ᠳᠡᠯᠡᠬᠡᠶ ᠶ᠋ᠢᠨ ᠳᠥᠷᠪᠡᠨ ᠶᠡᠬᠡ ᠲᠠᠯ᠎ᠠ ᠨᠤᠲᠤᠭ ᠤ᠋ᠨ ᠨᠢᠭᠡ ᠪᠤᠯᠬᠤ ᠬᠦᠯᠦᠨ ᠪᠤᠢᠷ ᠤ᠋ᠨ ᠲᠠᠯ᠎ᠠ ᠨᠤᠲᠤᠭ ᠲᠠᠢ ᠬᠥᠯᠥᠨ ᠪᠣᠢᠷ ᠬᠣᠲᠠ ᠰᠢ ᠵᠢᠨ ᠫᠢᠩ ᠤ᠋ᠨ ᠠᠮᠢ ᠠᠬᠤᠶ ᠶ᠋ᠢᠨ ᠪᠣᠯᠪᠠᠰᠤᠨ ᠤ᠋ ᠦᠵᠡᠯ ᠰᠠᠨᠠᠭ᠎ᠠ ᠪᠡᠷ ᠵᠢᠯᠣᠭᠣᠳᠣᠯᠭ᠎ᠠ ᠪᠣᠯᠭᠠᠵᠤ᠂ ᠬᠠᠢᠨ ᠰᠥᠪᠡᠭ᠌ᠴᠢᠯᠡᠯᠲᠡ ᠶ᠋ᠢᠨ ᠦᠶ᠋ᠯᠡᠳᠦᠯᠭᠡ ᠳᠤᠮᠳᠠ ᠵᠠᠮ ᠨᠡᠭᠡᠭᠡᠨ ᠱᠢᠨ᠎ᠡ ᠵᠢ ᠡᠭᠦᠳᠴᠦ᠍᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡᠪᠡᠷ ᠵᠠᠰᠠᠵᠤ᠂ 《ᠨᠤᠲᠤᠭ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠭᠦᠯᠦᠨ ᠮᠠᠯᠵᠢᠬᠤ ᠬᠦᠴᠢᠷ ᠠᠰᠠᠭᠤᠳᠠᠯ ᠢ᠋ ᠡᠩ ᠲᠡᠷᠢᠭᠦᠨ ᠳ᠋ᠤ ᠰᠢᠢᠳᠪᠦᠷᠢᠯᠡᠬᠦ》 ᠲᠡᠮᠡᠴᠡᠯ ᠤ᠋ᠨ ᠬᠠᠷᠠᠯᠲᠠ ᠵᠢ ᠪᠡᠶᠡᠯᠡᠭᠦᠯᠬᠦ ᠪᠡᠷ ᠴᠢᠷᠮᠠᠢᠵᠤ ᠪᠠᠢᠨ᠎ᠠ᠃
ᠤᠰᠤ ᠪᠡᠯᠴᠢᠭᠡᠷ ᠰᠠᠢᠲᠠᠶ ᠬᠥᠯᠥᠨ ᠪᠣᠢᠷ ᠤ᠋ᠨ ᠲᠠᠯ᠎ᠠ ᠨᠤᠲᠤᠭ ᠤ᠋ᠨ ᠲᠠᠯᠠᠪᠠᠶ 10063 ᠲᠦᠮᠡᠨ ᠮᠦ᠍ ᠳ᠋ᠤ ᠬᠦᠷᠴᠦ᠍᠂ 《ᠡᠪᠡᠰᠦ ᠪᠡᠯᠴᠢᠭᠡᠷ ᠤ᠋ᠨ ᠸᠠᠩᠲᠤ ᠤᠯᠤᠰ》 ᠭᠡᠮᠡᠬᠦ ᠰᠠᠢᠬᠠᠨ ᠠᠯᠳᠠᠷ ᠲᠠᠶ ᠶᠤᠮ ᠃ ᠭᠡᠲᠡᠯ᠎ᠡ ᠪᠠᠢᠭᠠᠯᠢ ᠶ᠋ᠢᠨ ᠠᠭᠤᠷ ᠠᠮᠢᠰᠭᠤᠯ ᠤ᠋ᠨ ᠬᠡᠯᠪᠡᠯᠵᠡᠯᠲᠡ ᠤᠯᠠᠮᠵᠢᠯᠠᠯᠲᠤ ᠪᠡᠯᠴᠢᠭᠡᠷᠯᠡᠭᠦᠯᠬᠦ᠌ ᠵᠠᠭ᠍ᠪᠤᠷ ᠤ᠋ᠨ ᠬᠢᠵᠠᠭᠠᠷᠯᠠᠯ ᠵᠢᠴᠢ ᠲᠡᠦᠬᠡ ᠶ᠋ᠢᠨ ᠨᠤᠲᠤᠭ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠭᠦᠯᠦᠨ ᠮᠠᠯᠵᠢᠭᠰᠠᠡ ᠵᠡᠷᠭᠡ ᠬᠦᠴᠦᠨ ᠵᠦᠶ᠋ᠯ ᠤ᠋ᠨ ᠨᠥᠯᠥᠭᠡ ᠡᠴᠡ ᠪᠣᠯᠵᠣ᠂ ᠲᠠᠯ᠎ᠠ ᠨᠤᠲᠤᠭ ᠤ᠋ᠨ ᠬᠡᠰᠡᠭ ᠭᠠᠵᠠᠷ ᠲᠦ᠍ ᠨᠢᠭᠡ ᠦᠶ᠎ᠡ ᠨᠤᠲᠤᠭ ᠪᠡᠯᠴᠢᠭᠡᠷ ᠲᠠᠴᠢᠷᠳᠠᠬᠤ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠮᠠᠭᠤᠳᠠᠬᠤ ᠵᠡᠷᠭᠡ ᠠᠮᠢ ᠠᠬᠤᠶ ᠶ᠋ᠢᠨ ᠳᠠᠷᠤᠯᠲᠠ ᠳ᠋ᠤ ᠲᠤᠯᠭᠠᠷᠠᠵᠤ ᠪᠠᠢᠪᠠ ᠃
ᠡᠨᠡ ᠬᠦ᠌ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌ ᠶ᠋ᠢᠨ ᠲᠥᠯᠥᠭᠡ᠂ ᠬᠥᠯᠥᠨ ᠪᠣᠢᠷ ᠬᠣᠲᠠ 《1 + 15 + 33》 ᠠᠵᠢᠯ ᠤ᠋ᠨ ᠱᠢᠰᠲ᠋ᠧᠮ ᠢ᠋ ᠴᠤᠬᠴᠠᠯᠠᠪᠠ᠃ ᠰᠠᠭᠤᠷᠢ ᠲᠥᠬᠥᠭᠡᠷᠦᠮᠵᠢ ᠶ᠋ᠢᠨ ᠪᠥᠲᠥᠭᠡᠨ ᠪᠠᠢᠭᠤᠯᠤᠯᠲᠠ᠂ ᠬᠠᠤᠯᠢ ᠬᠡᠷᠡᠭ᠌ᠵᠢᠭᠦᠯᠬᠦ᠌ ᠱᠢᠰᠲ᠋ᠧᠮ ᠢ᠋ ᠳᠠᠬᠢᠨ ᠴᠣᠭ᠍ᠴᠠᠯᠠᠬᠤ᠂ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ ᠵᠢ ᠬᠤᠪᠢᠷᠠᠭᠤᠯᠬᠤ᠂ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠱᠢᠰᠲ᠋ᠧᠮ ᠤ᠋ᠨ ᠪᠠᠢᠭᠤᠯᠤᠯᠲᠠ᠂ ᠡᠪᠡᠰᠦ ᠪᠣᠷᠳᠣᠭ᠎ᠠ ᠦᠶ᠋ᠯᠡᠳᠪᠦᠷᠢᠯᠡᠵᠦ᠍ ᠡᠳ᠋ᠱᠢᠭᠦᠯᠬᠦ᠌᠂ ᠭᠠᠵᠠᠷ ᠣᠷᠣᠨ ᠤ᠋ ᠲᠦᠷᠦᠯ ᠲᠡᠮᠳᠡᠭ ᠢ᠋ ᠡᠭᠦᠳᠬᠦ᠌᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠰᠡᠷᠭᠦᠭᠡᠬᠦ᠌ ᠵᠡᠷᠭᠡ ᠲᠠᠯ᠎ᠠ ᠪᠡᠷ ᠭᠠᠵᠠᠷ ᠣᠷᠣᠨ ᠤ᠋ ᠪᠠᠢᠳᠠᠯ ᠳ᠋ᠤᠨᠢ ᠲᠣᠬᠢᠷᠠᠭᠤᠯᠤᠨ ᠲᠦᠷᠦᠭᠦᠯᠡᠨ ᠦᠶ᠋ᠯᠡᠳᠦᠯᠭᠡᠵᠢᠭᠦᠯᠵᠦ᠍᠂ ᠮᠠᠯ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠰᠠᠭᠤᠷᠢ ᠲᠠᠯᠪᠢᠵᠤ ᠥᠭᠴᠠᠢ᠃
ᠪᠥᠬᠥ᠌ ᠬᠣᠲᠠ ᠶ᠋ᠢᠨ ᠣᠶ ᠱᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ᠂ ᠤᠬᠠᠭᠤᠯᠭ᠎ᠠ᠂ ᠳᠣᠲᠣᠭᠠᠳᠤ ᠵᠢ ᠬᠠᠮᠠᠭᠠᠯᠠᠬᠤ᠂ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠡᠷᠭᠡ ᠵᠢᠨ 15 ᠰᠠᠯᠠᠭ᠎ᠠ ᠮᠥᠴᠢᠷ ᠪᠥᠬᠥ᠌ ᠬᠦᠴᠦᠨ ᠢ᠋ᠶ᠋ᠡᠷ ᠢ᠋ᠶ᠋ᠡᠨ ᠬᠠᠮᠵᠢᠯᠴᠠᠵᠤ᠂ ᠰᠡᠳᠭᠢᠯ ᠨᠢᠭᠡᠳᠦᠨ ᠬᠦᠴᠦ᠍ ᠪᠠᠨ ᠬᠠᠮᠲᠤᠳᠭᠠᠵᠤ᠂ 《ᠬᠦᠮᠦᠨ ᠤ᠋ ᠬᠦᠴᠦᠨ ᠤ᠋ ᠰᠡᠷᠭᠡᠢᠯᠡᠯᠲᠡ》 + 《ᠮᠡᠷᠭᠡᠵᠢᠯ ᠤ᠋ᠨ ᠰᠡᠷᠭᠡᠢᠯᠡᠯᠲᠡ》᠂ 《ᠮᠡᠳᠡᠭᠳᠡᠯ ᠲᠠᠷᠬᠠᠭᠠᠬᠤ ᠦᠭᠡᠢ᠂ ᠤᠷᠢᠳᠴᠢᠯᠠᠨ ᠮᠡᠳᠡᠭᠳᠡᠬᠦ ᠦᠭᠡᠢ᠂ ᠬᠠᠷᠢᠭᠤ ᠮᠡᠳᠡᠭᠦᠯᠦᠯᠲᠡ ᠵᠢ ᠰᠤᠨᠤᠰᠬᠤ ᠦᠭᠡᠢ᠂ ᠪᠠᠷ᠎ᠠ ᠪᠤᠯᠭᠠᠬᠤ ᠦᠭᠡᠢ᠂ ᠰᠢᠭᠤᠳ ᠦᠨᠳᠦᠰᠦᠨ ᠱᠠᠲᠤᠨ ᠳ᠋ᠤ ᠬᠦᠷᠬᠦ᠂ ᠰᠢᠭᠤᠳ ᠲᠤᠬᠠᠢ ᠶ᠋ᠢᠨ ᠲᠠᠯᠠᠪᠠᠢ ᠳ᠋ᠤ ᠬᠦᠷᠬᠦ》᠂ ᠭᠠᠳᠠᠨ᠎ᠠ ᠡᠴᠡ ᠢᠷᠡᠭ᠌ᠰᠡᠨ ᠮᠠᠯ ᠣᠨᠣᠭ᠎ᠠ ᠵᠢ ᠬᠠᠮᠢᠶᠠᠷᠤᠨ ᠡᠵᠡᠮᠳᠡᠬᠦ᠌ ᠡᠴᠡ ᠲᠡᠵᠢᠭᠡᠯ ᠡᠪᠡᠰᠦᠨ ᠤ᠋ ᠠᠵᠤ ᠦᠶ᠋ᠯᠡᠰ ᠢ᠋ ᠬᠥᠭ᠌ᠵᠢᠭᠦᠯᠬᠦ᠌᠂ ᠬᠠᠱᠢᠶᠠᠯᠠᠨ ᠲᠡᠵᠢᠭᠡᠬᠦ᠌ ᠵᠢᠴᠢ ᠠᠮᠢ ᠠᠬᠤᠶ ᠶ᠋ᠢᠨ ᠲᠡᠵᠢᠭᠡᠨ ᠦᠷᠡᠵᠢᠭᠦᠯᠬᠦ᠌ ᠵᠢ ᠳᠡᠯᠭᠡᠷᠡᠭᠦᠯᠬᠦ᠌ ᠵᠡᠷᠭᠡ ᠲᠠᠯ᠎ᠠ ᠪᠡᠷ᠂ ᠨᠤᠲᠤᠭ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠭᠦᠯᠦᠨ ᠮᠠᠯᠵᠢᠬᠤ ᠵᠢ ᠱᠢᠶ᠋ᠳᠪᠦᠷᠢᠯᠡᠬᠦ᠌᠂ ᠤᠯᠠᠮᠵᠢᠯᠠᠯᠲᠤ ᠮᠠᠯ ᠠᠵᠤ ᠠᠬᠤᠶ ᠶ᠋ᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠵᠢ ᠠᠬᠢᠭᠤᠯᠬᠤ ᠲᠠᠯ᠎ᠠ ᠪᠡᠷ ᠦᠷᠭᠦᠯᠵᠢᠯᠡᠨ ᠬᠦᠴᠦᠯᠡᠪᠡ᠃
ᠨᠤᠲᠤᠭ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠭᠦᠯᠦᠨ ᠮᠠᠯᠵᠢᠬᠤ ᠠᠰᠠᠭᠤᠳᠠᠯ ᠢ᠋ ᠱᠢᠶ᠋ᠳᠪᠦᠷᠢᠯᠡᠬᠦ᠌ ᠶ᠋ᠢᠨ ᠵᠠᠩᠭᠢᠯᠠᠭ᠎ᠠ ᠨᠢ 《ᠬᠠᠮᠢᠶᠠᠷᠬᠤ》 ᠳ᠋ᠤ ᠪᠤᠶ᠃ ᠬᠥᠯᠥᠨ ᠪᠣᠢᠷ ᠬᠣᠲᠠᠵᠢᠨ ᠬᠢᠨ ᠪᠥᠬᠥ᠌ ᠬᠣᠲᠠ ᠶ᠋ᠢᠨ ᠤᠯᠤᠰ ᠤ᠋ᠨ ᠥᠮᠴᠢᠯᠡᠯ ᠤ᠋ᠨ ᠨᠤᠲᠤᠭ ᠪᠡᠯᠴᠢᠭᠡᠷ᠂ ᠣᠯᠠᠨ ᠨᠡᠢᠲᠡ ᠶ᠋ᠢᠨ ᠪᠡᠯᠴᠢᠭᠡᠷ᠂ ᠣᠶ ᠶ᠋ᠢᠨ ᠳᠤᠲᠤᠷᠠᠬᠢ ᠪᠡᠯᠴᠢᠭᠡᠷ ᠵᠢᠴᠢ ᠪᠡᠯᠴᠢᠭᠡᠷ ᠥᠬᠡᠶ ᠡᠷᠦᠬᠡ ᠶ᠋ᠢᠨ ᠨᠤᠲᠤᠭ ᠪᠡᠯᠴᠢᠭᠡᠷ ᠤ᠋ᠨ ᠬᠠᠮᠢᠶᠠᠷᠤᠯᠲᠠ ᠶ᠋ᠢᠨ ᠭᠤᠤᠯ ᠴᠣᠭ᠍ᠴᠠ᠂ ᠬᠠᠮᠢᠶᠠᠷᠤᠯᠲᠠ ᠶ᠋ᠢᠨ ᠬᠠᠷᠢᠭᠤᠴᠠᠯᠭ᠎ᠠ᠂ ᠬᠥᠭ᠌ᠵᠢᠯᠲᠡ ᠶ᠋ᠢᠨ ᠴᠢᠭ᠌ᠯᠡᠯ ᠢ᠋ ᠱᠢᠰᠲ᠋ᠧᠮ ᠲᠠᠢ ᠡᠮᠬᠢᠯᠡᠵᠦ᠂ ᠪᠥᠬᠥ᠌ ᠬᠣᠲᠠ ᠶ᠋ᠢᠨ ᠡᠪᠡᠰᠦᠨ ᠤ᠋ ᠠᠵᠤ ᠦᠶ᠋ᠯᠡᠰ ᠵᠢᠴᠢ ᠡᠪᠡᠰᠦ ᠪᠣᠷᠳᠣᠭᠠᠨ ᠤ᠋ ᠠᠵᠤ ᠦᠶ᠋ᠯᠡᠰ ᠤ᠋ᠨ ᠬᠥᠭ᠌ᠵᠢᠯᠲᠡ ᠳ᠋ᠤ ᠰᠠᠭᠤᠷᠢ ᠲᠠᠯᠪᠢᠵᠤ ᠥᠭ᠌ᠪᠡ᠃ ᠪᠦᠬᠦ᠌ ᠬᠣᠲᠠ ᠳ᠋ᠤ 《ᠱᠢᠨᠵᠢᠯᠡᠬᠦ᠌ ᠤᠬᠠᠭᠠᠨᠴᠢ ᠪᠡᠷ ᠠᠮᠢ ᠠᠬᠤᠢ ᠶ᠋ᠢᠨ ᠡᠪᠡᠰᠦ ᠵᠢ ᠠᠱᠢᠭ᠍ᠯᠠᠬᠤ᠂ ᠲᠡᠵᠢᠭᠡᠯ ᠪᠣᠷᠳᠣᠭ᠎ᠠ ᠵᠢ ᠪᠦᠲᠦᠮᠵᠢᠲᠡᠢ ᠨᠡᠮᠡᠭ᠌ᠳᠡᠭᠦᠯᠬᠦ᠂ ᠡᠰᠢ ᠰᠦᠷᠡᠯ ᠢ᠋ ᠭᠦᠢᠴᠡᠳ ᠠᠭᠤᠳᠠᠯᠬᠤ᠂ ᠨᠠᠷᠢᠯᠢᠭ ᠪᠣᠷᠳᠣᠭ᠎ᠠ ᠦᠢᠯᠡᠳᠪᠦᠷᠢᠯᠡᠬᠦ᠌》 ᠲᠡᠵᠢᠭᠡᠯ ᠡᠪᠡᠰᠦ ᠶ᠋ᠢᠨ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠪᠤᠢ ᠪᠣᠯᠭᠠᠪᠠ᠃
ᠬᠥᠯᠥᠨ ᠪᠣᠢᠷ ᠬᠣᠲᠠᠵᠢᠨ ᠬᠢᠨ ᠵᠠᠭᠠᠭ᠍ᠯᠠᠨ ᠲᠣᠭ᠍ᠲᠠᠭᠠᠭ᠍ᠰᠠᠨ 9329 ᠲᠦᠮᠡᠨ ᠮᠦ᠍ ᠶ᠋ᠢᠨ ᠮᠠᠯ ᠪᠡᠯᠴᠢᠭᠡᠷ ᠢ᠋ ᠲᠡᠨᠭᠴᠡᠭᠦᠷᠢ ᠲᠠᠢ ᠪᠠᠢᠯᠭᠠᠬᠤ ᠣᠷᠣᠨ ᠪᠠ 961 ᠲᠦᠮᠡᠨ ᠮᠦ᠍ ᠶ᠋ᠢᠨ ᠪᠡᠯᠴᠢᠭᠡᠷᠯᠡᠭᠦᠯᠬᠦ᠌ ᠵᠢ ᠴᠠᠭᠠᠵᠠᠯᠠᠬᠤ ᠣᠷᠣᠨ ᠢ᠋ ᠪᠦᠬᠦᠨ ᠢ᠋ 《ᠭᠠᠵᠠᠷ ᠵᠦᠢ ᠶ᠋ᠢᠨ ᠮᠡᠳᠡᠭᠡ ᠵᠠᠩᠬᠢ ᠶ᠋ᠢᠨ ᠰᠢᠰᠲᠸᠮ ᠳ᠋ᠤ ᠣᠷᠣᠭᠤᠯᠬᠤ》 ᠬᠠᠮᠢᠶᠠᠷᠤᠯᠲᠠ ᠵᠢ ᠪᠡᠶᠡᠯᠡᠭᠦᠯᠵᠦ᠍᠂ ᠠᠮᠢ ᠠᠬᠤᠶ ᠶ᠋ᠢᠨ ᠬᠠᠤᠯᠢ ᠬᠡᠷᠡᠭ᠌ᠵᠢᠭᠦᠯᠬᠦ᠌ ᠱᠢᠰᠲ᠋ᠧᠮ ᠢ᠋ ᠳᠠᠬᠢᠨ ᠴᠣᠭ᠍ᠴᠠᠯᠠᠵᠤ᠂ ᠬᠠᠲᠠᠭᠤ ᠲᠣᠨᠣᠭ ᠢ᠋ ᠴᠢᠨᠭᠭ᠎ᠠ ᠪᠠᠢᠭᠤᠯᠤᠨ᠂ ᠵᠥᠭᠡᠯᠡᠨ ᠲᠣᠨᠣᠭ ᠢ᠋ ᠳᠡᠭᠡᠭ᠌ᠰᠢᠯᠡᠭᠦᠯᠵᠦ᠍᠂ 《ᠡᠷᠡᠭᠦᠦ᠍ ᠶ᠋ᠢᠨ ᠬᠡᠷᠡᠭ ᠤ᠋ᠨ ᠬᠠᠤᠯᠢ ᠪᠠᠷᠢᠬᠤ + ᠵᠠᠰᠠᠭ ᠵᠠᠬᠢᠷᠭᠠᠨ ᠤ᠋ ᠢᠳᠭᠠᠨ ᠪᠤᠴᠠᠭᠠᠬᠤ ᠬᠠᠤᠯᠢ ᠬᠡᠷᠡᠭ᠌ᠵᠢᠭᠦᠯᠦᠯᠲᠡ》 ᠬᠤᠤᠰ ᠠᠷᠭ᠎ᠠ ᠵᠢ ᠵᠡᠷᠭᠡᠪᠡᠷ ᠬᠡᠷᠡᠭ᠌ᠵᠢᠭᠦᠯᠬᠦ᠌ ᠲᠣᠭ᠍ᠲᠠᠴᠠ ᠵᠢ ᠪᠦᠷᠢᠯᠳᠦᠭᠦᠯᠪᠡ᠃
ᠡᠨᠡ ᠵᠢᠯ ᠤ᠋ᠨ ᠬᠠᠪᠤᠷ ᠤ᠋ᠨ ᠤᠯᠠᠷᠢᠯ ᠤ᠋ᠨ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ᠂ ᠬᠥᠯᠥᠨ ᠪᠣᠢᠷ ᠬᠣᠲᠠ ᠶ᠋ᠢᠨ 1000 ᠭᠠᠷᠤᠶ ᠠᠵᠢᠯᠲᠠᠨ ᠡᠭᠡᠯᠵᠢᠯᠡᠨ ᠵᠢᠵᠢᠭᠦᠷᠯᠡᠵᠦ᠍᠂ ᠭᠠᠳᠠᠨ᠎ᠠ ᠡᠴᠡ ᠢᠷᠡᠭ᠌ᠰᠡᠨ ᠮᠠᠯ ᠤ᠋ᠨ ᠣᠷᠣᠵᠤ ᠢᠷᠡᠬᠦ᠌ ᠵᠢ ᠴᠢᠩᠭ᠎ᠠ ᠰᠡᠷᠭᠡᠢᠯᠡᠪᠡ᠃ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠪᠥᠬᠥ᠌ ᠬᠣᠲᠠ ᠪᠡᠷᠵᠢᠡᠨ ᠲᠣᠭ᠍ᠲᠠᠭᠠᠯ ᠡᠴᠡ ᠵᠥᠷᠢᠴᠡᠵᠤ ᠮᠠᠯᠵᠢᠬᠰᠠᠨ 78 ᠬᠡᠷᠡᠭ ᠢ᠋ ᠱᠢᠶ᠋ᠳᠪᠦᠷᠢᠯᠡᠵᠦ᠍᠂ 102.51 ᠲᠦᠮᠡᠨ ᠤᠲᠤᠷᠯᠠᠬᠤ ᠮᠠᠯ ᠢ᠋ ᠪᠠᠢᠴᠠᠭᠠᠨ ᠱᠢᠯᠭᠠᠵᠤ᠂ ᠲᠣᠭ᠍ᠲᠠᠭᠠᠯ ᠡᠴᠡ ᠵᠥᠷᠢᠴᠡᠨ ᠮᠠᠯᠵᠢᠬᠤ ᠵᠢᠭᠠᠯᠲᠠ ᠲᠣᠭ᠎ᠠ ᠨᠢᠳᠤᠨᠤᠨ ᠤ᠋ 40.12% ᠪᠠᠢᠭ᠍ᠰᠠᠨ ᠡᠴᠡ ᠪᠠᠨ ᠡᠨᠡ ᠵᠢᠯ ᠤ᠋ᠨ 4.39% ᠪᠣᠯᠲᠠᠯ᠎ᠠ ᠪᠠᠭᠤᠷᠠᠪᠠ᠃
ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠲᠠᠯ᠎ᠠ ᠪᠡᠷ᠂ ᠬᠥᠯᠥᠨ ᠪᠣᠢᠷ ᠬᠣᠲᠠ ᠵᠢᠨ ᠬᠢᠨ ᠠᠵᠤ ᠦᠶ᠋ᠯᠡᠰ ᠤ᠋ᠨ ᠪᠠᠢᠷᠢᠱᠢᠭᠤᠯᠤᠯᠲᠠ ᠪᠠᠨ ᠲᠡᠭᠦᠯᠳᠡᠷᠵᠢᠭᠦᠯᠦᠨ᠂ ᠬᠠᠳᠤᠵᠤ ᠬᠤᠷᠢᠶᠠᠬᠤ ᠪᠠ ᠬᠥᠮᠥᠷᠭᠡᠯᠡᠨ ᠬᠠᠳᠠᠭᠠᠯᠠᠬᠤ ᠴᠢᠳᠠᠪᠤᠷᠢ ᠶ᠋ᠢᠨ ᠪᠠᠢᠭᠤᠯᠤᠯᠲᠠ᠂ ᠡᠳ᠋ᠱᠢᠭᠦᠯᠬᠦ᠌ ᠪᠠ ᠪᠣᠷᠣᠯᠠᠭᠤᠯᠬᠤ ᠴᠢᠳᠠᠪᠤᠷᠢ ᠶ᠋ᠢᠨ ᠪᠠᠢᠭᠤᠯᠤᠯᠲᠠ᠂ ᠵᠠᠬ᠎ᠠ ᠳᠡᠯᠭᠡᠭᠦᠷᠴᠢᠯᠡᠭ᠌ᠰᠡᠨ ᠭᠤᠤᠯ ᠴᠣᠭ᠍ᠴᠠ ᠶ᠋ᠢᠨ ᠴᠢᠳᠠᠪᠤᠷᠢ ᠶ᠋ᠢᠨ ᠪᠠᠢᠭᠤᠯᠤᠯᠲᠠ ᠵᠢ ᠳᠡᠭᠡᠭ᠌ᠰᠢᠯᠡᠭᠦᠯᠵᠦ᠍᠂ ᠲᠥᠷᠥ ᠶ᠋ᠢᠨ ᠪᠣᠳᠣᠯᠭ᠎ᠠ ᠪᠡᠷ ᠲᠤᠯᠭᠠᠭᠤᠷᠢᠯᠠᠬᠤ᠂ ᠪᠠᠯᠠ ᠮᠥᠩᠭᠥᠪᠡᠷ ᠲᠤᠯᠭᠠᠭᠤᠷᠢᠯᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ᠶ᠋ᠡᠷ ᠲᠤᠯᠭᠠᠭᠤᠷᠢᠯᠠᠬᠤ᠂ ᠵᠠᠬ᠎ᠠ ᠳᠡᠯᠭᠡᠭᠦᠷ ᠢ᠋ᠶ᠋ᠡᠷ ᠲᠤᠯᠭᠠᠭᠤᠷᠢᠯᠠᠬᠤ ᠵᠢ ᠴᠢᠩᠭᠠᠷᠠᠭᠤᠯᠤᠨ᠂ ᠡᠪᠡᠰᠦ ᠪᠣᠷᠳᠣᠭ᠎ᠠ ᠶ᠋ᠢᠨ ᠭᠠᠷᠤᠯᠲᠠ ᠪᠠ ᠶᠠᠰᠤ ᠴᠢᠨᠠᠷ ᠢ᠋ 《ᠬᠤᠤᠰ ᠢ᠋ᠶ᠋ᠡᠷ ᠳᠡᠭᠡᠭ᠌ᠰᠢᠯᠡᠭᠦᠯᠬᠦ᠌》 ᠵᠢ ᠪᠡᠶᠡᠯᠡᠭᠦᠯᠵᠦ᠍᠂ ᠨᠤᠲᠤᠭ ᠪᠡᠯᠴᠢᠭᠡᠷ ᠤ᠋ᠨ ᠠᠮᠢ ᠠᠬᠤᠶ ᠵᠢ ᠰᠡᠷᠭᠦᠭᠡᠬᠦ᠌ ᠪᠠ ᠮᠠᠯ ᠠᠵᠤ ᠠᠬᠤᠶ ᠵᠢ ᠬᠥᠭ᠌ᠵᠢᠭᠦᠯᠬᠦ᠌ 《ᠬᠤᠤᠰ ᠠᠮᠵᠢᠯᠲᠠ ᠤᠯᠬᠤ 》 ᠵᠢ ᠪᠡᠶᠡᠯᠡᠭᠦᠯᠪᠡ᠃
ᠨᠤᠲᠤᠭ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠭᠦᠯᠦᠨ ᠮᠠᠯᠵᠢᠬᠤ ᠠᠰᠠᠭᠤᠳᠠᠯ ᠢ᠋ ᠱᠢᠰᠲ᠋ᠧᠮ ᠲᠠᠢ ᠱᠢᠶ᠋ᠳᠪᠦᠷᠢᠯᠡᠬᠦ᠌ ᠵᠢ ᠠᠬᠢᠭᠤᠯᠬᠤ ᠠᠵᠢᠯ ᠤ᠋ᠨ ᠳᠤᠮᠳᠠ᠂ ᠬᠥᠯᠥᠨ ᠪᠣᠢᠷ ᠬᠣᠲᠠᠵᠢᠨ ᠬᠢᠨ ᠲᠡᠵᠢᠭᠡᠨ ᠦᠷᠡᠵᠢᠭᠦᠯᠬᠦ᠌ ᠲᠠᠯ᠎ᠠ ᠪᠡᠷ 《ᠪᠡᠯᠴᠢᠭᠡᠷᠯᠡᠭᠦᠯᠬᠦ᠌ + ᠬᠠᠱᠢᠶᠠᠯᠠᠨ ᠲᠡᠵᠢᠭᠡᠬᠦ᠌ 》᠂ 《ᠪᠡᠯᠴᠢᠭᠡᠷᠯᠡᠭᠦᠯᠬᠦ᠌ + ᠪᠣᠷᠳᠣᠭ᠎ᠠ ᠨᠥᠬᠥᠪᠥᠷᠢᠯᠡᠬᠦ᠌ 》 ᠵᠡᠷᠭᠡ ᠵᠠᠭ᠍ᠪᠤᠷ ᠢ᠋ᠶ᠋ᠡᠷ ᠪᠠᠢᠭᠠᠯᠢ ᠶ᠋ᠢᠨ ᠨᠤᠲᠤᠭ ᠪᠡᠯᠴᠢᠭᠡᠷ ᠲᠦ᠍ ᠪᠡᠯᠴᠢᠭᠡᠷᠯᠡᠭᠦᠯᠬᠦ᠌ ᠳᠠᠷᠤᠭᠠᠰᠤ ᠵᠢ ᠬᠥᠩᠭᠡᠷᠡᠭᠦᠯᠪᠡ; ᠦᠶ᠋ᠯᠡᠳᠪᠦᠷᠢᠯᠡᠯ ᠡᠵᠡᠩᠨᠡᠯᠲᠡ ᠶ᠋ᠢᠨ ᠲᠠᠯ᠎ᠠ ᠪᠡᠷ ᠣᠳᠣᠬᠢᠴᠢᠯᠠᠭ᠍ᠰᠠᠨ ᠬᠡᠷ ᠪᠦᠯᠢ ᠶ᠋ᠢᠨ ᠮᠠᠯᠵᠢᠯ ᠤ᠋ᠨ ᠲᠠᠯᠠᠪᠠᠶ᠂ 《ᠬᠠᠮᠲᠤ ᠶ᠋ᠢᠨ ᠠᠵᠤ ᠠᠬᠤᠶ ᠶ᠋ᠢᠨ ᠵᠣᠬᠢᠶᠠᠨ ᠪᠠᠢᠭᠤᠯᠤᠯᠲᠠ + ᠬᠣᠷᠱᠢᠶᠠ 》᠂ ᠤᠶᠤᠨᠲᠤ ᠮᠠᠯᠵᠢᠯ ᠤ᠋ᠨ ᠲᠠᠯᠠᠪᠠᠶ᠂ ᠨᠠᠢᠳᠠᠨ ᠲᠡᠵᠢᠭᠡᠯᠭᠡᠬᠦ᠌ ᠣᠷᠣᠯᠠᠨ ᠲᠡᠵᠢᠭᠡᠯᠭᠡᠬᠦ᠌ ᠵᠡᠷᠭᠡ ᠣᠯᠠᠨ ᠵᠦᠶ᠋ᠯ ᠤ᠋ᠨ ᠵᠠᠭ᠍ᠪᠤᠷ ᠢ᠋ ᠥᠷᠨᠢᠭᠦᠯᠪᠡ; ᠨᠡᠢᠭᠡᠮᠴᠢᠯᠡᠭ᠌ᠰᠡᠨ ᠦᠢᠯᠡᠴᠢᠯᠡᠭᠡᠨ ᠤ᠋ ᠱᠢᠰᠲ᠋ᠧᠮ ᠤ᠋ᠨ ᠲᠠᠯ᠎ᠠ ᠪᠡᠷ ᠲᠣᠮᠣ ᠬᠡᠯᠪᠡᠷᠢ ᠶ᠋ᠢᠨ ᠲᠡᠵᠢᠭᠡᠨ ᠦᠷᠡᠵᠢᠭᠦᠯᠬᠦ᠌᠂ ᠲᠡᠵᠢᠭᠡᠯ ᠡᠪᠡᠰᠦ ᠪᠣᠷᠳᠣᠭ᠎ᠠ ᠦᠢᠯᠡᠳᠪᠦᠷᠢᠯᠡᠵᠦ᠍ ᠡᠵᠡᠩᠨᠡᠬᠦ᠌ ᠠᠵᠤ ᠠᠬᠤᠢᠯᠠᠯ ᠵᠡᠷᠭᠡ ᠨᠡᠢᠭᠡᠮᠴᠢᠯᠡᠭ᠌ᠰᠡᠨ ᠦᠢᠯᠡᠴᠢᠯᠡᠭᠡᠨ ᠤ᠋ ᠵᠣᠬᠢᠶᠠᠨ ᠪᠠᠢᠭᠤᠯᠤᠯᠲᠠ ᠳ᠋ᠤ ᠲᠦᠱᠢᠭ᠌ᠯᠡᠨ᠂ ᠲᠡᠵᠢᠭᠡᠯ ᠡᠪᠡᠰᠦ ᠪᠣᠷᠳᠣᠭ᠎ᠠ ᠡᠳ᠋ᠱᠢᠭᠦᠯᠬᠦ᠌᠂ ᠮᠠᠯ ᠤ᠋ᠨ ᠠᠱᠢᠭ ᠱᠢᠮ᠎ᠡ ᠴᠤᠭ᠍ᠯᠠᠭᠤᠯᠬᠤ᠂ ᠬᠥᠮᠥᠷᠭᠡᠯᠡᠨ ᠬᠠᠳᠠᠭᠠᠯᠠᠬᠤ ᠬᠦᠢᠲᠡᠨ ᠬᠡᠯᠬᠢᠶ᠎ᠡ ᠵᠡᠷᠭᠡ ᠭᠤᠬᠴᠤᠭ᠎ᠠ ᠵᠢ ᠥᠷᠭᠡᠳᠭᠡᠪᠡ᠃
ᠬᠥᠯᠥᠨ ᠪᠣᠢᠷ ᠬᠣᠲᠠ ᠵᠢᠨ ᠬᠢᠨ 4 ᠮᠠᠯᠵᠢᠬᠤ ᠬᠣᠱᠢᠭᠤᠨ ᠳ᠋ᠤ 《ᠥᠨᠳᠥᠷ ᠪᠠᠷᠢᠮᠵᠢᠶᠠᠲᠤ ᠬᠢᠶᠠᠭ ᠤ᠋ᠨ ᠦᠶ᠋ᠯᠡᠳᠪᠦᠷᠢᠯᠡᠯ ᠤ᠋ᠨ ᠰᠠᠭᠤᠷᠢᠨ + ᠰᠢᠮ᠎ᠡ ᠰᠠᠢᠲᠠᠢ ᠴᠠᠷᠭᠠᠰᠤ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ》 ᠤ᠋ ᠵᠠᠭ᠍ᠪᠤᠷ ᠪᠥᠬᠥᠶ ᠣᠯᠠᠨ ᠨᠠᠰᠤᠲᠤ ᠲᠡᠵᠢᠭᠡᠯ ᠡᠪᠡᠰᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠪᠠᠢᠭᠤᠯᠵᠤ᠂ 《ᠮᠠᠯ ᠢ᠋ᠶ᠋ᠡᠷ ᠡᠪᠡᠰᠦ ᠵᠢ ᠰᠣᠯᠢᠬᠤ᠂ ᠡᠪᠡᠰᠦᠪᠡᠷ ᠡᠪᠡᠰᠦ ᠵᠢ ᠰᠣᠯᠢᠬᠤ᠂ ᠠᠷᠭᠠᠯ ᠢ᠋ᠶ᠋ᠡᠷ ᠡᠪᠡᠰᠦ ᠵᠢ ᠰᠣᠯᠢᠬᠤ᠂ ᠵᠣᠭᠣᠰ ᠢ᠋ᠶ᠋ᠡᠷ ᠡᠪᠡᠰᠦ ᠵᠢ ᠰᠣᠯᠢᠬᠤ》 ᠵᠡᠷᠭᠡ ᠠᠷᠭ᠎ᠠ ᠬᠡᠯᠪᠡᠷᠢ ᠪᠡᠷ ᠲᠡᠵᠢᠭᠡᠯ ᠡᠪᠡᠰᠦ ᠵᠢ ᠰᠣᠯᠢᠬᠤ ᠵᠢ ᠢᠳᠡᠪᠬᠢᠲᠡᠶ ᠰᠦᠪᠡᠭ᠌ᠴᠢᠯᠡᠵᠦ᠍᠂ ᠥᠷᠭᠡᠨ ᠣᠯᠠᠨ ᠮᠠᠯᠵᠢᠬᠤ ᠡᠷᠦᠬᠡ ᠳ᠋ᠤ 《ᠲᠡᠵᠢᠭᠡᠯ ᠡᠪᠡᠰᠦᠨ ᠤ᠋ ᠪᠠᠩᠬᠢ》 ᠶ᠋ᠢᠨ ᠦᠶ᠋ᠯᠡᠴᠢᠯᠡᠭᠡ ᠬᠠᠩᠭᠠᠪᠠ᠃
ᠮᠠᠯᠵᠢᠬᠤ ᠬᠣᠱᠢᠭᠤᠨ ᠤ᠋ ᠤᠯᠠᠮᠵᠢᠯᠠᠯᠲᠤ ᠮᠠᠯᠵᠢᠬᠤ ᠰᠡᠳᠭᠢᠬᠦᠶ ᠶᠠᠭ ᠣᠳᠣᠬᠢᠴᠢᠯᠠᠭ᠍ᠰᠠᠨ ᠲᠡᠵᠢᠭᠡᠨ ᠦᠷᠡᠵᠢᠭᠦᠯᠬᠦ᠌ ᠵᠠᠭ᠍ᠪᠤᠷ ᠲᠡᠢᠰᠢ ᠠᠯᠬᠤᠮ ᠠᠯᠬᠤᠮ ᠢ᠋ᠶ᠋ᠡᠷ ᠬᠡᠯᠪᠡᠷᠢ ᠪᠠᠨ ᠬᠤᠪᠢᠷᠠᠭᠤᠯᠪᠠ᠃ ᠮᠠᠯᠴᠢᠳ 《ᠢᠯᠡᠭᠦᠦ ᠲᠡᠵᠢᠭᠡᠵᠦ᠍ ᠢᠯᠡᠭᠦᠦ ᠬᠤᠷᠢᠶᠠᠬᠤ》 ᠬᠠᠭᠤᠴᠢᠨ ᠦᠵᠡᠯᠲᠡ ᠪᠠᠨ ᠰᠠᠨᠠᠭᠠᠴᠢᠯᠠᠭ᠎ᠠ ᠡᠴᠡ ᠪᠠᠨ ᠲᠠᠶᠠᠭ᠍ᠳᠠᠵᠤ᠂ ᠪᠡᠯᠴᠢᠭᠡᠷ ᠢ᠋ ᠨᠡᠢᠳᠭᠡᠬᠦ᠂ ᠡᠷᠦᠬᠡ ᠬᠣᠯᠪᠣᠭᠠᠯᠠᠨ ᠡᠵᠡᠩᠨᠡᠬᠦ᠌᠂ ᠲᠣᠰᠭᠣᠨ ᠪᠠ ᠠᠵᠤ ᠠᠬᠤᠢᠯᠠᠯ ᠬᠠᠮᠲᠤᠷᠠᠯᠴᠠᠬᠤ ᠵᠡᠷᠭᠡ ᠱᠢᠨ᠎ᠡ ᠵᠢ ᠡᠭᠦᠳᠬᠦ᠌ ᠵᠠᠭ᠍ᠪᠤᠷ ᠢ᠋ᠶ᠋ᠡᠷ ᠳᠠᠮᠵᠢᠭᠤᠯᠤᠨ᠂ 《ᠴᠥᠭᠡᠨ ᠲᠡᠵᠢᠭᠡᠵᠦ᠍ ᠨᠠᠷᠢᠯᠢᠭ ᠠᠷᠠᠴᠢᠯᠠᠬᠤ》 ᠴᠢᠨᠠᠷ ᠰᠠᠢᠲᠠᠶ ᠬᠥᠭ᠌ᠵᠢᠯᠲᠡ ᠶ᠋ᠢᠨ ᠠᠷᠭ᠎ᠠ ᠵᠠᠮ ᠢ᠋ ᠰᠦᠪᠡᠭ᠌ᠴᠢᠯᠡᠪᠡ᠃
ᠱᠢᠨ᠎ᠡ ᠪᠠᠷᠭᠤ ᠪᠠᠷᠠᠭᠤᠨ ᠬᠣᠱᠢᠭᠤᠨ ᠤ᠋ ᠬᠡᠷᠦᠯᠦᠨ ᠰᠤᠮᠤ ᠶ᠋ᠢᠨ ᠮᠠᠩᠯᠠᠶ ᠭᠠᠴᠠᠭ᠎ᠠ ᠪᠣᠯ ᠥᠪᠡᠷᠲᠡᠭᠡᠨ ᠵᠠᠰᠠᠬᠤ ᠣᠷᠣᠨ ᠤ᠋ ᠮᠠᠯᠵᠢᠬᠤ ᠣᠷᠣᠨ ᠤ᠋ ᠣᠳᠣᠬᠢᠴᠢᠯᠠᠯᠲᠠ ᠶ᠋ᠢᠨ ᠲᠦᠷᠦᠭᠦᠦ ᠪᠦᠯᠦᠭ ᠤ᠋ᠨ ᠲᠤᠷᠱᠢᠯᠲᠠ ᠶ᠋ᠢᠨ ᠴᠡᠭ ᠪᠣᠯᠤᠨ᠎ᠠ᠃ ᠡᠨᠡ ᠭᠠᠴᠠᠭ᠎ᠠ ᠲᠠᠷᠠᠬᠠᠶ ᠪᠤᠲᠠᠷᠬᠠᠶ ᠪᠠᠢᠭ᠎ᠠ ᠬᠣᠨᠢᠨ ᠰᠦᠷᠦᠭ ᠢ᠋ ᠪᠠᠷᠢᠮᠵᠢᠶᠠᠵᠢᠭᠤᠯᠤᠭ᠍ᠰᠠᠨ ᠲᠡᠵᠢᠭᠡᠨ ᠦᠷᠡᠵᠢᠭᠦᠯᠬᠦ᠌ ᠨᠢᠭᠡᠴᠢ ᠪᠣᠯᠭᠠᠨ ᠨᠡᠢᠯᠡᠭᠦᠯᠵᠦ᠍᠂ ᠬᠡᠷᠦᠯᠦᠨ ᠪᠠᠭᠤᠴᠠ ᠶ᠋ᠢᠨ ᠵᠢᠭᠤᠯᠴᠢᠯᠠᠯ ᠤ᠋ᠨ ᠲᠥᠷᠥᠯ ᠵᠦᠶ᠋ᠯ ᠢ᠋ ᠵᠡᠷᠭᠡᠪᠡᠷ ᠥᠷᠭᠡᠳᠭᠡᠵᠦ᠍᠂ ᠮᠠᠯ ᠤ᠋ᠨ ᠠᠱᠢᠭ ᠱᠢᠮ᠎ᠡ ᠶ᠋ᠢᠨ ᠥᠷᠲᠡᠭ ᠤ᠋ᠨ ᠨᠡᠮᠡᠭ᠌ᠳᠡᠯ ᠪᠠ ᠨᠡᠭᠦᠳᠡᠯ ᠮᠠᠯᠵᠢᠯ ᠤ᠋ᠨ ᠰᠣᠶᠣᠯ ᠤ᠋ᠨ ᠤᠯᠠᠮᠵᠢᠯᠠᠯ ᠤ᠋ᠨ ᠬᠤᠤᠰ ᠠᠮᠵᠢᠯᠲᠠ ᠵᠢ ᠪᠡᠶᠡᠯᠡᠭᠦᠯᠪᠡ᠃ ᠭᠠᠴᠠᠭᠠᠨ ᠤ᠋ ᠬᠣᠷᠱᠢᠶᠠ 《ᠬᠦᠢᠲᠡᠨ ᠤᠯᠠᠷᠢᠯ ᠳ᠋ᠤ ᠲᠥᠪᠯᠡᠷᠡᠭᠦᠯᠦᠨ ᠬᠠᠱᠢᠶᠠᠯᠠᠨ ᠲᠡᠵᠢᠭᠡᠬᠦ᠌》 ᠵᠠᠭ᠍ᠪᠤᠷ ᠢ᠋ᠶ᠋ᠡᠷ ᠳᠠᠮᠵᠢᠨ᠂ ᠲᠡᠵᠢᠭᠡᠨ ᠦᠷᠡᠵᠢᠭᠦᠯᠬᠦ᠌ ᠥᠪᠡᠷ ᠤ᠋ᠨ ᠥᠷᠲᠡᠭ ᠢ᠋ 30% ᠪᠡᠷ ᠪᠠᠭᠤᠷᠠᠭᠤᠯᠪᠠ᠃
ᠮᠠᠨᠭᠯᠠᠢ ᠭᠠᠴᠠᠭᠠᠨ ᠳ᠋ᠤ ᠤᠤᠯ ᠳ᠋ᠠᠭᠠᠨ ᠬᠡᠷᠦᠯᠦᠨ ᠪᠠᠭᠤᠴᠠ ᠪᠣᠯᠤᠨ ᠨᠢᠭᠡ ᠬᠡᠷ ᠪᠦᠯᠢ ᠶ᠋ᠢᠨ ᠮᠠᠯᠵᠢᠯ ᠤ᠋ᠨ ᠲᠠᠯᠠᠪᠠᠶ ᠲᠠᠢ ᠪᠠᠢᠵᠠᠢ᠂ ᠡᠨᠡ ᠵᠢᠯ ᠨᠡᠭᠦᠳᠡᠯ ᠰᠣᠶᠣᠯ ᠤ᠋ᠨ ᠰᠠᠭᠤᠷᠢᠨ ᠪᠠᠢᠭᠤᠯᠵᠤ᠂ ᠵᠢᠭᠤᠯᠴᠢᠯᠠᠯ ᠢ᠋ᠶ᠋ᠡᠷ ᠳᠠᠮᠵᠢᠭᠤᠯᠤᠨ ᠮᠠᠯ ᠤ᠋ᠨ ᠠᠱᠢᠭ ᠱᠢᠮ᠎ᠡ ᠵᠢ ᠪᠣᠷᠣᠯᠠᠭᠤᠯᠵᠤ ᠪᠠᠢᠨ᠎ᠠ᠃ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠲᠠᠯ᠎ᠠ ᠪᠡᠷ᠂ ᠲᠤᠰ ᠭᠠᠴᠠᠭ᠎ᠠ ᠨᠢᠭᠡᠳᠦᠯᠲᠡᠶ ᠬᠤᠳᠠᠯᠳᠤᠨ ᠠᠪᠴᠤ᠌ ᠨᠢᠭᠡᠳᠦᠯᠲᠡᠶ ᠪᠣᠷᠣᠯᠠᠭᠤᠯᠬᠤ ᠪᠡᠷ ᠳᠠᠮᠵᠢᠭᠤᠯᠤᠨ ᠦᠶ᠋ᠯᠡᠳᠪᠦᠷᠢᠯᠡᠯ ᠤ᠋ᠨ ᠬᠡᠷᠡᠭ᠌ᠴᠡᠭᠡ ᠵᠢ ᠪᠠᠲᠤᠯᠠᠪᠠ᠂ ᠡᠭᠦᠨ ᠳ᠋ᠤ ᠡᠪᠡᠰᠦ ᠬᠠᠳᠤᠬᠤ᠂ ᠡᠪᠡᠰᠦ ᠪᠣᠭᠣᠵᠢᠯᠠᠬᠤ᠂ ᠲᠡᠭᠡᠭᠡᠪᠦᠷᠢᠯᠡᠬᠦ᠌ ᠵᠡᠷᠭᠡ ᠦᠶ᠋ᠯᠡᠴᠢᠯᠡᠭᠡᠨ ᠤ᠋ ᠲᠥᠷᠥᠯ ᠵᠦᠶ᠋ᠯ ᠪᠠᠭ᠍ᠲᠠᠨᠠ ᠭᠡᠵᠦ ᠮᠠᠩᠯᠠᠶ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠮᠢᠵᠢᠭ᠌ᠳᠣᠷᠵᠢ ᠲᠠᠨᠢᠯᠴᠠᠭᠤᠯᠤᠯ᠎ᠠ᠃
《ᠲᠩᠷᠢ ᠶ᠋ᠢᠨ ᠴᠢᠷᠠᠢ ᠵᠢ ᠬᠠᠷᠠᠵᠤ ᠮᠠᠯ ᠮᠠᠯᠵᠢᠬᠤ 》 ᠡᠴᠡ 《ᠠᠮᠢ ᠠᠬᠤᠢ ᠶ᠋ᠢᠨ ᠲᠡᠵᠢᠭᠡᠨ ᠦᠷᠡᠵᠢᠭᠦᠯᠬᠦ᠌》ᠬᠦᠷᠲᠡᠯ᠎ᠡ᠂ 《ᠲᠠᠷᠠᠬᠠᠢ ᠪᠤᠲᠠᠷᠬᠠᠢ ᠡᠵᠡᠩᠨᠡᠬᠦ᠌》ᠡᠴᠡ 《ᠡᠷᠴᠢᠮᠵᠢᠭᠦᠯᠦᠨ ᠬᠥᠭ᠌ᠵᠢᠭᠦᠯᠬᠦ᠌》 ᠬᠦᠷᠲᠡᠯ᠎ᠡ᠂ ᠬᠥᠯᠥᠨ ᠪᠤᠢ᠌ᠷ ᠬᠤᠳᠠ ᠶ᠋ᠢᠨ ᠬᠢᠨ ᠲᠦᠷᠢᠮ ᠤ᠋ᠨ ᠱᠢᠨ᠎ᠡ ᠡᠭᠦᠳᠦᠯᠲᠡᠪᠡᠷ ᠬᠥᠭ᠌ᠵᠢᠯᠲᠡ ᠶ᠋ᠢᠨ ᠬᠦᠴᠢᠷ ᠠᠰᠠᠭᠤᠳᠠᠯ ᠢ᠋ ᠱᠢᠢᠳᠪᠦᠷᠢᠯᠡᠵᠦ᠍᠂ ᠲᠠᠯ᠎ᠠ ᠨᠤᠲᠤᠭᠲᠤ ᠤᠰᠤ ᠪᠡᠯᠴᠢᠭᠡᠷ ᠰᠠᠢᠲᠠᠢ ᠪᠠᠢᠬᠤ ᠪᠠᠢᠳᠠᠯ ᠢ᠋ ᠲᠠᠬᠢᠨ ᠰᠡᠷᠭᠦᠭᠡᠪᠡ᠃
ᠣᠢᠷ᠎ᠠ ᠶ᠋ᠢᠨ ᠬᠡᠳᠦᠨ ᠵᠢᠯ ᠳ᠋ᠤ ᠬᠥᠯᠥᠨ ᠪᠣᠢᠷ ᠬᠣᠲᠠ ᠶ᠋ᠢᠨ ᠨᠤᠲᠤᠭ ᠪᠡᠯᠴᠢᠭᠡᠷ ᠤ᠋ᠨ ᠶᠡᠷᠦᠩᠬᠡᠢᠯᠡᠭ᠌ᠰᠡᠨ ᠤᠷᠭᠤᠮᠠᠯ ᠤ᠋ᠨ ᠬᠤᠴᠢᠯᠭ᠎ᠠ ᠶ᠋ᠢᠨ ᠬᠡᠮᠵᠢᠶ᠎ᠡ᠂ ᠡᠪᠡᠰᠦᠨ ᠰᠦᠷᠦᠭ ᠤ᠋ᠨ ᠥᠨᠳᠥᠷ ᠤ᠋ᠨ ᠬᠡᠮᠵᠢᠶ᠎ᠡ᠂ ᠡᠪᠡᠰᠦᠨ ᠤ᠋ ᠭᠠᠷᠤᠯᠲᠠ ᠶ᠋ᠢᠨ ᠬᠡᠮᠵᠢᠶ᠎ᠡ ᠵᠡᠷᠭᠡ ᠭᠤᠷᠪᠠᠨ ᠵᠦᠶ᠋ᠯ ᠤ᠋ᠨ ᠭᠤᠤᠯ ᠭᠦᠶ᠋ᠴᠡᠳᠭᠡᠯ ᠲᠣᠭ᠎ᠠ ᠦᠪᠤᠷ ᠮᠤᠡᠭᠭᠤᠯᠤᠨ ᠦᠪᠡᠷᠳᠡᠭᠡᠨ ᠵᠠᠰᠠᠬᠤ ᠤᠷᠤᠨ ᠳ᠋ᠤ ᠲᠦᠷᠦᠭᠦᠯᠡᠵᠦ᠍᠂ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ ᠦᠷᠭᠦᠯᠵᠢᠯᠡᠨ 75% ᠣᠷᠴᠢᠮ ᠲᠣᠭ᠍ᠲᠠᠪᠤᠷᠢᠵᠢᠵᠤ᠂ ᠪᠠᠢᠭᠠᠯᠢ ᠶ᠋ᠢᠨ ᠨᠤᠲᠤᠭ ᠪᠡᠯᠴᠢᠭᠡᠷ ᠤ᠋ᠨ ᠲᠡᠵᠢᠭᠡᠯ ᠡᠪᠡᠰᠦᠨ ᠤ᠋ ᠭᠠᠷᠤᠯᠲᠠ ᠲᠣᠰ ᠭᠠᠵᠠᠷ ᠣᠷᠣᠨ ᠤ᠋ ᠮᠠᠯ ᠠᠵᠤ ᠠᠬᠤᠶ ᠲᠡᠵᠢᠭᠡᠨ ᠦᠷᠡᠵᠢᠭᠦᠯᠬᠦ᠌ ᠬᠡᠷᠡᠭ᠌ᠴᠡᠭᠡ ᠱᠠᠭᠠᠷᠳᠠᠯᠭ᠎ᠠ ᠵᠢ ᠦᠨᠳᠦᠰᠦᠨᠳᠡᠭᠡᠨ ᠬᠠᠩᠭᠠᠵᠤ ᠴᠢᠳᠠᠬᠤ ᠪᠣᠯᠪᠠ᠃
ᠨᠤᠲᠤᠭ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠭᠦᠯᠦᠨ ᠮᠠᠯᠵᠢᠬᠤ ᠠᠰᠠᠭᠤᠳᠠᠯ ᠢ᠋ ᠱᠢᠰᠲ᠋ᠧᠮ ᠲᠠᠢ ᠱᠢᠶ᠋ᠳᠪᠦᠷᠢᠯᠡᠵᠦ᠍᠂ ᠬᠥᠯᠥᠨ ᠪᠣᠢᠷ ᠬᠣᠲᠠ ᠶ᠋ᠢᠨ ᠮᠠᠯᠴᠢᠨ ᠲᠦᠮᠡᠨ ᠳ᠋ᠤ ᠦᠨᠡᠨ ᠪᠣᠳᠠᠲᠠᠶ ᠠᠱᠢᠭ ᠣᠷᠣᠯᠭ᠎ᠠ ᠪᠠ ᠬᠦᠷᠲᠡᠮᠵᠢ ᠶ᠋ᠢᠨ ᠲᠥᠷᠥᠭ᠌ᠳᠡᠯ ᠣᠯᠭᠣᠪᠠ᠃ ᠡᠬᠢ ᠪᠠᠶᠠᠯᠢᠭ ᠢ᠋ ᠨᠢᠭᠡᠳᠭᠡᠬᠦ ᠪᠠ ᠭᠠᠴᠠᠭᠠᠨ ᠤ᠋ ᠬᠠᠮᠲᠤ ᠶ᠋ᠢᠨ ᠠᠵᠤ ᠠᠬᠤᠢ ᠵᠢ ᠬᠥᠭ᠌ᠵᠢᠭᠦᠯᠬᠦ ᠪᠡᠷ ᠳᠠᠮᠵᠢᠭᠤᠯᠤᠨ᠂ 2024 ᠣᠨ ᠳ᠋ᠤ 4 ᠮᠠᠯᠵᠢᠬᠤ ᠬᠣᠱᠢᠭᠤᠨ ᠤ᠋ ᠬᠠᠮᠲᠤ ᠶ᠋ᠢᠨ ᠠᠵᠤ ᠠᠬᠤᠢ ᠶ᠋ᠢᠨ ᠣᠷᠣᠯᠭ᠎ᠠ᠂ ᠬᠠᠮᠲᠤ ᠶ᠋ᠢᠨ ᠪᠦᠷᠢᠯᠳᠦᠬᠦᠨ ᠳ᠋ᠤ ᠬᠤᠪᠢᠶᠠᠷᠢᠯᠠᠬᠰᠠᠨ ᠠᠰᠢᠭ ᠤᠷᠤᠯᠭ᠎ᠠ ᠲᠤᠰ ᠲᠤᠰ 8692.19 ᠲᠦᠮᠡᠨ ᠲᠥᠭᠥᠷᠢᠭ᠂ 4824 ᠲᠦᠮᠡᠨ ᠲᠥᠭᠥᠷᠢᠭ ᠨᠡᠮᠡᠭᠳᠡᠵᠦ᠂ ᠲᠤᠷᠱᠢᠯᠲᠠ ᠶ᠋ᠢᠨ ᠴᠡᠭ ᠤ᠋ᠨ ᠭᠠᠴᠠᠭ᠎ᠠ ᠬᠥᠮᠦᠨ ᠪᠦᠷᠢ ᠳ᠋ᠤ 1000 ᠡᠴᠡ 3000 ᠲᠥᠭᠥᠷᠢᠭ ᠤ᠋ᠨ ᠠᠱᠢᠭ ᠤᠷᠤᠯᠭ᠎ᠠ ᠬᠤᠪᠢᠶᠠᠷᠢᠯᠠᠪᠠ᠃