ᠵᠠᠮ ᠬᠠᠷᠢᠯᠴᠠᠭᠠᠨ ᠤ᠋ ᠲᠤᠤᠷ ᠢ᠋ ᠨᠢᠭ᠍ᠲᠠ ᠰᠦᠯᠵᠢᠵᠦ ᠬᠦᠭᠵᠢᠨ ᠮᠠᠨᠳᠤᠬᠤ ᠪᠠᠶᠠᠵᠢᠯ ᠤ᠋ᠨ ᠵᠠᠮ ᠢ᠋ ᠰᠠᠢᠳᠤᠷ ᠲᠡᠪᠢᠰᠪᠡ
2025-10-26 11:26:09
ᠵᠣᠬᠢᠶᠠᠭ᠍ᠴᠢ᠄
ᠭᠤᠤ ᠾᠦ᠋ᠢ
ᠣᠩᠱᠢᠭ᠍ᠰᠠᠨ ᠣᠳᠠᠭ᠎ᠠ᠄
★★★☆☆

ᠬᠣᠷᠴᠢᠨ᠎ᠤ ᠡᠬᠡ ᠭᠠᠵᠠᠷ ᠲᠤ᠌ ᠮᠠᠱᠢᠨ ᠮᠸᠬᠠᠨᠢᠭ ᠬᠦᠷᠴᠢᠭᠢᠨᠡᠵᠦ᠍᠂ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠦᠨ ᠠᠢᠮᠠᠭ ᠬᠣᠲᠠ᠎ᠡᠴᠡ ᠵᠡᠭᠦᠨ ᠬᠣᠢᠲᠤ᠎ᠶ᠋ᠢᠨ ᠭᠤᠷᠪᠠᠨ ᠮᠤᠵᠢ᠎ᠳᠤ ᠨᠡᠪᠲᠡᠷᠡᠬᠦ᠌ ᠴᠢᠬᠤᠯᠠ ᠵᠠᠮ — G5511 ᠵᠢᠨ ᠴᠠᠪᠢᠨᠳᠠᠯ᠎ᠠ ᠡᠴᠡ ᠰᠤᠭᠤᠨᠳᠤ ᠬᠦᠷᠬᠦ ᠲᠦᠷᠭᠡᠨ ᠤ᠋ ᠵᠠᠰᠠᠮᠠᠯ ᠵᠠᠮ᠎ᠢ ᠶᠠᠭ ᠲᠦᠷᠭᠡᠳᠭᠡᠨ ᠪᠠᠢᠭᠤᠯᠵᠤ ᠪᠤᠢ; ᠬᠠᠳᠤᠨ ᠭᠣᠣᠯ᠎ᠤᠨ ᠬᠣᠶᠠᠷ ᠬᠦᠪᠡᠬᠡ᠎ᠳᠦ᠂  ᠪᠠᠷᠠᠭᠤᠨ ᠬᠣᠢᠲᠤ ᠣᠷᠣᠨ᠎ᠡᠴᠡ ᠪᠡᠭᠡᠵᠢᠩ ᠳ᠋ᠤ ᠬᠦᠷᠬᠦ᠌ ᠲᠦᠷᠭᠡᠨ᠎ᠦ ᠲᠡᠮᠦᠷ ᠵᠠᠮ᠎ᠤᠨ ᠪᠤᠭᠤᠲᠤ᠎ᠡᠴᠡ ᠢᠷᠭᠠᠢ ᠬᠦᠷᠬᠦ᠌ ᠲᠦᠷᠭᠡᠨ᠎ᠦ ᠲᠡᠮᠦᠷ ᠵᠠᠮ᠎ᠤᠨ ᠪᠤᠭᠤᠲᠤ᠎ᠡᠴᠡ ᠾᠦ᠋ᠢ ᠨᠦᠩ ᠲᠤᠭᠤᠷᠢᠭ ᠬᠦᠷᠬᠦ᠌ ᠬᠡᠰᠡᠭ ᠲᠤᠷᠱᠢᠨ ᠠᠵᠢᠯᠯᠠᠬᠤ ᠱᠠᠲᠤᠨ᠎ᠳᠤ ᠣᠷᠣᠵᠤ᠂ ᠬᠡᠮᠵᠢᠬᠥᠷᠯᠢᠭ ᠳᠡᠭᠡᠷᠡᠬᠢ ᠠᠵᠢᠯᠯᠠᠬᠤ ᠬᠤᠷᠳᠤᠴᠠ ᠨᠢ ᠤᠳᠠᠭ᠎ᠠ ᠳᠠᠷᠠᠭᠠᠯᠠᠨ ᠱᠢᠨᠡᠳᠭᠡᠭ᠌ᠳᠡᠨ᠎ᠠ ᠁ ᠭᠣᠢᠳᠠ ᠰᠠᠢᠬᠠᠨ ᠭᠱᠠᠨ ᠪᠤᠯᠭᠠᠨ ᠨᠢ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠵᠢᠯ᠎ᠦᠨ ᠤᠮᠠᠷᠠᠲᠤ᠎ᠶ᠋ᠢᠨ ᠵᠠᠮ ᠬᠠᠷᠢᠯᠴᠠᠭᠠᠨ᠎ᠤ ᠭᠠᠢᠬᠠᠮᠱᠢᠭ᠍ᠲᠤ ᠵᠢᠷᠤᠭ᠎ᠢ ᠵᠢᠷᠤᠭ᠍ᠯᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ  ᠪᠥᠬᠥ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠦᠨ᠎ᠬᠢᠨ ᠳᠤᠲᠠᠭᠤᠳᠠᠯ᠎ᠢᠶᠠᠨ ᠨᠥᠬᠥᠪᠥᠷᠢᠯᠡᠵᠦ᠍᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍᠂ ᠵᠠᠮ ᠬᠠᠷᠢᠯᠴᠠᠭᠠᠨ᠎ᠤ 《ᠬᠥᠨᠳᠡᠯᠡᠨ ᠭᠤᠯᠳᠤ ᠲᠤᠤᠷ》ᠢ᠋ ᠱᠠᠯᠠᠪᠳᠠᠨ ᠨᠢᠭ᠍ᠲᠠ ᠰᠦᠯᠵᠢᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠰᠠᠭᠤᠷᠢ ᠲᠤᠯᠭᠠᠭᠤᠷᠢᠯᠠᠯ ᠬᠠᠩᠭᠠᠪᠠ᠃

ᠵᠠᠮ ᠬᠠᠷᠢᠯᠴᠠᠭᠠᠨ᠎ᠤ ᠲᠣᠣᠷ ᠢ᠋ 《ᠨᠢᠭ᠍ᠲᠠ ᠰᠦᠯᠵᠢᠪᠡ》

ᠥᠪᠥᠷ ᠮᠣᠩᠭᠣᠯ᠎ᠤᠨ ᠵᠡᠭᠦᠨ ᠪᠠᠷᠠᠭᠤᠨ ᠪᠡᠶ᠎ᠠ ᠵᠢᠨ ᠠᠯᠭᠠᠰᠠᠯ ᠶᠡᠬᠡ᠂ ᠵᠠᠮ᠎ᠤᠨ ᠲᠤᠤᠷ᠎ᠤᠨ ᠪᠦᠲᠦᠴᠡ᠎ᠶ᠋ᠢ ᠨᠠᠩ ᠨᠢᠭ᠍ᠲᠠ ᠰᠦᠯᠵᠢᠬᠦ᠌ ᠴᠢᠬᠤᠯᠠᠲᠠᠶ᠃ 2023 ᠣᠨ᠎ᠤ ᠡᠴᠦᠰ᠎ᠲᠦ᠂ ᠰᠦᠶ ᠹᠸᠨ ᠾᠸ ᠡᠴᠡ ᠮᠠᠨᠵᠤᠤᠷ ᠬᠦᠷᠬᠦ ᠲᠦᠷᠭᠡᠨ᠎ᠦ ᠵᠠᠰᠠᠮᠠᠯ ᠵᠠᠮ᠎ᠤᠨ ᠬᠠᠢᠯᠠᠷ᠎ᠡᠴᠡ ᠮᠠᠨᠵᠤᠤᠷ ᠬᠥᠷᠬᠥ᠌ ᠬᠡᠰᠡᠭ ᠨᠡᠪᠲᠡᠷᠡᠬᠦ᠌᠎ᠶ᠋ᠢ ᠳᠠᠭᠠᠯᠳᠤᠨ᠂ ᠤᠯᠤᠰ᠎ᠤᠨ ᠲᠦᠷᠭᠡᠨ᠎ᠦ ᠵᠠᠰᠠᠮᠠᠯ ᠵᠠᠮ᠎ᠤᠨ ᠭᠤᠤᠯ ᠱᠤᠭᠤᠮ᠎ᠤᠨ ᠥᠪᠥᠷ ᠮᠣᠩᠭᠣᠯ᠎ᠳᠠᠬᠢ ᠬᠡᠰᠡᠭ᠎ᠨᠢ ᠪᠦᠬᠦᠨ᠎ᠢᠶᠡᠷ᠎ᠢᠶᠡᠨ ᠨᠡᠪᠲᠡᠷᠡᠪᠡ; 2024 ᠣᠨ᠎ᠤ ᠰᠡᠭᠦᠯᠴᠢ᠎ᠪᠡᠷ᠂ G5511 ᠵᠢᠨᠢᠩ᠎ᠡᠴᠡ ᠠᠷᠤᠨ ᠬᠤᠰᠢᠭᠤ ᠬᠦᠷᠬᠦ᠌ ᠲᠦᠷᠭᠡᠨ ᠤ᠋ ᠵᠠᠰᠠᠮᠠᠯ ᠵᠠᠮ᠎ᠤᠨ ᠴᠠᠪᠢᠨᠳᠠᠯ᠎ᠠ ᠡᠴᠡ ᠰᠤᠭᠤᠨᠳᠤ ᠬᠦᠷᠬᠦ ᠬᠡᠰᠡᠭ᠎ᠢ ᠥᠭᠡᠷᠡᠴᠢᠯᠡᠨ ᠪᠠᠢᠭᠤᠯᠬᠤ ᠲᠦᠷᠦᠯ ᠵᠦᠢᠯ᠎ᠢ ᠳᠠᠭᠤᠰᠭᠠᠵᠤ᠂ ᠪᠦᠬᠦ᠌ ᠣᠷᠣᠨ᠎ᠤ ᠵᠠᠰᠠᠮᠠᠯ ᠵᠠᠮ᠎ᠤᠨ ᠶᠡᠷᠦᠩᠬᠡᠢ ᠤᠷᠳᠤ 22.27 ᠲᠦᠮᠡᠨ ᠺᠢᠯᠤᠮᠸᠲᠷ ᠲᠤ᠌ ᠬᠦᠷᠴᠤ᠂ ᠡᠭᠦᠨ᠎ᠳᠦ ᠲᠦᠷᠭᠡᠨ᠎ᠦ ᠵᠠᠰᠠᠮᠠᠯ ᠵᠠᠮ᠎ᠤᠨ ᠶᠡᠷᠦᠩᠬᠡᠢ ᠤᠷᠳᠤ 8238 ᠺᠢᠯᠤᠮᠸᠲᠷ ᠲᠤ᠌ ᠬᠦᠷᠴᠡᠢ᠃ 103 ᠬᠣᠱᠢᠭᠤ ᠱᠢᠶᠠᠨ(ᠬᠣᠲᠠ ᠲᠣᠭᠣᠷᠢᠭ) ᠤ᠋ ᠳᠣᠲᠣᠷ᠎ᠠ᠂ ᠨᠢᠭᠡᠨᠲᠡ ᠲᠦᠷᠭᠡᠨ ᠤ᠋ ᠵᠠᠰᠠᠮᠠᠯ ᠵᠠᠮ ᠨᠡᠪᠲᠡᠷᠡᠭ᠌ᠰᠡᠨ ᠨᠢ 80 ᠪᠠᠢᠵᠤ᠂ ᠥᠪᠡᠷᠲᠡᠭᠡᠨ ᠵᠠᠰᠠᠬᠤ ᠣᠷᠣᠨ᠎ᠤ ᠲᠦᠷᠭᠡᠨ ᠤ᠋ ᠵᠠᠰᠠᠮᠠᠯ ᠵᠠᠮ᠎ᠢ ᠵᠡᠭᠦᠨᠰᠢ ᠪᠠᠷᠠᠭᠤᠨᠰᠢ ᠪᠡᠨ ᠨᠡᠪᠲᠡᠷᠡᠭᠦᠯᠬᠦ᠌᠂ ᠠᠢᠮᠠᠭ ᠬᠣᠲᠠ ᠬᠠᠷᠢᠯᠴᠠᠨ ᠨᠡᠪᠲᠡᠷᠡᠭᠦᠯᠬᠦ᠌ ᠵᠢ ᠪᠡᠶᠡᠯᠡᠭᠦᠯᠵᠦ᠂ ᠭᠤᠤᠯᠳᠠᠯᠭ᠎ᠠ᠎ᠲᠠᠶ ᠬᠢᠯᠢ ᠵᠢᠨ ᠪᠣᠭᠣᠮᠲᠠ᠎ᠳᠤ ᠲᠦᠷᠭᠡᠨ ᠤ᠋ ᠵᠠᠰᠠᠮᠠᠯ ᠵᠠᠮ᠎ᠢ ᠵᠠᠯᠭᠠᠨ ᠣᠷᠣᠭᠤᠯᠵᠤ᠂ ᠲᠦᠷᠭᠡᠨ ᠤ᠋ ᠵᠠᠰᠠᠮᠠᠯ ᠵᠠᠮ ᠪᠣᠯᠤᠨ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠣᠷᠣᠨ᠎ᠡᠴᠡ ᠭᠠᠷᠬᠤ ᠨᠡᠪᠳᠡᠷᠡᠬᠦ ᠵᠠᠮ᠎ᠢ 49 ᠵᠤᠷᠪᠤᠰ ᠪᠠᠢᠭᠤᠯᠪᠠ᠃

ᠭᠤᠤᠯ ᠵᠠᠮ ᠱᠤᠭᠤᠮ ᠤ᠋ᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠶ᠋ᠢᠨ ᠬᠠᠮᠲᠤ᠂ ᠥᠪᠥᠷ ᠮᠣᠩᠭᠣᠯ ᠵᠠᠮ ᠬᠠᠷᠢᠯᠴᠠᠭᠠᠨ᠎ᠤ ᠪᠢᠴᠢᠯ ᠡᠷᠭᠢᠯᠲᠡ᠎ᠶ᠋ᠢ ᠬᠦᠴᠦᠯᠡᠨ ᠰᠠᠭᠠᠳ ᠥᠬᠡᠶ ᠨᠡᠪᠲᠡᠷᠡᠭᠦᠯᠵᠦ᠍᠂ ᠵᠢᠭᠤᠯᠴᠢᠯᠠᠯ᠎ᠤᠨ ᠵᠠᠮ᠂ ᠡᠬᠢ ᠪᠠᠶᠠᠯᠢᠭ᠎ᠤᠨ ᠵᠠᠮ᠂ ᠠᠵᠤ ᠦᠶ᠋ᠯᠡᠰ᠎ᠦᠨ ᠵᠠᠮ ᠪᠠ ᠬᠥᠳᠡᠭᠡ ᠲᠣᠰᠭᠣᠨ᠎ᠤ ᠵᠠᠰᠠᠮᠠᠯ ᠵᠠᠮ᠎ᠢ ᠥᠭᠡᠷᠡᠴᠢᠯᠡᠵᠦ᠍ ᠥᠷᠭᠡᠳᠭᠡᠨ ᠪᠠᠢᠭᠤᠯᠬᠤ ᠢᠨᠵᠧᠨᠧᠷᠢᠩ᠎ᠢ ᠠᠬᠢᠭᠤᠯᠪᠠ᠃ 2024 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠤ ᠬᠥᠳᠡᠭᠡ ᠲᠣᠰᠭᠣᠨ᠎ᠤ ᠵᠠᠰᠠᠮᠠᠯ ᠵᠠᠮ᠎ᠤᠨ ᠶᠡᠷᠦᠩᠬᠡᠶ ᠣᠷᠳᠣ 18 ᠲᠦᠮᠡᠨ ᠺᠢᠯᠣᠮᠧᠲ᠋ᠷ᠎ᠲᠦ ᠬᠦᠷᠴᠦ᠍᠂ 《ᠭᠠᠳᠠᠭ᠍ᠰᠢ ᠪᠡᠨ ᠨᠡᠪᠳᠡᠷᠡᠯᠴᠡᠵᠦ ᠳᠣᠲᠣᠭ᠍ᠰᠢ ᠪᠡᠨ ᠬᠤᠯᠪᠤᠯᠳᠤᠵᠤ᠂ ᠬᠥᠳᠡᠭᠡ ᠲᠣᠰᠭᠣᠨ᠎ᠢ ᠰᠠᠭᠠᠳ ᠥᠬᠡᠶ ᠨᠡᠪᠲᠡᠷᠡᠭᠦᠯᠬᠦ᠌ 》 ᠬᠥᠳᠡᠭᠡ ᠲᠣᠰᠭᠣᠨ᠎ᠤ ᠵᠠᠮ ᠬᠠᠷᠢᠯᠴᠠᠭᠠᠨ᠎ᠤ ᠲᠤᠤᠷ ᠨᠢ ᠵᠠᠮ ᠳᠠᠭᠠᠤ ᠭᠠᠴᠠᠭ᠎ᠠ ᠲᠣᠰᠭᠣᠨ᠎ᠤ ᠶᠠᠪᠤᠵᠤ ᠰᠠᠭᠤᠬᠤ ᠨᠥᠬᠥᠴᠡᠯ᠎ᠢ ᠰᠠᠢᠵᠢᠷᠠᠭᠤᠯᠤᠭ᠍ᠰᠠᠨ᠎ᠢᠶᠠᠷ ᠪᠠᠷᠠᠬᠤ ᠥᠬᠡᠶ ᠪᠠᠰᠠ 《ᠵᠠᠮ ᠬᠠᠷᠢᠯᠴᠠᠭ᠎ᠠ + ᠠᠵᠤ ᠦᠶ᠋ᠯᠡᠰ》᠂ 《ᠵᠠᠮ ᠬᠠᠷᠢᠯᠴᠠᠭ᠎ᠠ + ᠵᠢᠭᠤᠯᠴᠢᠯᠠᠯ》 ᠤ᠋ᠨ ᠱᠢᠨ᠎ᠡ ᠵᠠᠭ᠍ᠪᠤᠷ᠎ᠢ ᠪᠣᠶ ᠪᠣᠯᠭᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ 《ᠠᠵᠤ ᠦᠶ᠋ᠯᠡᠰ᠎ᠦᠨ ᠲᠡᠩᠭᠡᠯᠢᠭ》 ᠪᠠ 《ᠠᠷᠠᠳ᠎ᠤᠨ ᠠᠮᠢᠳᠤᠷᠠᠯ᠎ᠤᠨ ᠱᠤᠭᠤᠮ》 ᠪᠣᠯᠤᠭ᠍ᠰᠠᠨ ᠪᠠᠢᠨ᠎ᠠ᠃

ᠲᠡᠮᠦᠷ ᠵᠠᠮ᠎ᠤᠨ ᠪᠦᠲᠦᠭᠡᠨ ᠪᠠᠢᠭᠤᠯᠤᠯᠲᠠ ᠠᠳᠠᠯᠢᠬᠠᠨ ᠲᠦᠷᠭᠡᠨ᠎ᠤ ᠵᠠᠮ᠎ᠳᠤ ᠣᠷᠣᠪᠠ᠃ 2024 ᠣᠨ᠎ᠤ 11 ᠰᠠᠷ᠎ᠠ᠎ᠳᠤ᠂ ᠵᠢᠨᠢᠩ ᠡᠴᠡ ᠲᠦᠩᠯᠢᠶᠣᠤ᠎ᠬᠦᠷᠬᠦ ᠲᠡᠮᠦᠷ ᠵᠠᠮ᠎ᠤᠨ ᠴᠠᠬᠢᠯᠭᠠᠨᠵᠢᠭᠤᠯᠬᠤ ᠥᠭᠡᠷᠡᠴᠢᠯᠡᠯᠲᠡ᠎ᠶ᠋ᠢᠨ ᠢᠨᠵᠧᠨᠧᠷᠢᠩ᠎ᠢ ᠪᠡᠶᠡᠯᠡᠭᠦᠯᠦᠭ᠌ᠰᠡᠨ᠎ᠦ ᠳᠠᠷᠠᠭ᠎ᠠ᠂ ᠬᠥᠬᠡᠬᠣᠲᠠ᠎ᠡᠴᠡ ᠲᠦᠩᠯᠢᠶᠣᠤ ᠬᠥᠷᠬᠥ᠌ ᠠᠶᠠᠨᠴᠢᠳ᠎ᠤᠨ ᠭᠠᠯᠲᠤ ᠲᠡᠷᠭᠡᠨ᠎ᠦ ᠠᠶᠠᠯᠠᠬᠤ ᠴᠠᠭ᠎ᠢ ᠶᠡᠬᠡ᠎ᠪᠡᠷ ᠪᠣᠭᠣᠨᠢᠰᠭᠠᠭ᠍ᠰᠠᠨ᠎ᠢᠶᠠᠷ ᠪᠠᠷᠠᠬᠤ ᠥᠬᠡᠶ᠂  ᠵᠢᠯ᠎ᠦᠨ ᠪᠠᠷᠠᠭ᠎ᠠ ᠲᠡᠭᠡᠭᠡᠪᠦᠷᠢᠯᠡᠬᠦ᠌ ᠴᠢᠳᠠᠪᠤᠷᠢ᠎ᠶ᠋ᠢ 3600 ᠲᠦᠮᠡᠨ ᠲᠣᠨ᠎ᠡᠴᠡ 8000 ᠲᠦᠮᠡᠨ ᠲᠣᠨ ᠪᠣᠯᠭᠠᠨ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠣᠯᠭᠣᠪᠠ᠃ 2024 ᠣᠨ᠎ᠤ 12 ᠰᠠᠷ᠎ᠠ᠎ᠳᠤ᠂ ᠵᠢᠨᠢᠩ ᠡᠴᠡ ᠳ᠋ᠠᠲ᠋ᠦ᠋ᠩ ᠢ᠋ ᠲᠠᠮᠵᠢᠨ ᠶᠤᠸᠠᠨᠫᠢᠩ ᠳ᠋ᠤ ᠬᠦᠷᠬᠦ᠌ ᠲᠦᠷᠭᠡᠨ᠎ᠦ ᠲᠡᠮᠦᠷ ᠵᠠᠮ ᠨᠡᠪᠲᠡᠷᠡᠵᠦ᠍᠂ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ ᠱᠢᠭᠤᠳ ᠪᠦᠬᠦ᠌ ᠤᠯᠤᠰ᠎ᠤᠨ ᠲᠦᠷᠭᠡᠨ᠎ᠦ ᠲᠡᠮᠦᠷ ᠵᠠᠮ᠎ᠤᠨ ᠲᠣᠣᠷ᠎ᠲᠤ ᠣᠷᠣᠪᠠ᠃ 2025 ᠣᠨ᠎ᠤ 7 ᠰᠠᠷ᠎ᠠ᠎ᠶ᠋ᠢᠨ 1 ᠤ᠋ ᠡᠳᠦᠷ ᠪᠥᠬᠥ᠌ ᠤᠯᠤᠰ᠎ᠤᠨ ᠲᠡᠮᠦᠷ ᠵᠠᠮ᠎ᠤᠨ ᠲᠣᠬᠢᠷᠠᠭᠤᠯᠤᠯᠲᠠ᠎ᠶ᠋ᠢᠨ ᠵᠢᠷᠤᠭ᠎ᠲᠤ᠂ ᠥᠪᠥᠷ ᠮᠣᠩᠭᠣᠯ᠎ᠤᠨ ᠲᠦᠷᠭᠡᠨ᠎ᠦ ᠲᠡᠮᠦᠷ ᠵᠠᠮ 15 ᠮᠤᠵᠢ ᠱᠢᠭᠤᠳ ᠬᠠᠷᠢᠶ᠎ᠠ ᠬᠣᠲᠠ᠎ᠳᠤ ᠨᠡᠪᠲᠡᠷᠡᠪᠡ᠃

2024 ᠣᠨ᠎ᠤ ᠡᠴᠦᠰ ᠪᠣᠯᠲᠠᠯ᠎ᠠ᠂ ᠥᠪᠥᠷ ᠮᠣᠩᠭᠣᠯ᠎ᠤᠨ ᠲᠡᠮᠦᠷ ᠵᠠᠮ᠎ᠤᠨ  ᠡᠵᠡᠩᠨᠡᠯᠲᠡ᠎ᠶ᠋ᠢᠨ ᠵᠠᠮ᠎ᠤᠨ ᠣᠷᠳᠣ᠎ᠨᠢ 1.5 ᠲᠦᠮᠡᠨ ᠺᠢᠯᠣᠮᠧᠲ᠋ᠷ ᠪᠠᠢᠵᠤ᠂ ᠲᠡᠮᠦᠷ ᠵᠠᠮ᠎ᠤᠨ ᠲᠤᠤᠷ᠎ᠨᠢ ᠪᠥᠬᠥ᠌ ᠣᠷᠣᠨ᠎ᠤ ᠡᠯ᠎ᠡ ᠠᠢᠮᠠᠭ ᠬᠣᠲᠠ᠎ᠶ᠋ᠢ ᠬᠠᠮᠤᠷᠴᠤ᠌᠂ ᠣᠷᠣᠨ᠎ᠤ ᠳᠣᠲᠣᠷᠠᠬᠢ ᠴᠢᠬᠤᠯᠠ ᠬᠣᠲᠠ ᠪᠠᠯᠭᠠᠰᠤ᠂ ᠭᠤᠤᠯᠳᠠᠯᠭ᠎ᠠ᠎ᠲᠠᠶ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠬᠢᠭᠡᠳ ᠴᠢᠬᠤᠯᠠ ᠡᠨᠧᠷᠭᠢ᠎ᠠᠭᠤᠷᠬᠠᠶ ᠪᠠᠶᠠᠯᠢᠭ ᠣᠷᠣᠨ᠎ᠢ ᠬᠣᠯᠪᠣᠨ ᠨᠡᠪᠲᠡᠷᠡᠭᠦᠯᠪᠡ᠃ ᠬᠥᠬᠡᠬᠣᠲᠠ᠂ ᠪᠤᠭᠤᠲᠤ᠂ ᠤᠯᠠᠭᠠᠨᠴᠠᠪ᠂ ᠲᠦᠩᠯᠢᠶᠣᠤ᠂ ᠤᠯᠠᠭᠠᠨᠬᠠᠳᠠ ᠵᠡᠷᠭᠡ 5 ᠬᠣᠲᠠ᠎ᠶ᠋ᠢ ᠪᠥᠬᠥ᠌ ᠤᠯᠤᠰ᠎ᠤᠨ ᠳᠦᠷᠬᠡᠨ᠎ᠤ ᠳᠡᠮᠤᠷ ᠵᠠᠮ᠎ᠤᠨ ᠲᠤᠤᠷ᠎ᠲᠤ ᠵᠠᠯᠭᠠᠨ ᠣᠷᠣᠭᠤᠯᠵᠤ᠂ ᠳᠦᠷᠬᠡᠨ᠎ᠤ ᠳᠡᠮᠤᠷ ᠵᠠᠮ᠎ᠤᠨ ᠬᠣᠲᠠ ᠲᠣᠭᠣᠷᠢᠭ᠎ᠤᠨ 50 ᠲᠦᠮᠡ᠎ᠡᠴᠡ ᠳᠡᠭᠡᠭ᠌ᠰᠢᠬᠢ ᠬᠥᠮᠦᠨ ᠠᠮᠠ ᠪᠥᠬᠥᠶ ᠬᠣᠲᠠ᠎ᠶ᠋ᠢᠨ ᠬᠠᠮᠤᠷᠬᠤ ᠨᠣᠷᠮ᠎ᠠ᠎ᠶ᠋ᠢ 60 % ᠎ᠳ᠋ᠤ ᠬᠦᠷᠭᠡᠵᠡᠢ᠃

ᠭᠠᠵᠠᠷ ᠨᠤᠲᠤᠭ ᠥᠷᠭᠡᠨ ᠠᠭᠤᠳᠠᠮ ᠪᠥᠭᠡᠳ ᠵᠡᠭᠦᠨᠰᠢ ᠪᠠᠷᠠᠭᠤᠨᠰᠢ ᠪᠡᠨ ᠨᠠᠷᠢᠨ ᠣᠷᠳᠣ ᠪᠠᠢᠳᠠᠭ ᠥᠪᠥᠷ ᠮᠣᠩᠭᠣᠯ᠎ᠳᠤ ᠠᠪᠴᠤ᠌ ᠬᠡᠯᠡᠪᠡᠯ᠂ ᠨᠢᠰᠭᠡᠯ᠎ᠦᠨ ᠪᠠᠭᠤᠳᠠᠯ ᠨᠢ ᠵᠥᠪᠬᠡᠨ 《ᠵᠠᠮ ᠬᠠᠷᠢᠯᠴᠠᠭᠠᠨ᠎ᠤ ᠲᠥᠬᠥᠭᠡᠷᠦᠮᠵᠢ》 ᠲᠡᠳᠦᠶ ᠪᠢᠰᠢ᠂ ᠨᠠᠩ ᠴᠤ᠌ ᠠᠵᠤ ᠠᠬᠤᠶ᠂ ᠵᠢᠭᠤᠯᠴᠢᠯᠠᠯ ᠬᠢᠭᠡᠳ ᠠᠷᠠᠳ᠎ᠤᠨ ᠠᠮᠢᠳᠤᠷᠠᠯ᠎ᠢ ᠬᠣᠯᠪᠣᠭ᠍ᠰᠠᠨ 《ᠠᠭᠠᠷ᠎ᠲᠠᠬᠢ ᠴᠢᠰᠤᠨ ᠰᠤᠳᠠᠯ》 ᠪᠣᠯᠬᠤ ᠶᠤᠮ᠃ 2024 ᠣᠨ᠎ᠤ ᠡᠴᠦᠰ ᠪᠣᠯᠲᠠᠯ᠎ᠠ᠂ ᠥᠪᠥᠷ ᠮᠣᠩᠭᠣᠯ ᠨᠡᠢᠲᠡ 46 ᠠᠷᠠᠳ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ ᠲᠠᠢ ᠪᠤᠯᠵᠤ᠂ ᠡᠭᠦᠨ᠎ᠳᠦ ᠲᠡᠭᠡᠭᠡᠪᠦᠷᠢ᠎ᠶ᠋ᠢᠨ ᠨᠢᠰᠭᠡᠯ᠎ᠦᠨ ᠪᠠᠭᠤᠳᠠᠯ 20᠂ ᠨᠡᠢᠳᠡᠮ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ 26 ᠪᠠᠢᠵᠤ᠂ ᠪᠥᠬᠥ᠌ ᠣᠷᠣᠨ᠎ᠤ 12 ᠠᠢᠮᠠᠭ ᠬᠣᠲᠠ ᠵᠢᠴᠢ 2 ᠲᠤᠰᠠᠭᠠᠷ ᠲᠦᠯᠦᠪᠯᠡᠭᠡᠳᠤ ᠬᠣᠲᠠ ᠳ᠋ᠤ ᠴᠥᠮ ᠲᠡᠭᠡᠭᠡᠪᠦᠷᠢ᠎ᠶ᠋ᠢᠨ ᠨᠢᠰᠭᠡᠯ᠎ᠦᠨ ᠪᠠᠭᠤᠳᠠᠯ ᠪᠠᠢᠭᠤᠯᠪᠠ᠃

2024 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠤ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠤᠤᠷ ᠤ᠋ᠨ ᠶᠡᠷᠦᠩᠬᠡᠶ ᠣᠷᠳᠣ᠎ᠨᠢ 23.8 ᠲᠦᠮᠡᠨ ᠺᠢᠯᠣᠮᠧᠲ᠋ᠷ ᠪᠠᠢᠵᠤ᠂ 2020 ᠣᠨ᠎ᠤ ᠵᠢᠯ᠎ᠦᠨ ᠡᠴᠦᠰ᠎ᠦᠨ᠎ᠬᠢ᠎ᠡᠴᠡ 1.27 ᠲᠦᠮᠡᠨ ᠺᠢᠯᠣᠮᠧᠲ᠋ᠷ ᠨᠡᠮᠡᠭ᠌ᠳᠡᠵᠦ᠍᠂ 《ᠳᠥᠷᠪᠡᠨ ᠬᠥᠨᠳᠡᠯᠡᠨ ᠠᠷᠪᠠᠨ ᠬᠣᠶᠠᠷ ᠭᠤᠯᠳᠤ》 ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠭᠤᠤᠯ ᠵᠠᠮ ᠱᠤᠭᠤᠮ᠎ᠢ ᠪᠠᠢᠭᠤᠯᠤᠭ᠍ᠰᠠᠨ ᠨᠣᠷᠮ᠎ᠠ 84.3 % ᠎ᠳ᠋ᠤ ᠬᠦᠷᠴᠡᠶ᠃

ᠪᠠᠷᠠᠭᠠᠨ ᠤ᠋ ᠭᠦᠶ᠋ᠯᠭᠡᠭᠡᠨ᠎ᠦ ᠯᠤᠭ᠍ᠰᠢᠭᠤᠨ ᠰᠤᠳᠠᠯ ᠢ᠋ 《ᠰᠢᠯᠤᠭᠤᠳᠬᠠᠪᠠ》

ᠲᠦᠷᠭᠡᠨ ᠤ᠋ ᠵᠠᠰᠠᠮᠠᠯ ᠵᠠᠮ ᠳᠡᠭᠡᠷ᠎ᠡ᠂ ᠪᠠᠷᠠᠭ᠎ᠠ ᠳᠦᠭᠦᠷᠡᠩ ᠠᠴᠢᠶᠠᠯᠠᠭᠰᠠᠨ ᠮᠠᠱᠢᠨ ᠲᠡᠷᠭᠡ ᠨᠤᠭᠦᠳ  ᠳᠠᠪᠬᠢᠯᠳᠤᠨ ᠥᠩᠭᠡᠷᠡᠵᠦ᠍᠂ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠮᠠᠱᠢᠨ᠎ᠤ ᠰᠠᠷᠬᠢᠷᠠᠭᠤᠯ ᠪᠠ ᠪᠦᠬᠦᠯᠢ ᠮᠠᠱᠢᠨ ᠨᠢ ᠨᠢᠭᠡᠨᠲᠡ ᠰᠤᠨᠢᠨ ᠶᠠᠭᠤᠮ᠎ᠠ ᠪᠢᠰᠢ ᠪᠣᠯᠵᠠᠶ; ᠱᠢᠯᠢᠵᠦ᠍ ᠰᠣᠩᠭᠣᠭ᠍ᠰᠠᠨ ᠪᠠᠶᠠᠨᠨᠠᠭᠤᠷ᠎ᠤᠨ ᠨᠡᠷᠡᠨ ᠬᠤᠸᠠᠷ᠎ᠤᠨ ᠦᠷ᠎ᠡ᠎ᠶ᠋ᠢ ᠪᠣᠭᠣᠳᠠᠯᠯᠠᠵᠤ᠂ ᠲᠡᠷᠭᠡᠨ᠎ᠳᠦ ᠲᠡᠭᠡᠭᠡᠭ᠌ᠰᠡᠨ᠎ᠦ ᠳᠠᠷᠠᠭ᠎ᠠ ᠲᠢᠶᠠᠨᠵᠢᠨ ᠭᠠᠷᠠᠮ᠎ᠳᠤ ᠨᠢᠭᠡᠳᠦᠯᠲᠡᠶ ᠵᠥᠭᠡᠭᠡᠪᠦᠷᠢᠯᠡᠨ ᠠᠪᠠᠴᠢᠵᠤ᠂ ᠡᠴᠦᠰ᠎ᠲᠡᠬᠡᠨ ᠲᠦᠷᠺ᠂ ᠶᠧᠵᠢᠫᠲ ᠵᠡᠷᠭᠡ ᠤᠯᠤᠰ᠎ᠤᠨ ᠬᠡᠷᠡᠭ᠌ᠯᠡᠭ᠌ᠴᠢᠳ ᠤ᠋ᠨ ᠭᠠᠷ᠎ᠲᠤ ᠬᠦᠷᠭᠡᠨ᠎ᠡ; ᠤᠯᠠᠭᠠᠨᠬᠠᠳᠠ᠎ᠶ᠋ᠢᠨ ᠵᠢᠮᠢᠰ ᠨᠣᠭᠣᠭ᠎ᠠ ᠱᠢᠨ᠎ᠡ ᠰᠣᠷᠭᠣᠭ᠎ᠢᠶᠠᠷ ᠵᠠᠬ᠎ᠠ ᠳᠡᠯᠭᠡᠭᠦᠷ᠎ᠲᠦ ᠭᠠᠷᠴᠤ᠌᠂ ᠠᠯᠤᠰ ᠬᠣᠯᠠ ᠵᠢᠨ ᠪᠡᠭᠡᠵᠢᠩ ᠱᠠᠩᠬᠠᠢ ᠭᠤᠸᠠᠩᠵᠸᠤ ᠳ᠋ᠤ ᠪᠣᠷᠣᠯᠠᠭᠤᠯᠵᠤ᠂ ᠤᠯᠠᠭᠠᠨᠴᠠᠪ᠎ᠤᠨ ᠲᠥᠮᠥᠰᠥ᠍ ᠭᠦᠨ ᠠᠭᠤᠯᠠᠠ᠎ᠡᠴᠡ ᠭᠠᠷᠴᠤ᠌᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠬᠤ ᠵᠠᠮ᠎ᠢ ᠳᠡᠪᠢᠰᠪᠡ᠃

ᠤᠷᠳᠤᠰ ᠨᠢᠭᠡ ᠮᠢᠨᠦ᠋ᠲ ᠲᠤ᠌ ᠲᠦᠮᠡᠨ ᠲᠣᠨ ᠨᠡᠭᠦᠷᠡᠰᠦ᠎ᠶ᠋ᠢ ᠠᠴᠢᠶᠠᠯᠠᠨ ᠲᠡᠭᠡᠭᠡᠪᠦᠷᠢᠯᠡᠬᠦ ᠵᠢ ᠪᠡᠶᠡᠯᠡᠭᠦᠯᠵᠦ᠂ ᠪᠤᠭᠤᠲᠤ ᠵᠢᠨ ᠪᠤᠯᠤᠳ ᠮᠠᠲ᠋ᠧᠷᠢᠶᠠᠯ᠎ᠦᠨ ᠦᠢᠯᠡᠳᠭᠦᠨ᠎ᠢ ᠵᠠᠰᠠᠮᠠᠯ ᠵᠠᠮ ᠲᠡᠮᠤᠷ ᠵᠠᠮ ᠤᠰᠤᠨ ᠵᠠᠮ᠎ᠦᠨ ᠬᠠᠮᠲᠤᠷᠠᠭ᠍ᠰᠠᠨ ᠲᠡᠭᠡᠭᠡᠪᠦᠷᠢ᠎ᠪᠡᠷ ᠱᠠᠩᠬᠠᠢ᠎ᠳᠤ ᠬᠦᠷᠭᠡᠨ᠎ᠡ ᠁ ᠤᠳᠤ ᠦᠶ᠎ᠡ ᠵᠢᠨ ᠪᠠᠷᠠᠭᠠᠨ᠎ᠦ ᠭᠦᠢᠯᠭᠡᠭᠡᠨ᠎ᠦ ᠱᠢᠰᠲ᠋ᠧᠮ ᠨᠢ ᠥᠪᠥᠷ ᠮᠣᠩᠭᠣᠯ᠎ᠦᠨ ᠨᠡᠭᠦᠷᠡᠰᠦ᠎ᠪᠡᠷ ᠳᠣᠷᠣᠨᠠᠲᠤ ᠣᠷᠣᠨ᠎ᠦ ᠳ᠋ᠧᠩ᠎ᠢ ᠭᠡᠷᠡᠯᠳᠦᠭᠦᠯᠵᠦ᠂ ᠥᠪᠥᠷ ᠮᠣᠩᠭᠣᠯ᠎ᠦᠨ ᠦᠨᠦᠷ ᠠᠮᠲᠠ᠎ᠪᠠᠷ ᠪᠦᠬᠦ᠌ ᠤᠯᠤᠰ᠎ᠦᠨ ᠠᠷᠠᠳ ᠲᠦᠮᠡᠨ᠎ᠦ ᠲᠤᠷ᠎ᠠ ᠰᠤᠨᠢᠷᠬᠠᠯ᠎ᠢ ᠲᠠᠳᠠᠭᠰᠠᠨ ᠪᠠᠢᠨ᠎ᠠ᠃

ᠡᠨᠡ ᠬᠦ᠌ ᠥᠪᠥᠷ ᠮᠣᠩᠭᠣᠯ᠎ᠤᠨ ᠬᠥᠳᠡᠯᠦᠩᠭᠦᠶ ᠵᠢᠷᠤᠭ᠎ᠲᠤ᠂ ᠲᠣᠬᠢᠷᠠᠭᠤᠯᠬᠤ ᠲᠥᠪ᠎ᠦᠨ ᠭᠢᠯᠠᠯᠵᠠᠮ᠎ᠠ ᠲᠣᠭ᠎ᠠ ᠪᠠᠷᠢᠮᠲᠠ᠎ᠪᠠᠢᠬᠤ᠎ᠪᠠᠷ ᠪᠠᠷᠠᠬᠤ ᠥᠬᠡᠶ ᠪᠠᠰᠠ ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠵᠤ ᠦᠷ᠎ᠡ ᠠᠱᠢᠭ᠎ᠢ ᠨᠡᠮᠡᠭ᠌ᠳᠡᠭᠦᠯᠦᠭᠰᠡᠨ ᠦᠶ᠋ᠯᠡᠳᠦᠯᠭᠡ ᠪᠠ ᠣᠶᠤᠨ ᠤᠬᠠᠭᠠᠨ᠎ᠢ ᠨᠢᠭ᠍ᠲᠠᠷᠠᠭᠤᠯᠵᠤ ᠪᠠᠢᠨ᠎ᠠ᠃ ᠪᠠᠷᠠᠭᠠᠨ᠎ᠤ ᠭᠦᠢᠯᠭᠡᠭᠡᠨ᠎ᠦ ᠯᠤᠭ᠍ᠰᠢᠭᠤᠨ ᠰᠤᠳᠠᠯ᠎ᠤᠨ ᠬᠦᠭᠵᠢᠭᠦᠨ ᠴᠤᠬᠢᠯᠳᠠ ᠳᠤᠮᠳᠠ᠂ ᠥᠪᠥᠷ ᠮᠣᠩᠭᠣᠯ᠎ᠤᠨ ᠠᠵᠤ ᠦᠢᠯᠡᠰ ᠤᠯᠠᠮᠵᠢᠯᠠᠯᠲᠤ ᠪᠠ ᠤᠳᠤ ᠦᠶ᠎ᠡ᠎ᠶ᠋ᠢᠨ ᠮᠥᠷᠭᠥᠯᠳᠦᠯ ᠳᠤᠮᠳᠠ᠂ ᠪᠦᠬᠦ᠌ ᠤᠯᠤᠰ᠎ᠤᠨ ᠲᠤᠮᠤ ᠵᠠᠬ᠎ᠠ ᠳᠡᠯᠭᠡᠭᠦᠷ᠎ᠲᠦ ᠭᠦᠨᠵᠡᠭᠡᠢ ᠠᠭᠤᠰᠤᠯᠴᠠᠭ᠍ᠰᠠᠨ ᠪᠥᠭᠡᠳ ᠤᠯᠠᠨ ᠤᠯᠤᠰ᠎ᠤᠨ ᠵᠠᠬ᠎ᠠ ᠳᠡᠯᠭᠡᠭᠦᠷ᠎ᠲᠡᠶ ᠨᠢᠭ᠍ᠲᠠ ᠵᠤᠯᠭᠠᠯᠴᠠᠪᠠ᠃

ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2024 ᠣᠨ᠎ᠳᠤ ᠥᠪᠥᠷ ᠮᠣᠩᠭᠣᠯ ᠶᠡᠷᠦᠩᠬᠡᠢᠯᠡᠭ᠌ᠰᠡᠨ ᠲᠡᠭᠡᠭᠡᠪᠦᠷᠢ᠎ᠶ᠋ᠢᠨ ᠬᠡᠮᠵᠢᠶ᠎ᠡ 25.1 ᠳ᠋ᠦᠩᠱᠢᠭᠤᠷ ᠲᠣᠨ᠂ ᠪᠠᠷᠠᠭᠠᠨ᠎ᠤ ᠡᠷᠭᠢᠯᠲᠡ᠎ᠶ᠋ᠢᠨ ᠬᠡᠮᠵᠢᠶ᠎ᠡ 5688.8 ᠳ᠋ᠦᠩᠱᠢᠭᠤᠷ ᠲᠣᠨ ᠺᠢᠯᠣᠮᠧᠲ᠋ᠷ᠎ᠢ ᠪᠡᠶᠡᠯᠡᠭᠦᠯᠵᠦ᠍᠂ 《ᠠᠷᠪᠠᠨ ᠭᠤᠷᠪᠠᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ᠎ᠵᠢᠨ᠎ᠬᠢ᠎ᠡᠴᠡ ᠲᠣᠰ ᠲᠣᠰ 47.5%᠂ 28.4% ᠎ᠪᠠᠷ ᠨᠡᠮᠡᠭ᠌ᠳᠡᠪᠡ; 2024 ᠣᠨ᠎ᠤ ᠦᠪᠦᠷ ᠮᠤᠨᠭᠭᠤᠯ᠎ᠤᠨ ᠨᠡᠢᠭᠡᠮ᠎ᠦᠨ ᠪᠠᠷᠠᠭᠠᠨ᠎ᠤ ᠭᠦᠶ᠋ᠯᠭᠡᠭᠡᠨ᠎ᠦ ᠶᠡᠷᠦᠩᠬᠡᠶ ᠵᠠᠷᠤᠳᠠᠯ᠎ᠤᠨ GDP ᠎ᠳ᠋ᠤ ᠡᠵᠡᠯᠡᠬᠦ᠌ ᠬᠠᠷᠢᠴᠠᠯ᠎ᠨᠢ 15.6% ᠪᠠᠢᠵᠤ᠂ 《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ᠎ᠵᠢᠨ᠎ᠬᠢ᠎ᠡᠴᠡ ᠵᠠᠭᠤᠨ᠎ᠤ ᠬᠠᠷᠢᠴᠠᠯ᠎ᠵᠢᠡᠷ 1 ᠬᠤᠪᠢ ᠪᠠᠭᠤᠷᠠᠪᠠ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ ᠪᠣᠯ ᠪᠥᠬᠥ᠌ ᠤᠯᠤᠰ᠎ᠤᠨ ᠠᠩᠬᠠᠳᠠᠭ᠍ᠴᠢ ᠬᠠᠭᠤᠷᠠᠶ ᠵᠠᠮ᠎ᠤᠨ ᠪᠣᠭᠣᠮᠲᠠ᠎ᠶ᠋ᠢᠨ ᠵᠢᠯ᠎ᠦᠨ ᠪᠥᠬᠥ᠌ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 1 ᠳ᠋ᠦᠩᠱᠢᠭᠤᠷ ᠲᠣᠨ᠎ᠢ ᠳᠠᠪᠠᠭ᠍ᠰᠠᠨ ᠮᠤᠵᠢ ᠣᠷᠣᠨ ᠪᠣᠯᠤᠨ᠎ᠠ᠂ 2024 ᠣᠨ᠎ᠳᠤ ᠦᠪᠦᠷ ᠮᠤᠨᠭᠭᠤᠯ᠎ᠤᠨ ᠪᠣᠭᠣᠮᠲᠠ᠎ᠶ᠋ᠢᠨ ᠬᠢᠯᠢ᠎ᠪᠡᠷ ᠣᠷᠣᠭᠤᠯᠵᠤ ᠭᠠᠷᠭᠠᠭ᠍ᠰᠠᠨ ᠪᠠᠷᠠᠭᠠᠨ᠎ᠤ ᠬᠡᠮᠵᠢᠶ᠎ᠡ 1.2 ᠳ᠋ᠦᠩᠱᠢᠭᠤᠷ ᠲᠣᠨ᠎ᠳᠤ ᠬᠦᠷᠴᠦ᠍᠂ ᠳᠤᠮᠳᠠᠳᠤ ᠤᠯᠤᠰ᠎ᠤᠨ ᠬᠢᠯᠢ ᠳᠠᠭᠠᠤ ᠮᠤᠵᠢ ᠣᠷᠣᠨ᠎ᠤ ᠬᠠᠭᠤᠷᠠᠶ ᠵᠠᠮ᠎ᠤᠨ ᠪᠣᠭᠣᠮᠲᠠ᠎ᠶ᠋ᠢᠨ ᠵᠢᠯ᠎ᠦᠨ ᠪᠥᠬᠥ᠌ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ᠎ᠶ᠋ᠢᠨ ᠰᠢᠨ᠎ᠡ ᠲᠡᠮᠳᠡᠭ᠌ᠯᠡᠯ᠎ᠢ ᠡᠭᠦᠳᠴᠦ᠍᠂ 《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ᠎ᠵᠢᠨ᠎ᠬᠢ᠎ᠡᠴᠡ 86% ᠎ᠪᠠᠷ ᠨᠡᠮᠡᠭ᠌ᠳᠡᠵᠦ᠍᠂ ᠵᠠᠰᠠᠮᠠᠯ ᠵᠠᠮ᠎ᠤᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 8460 ᠲᠦᠮᠡᠨ ᠲᠣᠨ᠎ᠳᠤ ᠬᠦᠷᠴᠦ᠍᠂ ᠦᠷᠭᠦᠯᠵᠢᠯᠡᠨ ᠪᠥᠬᠥ᠌ ᠤᠯᠤᠰ᠎ᠲᠤ ᠲᠦᠷᠦᠭᠦᠯᠡᠪᠡ; 2024 ᠣᠨ ᠳ᠋ᠦ ᠪᠦᠬᠦ᠌ ᠤᠯᠤᠰ᠎ᠤᠨ 42% ᠎ᠤ᠋ᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠮᠠᠨᠵᠤᠤᠷ᠂ ᠡᠷᠢᠶᠡᠨ ᠬᠤᠳᠠ᠎ᠶ᠋ᠢᠨ ᠪᠣᠭᠣᠮᠲᠠ᠎ᠪᠠᠷ ᠬᠢᠯᠢ᠎ᠪᠡᠷ ᠣᠷᠣᠵᠤ ᠭᠠᠷᠪᠠ᠃

ᠠᠷᠠᠳ᠎ᠤᠨ ᠠᠮᠢᠳᠤᠷᠠᠯ᠎ᠤᠨ ᠵᠠᠮ ᠰᠢᠭᠤᠳ ᠱᠢᠯᠤᠭᠤᠨ ᠪᠤᠯᠪᠠ    

ᠵᠢᠨᠢᠩ ᠡᠴᠡ ᠳ᠋ᠠᠲ᠋ᠦ᠋ᠩ᠎ᠢ ᠲᠠᠮᠵᠢᠨ ᠲᠠᠢᠶᠤᠸᠠᠨ᠎ᠬᠦᠷᠬᠦ ᠲᠦᠷᠭᠡᠨ᠎ᠦ ᠲᠡᠮᠦᠷ ᠵᠠᠮ᠎ᠤᠨ ᠹᠸᠩᠵᠸᠨ ᠬᠣᠢᠲᠤ ᠦᠷᠳᠡᠬᠡ᠎ᠶ᠋ᠢᠨ ᠮᠠᠱᠢᠨ ᠬᠥᠮᠦᠨ 《ᠲᠠᠯ᠎ᠠ ᠨᠤᠲᠤᠭ᠎ᠤᠨ ᠹᠸᠩ ᠹᠸᠩ》᠎ᠤ᠋ᠨ ᠣᠶᠤᠨᠴᠢ ᠦᠢᠯᠡᠴᠢᠯᠡᠭᠡ᠎ᠡᠴᠡ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠦᠨ ᠪᠠᠭᠤᠳᠠᠯ᠎ᠤᠨ 《ᠨᠢᠭᠤᠷ ᠰᠢᠷᠪᠢᠭᠦᠯᠵᠦ ᠪᠣᠭᠣᠮᠲᠠ ᠥᠩᠭᠡᠷᠡᠬᠦ᠌》 ᠬᠦᠷᠲᠡᠯ᠎ᠡ᠂ ᠤᠷᠳᠤᠰ᠎ᠤᠨ ᠰᠥᠨᠢ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠦ 《ᠡᠷᠲᠡᠯᠡᠵᠦ ᠤᠷᠤᠢᠯᠠᠨ ᠠᠵᠢᠯᠯᠠᠬᠤ》 ᠡᠴᠡ 《ᠶᠡᠬᠡ ᠬᠢᠩᠭᠠᠨ ᠳᠠᠪᠠᠭ᠎ᠠ ᠨᠡᠷᠡᠮᠵᠢᠲᠦ 》 ᠵᠢᠭᠤᠯᠴᠢᠯᠠᠯ᠎ᠤᠨ ᠭᠠᠯᠲᠤ ᠲᠡᠷᠭᠡᠨ᠎ᠦ 《ᠤᠢ ᠱᠢᠭᠤᠢ᠎ᠶ᠋ᠢᠨ ᠪᠣᠯᠵᠣᠭ᠎ᠠ》 ᠬᠦᠷᠲᠡᠯ᠎ᠡ᠂ 《 ᠠᠶᠠᠨᠴᠢᠳ᠎ᠤᠨ ᠵᠦᠭᠡᠭᠡᠪᠤᠷᠢ ᠪᠠᠷᠠᠭᠠᠨ᠎ᠤ ᠲᠡᠭᠡᠭᠡᠪᠦᠷᠢ ᠱᠢᠦᠳᠠᠨ》᠎ᠢ᠋ ᠠᠭᠤᠰᠤᠯᠴᠠᠭᠤᠯᠤᠨ ᠬᠥᠭ᠌ᠵᠢᠭᠦᠯᠬᠦ᠌ ᠨᠢ ᠪᠠᠷᠠᠭᠠᠨ᠎ᠤ ᠭᠦᠢᠯᠭᠡᠭᠡ᠎ᠶ᠋ᠢ ᠬᠥᠭ᠌ᠵᠢᠭᠡᠵᠦ᠍᠂ ᠬᠥᠳᠡᠭᠡ ᠲᠣᠰᠭᠣᠨ᠎ᠢ ᠠᠮᠢᠯᠠᠭᠤᠯᠵᠤ᠂ ᠲᠠᠷᠢᠶᠠᠴᠢᠳ᠎ᠢ ᠪᠠᠶᠠᠵᠢᠭᠤᠯᠵᠤ᠂ 《ᠲᠠᠯ᠎ᠠ ᠨᠤᠲᠤᠭ᠎ᠤᠨ ᠱᠢᠯᠢᠳᠡᠭ ᠪᠦᠲᠦᠭᠡᠭ᠌ᠳᠡᠬᠦᠨ》 ᠭᠡᠬᠦ᠌ ᠭᠣᠣᠯ ᠰᠡᠳᠦᠪᠲᠦ ᠵᠢᠱᠢᠶᠠᠨ᠎ᠤ ᠨᠢᠰᠭᠡᠯ ᠨᠢ ᠲᠠᠯ᠎ᠠ ᠨᠤᠲᠤᠭ᠎ᠤᠨ ᠦᠨᠦᠷ ᠠᠮᠲᠠ᠎ᠶ᠋ᠢ ᠭᠠᠢᠬᠠᠭᠤᠯᠤᠨ᠎ᠠ ᠁

ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ᠂ ᠱᠢᠯᠵᠢᠮᠡᠯ ᠲᠣᠭᠠᠴᠠᠭ᠎ᠠ ᠬᠢᠬᠦ᠌᠎ᠶ᠋ᠢ ᠲᠦᠭᠡᠮᠡᠯᠵᠢᠭᠦᠯᠵᠦ᠂ ᠬᠦᠢᠰᠦ ᠪᠠᠷᠢᠯᠭ᠎ᠠ ᠎ᠶ᠋ᠢ ᠵᠠᠢ ᠦᠭᠡᠢ ᠵᠣᠯᠭᠠᠭᠤᠯᠵᠤ᠂ ᠲᠡᠷᠭᠡ ᠰᠣᠯᠢᠵᠤ ᠰᠠᠭᠤᠬᠤ᠎ᠶ᠋ᠢ 《ᠵᠠᠪᠰᠠᠷ ᠥᠬᠡᠶ》 ᠠᠬᠢᠭᠤᠯᠵᠤ᠂ ᠳᠥᠭᠥᠮ ᠳᠥᠲᠡ ᠵᠠᠮ ᠬᠠᠷᠢᠯᠴᠠᠭ᠎ᠠ ᠨᠢ ᠶᠠᠪᠤᠵᠤ ᠰᠠᠭᠤᠬᠤ᠎ᠳᠤ ᠬᠦᠴᠦᠨ ᠨᠡᠮᠡᠷᠢᠯᠡᠪᠡ᠃ 2024 ᠣᠨ᠎ᠳᠤ᠂ ᠦᠪᠦᠷ ᠮᠤᠨᠭᠭᠤᠯ ᠶᠡᠷᠦᠩᠬᠡᠢᠯᠡᠭ᠌ᠰᠡᠨ ᠠᠶᠠᠨᠴᠢᠳ᠎ᠤᠨ ᠵᠦᠭᠡᠭᠡᠪᠤᠷᠢ᠎ᠶ᠋ᠢᠨ ᠬᠡᠮᠵᠢᠶ᠎ᠡ᠎ᠶ᠋ᠢ 1.0 ᠳ᠋ᠦᠩᠱᠢᠭᠤᠷ ᠬᠥᠮᠦᠨ ᠤᠳᠠᠭ᠎ᠠ ᠪᠡᠶᠡᠯᠡᠭᠦᠯᠵᠦ᠍᠂ 《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ᠎ᠵᠢᠨ ᠬᠢ ᠡᠴᠡ 20.3% ᠎ᠪᠠᠷ ᠨᠡᠮᠡᠭ᠌ᠳᠡᠪᠡ᠂ ᠡᠭᠦᠨ᠎ᠳᠦ ᠵᠠᠰᠠᠮᠠᠯ ᠵᠠᠮ᠂ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠠᠶᠠᠨᠴᠢᠳ᠎ᠤᠨ ᠵᠦᠭᠡᠭᠡᠪᠤᠷᠢ᠎ᠶ᠋ᠢᠨ ᠬᠡᠮᠵᠢᠶ᠎ᠡ᠎ᠶ᠋ᠢᠨ ᠡᠵᠡᠯᠡᠬᠦ᠌ ᠬᠠᠷᠢᠴᠠᠯ᠎ᠨᠢ ᠲᠣᠰ ᠲᠣᠰ 28%᠂ 57%᠂ 15% ᠪᠣᠯᠪᠠ; ᠠᠶᠠᠨᠴᠢᠳ᠎ᠤᠨ ᠡᠷᠭᠢᠯᠲᠡ᠎ᠶ᠋ᠢᠨ ᠬᠡᠮᠵᠢᠶ᠎ᠡ 231.1 ᠳ᠋ᠦᠩᠱᠢᠭᠤᠷ ᠬᠥᠮᠦᠨ ᠺᠢᠯᠣᠮᠧᠲ᠋ᠷ᠎ᠲᠦ ᠬᠦᠷᠴᠦ᠍᠂ 《ᠠᠷᠪᠠᠨ ᠭᠤᠷᠪᠠᠳᠤᠭᠠᠷ ᠲᠠᠪᠤᠨ ᠵᠢᠯ 》 ᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ᠎ᠵᠢᠨ᠎ᠬᠢ ᠡᠴᠡ 45% ᠎ᠪᠠᠷ ᠨᠡᠮᠡᠭ᠌ᠳᠡᠪᠡ᠃ ᠲᠠᠭᠠᠯᠠᠮᠵᠢᠲᠠᠶ ᠪᠥᠭᠡᠳ ᠰᠠᠭᠠᠳ ᠥᠬᠡᠶ᠂ ᠲᠦᠷᠭᠡᠨ ᠪᠥᠭᠡᠳ ᠳᠥᠭᠥᠮ ᠳᠥᠲᠡ ᠶᠠᠪᠤᠵᠤ ᠰᠠᠭᠤᠬᠤ ᠦᠶ᠋ᠯᠡᠴᠢᠯᠡᠭᠡ᠎ᠨᠢ ᠵᠠᠮ ᠬᠠᠷᠢᠯᠴᠠᠭ᠎ᠠ᠎ᠶ᠋ᠢ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠠᠵᠤ ᠠᠬᠤᠶ᠎ᠶ᠋ᠢᠨ ᠱᠢᠨ᠎ᠡ ᠬᠥᠳᠡᠯᠭᠡᠬᠦ᠌ ᠡᠨᠧᠷᠭᠢ ᠪᠣᠯᠭᠠᠨ ᠬᠤᠪᠢᠷᠠᠭᠤᠯᠵᠤ᠂ ᠬᠥᠮᠦᠰ᠎ᠦᠨ ᠶᠠᠪᠤᠵᠤ ᠰᠠᠭᠤᠬᠤ ᠪᠠ ᠬᠣᠲᠠ᠎ᠶ᠋ᠢᠨ ᠠᠮᠢᠳᠤᠷᠠᠯ᠎ᠤᠨ ᠳᠤᠮᠳᠠ ᠦᠵᠡᠰᠭᠦᠯᠡᠩᠲᠦ ᠰᠠᠢᠬᠠᠨ ᠤᠮᠠᠷᠠᠲᠤ ᠬᠢᠯᠢ᠎ᠶ᠋ᠢᠨ ᠥᠪᠡᠷᠮᠢᠴᠡ ᠷᠢᠳᠢ ᠱᠢᠳᠢ᠎ᠶ᠋ᠢ ᠮᠡᠳᠡᠷᠡᠭᠦᠯᠪᠡ᠃

ᠨᠢᠭᠡ ᠤᠳᠠᠭᠠᠨ᠎ᠤ 《ᠶᠠᠪᠤᠨ᠎ᠠ ᠭᠡᠪᠡᠯ ᠶᠠᠪᠤᠴᠢᠬᠠᠳᠠᠭ》ᠵᠢᠭᠤᠯᠴᠢᠯᠠᠯ᠂ ᠨᠢᠭᠡ ᠤᠳᠠᠭᠠᠨ᠎ᠤ 《ᠪᠦᠬᠦ᠌ ᠪᠥᠮᠪᠥᠷᠴᠡᠭ᠎ᠤᠨ ᠠᠷᠠᠯᠵᠢᠶ᠎ᠠ》 ᠁ ᠲᠠᠰᠤᠷᠠᠯᠲᠠ ᠦᠭᠡᠢ ᠳᠡᠭᠡᠭ᠌ᠰᠢᠯᠡᠵᠦ᠍ ᠪᠠᠢᠭ᠎ᠠ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ᠎ᠶ᠋ᠢᠨ ᠬᠡᠪᠴᠢᠶ᠎ᠡ ᠬᠡᠮᠵᠢᠶ᠎ᠡ᠂ ᠪᠦᠷᠬᠦᠴᠡ᠎ᠶ᠋ᠢᠨ ᠥᠷᠭᠡᠴᠡ ᠪᠣᠯᠤᠨ ᠨᠡᠪᠲᠡᠷᠡᠬᠦ᠌ ᠭᠦᠨᠴᠡ᠂ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠤᠭ᠍ᠰᠠᠨ ᠵᠠᠮ ᠬᠠᠷᠢᠯᠴᠠᠭᠠᠨ᠎ᠤ ᠠᠷᠤᠭ ᠶᠠᠰᠤ ᠨᠢ ᠡᠳ᠋ ᠪᠣᠳᠠᠰ᠎ᠤᠨ ᠭᠦᠢᠯᠭᠡᠭᠡ ᠪᠣᠯᠤᠨ ᠬᠥᠮᠦᠰ᠎ᠦᠨ ᠱᠢᠯᠵᠢᠯᠲᠡ᠎ᠶ᠋ᠢ ᠲᠦᠷᠭᠡᠳᠭᠡᠪᠡ; ᠴᠢᠩᠭ᠎ᠠ ᠬᠦᠴᠦᠲᠡᠶ ᠲᠡᠭᠡᠭᠡᠪᠦᠷᠢ᠎ᠶ᠋ᠢᠨ ᠴᠢᠳᠠᠪᠤᠷᠢ ᠨᠢ ᠲᠡᠭᠡᠭᠡᠪᠦᠷᠢ᠎ᠶ᠋ᠢᠨ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠪᠠᠷᠠᠭᠠᠨ᠎ᠤ ᠭᠦᠶ᠋ᠯᠭᠡᠭᠡᠨ᠎ᠦ ᠥᠪᠡᠷ᠎ᠦᠨ ᠥᠷᠲᠡᠭ᠎ᠢ ᠲᠠᠰᠤᠷᠠᠯᠲᠠ ᠥᠬᠡᠶ ᠪᠠᠭᠤᠷᠠᠭᠤᠯᠵᠤ᠂ ᠦᠶ᠋ᠯᠡᠳᠪᠦᠷᠢᠯᠡᠯ᠎ᠦᠨ ᠡᠯᠧᠮᠧᠨ᠋ᠲ᠎ᠦᠨ ᠭᠦᠶ᠋ᠯᠭᠡᠭᠡᠨ᠎ᠦ ᠬᠥᠳᠡᠯᠭᠡᠬᠦ᠌ ᠡᠨᠧᠷᠭᠢ᠎ᠶ᠋ᠢ ᠨᠠᠩ ᠭᠦᠶ᠋ᠴᠡᠳ ᠪᠣᠯᠭᠠᠵᠤ᠂ ᠬᠥᠮᠦᠰ᠎ᠦᠨ ᠶᠠᠪᠤᠵᠤ ᠰᠠᠭᠤᠬᠤ᠎ᠳᠤ ᠨᠠᠩ ᠥᠨᠳᠥᠷ ᠪᠦᠲᠦᠮᠵᠢᠲᠡᠶ ᠲᠥᠬᠥᠮ ᠳᠦᠳᠡ ᠪᠣᠯᠵᠠᠶ᠃

6 ᠰᠠᠷ᠎ᠠ᠎ᠶ᠋ᠢᠨ 28 ᠎ᠤ᠋ ᠡᠳᠦᠷ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠳᠠᠭᠤᠤ ᠬᠦᠭᠵᠢᠮ᠎ᠤᠨ ᠦᠳᠡᠰᠢᠯᠡᠭᠡ᠎ᠳᠤ ᠣᠷᠣᠯᠴᠠᠬᠤ ᠳᠠᠭᠤᠤ᠎ᠶ᠋ᠢᠨ ᠪᠠᠬᠠᠳᠠᠳ᠎ᠤᠨ ᠢᠷᠡᠵᠦ ᠪᠤᠴᠠᠬᠤ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠥᠯᠥᠭᠡ᠂ ᠥᠪᠥᠷ ᠮᠣᠩᠭᠣᠯ ᠠᠩᠬ᠎ᠠ ᠤᠳᠠᠭ᠎ᠠ 《ᠳᠠᠭᠤᠤ᠎ᠶ᠋ᠢᠨ ᠪᠠᠬᠠᠳᠠᠳ᠎ᠤᠨ ᠲᠤᠰᠭᠠᠶ ᠭᠠᠯᠲᠤ ᠲᠡᠷᠭᠡ 》 ᠎ᠶ᠋ᠢ ᠲᠤᠬᠢᠷᠠᠭᠤᠯᠪᠠ᠃ ᠬᠥᠬᠡᠬᠣᠲᠠ᠎ᠶ᠋ᠢᠨ ᠵᠡᠭᠦᠨ ᠥᠷᠲᠡᠭᠡ᠎ᠡᠴᠡ ᠪᠤᠭᠤᠲᠤ ᠬᠥᠷᠬᠥ᠌ ᠲᠤᠰᠭᠠᠶ ᠭᠠᠯᠲᠤ ᠲᠡᠷᠭᠡᠨ᠎ᠦ ᠪᠥᠬᠥ᠌ ᠵᠠᠮ᠎ᠤᠨ ᠬᠣᠶᠠᠳᠤᠭᠠᠷ ᠳᠡᠰ᠎ᠤᠨ ᠰᠠᠭᠤᠳᠠᠯ᠎ᠤᠨ ᠪᠢᠯᠧᠲ᠎ᠦᠨ ᠦᠨ᠎ᠡ᠎ᠨᠢ 21.5 ᠲᠥᠭᠥᠷᠢᠭ ᠪᠠᠢᠵᠤ᠂ ᠡᠨᠡ ᠨᠢ ᠬᠣᠶᠠᠷ ᠥᠷᠲᠡᠭᠡᠨ᠎ᠦ ᠬᠣᠭᠣᠷᠣᠨᠳᠣᠬᠢ ᠬᠥᠳᠡᠯᠭᠡᠭᠦ ᠬᠦᠴᠦᠨᠲᠦ ᠭᠠᠯᠲᠦ ᠲᠡᠷᠭᠡᠨ᠎ᠦ ᠪᠢᠯᠧᠲ᠎ᠦᠨ ᠪᠥᠬᠥ᠌ ᠦᠨ᠎ᠡ᠎ᠶ᠋ᠢᠨ 40% ᠎ᠲᠠᠢ ᠲᠡᠩᠴᠡᠵᠦ᠍᠂ 2015 ᠣᠨ᠎ᠳᠤ ᠬᠣᠶᠠᠷ ᠭᠠᠵᠠᠷ᠎ᠤᠨ ᠬᠣᠭᠣᠷᠣᠨᠳᠣ ᠬᠥᠳᠡᠯᠭᠡᠭᠦ ᠬᠦᠴᠦᠨᠲᠦ ᠭᠠᠯᠲᠦ ᠲᠡᠷᠭᠡ ᠨᠡᠪᠲᠡᠷᠡᠭᠰᠡᠨ᠎ᠡᠴᠡ ᠨᠠᠭᠠᠱᠢᠬᠢ ᠬᠠᠮᠤᠭ᠎ᠤᠨ ᠳᠤᠤᠷ᠎ᠠ ᠪᠢᠯᠧᠲ᠎ᠦᠨ ᠦᠨ᠎ᠡ ᠪᠣᠯᠵᠠᠶ᠃ ᠳᠠᠷᠠᠭ᠎ᠠ ᠨᠢ᠂ ᠲᠡᠮᠦᠷ ᠵᠠᠮ᠎ᠤᠨ ᠰᠠᠯᠠᠭ᠎ᠠ ᠮᠥᠴᠢᠷ ᠪᠠᠰᠠ ᠪᠣᠳᠠᠲᠤ ᠬᠡᠷᠡᠭ᠌ᠴᠡᠭᠡ᠎ᠪᠡᠨ ᠦᠨᠳᠦᠰᠦᠯᠡᠨ᠂ ᠣᠯᠠᠨ ᠤᠳᠠᠭᠠᠨ᠎ᠤ 《ᠳᠠᠭᠤᠤ᠎ᠶ᠋ᠢᠨ ᠪᠠᠬᠠᠳᠠᠳ᠎ᠤᠨ ᠲᠤᠰᠭᠠᠶ ᠭᠠᠯᠲᠤ ᠲᠡᠷᠭᠡ》᠎ᠶ᠋ᠢ ᠨᠡᠮᠡᠵᠦ᠍ ᠲᠤᠬᠢᠷᠠᠭᠤᠯᠤᠨ᠂ ᠪᠥᠬᠥ᠌ ᠤᠯᠤᠰ᠎ᠤᠨ ᠡᠯ᠎ᠡ ᠭᠠᠵᠠᠷ᠎ᠤᠨ ᠳᠠᠭᠤᠤ᠎ᠶ᠋ᠢᠨ ᠪᠠᠬᠠᠳᠠᠳ᠎ᠤᠨ ᠬᠦᠷᠢᠶᠡᠯᠡᠯ᠎ᠢ ᠣᠯᠤᠭ᠍ᠰᠠᠨ ᠪᠠᠢᠨ᠎ᠠ᠃ 《ᠡᠢᠮᠦ᠍ ᠰᠦᠨᠢ ᠪᠡᠷ ᠪᠠᠰᠠ ᠲᠤᠰᠭᠠᠶ ᠬᠥᠳᠡᠯᠭᠡᠭᠦ ᠬᠦᠴᠦᠨᠲᠦ ᠭᠠᠯᠲᠦ ᠲᠡᠷᠭᠡᠨ᠎ᠳᠤ ᠰᠠᠭᠤᠵᠤ ᠪᠣᠯᠤᠨ᠎ᠠ ᠭᠡᠵᠦ᠍ ᠪᠣᠳᠣᠵᠤ ᠣᠯᠤᠭ᠍ᠰᠠᠨ ᠦᠭᠡᠢ᠂ ᠪᠢᠯᠧᠲ᠎ᠦᠨ ᠦᠨ᠎ᠡ ᠬᠢᠮᠳᠠ ᠮᠥᠷᠲᠡᠭᠡᠨ ᠠᠮᠤᠷ ᠲᠦᠪᠱᠢᠨ᠂ ᠲᠡᠮᠦᠷ ᠵᠠᠮ᠎ᠤᠨ ᠰᠠᠯᠠᠭ᠎ᠠ ᠮᠥᠴᠢᠷ ᠦᠨᠡᠬᠡᠷ ᠪᠤᠯᠵᠤ ᠪᠠᠢᠨ᠎ᠠ》 ᠭᠡᠵᠦ 《ᠳᠠᠭᠤᠤ᠎ᠶ᠋ᠢᠨ ᠪᠠᠬᠠᠳᠠᠳ᠎ᠤᠨ ᠲᠤᠰᠭᠠᠶ ᠭᠠᠯᠲᠤ ᠲᠡᠷᠭᠡ》᠎ᠳ᠋ᠤ ᠰᠠᠭᠤᠭ᠍ᠰᠠᠨ ᠵᠣᠣ ᠠᠪᠠᠬᠠᠶ ᠬᠡᠯᠡᠪᠡ᠃

《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠢᠷᠢ ᠪᠦᠲᠦᠮᠵᠢ᠎ᠶ᠋ᠢᠨ ᠬᠠᠭᠤᠳᠠᠰᠤᠨ᠎ᠳᠤ᠂ ᠪᠦᠷᠢᠳᠭᠡᠯ᠎ᠦᠨ ᠲᠣᠭ᠎ᠠ ᠪᠠᠷᠢᠮᠲᠠ ᠪᠣᠯᠤᠨ ᠪᠣᠳᠠᠭᠠᠯᠢ ᠪᠡᠶ᠎ᠡ᠎ᠶ᠋ᠢᠨ ᠲᠥᠷᠥᠭ᠌ᠳᠡᠯ ᠬᠠᠷᠢᠯᠴᠠᠨ ᠭᠡᠷᠡᠴᠢᠯᠡᠵᠦ᠍᠂ ᠪᠦᠯᠦᠭ ᠪᠦᠯᠦᠭ ᠲᠣᠭ᠎ᠠ ᠪᠠᠷᠢᠮᠳᠠ᠎ᠨᠢ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠥᠪᠥᠷ ᠮᠣᠩᠭᠣᠯ᠎ᠢ ᠵᠢᠷᠤᠭ᠍ᠯᠠᠪᠠ᠃

2025 ᠣᠨ᠎ᠤ 1 ᠰᠠᠷ᠎ᠠ᠎ᠳᠤ᠂ ᠥᠪᠥᠷ ᠮᠣᠩᠭᠣᠯ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠤᠨ ᠲᠥᠰᠦᠪᠯᠡᠬᠦ᠌ ᠠᠵᠢᠯᠯᠠᠭᠠᠨ᠎ᠤ ᠬᠡᠷᠡᠭ᠌ᠵᠢᠭᠦᠯᠬᠦ᠌ ᠲᠥᠰᠦᠯ᠎ᠢ ᠳᠠᠷᠤᠮᠠᠯᠯᠠᠨ ᠲᠠᠷᠬᠠᠭᠠᠵᠤ᠂ 2025 ᠣᠨ᠎ᠢᠶᠠᠷ ᠵᠠᠩᠭᠢᠯᠠᠭ᠎ᠠ᠎ᠶ᠋ᠢᠨ ᠴᠡᠭ ᠪᠣᠯᠭᠠᠵᠤ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯᠲᠠᠯ᠎ᠠ ᠳᠥᠷᠪᠡᠨ ᠲᠥᠷᠥᠯ᠎ᠦᠨ ᠢᠨᠵᠧᠨᠧᠷᠢᠩ᠎ᠢ ᠭᠤᠤᠯᠳᠠᠯᠭ᠎ᠠ᠎ᠲᠠᠶ ᠲᠥᠯᠥᠪᠵᠢᠭᠦᠯᠪᠡ᠄  ᠵᠡᠭᠦᠨ ᠪᠠᠷᠠᠭᠤᠨ ᠲᠣᠮᠣ ᠨᠡᠪᠲᠡᠷᠡᠬᠦ ᠵᠠᠮ + ᠬᠢᠯᠢ ᠳᠠᠭᠠᠤ ᠵᠠᠰᠠᠮᠠᠯ ᠵᠠᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠂ ᠬᠥᠬᠡᠬᠣᠲᠠ ᠪᠤᠭᠤᠲᠤ ᠣᠷᠳᠣᠰ᠎ᠤᠨ 1 ᠴᠠᠭ᠎ᠤᠨ ᠠᠵᠢᠯ᠎ᠳᠤ ᠭᠠᠷᠬᠤ ᠴᠠᠭᠠᠷᠢᠭ + ᠪᠡᠭᠡᠵᠢᠩ ᠲᠢᠶᠠᠨᠵᠢᠨ ᠾᠧᠪᠧᠶ᠎ᠶ᠋ᠢ ᠬᠣᠯᠪᠣᠨ ᠨᠡᠪᠲᠡᠷᠡᠭᠦᠯᠬᠦ᠌ ᠢᠨᠵᠧᠨᠧᠷᠢᠩ᠂ ᠬᠢᠯᠢ ᠠᠯᠤᠰᠯᠠᠭ᠍ᠰᠠᠨ ᠲᠡᠮᠦᠷ ᠵᠠᠮ᠎ᠤᠨ ᠵᠠᠯᠭᠠᠯᠲᠠ + ᠬᠢᠯᠢ᠎ᠵᠢᠨ ᠪᠣᠭᠣᠮᠲᠠ ᠪᠠ ᠵᠠᠩᠭᠢᠯᠠᠭ᠎ᠠ᠎ᠶ᠋ᠢᠨ ᠴᠡᠭ᠎ᠤᠨ ᠬᠣᠲᠠ᠎ᠶ᠋ᠢᠨ ᠭᠠᠷᠠᠮ᠎ᠳᠤ ᠰᠢᠭᠤᠳ ᠬᠦᠷᠬᠦ ᠢᠨᠵᠧᠨᠧᠷᠢᠩ᠂ ᠠᠵᠤ ᠦᠶ᠋ᠯᠡᠰ᠎ᠦᠨ ᠵᠠᠮ ᠵᠢᠭᠤᠯᠴᠢᠯᠠᠯ᠎ᠤᠨ ᠵᠠᠮ ᠡᠬᠢ ᠪᠠᠶᠠᠯᠢᠭ᠎ᠤᠨ ᠵᠠᠮ᠎ᠡᠯᠡᠰᠦ᠎ᠶ᠋ᠢ ᠵᠠᠰᠠᠬᠤ ᠵᠠᠮ᠎ᠢ ᠳᠡᠭᠡᠭ᠌ᠰᠢᠯᠡᠭᠦᠯᠬᠦ᠌ + ᠮᠤᠬᠤᠷ ᠵᠠᠮ᠎ᠢ ᠨᠡᠪᠲᠡᠷᠡᠭᠦᠯᠬᠦ᠌ ᠢᠨᠵᠧᠨᠧᠷᠢᠩ  ᠵᠡᠷᠭᠡ ᠪᠤᠯᠤᠨ᠎ᠠ᠃

《ᠦᠪᠦᠷ ᠮᠤᠨᠭᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ 〈ᠲᠠᠪᠤᠨ ᠶᠡᠬᠡ ᠡᠭᠦᠷᠭᠡ〉᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠎ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ 4 ᠲᠠᠯ᠎ᠠ᠎ᠪᠠᠷ ᠬᠦᠴᠦᠯᠡᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ 〈ᠠᠷᠪᠠᠨ ᠳᠥᠷᠪᠡᠳᠦᠭᠡᠷ ᠲᠠᠪᠤᠨ ᠵᠢᠯ 〉 ᠎ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠵᠦ᠍᠂ 〈ᠠᠷᠪᠠᠨ ᠲᠠᠪᠤᠳᠤᠭᠠᠷ ᠲᠠᠪᠤᠨ ᠵᠢᠯ〉 ᠎ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠳᠦ ᠪᠠᠲᠤ ᠰᠠᠭᠤᠷᠢ ᠲᠠᠯᠪᠢᠵᠤ ᠥᠭ᠌ᠭᠦᠨ᠎ᠡ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号