠯ ᠳᠠᠷᠠᠭᠠᠯᠠᠨ ᠣᠷᠣᠯᠭ᠎ᠠ᠎ᠪᠠᠨ ᠨᠡᠮᠡᠭᠳᠡᠭᠦᠯᠬᠦ᠎ᠶᠢᠨ ᠵᠡᠷᠭᠡ ᠪᠡᠷ ᠬᠠᠮᠲᠤ᠎ᠶᠢᠨ ᠠᠵᠤ ᠠᠬᠤᠶ᠎ᠶᠢᠨ ᠠᠰᠢᠭ᠋ ᠣᠷᠣᠯᠭ᠎ᠠ᠎ᠪᠠᠷ ᠡᠪᠡᠰᠦ ᠪᠣᠷᠳᠣᠭ᠎ᠠ ᠬᠤᠳᠠᠯᠳᠤᠨ ᠠᠪᠴᠤ ᠮᠠᠯᠴᠢᠨ ᠲᠦᠮᠡᠨ ᠳ᠋ᠡᠭᠡᠨ ᠳᠠᠷᠬᠠᠭᠠᠬᠤ ᠬᠡᠯᠪᠡᠷᠢ᠎ᠪᠡᠷ ᠭᠠᠴᠠᠭᠠᠨ᠎ᠤ ᠮᠠᠯᠴᠢᠳ᠎ᠲᠤ ᠬᠠᠮᠲᠤ᠎ᠶᠢᠨ ᠠᠵᠤ ᠠᠬᠤᠶ᠎ᠶᠢᠨ ᠠᠰᠢᠭ᠋ ᠢ᠋ ᠬᠦᠷᠳᠡᠭᠡᠵᠦ ᠪᠠᠢᠨ᠎ᠠ᠃ ᠲᠡᠮᠡᠭᠡ ᠮᠠᠯᠵᠢᠬᠤ ᠰᠠᠭᠤᠷᠢᠨ ᠭᠠᠵᠠᠷ᠎ᠨᠢ ᠪᠠᠰᠠ ᠭᠠᠴᠠᠭᠠᠨ᠎ᠤ ᠮᠠᠯᠴᠢᠳ ᠢ᠋ᠶ᠋ᠠᠷ ᠳᠡᠮᠡᠭᠡ ᠮᠠᠯᠵᠢᠬᠤ᠂ ᠢᠩᠭᠡ ᠰᠠᠭᠠᠯᠭᠠᠬᠤ ᠵᠡᠷᠭᠡ ᠠᠷᠭ᠎ᠠ ᠮᠠᠶᠢᠭ᠋᠎ᠢᠶᠠᠷ ᠬᠦᠯᠦᠰᠦ ᠤᠯᠭᠤᠮᠵᠢ ᠤᠯᠭᠤᠨ᠂ ᠶᠠᠳᠠᠭᠤ᠎ᠠᠴᠠ ᠠᠩᠭᠢᠵᠢᠷᠠᠭᠰᠠᠨ ᠡᠷᠦᠬᠡ᠎ᠶᠢᠨ ᠣᠷᠣᠯᠭ᠎ᠠ᠎ᠶᠢ᠎ᠨᠢ ᠨᠡᠮᠡᠭᠳᠡᠬᠦᠯᠦᠨ ᠠᠵᠢᠯ ᠤᠯᠭᠤᠯᠳᠠ ᠵᠢ ᠳᠠᠢᠴᠢᠯᠠᠭᠰᠠᠨ ᠪᠠᠢᠨ᠎ᠠ᠃ᠰᠠᠭᠤᠷᠢᠨ ᠭᠠᠵᠠᠷ ᠤ᠋ᠨ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠰᠠᠭᠤᠷᠢᠨ ᠭᠠᠵᠠᠷ ᠤ᠋ᠨ ᠦᠩᠭᠡᠷᠡᠬᠦ ᠵᠢᠯ ᠤ᠋ᠨ ᠢᠩᠭᠡᠨ ᠰᠦᠨ ᠤ᠋ ᠭᠠᠷᠤᠯᠳᠠ ᠡᠳᠦᠷ ᠪᠦᠷᠢ 110 ᠵᠢᠩ ᠳ᠋ᠥ ᠬᠦᠷᠴᠦ᠂ ᠢᠩᠭᠡ ᠰᠠᠭᠠᠬᠤ ᠬᠤᠭᠤᠴᠠᠭ᠎ᠠ ᠨᠢ ᠬᠠᠮᠤᠭ ᠣᠷᠳᠣ᠌᠎ᠳᠠᠭᠠᠨ 6 ᠰᠠᠷ᠎ᠠ ᠦᠷᠬᠦᠯᠵᠢᠯᠡᠳᠡᠭ᠃ ᠳᠠᠷᠠᠭᠠᠴᠢ ᠶ᠋ᠢᠨ ᠠᠯᠬᠤᠮ ᠳ᠋ᠥ᠂ ᠭᠠᠴᠠᠭᠠᠨ᠎ᠤ ᠬᠠᠮᠲᠤ᠎ᠶᠢᠨ ᠨᠤᠲᠤᠭ ᠪᠡᠯᠴᠢᠭᠡᠷ᠎ᠢ ᠬᠦᠢᠴᠡᠳ ᠠᠰᠢᠭ᠍ᠯᠠᠨ ᠢᠩᠭᠡᠨ ᠰᠦ᠂ ᠲᠡᠮᠡᠭᠡᠨ ᠨᠤᠤᠯᠤᠭᠤᠷ᠂ ᠲᠡᠮᠡᠭᠡᠨ ᠮᠢᠬ᠎ᠠ ᠪᠠ ᠵᠢᠭᠤᠯᠴᠢᠯᠠᠯ᠎ᠢ ᠢᠳᠡᠪᠬᠢᠳᠡᠢ ᠬᠥᠭᠵᠢᠭᠦᠯᠵᠦ᠂ ᠲᠡᠮᠡᠭᠡᠨ᠎ᠦ ᠠᠵᠤ ᠦᠢᠯᠡᠰ᠎ᠢ ᠬᠡᠪᠴᠢᠶᠡᠵᠢᠭᠦᠯᠬᠦ᠂ ᠲᠥᠷᠥᠯ ᠲᠡᠮᠳᠡᠭᠵᠢᠭᠦᠯᠬᠦ᠂ ᠳᠡᠰ ᠳᠡᠪᠰᠢᠬᠦᠯᠬᠦ ᠴᠢᠭᠯᠡᠯ᠎ᠢᠶᠡᠷ ᠬᠥᠭᠵᠢᠭᠦᠯᠵᠦ᠂ ᠦᠷ᠎ᠡ ᠠᠰᠢᠭ᠋᠎ᠢ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠬᠦᠯᠵᠦ᠂ ᠳᠤᠬᠠᠢ ᠶ᠋ᠢᠨ ᠭᠠᠵᠠᠷ ᠤ᠋ᠨ ᠠᠵᠤ ᠠᠬᠤᠢ ᠨᠡᠢᠭᠡᠮ ᠤ᠋ᠨ ᠬᠦᠭᠵᠢᠯᠳᠡ ᠳ᠋ᠥ ᠦᠷᠬᠦᠯᠵᠢᠯᠡᠨ ᠬᠦᠴᠦᠨ ᠨᠡᠮᠡᠷᠢᠯᠡᠬᠦ ᠪᠠᠷ ᠴᠢᠷᠮᠠᠢᠬᠤ ᠪᠤᠯᠤᠨ᠎ᠠ᠃
ᠲᠡᠮᠡᠭᠡᠨ᠎ᠦ ᠠᠵᠤ ᠦᠢᠯᠡᠰ᠎ᠦᠨ ᠦᠷᠭᠦᠯᠵᠢᠯᠡᠨ ᠭᠦᠭᠵᠢᠬᠦ ᠵᠢ ᠠᠬᠢᠭᠤᠯᠵᠤ᠂ ᠳᠡᠮᠡᠭᠡᠴᠢᠨ ᠡᠷᠦᠬᠡ᠎ᠶᠢᠨ ᠬᠡᠪᠴᠢᠶ᠎ᠡ᠎ᠶᠢ ᠪᠥᠬᠥ ᠬᠦᠴᠦᠨ᠎ᠢᠶᠡᠷ ᠥᠷᠭᠡᠳᠬᠡᠨ᠂ ᠲᠡᠮᠡᠭᠡᠨ᠎ᠦ ᠲᠣᠭ᠎ᠠ ᠳᠤᠯᠤᠭᠠᠢ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢᠨ ᠲᠥᠯᠥᠭᠡ ᠰᠦᠨᠢᠳ ᠪᠠᠷᠠᠭᠤᠨ ᠬᠤᠰᠢᠭᠤᠨ ᠤ᠋ ᠥᠷᠭᠡᠨᠲᠠᠯ᠎ᠠ ᠪᠠᠯᠭᠠᠰᠤ ᠪᠠᠰᠠ ᠲᠡᠮᠡᠭᠡ ᠮᠠᠯᠵᠢᠬᠤ ᠲᠤᠰᠬᠠᠶ ᠡᠷᠦᠬᠡ ᠶ᠋ᠢᠨ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠪᠥᠬᠥ ᠪᠠᠯᠭᠠᠰᠤᠨ᠎ᠤ ᠲᠡᠮᠡᠭᠡ ᠮᠠᠯᠵᠢᠬᠤ ᠡᠷᠦᠬᠡᠤᠭ ᠤ᠋ᠨ 6 ᠡᠷᠦᠬᠡ ᠪᠠᠶ᠋ᠢᠭ᠍ᠰᠠᠨᠠᠴᠠ ᠪᠠᠨ ᠤᠳᠤ ᠪᠤᠯᠬᠤ ᠳ᠋ᠥ 25 ᠡᠷᠦᠬᠡ ᠪᠤᠯᠵᠤ᠂ ᠲᠡᠮᠡᠭᠡᠨ᠎ᠦ ᠠᠵᠤ ᠦᠢᠯᠡᠰ ᠠᠭᠠᠵᠢᠮ᠎ᠢᠶᠠᠷ ᠬᠥᠭᠵᠢᠨ ᠪᠤᠵᠠᠭᠠᠶ᠋ᠢᠷᠠᠵᠦ᠂ ᠢᠩᠭᠡ ᠰᠠᠭᠠᠵᠤ ᠣᠷᠣᠯᠭ᠎ᠠ ᠨᠡᠮᠡᠭᠳᠡᠬᠦᠯᠦᠨ᠂ ᠠᠵᠤ ᠠᠮᠢᠳᠤᠷᠠᠯ ᠢ᠋ᠶ᠋ᠠᠨ ᠦᠭᠡᠳᠡ ᠳᠠᠳᠠᠵᠤ ᠪᠠᠢᠨ᠎ᠠ᠃
ᠰᠦᠨᠢᠳ ᠪᠠᠷᠠᠭᠤᠨ ᠬᠣᠰᠢᠭᠤ᠂ ᠠᠷᠠᠳ᠎ᠤᠨ ᠠᠮᠢᠳᠤᠷᠠᠯ᠎ᠢᠶᠠᠷ ᠤᠳᠤᠷᠢᠳᠤᠮᠵᠢ ᠪᠣᠯᠭᠠᠵᠤ᠂ ᠲᠡᠮᠡᠭᠡᠨ᠎ᠦ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠲᠣᠮᠣ᠌ ᠬᠡᠯᠪᠡᠷᠢ᠎ᠶᠢᠨ ᠠᠵᠤ ᠠᠬᠤᠢᠯᠠᠯ᠎ᠢ ᠢᠳᠡᠪᠬᠢᠲᠡᠶ ᠬᠥᠲᠥᠯᠥᠨ ᠳᠠᠭᠠᠭᠤᠯᠵᠤ᠂ ᠲᠡᠮᠡᠭᠡᠨ᠎ᠦ ᠦᠢᠯᠡᠰ᠎ᠦᠨ ᠠᠮᠵᠢᠯᠳᠠ ᠳᠠᠢ ᠦᠢᠯᠡᠳᠦᠯᠬᠡ ᠪᠠᠷ ᠲᠤᠬᠠᠶ᠎ᠶᠢᠨ ᠭᠠᠵᠠᠷ᠎ᠤᠨ ᠠᠵᠤ ᠠᠬᠤᠶ᠎ᠶᠢᠨ ᠬᠥᠭᠵᠢᠯᠲᠡ᠎ᠳᠦ ᠬᠡᠪ ᠳᠠᠭᠤᠷᠢᠶᠠᠯ ᠪᠤᠯᠭᠠᠬᠤ ᠵᠢ ᠵᠤᠷᠢᠭᠰᠠᠭᠠᠷ ᠪᠠᠢᠭ᠎ᠠ᠃