ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠤᠨ ᠪᠤᠤᠬᠢᠶ᠎ᠡ ᠳᠠᠮᠵᠢᠭᠤᠯᠤᠨ ᠲᠡᠮᠡᠴᠡᠵᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠡᠭᠦᠳᠦᠨ ᠨᠡᠬᠡᠬᠡᠨ᠎ᠠ
2025-10-25 10:44:14
ᠵᠣᠬᠢᠶᠠᠭ᠍ᠴᠢ᠄
ᠵᠧᠩ ᠱᠢᠤᠸᠠᠢ ᠯᠢᠶᠠᠩ ᠰᠦᠩ ᠠ ᠨᠠᠨ ᠭᠤᠤ ᠮᠢᠨ ᠨᠠ ᠾᠦᠸᠸ ᠱᠢᠶᠤᠤ ᠴᠢᠩ ᠰᠢᠤᠸᠠᠢ ᠯᠠᠢ ᠬᠤᠤ ᠪᠢᠶᠤᠤ ᠴᠧᠨ ᠴᠦᠨ ᠶᠠᠨ ᠶᠠᠩ ᠼᠠᠢ ᠱᠢᠶᠠ
ᠣᠩᠱᠢᠭ᠍ᠰᠠᠨ ᠣᠳᠠᠭ᠎ᠠ᠄
★★★☆☆

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ 

ᠮᠠᠨ᠎ᠤ  ᠣᠷᠣᠨ᠎ᠤ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ


ᠲᠤᠰ ᠰᠣᠨᠢᠨ᠎ᠤ ᠮᠡᠳᠡᠭᠡ 10 ᠰᠠᠷ᠎ᠠ᠎ᠶ᠋ᠢᠨ 20 ᠡᠴᠡ 23 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠪᠡᠭᠡᠵᠢᠩ᠎ᠳᠦ ᠬᠤᠷᠠᠯᠳᠤᠪᠠ᠃ ᠪᠦᠭᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠪᠦᠬᠦ᠌ ᠣᠷᠣᠨ᠎ᠤ ᠡᠯ᠎ᠡ ᠭᠠᠵᠠᠷ᠎ᠤᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ᠃ ᠤᠯᠠᠨ ᠵᠢᠡᠷ ᠵᠢᠡᠨ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠰᠠᠢᠲᠤᠷ ᠠᠳᠭᠤᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠴᠥᠬᠥᠷᠡᠰᠢ ᠦᠭᠡᠢ ᠴᠢᠷᠮᠠᠢᠨ᠂ ᠪᠤᠤᠬᠢᠶ᠎ᠡ ᠳᠠᠮᠵᠢᠭᠤᠯᠤᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠬᠡᠬᠡᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠬᠤᠸᠠᠬᠤᠱᠢᠭᠤ ᠪᠠᠯᠭᠠᠰᠤ᠎ᠶ᠋ᠢᠨ ᠭᠡᠷᠴᠢᠯᠠᠭᠤ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨ᠎ᠤ  ᠠᠷᠠᠳ ᠎ᠤᠨ  ᠵᠥᠪᠯᠡᠯ᠎ᠦᠨ ᠡᠷᠬᠢᠯᠡᠭ᠌ᠴᠢ ᠵᠤᠤ ᠮᠢᠶᠣᠣ ᠴᠠᠨ᠂ ᠪᠦᠬᠦᠳᠡ ᠬᠤᠷᠠᠯ᠎ᠡᠴᠡ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠤᠭ᠍ᠰᠠᠨ ᠨᠢ ᠬᠥᠮᠦᠰ᠎ᠢ ᠤᠷᠮᠠᠰᠢᠭᠤᠯᠤᠨ᠎ᠠ ᠭᠡᠪᠡ᠃ ᠲᠡᠷᠡ᠂ ᠲᠣᠰ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠱᠢᠭ᠌ᠯᠡᠨ᠂ ᠠᠵᠤ ᠦᠶ᠋ᠯᠡᠰ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠍᠂ 《ᠯᠠᠩᠭᠤᠸᠠ᠎ᠶ᠋ᠢᠨ ᠪᠠᠶᠠᠷ》 ᠢ᠋ ᠦᠷᠭᠦᠯᠵᠢᠯᠡᠨ ᠰᠠᠢᠲᠤᠷ ᠡᠷᠭᠢᠯᠡᠵᠦ᠍᠂ ᠣᠨᠴᠠᠯᠢᠭ᠍ᠲᠤ ᠲᠥᠷᠥᠯ ᠲᠡᠮᠳᠡᠭ᠎ᠢ ᠡᠭᠦᠳᠴᠦ᠍᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ ᠪᠤᠵᠠᠭᠠᠢᠷᠠᠭᠤᠯᠵᠤ᠂ 《ᠬᠦᠳᠡᠭᠡ ᠠᠵᠤ ᠠᠬᠤᠢ + ᠰᠣᠶᠣᠯ ᠵᠢᠭᠤᠯᠴᠢᠯᠠᠯ》 ᠤ᠋ᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠨᠠᠩ ᠣᠯᠠᠨ ᠲᠠᠷᠢᠶᠠᠴᠢᠳ ᠢ᠋ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠤ ᠪᠠᠶᠠᠵᠢᠭᠤᠯᠤᠨ᠎ᠠ ᠭᠡᠵᠦ᠍ ᠢᠯᠡᠳᠭᠡᠪᠡ᠃

ᠪᠦᠬᠦᠳᠠ ᠬᠤᠷᠠᠯ᠎ᠡᠴᠡ᠂ ᠨᠤᠮᠢᠨ ᠤᠰᠤ ᠬᠦᠬᠡᠮᠳᠦᠭ ᠠᠭᠤᠯᠠ ᠪᠤᠯ ᠠᠯᠳᠠᠨ ᠠᠭᠤᠯᠠ ᠮᠦᠩᠭᠦᠨ ᠬᠠᠢᠷᠬᠠᠨ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳ᠋ᠤ ᠬᠦᠷᠬᠦ ᠨᠡᠭᠦᠷᠡᠰᠦᠳᠦ᠋ᠷᠦᠭᠴᠢ ᠵᠢ ᠰᠠᠭᠠᠷᠮᠠᠭ᠍ᠵᠢᠭᠤᠯᠬᠤ᠎ᠪᠠᠷ ᠵᠢᠯᠣᠭᠣᠳᠤᠮᠵᠢ ᠪᠣᠯᠭᠠᠵᠤ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠥᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠴᠢᠩᠭᠠᠳᠭᠠᠬᠤ ᠬᠡᠷᠡᠭ᠌ᠲᠡᠢ ᠭᠡᠵᠤ ᠳᠤᠷᠠᠳᠴᠠᠢ᠃ ᠳᠠ ᠲᠠᠩ ᠪᠦᠯᠦᠭᠯᠡᠯ ᠤ᠋ᠨ ᠮᠧᠩ ᠰᠢ ᠰᠢᠨ᠎ᠡ ᠡᠨᠧᠷᠭᠢ᠎ᠶᠢᠨ ᠦᠢᠯᠡᠰ᠎ᠦᠨ ᠬᠡᠯᠲᠡᠰ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠡᠯᠲᠡᠰ᠎ᠦᠨ ᠡᠷᠬᠢᠯᠡᠭᠴᠢ ᠦ᠋ ᠵᠢᠩ ᠸᠧᠢ᠄ 《ᠰᠢᠨ᠎ᠡ ᠡᠨᠧᠷᠭᠢ᠎ᠶᠢᠨ ᠠᠵᠤ ᠠᠬᠤᠢᠯᠠᠯ᠎ᠤᠨ ᠨᠠᠮ᠎ᠤᠨ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ᠂ ᠮᠢᠨᠤ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠪᠢ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠡᠷᠡ ᠳᠠᠷᠤᠢ ᠳ᠋ᠤᠨᠢ ᠵᠣᠬᠢᠶᠠᠨ ᠪᠠᠢᠭᠤᠯᠤᠨ ᠰᠤᠷᠤᠯᠴᠠᠨ ᠣᠢᠯᠠᠭᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠪᠣᠬᠢᠷᠲᠤᠯ ᠦᠭᠡᠢ ᠡᠨᠧᠷᠭᠢ᠎ᠪᠡᠷ ᠴᠠᠬᠢᠯᠭᠠᠨ ᠭᠠᠷᠭᠠᠬᠤ ᠦᠢᠯᠡᠰ᠎ᠢ ᠬᠥᠲᠥᠯᠥᠨ ᠳᠠᠭᠠᠭᠤᠯᠵᠤ ᠪᠠᠲᠤᠯᠠᠨ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠤᠯᠤᠰ᠎ᠤᠨ ᠡᠨᠧᠷᠭᠢ ᠵᠢᠨ ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠳᠦ ᠦᠢᠯᠡᠴᠢᠯᠡᠬᠥ ᠎ᠳᠤ  ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

《ᠪᠥᠬᠥᠳᠡ ᠬᠤᠷᠠᠯ᠎ᠡᠴᠡ᠂ ᠡᠯ᠎ᠡ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠬᠤ ᠤᠬᠠᠭᠤᠯᠤᠨ ᠲᠠᠢᠯᠪᠤᠷᠢᠯᠠᠬᠤ ᠤᠬᠠᠭᠤᠯᠤᠨ ᠰᠤᠷᠲᠠᠯᠴᠢᠯᠠᠬᠤ ᠠᠵᠢᠯ᠎ᠢ ᠰᠠᠢᠲᠤᠷ ᠵᠣᠬᠢᠶᠠᠨ ᠪᠠᠢᠭᠤᠯᠵᠤ᠂ ᠪᠥᠬᠥ ᠨᠠᠮ ᠪᠥᠬᠥ ᠨᠡᠢᠭᠡᠮ᠎ᠳᠦ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠣᠢᠯᠠᠭᠠᠭᠤᠯᠬᠤ ᠬᠡᠷᠡᠭᠲᠡᠢ ᠭᠡᠵᠦ ᠳᠤᠷᠠᠳᠪᠠ᠃ ᠤᠬᠠᠭᠤᠯᠭ᠎ᠠ᠎ᠶᠢᠨ ᠹᠷᠣᠨᠲ᠎ᠤᠨ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠪᠤᠭᠤᠲᠤ ᠬᠣᠲᠠ᠎ᠶᠢᠨ ᠳ᠋ᠦᠩ ᠾᠧ ᠲᠣᠭᠣᠷᠢᠭ᠋᠎ᠤᠨ ᠣᠲᠣ᠌᠎ᠶᠢᠨ ᠪᠠᠢᠭ᠎ᠠ ᠤᠬᠠᠭᠤᠯᠤᠨ ᠲᠠᠢᠯᠪᠤᠷᠢᠯᠠᠬᠤ ᠡᠬᠢ ᠪᠠᠶᠠᠯᠢᠭ᠋᠎ᠲᠤ ᠲᠦᠰᠢᠭᠯᠡᠨ᠂ ᠣᠯᠠᠨ ᠨᠡᠶ᠋ᠢᠲᠡᠴᠢᠯᠡᠵᠦ ᠤᠬᠠᠭᠤᠯᠤᠨ ᠲᠠᠢᠯᠪᠤᠷᠢᠯᠠᠬᠤ ᠲᠤᠷᠰᠢᠯᠭ᠎ᠠ᠎ᠲᠠᠢ ᠤᠶᠠᠯᠳᠤᠭᠤᠯᠵᠤ᠂ ᠠᠬᠠᠮᠠᠳ ᠺᠠᠳ᠋ᠷᠴᠤᠳ᠎ᠤᠨ ᠢᠳᠡᠪᠬᠢ ᠬᠦᠴᠦᠨ ᠪᠦᠬᠦᠢ ᠤᠬᠠᠭᠤᠯᠤᠨ ᠲᠠᠢᠯᠪᠤᠷᠢᠯᠠᠬᠤ ᠪᠦᠯᠬᠦᠮ ᠪᠣᠯᠣᠨ ᠵᠠᠯᠠᠭᠤ ᠤᠬᠠᠭᠤᠯᠤᠨ ᠲᠠᠢᠯᠪᠤᠷᠢᠯᠠᠭ᠍ᠴᠢᠳ᠎ᠤᠨ ᠦᠢᠯᠡᠳᠦᠯ᠎ᠢ ᠪᠠᠳᠠᠷᠠᠭᠤᠯᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠡᠢᠭᠡᠮ ᠲᠣᠭᠣᠷᠢᠭ᠋᠂ ᠬᠥᠳᠡᠭᠡ ᠲᠣᠰᠬᠣᠨ᠂ ᠠᠵᠤ ᠠᠬᠤᠢᠯᠠᠯ᠎ᠳᠤ ᠣᠷᠣᠭᠤᠯᠬᠤ᠎ᠶᠢ ᠠᠬᠢᠭᠤᠯᠵᠤ᠂ ᠣᠯᠠᠨ ᠲᠦᠮᠡᠨ᠎ᠲᠠᠢ ᠣᠢᠷᠠᠲᠤᠭᠰᠠᠨ ᠦᠭᠡ ᠬᠡᠯᠡ ᠪᠣᠯᠣᠨ ᠬᠡᠷᠡᠭ᠎ᠦᠨ ᠵᠢᠱ᠌ᠢᠶ᠎ᠡ᠎ᠪᠡᠷ ᠲᠥᠷᠥ᠎ᠶᠢᠨ ᠪᠣᠳᠣᠯᠭ᠎ᠠ ᠣᠨᠣᠯ᠎ᠢ ᠨᠡᠪᠲᠡᠷᠡᠲᠡᠯ᠎ᠡ ᠲᠠᠢᠯᠪᠤᠷᠢᠯᠠᠵᠤ᠂ ᠠᠮᠢᠳᠤᠯᠢᠬᠵᠢᠭᠤᠯᠤᠨ ᠶᠠᠷᠢᠵᠤ᠂ ᠺᠠᠳ᠋ᠷ ᠣᠯᠠᠨ ᠲᠦᠮᠡᠨ᠎ᠦ ᠪᠦᠯᠬᠦᠮᠳᠡᠨ ᠲᠡᠮᠡᠴᠡᠬᠦ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠦᠨᠡᠨ ᠬᠦ᠌ ᠨᠢᠭ᠍ᠲᠠᠷᠠᠭᠤᠯᠵᠤ᠂ ᠳ᠋ᠦᠩ ᠾᠧ ᠲᠣᠭᠣᠷᠢᠭ᠋᠎ᠤᠨ ᠴᠢᠨᠠᠷ ᠰᠠᠢᠲᠠᠢ ᠬᠥᠭᠵᠢᠯᠲᠡ᠎ᠳᠦ ᠢᠳᠡᠪᠬᠢᠲᠡᠢ ᠥᠭᠡᠳᠡᠯᠡᠨ ᠳᠠᠪᠰᠢᠬᠤ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠣᠶ ᠪᠣᠯᠭᠠᠵᠤ ᠥᠭᠬᠦᠨ᠎ᠡ》 ᠭᠡᠵᠦ ᠳ᠋ᠦᠩ ᠾᠧ ᠲᠣᠭᠣᠷᠢᠭ᠋᠎ᠤᠨ ᠨᠠᠮ᠎ᠤᠨ ᠬᠤᠷᠢᠶ᠎ᠠ᠎ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠴᠢᠨ ᠯᠢ ᠫᠢᠩ ᠬᠡᠯᠡᠪᠡ᠃

ᠪᠦᠬᠦᠳᠡ ᠬᠤᠷᠠᠯ᠎ᠡᠴᠡ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠪᠦᠬᠦ ᠠᠷᠠᠳ᠎ᠤᠨ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠡᠨᠡ ᠨᠢ ᠨᠠᠮ᠎ᠤᠨ ᠲᠥᠪ ᠬᠤᠷᠢᠶ᠎ᠠ᠎ᠵᠢᠨ ᠠᠷᠠᠳ᠎ᠤᠨ ᠲᠥᠯᠥᠭᠡ ᠭᠡᠬᠦ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠭᠦᠢᠴᠡᠳ ᠢᠯᠡᠷᠡᠭᠦᠯᠵᠡᠢ᠃ ᠳ᠋ᠦᠩ ᠾᠧ ᠲᠣᠭᠣᠷᠢᠭ᠋᠎ᠤᠨ ᠾᠧ ᠳ᠋ᠦᠩ ᠵᠡᠭᠡᠯᠢ ᠭᠤᠳᠤᠮᠵᠢ᠎ᠶᠢᠨ ᠨᠠᠮ᠎ᠤᠨ ᠠᠵᠢᠯᠯᠠᠬᠤ ᠬᠤᠷᠢᠶ᠎ᠠ᠎ᠵᠢᠨ ᠱᠦᠵᠢ ᠺᠧᠦ ᠳ᠋ᠦᠩ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠬᠤᠪᠢᠰᠬᠠᠯᠲᠤ ᠠᠳᠠᠯ ᠠᠬᠤᠢ》ᠵᠢᠨ ᠢᠨᠵᠧᠨᠧᠷᠢᠩ᠎ᠢ ᠦᠷᠭᠦᠯᠵᠢᠯᠡᠨ ᠭᠦᠨᠵᠡᠭᠡᠢᠷᠡᠭᠦᠯᠵᠦ᠂ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠬᠦᠴᠢᠷᠳᠡᠯ᠎ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ᠎ᠳᠦ ᠦᠢᠯᠡᠴᠢᠯᠡᠬᠦ ᠴᠢᠳᠠᠪᠤᠷᠢ ᠪᠣᠯᠣᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠡᠭᠦᠨ᠎ᠦ ᠬᠠᠮᠲᠤ᠂ ᠣᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠬᠠᠨᠳᠤᠭᠤᠯᠵᠤ᠂ ᠠᠵᠢᠯ ᠣᠯᠭᠣᠯᠲᠠ᠂ ᠨᠠᠰᠤᠵᠢᠯ᠎ᠤᠨ ᠠᠰᠠᠷᠠᠮᠵᠢ᠂ ᠣᠷᠣᠰᠢᠨ ᠰᠠᠭᠤᠬᠤ ᠣᠷᠴᠢᠨ ᠨᠥᠬᠥᠴᠡᠯ᠎ᠢ ᠰᠠᠢᠵᠢᠷᠠᠭᠤᠯᠬᠤ ᠵᠡᠷᠭᠡ ᠠᠵᠢᠯ᠎ᠢ ᠰᠡᠳᠬᠢᠯ ᠲᠠᠯᠪᠢᠨ ᠬᠦᠴᠦ ᠣᠷᠣᠭᠤᠯᠤᠨ ᠰᠠᠢᠲᠤᠷ ᠬᠢᠨ᠎ᠡ ᠭᠡᠵᠦ ᠢᠯᠡᠳᠬᠡᠪᠡ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠨᠢ ᠮᠠᠨ᠎ᠤ ᠠᠵᠢᠯ᠎ᠤᠨ ᠭᠣᠣᠯ ᠡᠭᠦᠷᠭᠡ ᠵᠢ ᠰᠢᠭᠤᠳ ᠵᠢᠭᠠᠵᠤ ᠥᠭᠪᠡ》᠃ ᠬᠢᠩᠭᠠᠨ ᠠᠢᠮᠠᠭ᠎ᠤᠨ ᠮᠠᠯ ᠠᠵᠤ ᠠᠬᠤᠢ ᠲᠠᠷᠢᠶᠠᠯᠠᠩ ᠤ᠋ᠨ ᠲᠣᠪᠴᠢᠶ᠎ᠠ᠎ᠶᠢᠨ ᠳᠡᠳ᠋ ᠳᠠᠷᠤᠭ᠎ᠠ ᠹᠦ ᠰᠢᠶᠣᠣ ᠴᠢᠦ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭ᠎ᠠ ᠪᠣᠯ ᠬᠢᠩᠭᠠᠨ ᠠᠢᠮᠠᠭ᠎ᠤᠨ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠴᠢᠬᠤᠯᠠ ᠠᠬᠢᠯᠲᠠ᠎ᠲᠠᠢ ᠪᠣᠯᠤᠭᠰᠠᠨ 5 ᠵᠢᠯ ᠪᠠᠢᠵᠤ᠂ ᠬᠢᠩᠭᠠᠨ ᠠᠢᠮᠠᠭ᠎ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠡᠯ᠎ᠡ ᠲᠠᠯ᠎ᠠ᠎ᠶᠢᠨ ᠠᠵᠢᠯ ᠢᠳᠡᠪᠬᠢᠲᠡᠢ ᠠᠬᠢᠯᠲᠠ᠎ᠲᠠᠢ ᠪᠣᠯᠵᠠᠢ᠃ 《ᠪᠢᠳᠡ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠬᠤᠭᠤᠴᠠᠭᠠᠨ᠎ᠳᠤ᠂ ᠮᠠᠯ ᠠᠵᠤ ᠠᠬᠤᠢ ᠲᠠᠷᠢᠶᠠᠯᠠᠩ᠎ᠤᠨ ᠲᠠᠯᠠᠪᠠᠶ ᠨᠢᠭᠡᠴᠢ᠎ᠶᠢᠨ ᠤᠨᠠᠯᠲᠠ ᠪᠠ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠠᠵᠤ ᠦᠢᠯᠡᠰ᠎ᠦᠨ ᠬᠡᠯᠬᠢᠶ᠎ᠡ᠎ᠶᠢ ᠪᠥᠬᠥ ᠬᠦᠴᠦᠨ᠎ᠢᠶᠡᠷ᠎ᠢᠶᠡᠨ ᠤᠷᠲᠤᠳᠬᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠤᠯᠭᠠᠭᠤᠷᠢᠯᠠᠯ ᠪᠠ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ᠎ᠶᠢ ᠲᠠᠰᠤᠷᠠᠯᠲᠠ ᠦᠭᠡᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠭᠣᠣᠯᠳᠠᠯᠭ᠎ᠠ᠎ᠲᠠᠢ ᠬᠦᠷᠢᠶᠡᠨ᠎ᠳᠡᠬᠢ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠭᠡᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ ᠪᠠ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠪᠠᠲᠤᠯᠠᠬᠤ᠎ᠳᠤ ᠨᠠᠩ ᠶᠡᠬᠡ ᠬᠦᠴᠦᠨ ᠴᠢᠳᠠᠯ᠎ᠢᠶᠠᠨ ᠨᠡᠮᠡᠷᠢᠯᠡᠨ᠎ᠡ》 ᠭᠡᠵᠤ ᠢᠯᠡᠳᠬᠡᠪᠡ᠃

ᠣᠳᠣᠬᠠᠨ᠎ᠳᠤ ᠶᠠᠭ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠲᠥᠯᠥᠪᠯᠡᠨ ᠪᠠᠢᠷᠢᠰᠢᠭᠤᠯᠵᠤ ᠪᠠᠢᠭ᠎ᠠ ᠵᠠᠩᠭᠢᠯᠠᠭ᠎ᠠ᠎ᠶᠢᠨ ᠴᠠᠭ ᠦᠶ᠎ᠡ ᠪᠠᠢᠵᠤ᠂ ᠪᠥᠬᠥᠳᠡ ᠬᠤᠷᠠᠯ᠎ᠡᠴᠡ 《ᠬᠦᠳᠡᠭᠡ ᠠᠵᠤ ᠠᠬᠤᠢ᠂ ᠬᠥᠳᠡᠭᠡ ᠲᠣᠰᠬᠣᠨ᠂ ᠲᠠᠷᠢᠶᠠᠴᠢᠨ》 ᠤ᠋ ᠠᠵᠢᠯ᠎ᠤᠨ ᠭᠤᠤᠯᠳᠠᠯᠭ᠎ᠠ ᠵᠢᠨ ᠳᠤᠳᠤᠷᠠᠬᠢ ᠭᠤᠤᠯᠳᠠᠯᠭ᠎ᠠ ᠪᠤᠯᠬᠤ ᠪᠠᠢᠷᠢ ᠰᠠᠭᠤᠷᠢ᠎ᠶᠢ ᠳᠠᠬᠢᠨᠲᠠ ᠴᠢᠬᠤᠯᠠᠴᠢᠯᠠᠭᠰᠠᠨ ᠨᠢ ᠲᠦᠩᠯᠢᠶᠣᠣ ᠬᠣᠲᠠ᠎ᠶᠢᠨ ᠮᠠᠯ ᠠᠵᠤ ᠠᠬᠤᠢ ᠲᠠᠷᠢᠶᠠᠯᠠᠩ᠎ᠤᠨ ᠬᠦᠷᠢᠶᠡᠨ᠎ᠳᠦ ᠴᠢᠩᠭ᠎ᠠ ᠲᠤᠰᠬᠠᠯ ᠭᠠᠷᠭᠠᠪᠠ᠃ ᠮᠠᠯ ᠠᠵᠤ ᠠᠬᠤᠢ ᠲᠠᠷᠢᠶᠠᠯᠠᠩ᠎ᠤᠨ ᠰᠢᠰᠲᠧᠮ᠎ᠦᠨ ᠺᠠᠳ᠋ᠷ ᠪᠣᠯᠣᠨ ᠥᠷᠭᠡᠨ ᠣᠯᠠᠨ ᠮᠠᠯᠴᠢᠨ ᠲᠠᠷᠢᠶᠠᠴᠢᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠪᠡᠷ ᠶᠡᠷᠦᠩᠬᠡᠢ ᠭᠠᠷᠳᠡᠴᠡ ᠪᠣᠯᠭᠠᠵᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠲᠦᠷᠭᠡᠳᠬᠡᠨ ᠪᠠᠢᠭᠤᠯᠵᠤ᠂ 1000 ᠲᠦᠮᠡᠨ ᠮᠦ᠍᠎ᠶᠢᠨ 《ᠲᠣᠨ ᠤᠨᠠᠯᠲᠠ ᠲᠡᠢ ᠲᠠᠷᠢᠶ᠎ᠠ》 ᠵᠢᠨ ᠪᠦᠲᠦᠭᠡᠨ ᠪᠠᠢᠭᠤᠯᠤᠯᠲᠠ᠂ 《ᠪᠦᠬᠦ ᠤᠯᠤᠰ᠎ᠤᠨ ᠠᠯᠠᠰᠢᠨ ᠦᠬᠡᠷ᠎ᠦᠨ ᠠᠵᠤ ᠦᠢᠯᠡᠰ᠎ᠦᠨ ᠨᠢᠭᠡᠳᠦᠭᠡᠷ ᠴᠢᠬᠤᠯᠠ ᠪᠠᠯᠭᠠᠰᠤ》 ᠶ᠋ᠢ ᠪᠦᠲᠦᠭᠡᠨ ᠪᠠᠶ᠋ᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠠᠢᠩᠭᠤᠵᠢᠭᠤᠯᠤᠨ ᠬᠠᠪᠰᠤᠷᠤᠨ ᠲᠡᠳᠬᠦᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠰᠠᠢᠲᠤᠷ ᠠᠳᠬᠤᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》 ᠤ᠋ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠡᠭᠦᠳᠤᠨ᠎ᠡ ᠭᠡᠵᠤ ᠰᠠᠨᠠᠯ ᠨᠢᠭᠡᠲᠡᠢ ᠢᠯᠡᠳᠬᠡᠵᠡᠭᠡᠪᠡ᠃

ᠪᠥᠬᠥᠳᠡ ᠬᠤᠷᠠᠯ᠎ᠡᠴᠡ 《ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠤᠨ᠎ᠠ》 ᠭᠡᠵᠦ ᠳᠤᠷᠠᠳᠤᠨ ᠭᠠᠷᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠢᠯ ᠣᠯᠭᠣᠬᠤ ᠦᠢᠯᠡᠰ ᠪᠤᠰᠬᠠᠬᠤ ᠠᠵᠢᠯ᠎ᠤᠨ ᠴᠢᠭᠯᠡᠯ᠎ᠢ ᠪᠠᠲᠦ ᠲᠣᠭᠲᠠᠭᠠᠵᠠᠢ᠃ 《ᠪᠢᠳᠡ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ 〈ᠪᠠᠢᠳᠠᠯ᠎ᠢ ᠤᠢᠯᠠᠭᠠᠨ ᠠᠵᠢᠯ ᠣᠯᠭᠣᠬᠤ〉 ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠦᠷᠦᠯ ᠲᠡᠮᠳᠡᠭ᠎ᠢ ᠢᠳᠡᠪᠬᠢᠲᠡᠢ ᠪᠣᠶ ᠪᠣᠯᠭᠠᠵᠤ᠂ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ ᠪᠠ ᠤᠷ᠎ᠠ ᠴᠢᠳᠠᠪᠤᠷᠢ᠎ᠶᠢᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠂ ᠦᠢᠯᠡᠰ ᠪᠤᠰᠬᠠᠬᠤ᠎ᠶᠢ ᠳᠡᠮᠵᠢᠬᠦ ᠰᠢᠰᠲᠧᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠦᠨᠳᠦᠰᠦᠨ ᠱᠠᠲᠤᠨ᠎ᠤ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠠᠭᠤᠷᠢ᠎ᠶᠢ ᠪᠡᠬᠢᠵᠢᠭᠦᠯᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠥᠷᠨᠢᠭᠦᠯᠵᠦ᠂ ᠪᠥᠬᠥ ᠬᠣᠲᠠ᠎ᠶᠢᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠪᠡᠶᠡᠯᠡᠭᠦᠯᠬᠦ᠎ᠶᠢ ᠠᠬᠢᠭᠤᠯᠤᠨ᠎ᠠ》 ᠭᠡᠵᠦ ᠲᠦᠩᠯᠢᠶᠣᠣ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠸᠠᠩ ᠰᠢᠶᠠᠩ ᠬᠣᠩ ᠬᠡᠯᠡᠪᠡ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠠᠯᠪᠠᠨ ᠮᠡᠳᠡᠭᠡ᠎ᠳᠦ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌ ᠱᠢᠨ᠎ᠡ ᠪᠠᠢᠳᠠᠯ᠎ᠢ ᠡᠭᠦᠳᠬᠦ ᠬᠡᠷᠡᠭᠳᠡᠢ ᠭᠡᠵᠦ ᠳᠤᠷᠠᠳᠪᠠ᠃ ᠪᠢᠳᠠ ᠭᠠᠳᠠᠭᠠᠳᠤ ᠠᠷᠠᠯᠵᠢᠶᠠᠨ᠎ᠤ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠰᠠᠭᠤᠷᠢᠨ᠎ᠢ ᠲᠦᠷᠭᠡᠨ ᠪᠣᠢᠵᠢᠭᠤᠯᠵᠤ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠨᠠᠷᠢᠯᠢᠭ ᠡᠳ᠋ᠱᠢᠭᠦᠯᠬᠦ᠌᠎ᠶ᠋ᠢ ᠲᠡᠮᠵᠢᠵᠥ᠍᠂ ᠦᠷᠢᠰᠦᠯᠳᠦᠬᠦ᠌ ᠬᠦᠴᠦᠨ᠎ᠲᠡᠶ ᠠᠵᠤ ᠦᠢᠯᠡᠰ᠎ᠦᠨ ᠪᠦᠯᠦᠭ᠌ᠵᠢᠯ᠎ᠢ ᠪᠠᠢᠭᠤᠯᠤᠨ᠎ᠠ᠃ ᠡᠭᠦᠨ᠎ᠦ ᠬᠠᠮᠲᠤ᠂ ᠭᠠᠳᠠᠭᠠᠳᠤ ᠠᠷᠠᠯᠵᠢᠶᠠᠨ᠎ᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠢ ᠢᠳᠡᠪᠬᠢᠲᠡᠶ ᠪᠠᠢᠭᠤᠯᠵᠤ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠤᠨ᠂ ᠭᠠᠳᠠᠭᠠᠳᠤ᠎ᠳᠠᠬᠢ ᠣᠯᠠᠨ ᠨᠡᠢᠲᠡ᠎ᠶ᠋ᠢᠨ ᠬᠥᠮᠥᠷᠭᠡ᠎ᠶ᠋ᠢᠨ ᠬᠡᠪᠴᠢᠶ᠎ᠡ᠎ᠶ᠋ᠢ ᠪᠤᠵᠠᠭᠠᠢᠷᠠᠭᠤᠯᠵᠤ᠂ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ᠂ ᠡᠳ᠋ᠱᠢᠭᠦᠯᠵᠦ᠍ ᠪᠣᠯᠪᠠᠰᠤᠷᠠᠭᠤᠯᠬᠤ ᠠᠷᠠᠯᠵᠢᠶ᠎ᠠ᠎ᠶ᠋ᠢᠨ ᠭᠠᠳᠠᠭᠠᠳᠤ ᠭᠠᠷᠭᠠᠯᠲᠠ᠎ᠶ᠋ᠢ ᠥᠷᠭᠡᠳᠭᠡᠨ᠂ ᠭᠠᠳᠠᠭᠠᠳᠤ ᠠᠷᠠᠯᠵᠢᠶᠠᠨ᠎ᠤ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠪᠣᠢᠵᠢᠭᠤᠯᠤᠨ᠎ᠠ》᠃ ᠪᠠᠶᠠᠨᠨᠠᠭᠤᠷ ᠬᠤᠳᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠬᠤᠤ ᠸᠸᠨ ᠪᠢᠶᠤᠤ᠂ ᠪᠠᠶᠠᠨᠨᠠᠭᠤᠷ ᠬᠤᠳᠠ ᠣᠷᠣᠨ ᠪᠠᠢᠷᠢ᠎ᠶ᠋ᠢᠨ ᠳᠠᠪᠠᠭᠤᠯᠢᠭ ᠪᠣᠯᠤᠨ ᠤᠨᠴᠠᠯᠢᠬ᠍ᠳᠤ ᠠᠵᠤ ᠦᠢᠯᠡᠰ᠎ᠦᠨ ᠪᠦᠯᠦᠭ᠌ᠵᠢᠯ᠎ᠳᠦ ᠲᠦᠱᠢᠭ᠌ᠯᠡᠵᠦ᠍᠂ ᠭᠠᠳᠠᠭᠠᠳᠤ ᠠᠷᠠᠯᠵᠢᠶᠠᠨ᠎ᠤ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠳᠠᠭᠠᠳᠤ ᠭᠠᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠴᠢᠬᠤᠯᠠ ᠭᠠᠷᠳᠠᠬᠤ ᠴᠡᠭ ᠪᠣᠯᠭᠠᠬᠤ᠎ᠶ᠋ᠢ ᠪᠠᠷᠢᠮᠲᠠᠯᠠᠵᠤ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠪᠦᠬᠦ᠌ ᠬᠤᠳᠠ᠎ᠶ᠋ᠢᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠢ ᠬᠡᠮᠵᠢᠶ᠎ᠡ 246.7 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 8.1% ᠪᠡᠷ ᠨᠡᠮᠡᠭ᠌ᠳᠡᠵᠦ᠍᠂ ᠶᠡᠷᠦᠩᠬᠡᠢ ᠬᠡᠮᠵᠢᠶ᠎ᠡ ᠨᠢ ᠪᠦᠬᠦ᠌ ᠣᠷᠣᠨ᠎ᠤ ᠲᠡᠷᠢᠭᠦᠨ᠎ᠳᠦ ᠣᠷᠣᠪᠠ᠃ 2024 ᠣᠨ᠎ᠳᠤ ᠪᠠᠶᠠᠨᠨᠠᠭᠤᠷ ᠬᠣᠲᠠ᠎ᠳᠦ᠂ ᠭᠠᠳᠠᠭᠠᠳᠤ᠎ᠳᠤ ᠭᠠᠷᠭᠠᠭ᠍ᠰᠠᠨ ᠪᠣᠳᠠᠲᠤ ᠠᠮᠵᠢᠯᠲᠠ ᠪᠦᠲᠦᠮᠵᠢ ᠣᠯᠤᠭ᠍ᠰᠠᠨ ᠦᠷ᠎ᠡ ᠴᠥᠮ᠎ᠡ᠎ᠶ᠋ᠢ ᠡᠳ᠋ᠱᠢᠭᠦᠯᠦᠨ ᠪᠣᠯᠪᠠᠰᠤᠷᠠᠭᠤᠯᠵᠤ ᠭᠠᠳᠠᠭᠠᠳᠤ᠎ᠳᠤ ᠭᠠᠷᠭᠠᠭ᠍ᠰᠠᠨ ᠠᠵᠤ ᠠᠬᠤᠢᠯᠠᠯ 185 ᠪᠠᠢᠵᠤ᠂ ᠠᠵᠤ ᠦᠶ᠋ᠯᠡᠰ᠎ᠦᠨ ᠬᠡᠯᠬᠢᠶ᠎ᠡ ᠨᠢ ᠦᠷ᠎ᠡ ᠪᠤᠢᠵᠢᠭᠤᠯᠬᠤ᠂ ᠵᠢᠮᠢᠰ᠎ᠦᠨ ᠴᠠᠪᠠᠸ᠋ᠯᠢᠭ᠂ ᠮᠠᠱᠢᠨ ᠲᠥᠬᠥᠭᠡᠷᠦᠮᠵᠢ ᠵᠢᠴᠢ ᠪᠣᠭᠣᠳᠠᠯ ᠪᠠᠭ᠍ᠯᠠᠭ᠎ᠠ ᠵᠡᠷᠭᠡ ᠢᠵᠢ ᠪᠦᠷᠢᠳᠦᠭᠦᠯᠬᠦ᠌ 40 ᠭᠠᠷᠤᠢ ᠠᠵᠤ ᠠᠬᠤᠢᠯᠠᠯ᠎ᠢ ᠳᠠᠢᠴᠢᠯᠠᠨ ᠳᠠᠭᠠᠭᠤᠯᠵᠤ᠂ ᠨᠢᠭᠡᠨᠲᠡ ᠦᠶ᠋ᠯᠡᠳᠪᠦᠷᠢᠯᠡᠬᠦ᠌᠂ ᠡᠳ᠋ᠱᠢᠭᠦᠯᠦᠨ ᠪᠣᠯᠪᠠᠰᠤᠷᠠᠭᠤᠯᠬᠤ ᠡᠴᠡ ᠭᠠᠳᠠᠭᠠᠳᠤ᠎ᠳᠤ ᠭᠠᠷᠭᠠᠬᠤ ᠬᠦᠷᠲᠡᠯᠡᠬᠢ ᠪᠦᠷᠢᠨ ᠪᠦᠲᠦᠨ ᠬᠡᠯᠬᠢᠶ᠎ᠡ᠎ᠶ᠋ᠢ ᠪᠦᠷᠢᠯᠳᠦᠭᠦᠯᠵᠡᠶ ᠭᠡᠪᠡ᠃

ᠪᠥᠬᠥᠳᠡ ᠬᠤᠷᠠᠯ ᠡᠴᠡ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠬᠤ ᠬᠡᠷᠡᠭᠳᠡᠢ ᠭᠡᠵᠦ᠍ ᠳᠤᠷᠠᠳᠪᠠ᠃ ᠡᠨᠡ ᠨᠢ ᠬᠣᠢᠱᠢᠳᠠ᠎ᠶ᠋ᠢᠨ ᠠᠵᠢᠯ᠎ᠳᠤ ᠦᠨᠳᠦᠰᠦᠨ ᠵᠢᠷᠤᠮᠯᠠᠯ ᠬᠠᠩᠭᠠᠪᠠ᠃ ᠦᠬᠠᠢ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ᠎ᠶ᠋ᠢᠨ ᠥᠭᠡᠷᠡᠴᠢᠯᠡᠯᠲᠡ ᠬᠥᠭ᠌ᠵᠢᠬᠦᠯᠦᠯᠲᠡ ᠪᠤᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠯᠠᠭᠠᠨ᠎ᠤ ᠳᠠᠷᠤᠭ᠎ᠠ ᠫᠠᠨ ᠷᠤ᠌ ᠢᠦᠢ᠄ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠵᠢᠷᠤᠭ᠍ᠯᠠᠭ᠍ᠰᠠᠨ ᠠᠤᠭ᠎ᠠ ᠵᠢᠷᠤᠭ ᠲᠥᠯᠥᠪᠯᠡᠭᠡ ᠨᠢ ᠬᠥᠮᠦᠰ᠎ᠢ ᠤᠷᠮᠠᠱᠢᠭᠤᠯᠵᠤ᠂ ᠪᠢ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠭᠡᠳᠡᠭ᠎ᠢ ᠭᠦᠨ ᠣᠢᠯᠠᠭᠠᠪᠠ᠃ ᠵᠠᠯᠭᠠᠭᠠᠳ᠂ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ 〈ᠤᠯᠤᠰ᠎ᠤᠨ ᠶᠡᠬᠡ ᠶᠠᠪᠤᠳᠠᠯ〉 ᠢ᠋ ᠬᠡᠬᠦᠳᠡᠭ ᠴᠡᠭᠡᠵᠢᠨ᠎ᠳᠡᠭᠡᠨ ᠪᠠᠭ᠍ᠲᠠᠭᠠᠵᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠡᠶ ᠵᠠᠰᠠᠬᠤ ᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠪᠠᠷᠢᠮᠲᠠᠯᠠᠵᠤ᠂ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠡᠷᠡᠰ ᠪᠠᠲᠤ ᠡᠭᠦᠷᠭᠡᠯᠡᠵᠦ᠍᠂ ᠦᠬᠠᠶ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠣᠶ ᠱᠢᠭᠤᠶ ᠡᠪᠡᠰᠦ ᠪᠡᠯᠴᠢᠭᠡᠷ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠬᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠦᠬᠠᠶ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号