ᠡᠷᠡᠮᠡᠬᠡᠢᠯᠡᠨ ᠲᠠᠪᠱᠢᠬᠤ ᠬᠦᠴᠦᠨ᠎ᠢ ᠨᠢᠭ᠍ᠲᠠᠷᠠᠭᠤᠯᠵᠤ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ
2025-10-26 11:37:43
ᠵᠣᠬᠢᠶᠠᠭ᠍ᠴᠢ᠄
​ ᠰᠦᠩ ᠱᠤᠸᠠᠩ ᠰᠦᠩ ᠵᠢᠶᠠ ᠯᠢᠦ ᡁᠢ ᠰᠢᠶᠠᠨ ᠸᠠᠩ ᠬᠤᠤ ᠬᠤᠤ ᠵᠢᠶᠠ ᠯᠢ ᠮᠧᠢ ᠭᠠᠩ ᠯᠢ ᠶᠦᠩ ᠲᠤᠤ ᠬᠠᠨ ᠰᠢᠤᠸᠠᠢ ᠷᠦ ᠹᠸᠩ ᠰᠢᠦᠸᠠᠢ ᠢᠦᠢ ᠵᠠᠩ ᠬᠤᠢ ᠯᠢᠩ ᠮᠠ
ᠣᠩᠱᠢᠭ᠍ᠰᠠᠨ ᠣᠳᠠᠭ᠎ᠠ᠄
★★★☆☆

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ

10 ᠰᠠᠷ᠎ᠠ᠎ᠶ᠋ᠢᠨ 20 ᠡᠴᠡ 23 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠪᠡᠭᠡᠵᠢᠩ᠎ᠳᠦ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠡᠴᠡ ᠭᠠᠷᠭᠠᠭ᠍ᠰᠠᠨ ᠠᠯᠢ ᠣᠯᠠᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ᠂ ᠡᠷᠡᠮᠡᠬᠡᠢᠯᠡᠨ ᠤᠷᠤᠭ᠍ᠰᠢᠯᠠᠬᠤ ᠣᠮᠣᠭ ᠲᠡᠭᠦᠯᠳᠡᠷ ᠣᠪᠣᠷ ᠪᠠᠢᠳᠠᠯ᠎ᠢᠶᠠᠷ ᠠᠵᠢᠯ ᠬᠢᠵᠦ᠍ ᠦᠶ᠋ᠯᠡᠰ ᠪᠤᠰᠭᠠᠵᠤ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ᠍ ᠢᠯᠡᠳᠭᠡᠵᠡᠭᠡᠪᠡ᠃

ᠭᠦᠨᠵᠡᠭᠡᠢ ᠰᠤᠷᠤᠯᠴᠠᠨ ᠨᠡᠪᠲᠡᠷᠡᠲᠡᠯ᠎ᠡ ᠤᠢᠯᠠᠭᠠᠵᠤ  ᠰᠦᠷ ᠳᠠᠯᠠᠢᠴᠠᠲᠠᠢ ᠠᠶᠠᠨ᠎ᠦ ᠬᠡᠩᠭᠡᠷᠭᠡ᠎ᠲᠡᠮᠡᠴᠡᠯ᠎ᠤᠨ ᠵᠤᠷᠢᠬ᠎ᠢ ᠬᠦᠪᠴᠢᠯᠡᠨ᠎ᠡ

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠲᠤᠢᠯ᠎ᠤᠨ ᠶᠡᠷᠦ᠍ ᠪᠤᠰᠤ᠎ᠶ᠋ᠢᠨ᠂ ᠲᠤᠢᠯ᠎ᠤᠨ ᠡᠭᠡᠯ ᠪᠤᠰᠤ᠎ᠶ᠋ᠢᠨ ᠶᠤᠮ᠃

《ᠪᠢᠳᠡ ᠣᠯᠠᠨ ᠵᠦᠶ᠋ᠯ᠎ᠦᠨ ᠬᠡᠯᠪᠡᠷᠢ᠎ᠪᠡᠷ ᠲᠠᠮᠵᠢᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠢ ᠵᠣᠬᠢᠶᠠᠨ ᠪᠠᠢᠭᠤᠯᠵᠤ ᠪᠠᠢᠭᠠᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠤᠬᠠᠭᠤᠯᠭ᠎ᠠ᠎ᠶ᠋ᠢᠨ ᠠᠷᠭ᠎ᠠ ᠵᠠᠮ᠎ᠢ ᠠᠱᠢᠭ᠍ᠯᠠᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠠᠵᠢᠯ᠎ᠤᠨ ᠪᠠᠢᠷᠢ᠎ᠳᠠᠭᠠᠨ ᠰᠠᠭᠤᠷᠢᠯᠠᠨ ᠱᠢᠨ᠎ᠡ᠎ᠶ᠋ᠢ ᠡᠭᠦᠳᠴᠦ᠍ ᠪᠣᠳᠠᠲᠠᠶ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠵᠢ ᠵᠤᠷᠢᠬᠵᠢᠭᠤᠯᠵᠦ ᠪᠠᠢᠨ᠎ᠠ 》 ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠳᠠᠷᠤᠭ᠎ᠠ ᠪᠦ᠋ ᠹᠸᠩ ᠢ ᠬᠡᠯᠡᠪᠡ᠃

ᠪᠥᠬᠥᠳᠡ ᠬᠤᠷᠠᠯ᠎ᠡᠴᠡ᠂ ᠤᠤᠭᠠᠯ ᠱᠢᠨ᠎ᠡ ᠡᠬᠥᠲᠥᠯᠲᠡ ᠪᠠ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠠ ᠠᠵᠤ ᠦᠶ᠋ᠯᠡᠰ᠎ᠦᠨ ᠱᠢᠨ᠎ᠡ ᠵᠢ ᠡᠭᠦᠳᠬᠦ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠲᠣᠭᠠᠴᠢᠯᠠᠭ᠍ᠰᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠬᠤ ᠬᠡᠷᠡᠭ᠌ᠲᠡᠶ ᠭᠡᠵᠦ ᠲᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠳ᠋ᠦ᠋ ᠬᠣᠶ ᠯᠢᠶᠠᠩ᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠨ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠪᠡᠷ ᠭᠠᠷᠳᠠᠴᠠ ᠪᠣᠯᠭᠠᠨ᠂ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ᠎ᠶ᠋ᠢᠨ ᠪᠦᠲᠦᠴᠡ᠎ᠳᠦ ᠢᠳᠡᠪᠬᠢᠲᠡᠶ ᠲᠣᠬᠢᠷᠠᠭᠤᠯᠤᠯᠲᠠ ᠬᠢᠵᠦ᠍᠂ ᠴᠢᠳᠠᠪᠤᠷᠢᠲᠠᠨ ᠬᠥᠮᠦᠵᠢᠭᠦᠯᠬᠦ᠌ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠰᠲᠠᠶ ᠲᠣᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ;ᠡᠨᠧᠷᠭᠢ᠂ ᠬᠣᠪᠣᠷ ᠱᠢᠷᠣᠶ᠂ ᠰᠦ᠎ᠶᠢᠨ ᠦᠶ᠋ᠯᠡᠰ ᠵᠡᠷᠭᠡ ᠳᠠᠪᠠᠭᠤᠯᠢᠭ ᠣᠨᠴᠠᠯᠢᠠᠠᠳᠣ ᠠᠵᠤ ᠦᠶ᠋ᠯᠡᠰ᠎ᠦᠨ ᠲᠤᠭᠤᠷᠢᠨ᠎ᠳᠦ ᠴᠢᠳᠠᠪᠤᠷᠢᠲᠠᠨ᠎ᠢ ᠬᠥᠮᠦᠵᠢᠭᠦᠯᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠂ ᠶᠡᠬᠡ ᠳᠡᠭᠡᠳᠦ ᠰᠤᠷᠭᠠᠭᠤᠯᠢ᠎ᠶ᠋ᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠣᠷᠴᠢᠨ ᠨᠦᠬᠦᠴᠡᠯ᠎ᠢ ᠪᠥᠬᠥ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠲᠡᠷᠢᠭᠦᠨ᠎ᠦ ᠱᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ᠌ ᠵᠡᠷᠭᠡ ᠵᠠᠩᠭᠢᠯᠠᠭ᠎ᠠ᠎ᠶ᠋ᠢᠨ ᠬᠦᠷᠢᠶ᠎ᠡ ᠴᠠᠷᠠᠭ᠎ᠠ᠎ᠳᠤ ᠮᠥᠨ ᠴᠢᠨᠠᠷ᠎ᠤᠨ ᠱᠢᠪᠲᠤᠯᠤᠯᠲᠠ᠎ᠲᠠᠶ ᠪᠣᠯᠬᠤ᠎ᠶ᠋ᠢ ᠬᠦᠴᠦᠯᠡᠨ ᠠᠬᠢᠭᠤᠯᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠳᠡᠰ ᠳᠡᠭᠡᠭᠰᠢᠯᠡᠨ ᠲᠠᠰ ᠳᠡᠪᠱᠢᠭᠦ᠎ᠶ᠋ᠢ ᠠᠬᠢᠭᠤᠯᠤᠨ᠂ ᠰᠤᠷᠭᠠᠨ ᠬᠥᠮᠦᠵᠢᠯ᠎ᠦᠨ ᠬᠦᠷᠢᠶ᠎ᠡ ᠴᠠᠷᠠᠭ᠎ᠠ᠎ᠳᠡᠬᠢ 《 ᠠᠷᠪᠠᠨ ᠳᠠᠪᠤᠳᠤᠭᠠᠷ ᠳᠠᠪᠤᠨ ᠵᠢᠯ 》 ᠤ᠋ᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠣᠶᠤᠨ᠎ᠤ ᠲᠤᠯᠭᠠᠭᠤᠷᠢᠯᠠᠯ ᠪᠠ ᠴᠢᠳᠠᠪᠤᠷᠢᠲᠠᠨ᠎ᠤ ᠪᠠᠲᠤᠯᠠᠭ᠎ᠠ ᠬᠠᠩᠭᠠᠨ᠎ᠠ ᠭᠡᠪᠡ᠃

ᠪᠥᠬᠥᠳᠡ ᠬᠤᠷᠠᠯ ᠡᠴᠡ᠂ ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠣᠯᠤᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠨᠠᠩ ᠥᠨᠳᠥᠷ ᠲᠦᠪᠱᠢᠨ ᠪᠥᠬᠥᠶ ᠠᠮᠤᠷ ᠠᠮᠤᠭᠤᠯᠠᠩ ᠳᠤᠮᠳᠠᠳᠤ ᠤᠯᠤᠰ᠎ᠢ ᠪᠥᠲᠥᠭᠡᠨ ᠪᠠᠢᠭᠤᠯᠬᠤ ᠬᠡᠷᠡᠭᠳᠡᠢ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠪᠥᠬᠥ᠌ ᠠᠷᠠᠳ᠎ᠤᠨ ᠴᠠᠭ᠍ᠳᠠᠭ᠎ᠠ᠂ ᠲᠤᠰᠠᠯᠠᠬᠤ ᠴᠠᠭ᠍ᠳᠠᠭ᠎ᠠ ᠨᠠᠷ᠂ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ᠂ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠂ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠵᠡᠷᠭᠡ ᠡᠯ᠎ᠡ ᠵᠦᠶ᠋ᠯ᠎ᠦᠨ ᠠᠵᠢᠯ᠎ᠢ ᠬᠦᠴᠦᠯᠡᠨ ᠰᠠᠢᠲᠤᠷ ᠬᠢᠵᠦ᠍᠂ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠣᠳᠣᠬᠢᠴᠢᠯᠠᠯᠲᠠ᠎ᠶ᠋ᠢ ᠬᠦᠴᠦᠯᠡᠨ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ ᠲᠠᠰᠤᠷᠠᠯᠲᠠ ᠥᠬᠡᠶ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠳᠣᠲᠣᠭᠠᠳᠤ᠎ᠶ᠋ᠢ ᠬᠠᠮᠠᠭᠠᠯᠠᠬᠤ ᠬᠦᠴᠦᠨ᠎ᠢᠶᠡᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠨ᠎ᠡ ᠭᠡᠵᠦ ᠰᠠᠨᠠᠯ ᠨᠢᠭᠡᠲᠡᠶ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠠᠯᠪᠠᠨ ᠬᠡᠷ᠎ᠦᠨ ᠡᠷᠬᠢᠯᠡᠭ᠌ᠴᠢ ᠵᠣᠣ ᠱᠢᠶᠤᠤ ᠫᠢᠩ᠄ 《ᠪᠢᠳᠡ ᠲᠡᠷᠡ ᠬᠡᠪ᠎ᠢᠶᠡᠷ᠎ᠨᠢ ᠰᠤᠷᠤᠯᠴᠠᠵᠤ᠂ ᠥᠰᠥᠭ ᠳᠠᠷᠠᠭᠠᠯᠠᠨ ᠰᠤᠷᠤᠯᠴᠠᠵᠤ᠂ ᠣᠯᠠᠨ ᠬᠡᠯᠪᠡᠷᠢ᠎ᠶ᠋ᠢᠨ᠂ ᠲᠠᠰ ᠳᠠᠪᠬᠤᠷᠭ᠎ᠠ ᠬᠤᠪᠢᠶᠠᠭ᠍ᠰᠠᠨ᠂ ᠪᠦᠬᠦᠨ᠎ᠢ ᠬᠠᠮᠤᠷᠤᠭ᠍ᠰᠠᠨ ᠪᠣᠯᠪᠠᠰᠤᠷᠠᠯ ᠤᠬᠠᠭᠤᠯᠭ᠎ᠠ ᠲᠠᠢᠯᠪᠤᠷᠢᠯᠠᠯᠲᠠ᠎ᠶ᠋ᠢ ᠥᠷᠨᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠬᠤ ᠬᠡᠷᠡᠭ᠌ᠲᠡᠶ; ᠬᠠᠤᠯᠢ ᠴᠠᠭᠠᠵᠠ ᠵᠠᠰᠠᠭ ᠵᠠᠬᠢᠷᠭᠠᠨ᠎ᠤ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠳᠤ ᠰᠠᠭᠤᠷᠢᠯᠠᠨ᠂ ᠬᠠᠤᠯᠢ᠎ᠪᠠᠷ ᠵᠠᠰᠠᠬᠤ᠎ᠶ᠋ᠢᠨ ᠦᠨᠳᠦᠰᠦ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠳᠦ᠍᠎ᠳᠦ ᠠᠱᠢᠭ᠍ᠲᠠᠢ ᠪᠠᠢᠯᠭᠠᠬᠤ ᠪᠠᠲᠤᠯᠠᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ 〈ᠠᠷᠪᠠᠨ ᠲᠠᠪᠤᠳᠤᠭᠠᠷ ᠲᠠᠪᠤᠨ ᠵᠢᠯ〉ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠦᠬᠦ᠌ ᠲᠠᠯ᠎ᠠ᠎ᠪᠠᠷ ᠡᠮᠬᠢᠯᠡᠵᠦ᠍᠂ ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠤᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ》 ᠭᠡᠪᠡ᠃

ᠲᠤᠬᠠᠢᠯᠠᠭᠰᠠᠨ ᠠᠵᠢᠯ᠎ᠳᠠᠭᠠᠨ ᠰᠠᠭᠤᠷᠢᠯᠠᠵᠤ ᠠᠯᠤᠰ᠎ᠤᠨ ᠲᠥᠰᠥᠪ᠎ᠢᠶᠡᠨ ᠵᠢᠷᠤᠭᠯᠠᠵᠤ ᠡᠷᠡᠮᠡᠭᠡᠢᠯᠡᠨ ᠤᠷᠤᠬᠰᠢᠯᠠᠬᠤ ᠡᠷᠴᠢ ᠵᠣᠷᠢᠭ᠋ ᠲᠡᠭᠦᠯᠳᠡᠷ ᠪᠠᠢᠨ᠎ᠠ

ᠪᠦᠬᠦᠳᠡ ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠡᠷᠬᠡᠪᠰᠢ ᠳᠣᠣᠷᠠᠬᠢ ᠵᠠᠷᠴᠢᠮ᠎ᠢ ᠵᠢᠷᠤᠮᠯᠠᠬᠤ ᠭᠡᠷᠡᠭᠲᠡᠢ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ᠂ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠨ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠪᠠᠷᠢᠮᠲᠠᠯᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠴᠢᠷᠮᠠᠢᠯᠠᠭ᠎ᠠ ᠲᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠷᠭᠡᠨ ᠨᠠᠮ᠎ᠤᠨ ᠭᠡᠰᠢᠭᠦᠨ ᠤᠯᠠᠨ ᠺᠠᠳ᠋ᠷ ᠤᠯᠠᠨ ᠲᠦᠮᠡᠨ᠂ ᠡᠨᠡ ᠨᠢ ᠪᠢᠳᠡᠨ᠎ᠦ ᠲᠠᠷᠠᠭᠠᠴᠢ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠵᠢᠯ᠎ᠢ ᠰᠠᠢᠲᠤᠷ ᠬᠢᠬᠦ᠎ᠳᠦ ᠵᠢᠷᠤᠮᠯᠠᠯ ᠬᠠᠩᠭᠠᠵᠤ᠂ ᠴᠢᠭᠯᠡᠯ᠎ᠢ ᠲᠣᠳᠣᠷᠬᠠᠢ ᠵᠢᠭᠠᠵᠤ ᠥᠭᠴᠡᠢ ᠭᠡᠵᠦ ᠰᠠᠨᠠᠯ ᠨᠢᠭᠡᠲᠡᠢ ᠦᠵᠡᠵᠡᠭᠡᠪᠡ᠃

《ᠪᠦᠭᠦᠳᠡ ᠬᠤᠷᠠᠯ ᠡᠴᠡ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠳᠤᠷᠠᠳᠪᠠ》᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠬᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠬᠤ ᠵᠡᠷᠭᠡ ᠠᠵᠢᠯ᠎ᠤᠨ ᠡᠭᠦᠷᠭᠡ᠎ᠶᠢ ᠰᠠᠢᠲᠤᠷ ᠬᠢᠵᠦ᠂ ᠪᠦᠬᠦ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠦ 〈ᠠᠷᠪᠠᠨ ᠲᠠᠪᠤᠳᠤᠭᠠᠷ ᠲᠠᠪᠤᠨ ᠵᠢᠯ〉ᠤ᠋ᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠪᠦᠬᠦ ᠬᠦᠴᠦᠨ᠎ᠢᠶᠡᠷ᠎ᠢᠶᠡᠨ ᠥᠭᠡᠷᠡᠴᠢᠯᠡᠯᠲᠡ᠎ᠶᠢ ᠠᠳᠬᠤᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ᠂ ᠡᠷᠬᠡ ᠠᠰᠢᠭ᠋᠎ᠢ ᠬᠠᠮᠠᠭᠠᠯᠠᠵᠤ᠂ ᠠᠶᠤᠯ ᠲᠦᠭᠰᠢᠭᠦᠷᠢ᠎ᠶᠢ ᠰᠡᠷᠭᠡᠢᠯᠡᠵᠦ᠂ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃

《ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠺᠠᠳ᠋ᠷ ᠪᠣᠯᠤᠭᠰᠠᠨ᠎ᠤ ᠬᠤᠪᠢ᠎ᠳᠤ᠂ ᠶᠡᠬᠡᠳᠡ ᠵᠣᠷᠢᠭ᠍ᠵᠢᠵᠤ᠂ ᠬᠦᠨᠳᠦ ᠬᠠᠷᠢᠭᠤᠴᠠᠯᠭ᠎ᠠ ᠵᠢ ᠡᠭᠦᠷᠭᠡᠯᠡᠵᠦ ᠪᠠᠢᠬᠤ ᠪᠠᠨ ᠭᠦᠨᠵᠡᠭᠡᠢ ᠮᠡᠳᠡᠷᠡᠪᠡ》᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠎ᠦᠨ ᠲᠥᠯᠥᠪᠯᠡᠭᠡ ᠡᠳ᠋᠎ᠦᠨ ᠶᠠᠪᠤᠳᠠᠯ᠎ᠤᠨ ᠭᠠᠵᠠᠷ᠎ᠤᠨ ᠳᠡᠳ᠋ ᠳᠠᠷᠤᠭ᠎ᠠ ᠬᠤᠸᠠᠩ ᠯᠢᠩ ᠱᠦᠸᠸ᠂ ᠲᠤᠬᠠᠢᠯᠠᠭᠰᠠᠨ ᠠᠵᠢᠯ᠎ᠳᠠᠭᠠᠨ ᠰᠠᠭᠤᠷᠢᠯᠠᠨ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠡᠬᠢ《ᠠᠷᠪᠠᠨ ᠲᠠᠪᠤᠳᠤᠭᠠᠷ ᠲᠠᠪᠤᠨ ᠵᠢᠯ》ᠤ᠋ᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠭᠡᠷ ᠭᠠᠵᠠᠷ᠎ᠤᠨ ᠬᠥᠷᠥᠩᠭᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠬᠣᠲᠠ᠎ᠶᠢᠨ ᠰᠢᠨᠡᠴᠢᠯᠡᠯᠲᠡ᠎ᠶᠢᠨ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ᠂ ᠬᠣᠲᠠ ᠬᠥᠳᠡᠭᠡ᠎ᠶᠢᠨ ᠰᠠᠭᠤᠷᠢ ᠲᠥᠬᠦᠭᠡᠷᠦᠮᠵᠢ᠎ᠶᠢᠨ ᠪᠠᠲᠤᠯᠠᠭ᠎ᠠ᠎ᠶᠢᠨ ᠲᠦᠪᠰᠢᠨ ᠪᠠ ᠠᠮᠤᠷ ᠲᠦᠪᠰᠢᠨ᠎ᠦ ᠤᠶᠠᠨ ᠬᠠᠲᠠᠨ ᠴᠢᠨᠠᠷ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠤᠨ᠎ᠠ ᠭᠡᠵᠡᠢ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠵᠠᠩᠭᠢᠯᠠᠭ᠎ᠠ᠎ᠶᠢᠨ ᠲᠠᠪᠤᠨ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠺᠠᠳ᠋ᠷ ᠠᠵᠢᠯᠲᠠᠨ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠦᠨ ᠴᠢᠬᠤᠯᠠ ᠰᠠᠭᠤᠷᠢᠨ᠎ᠢ ᠪᠠᠢᠭᠤᠯᠵᠤ᠂ ᠭᠠᠷᠤᠯᠲᠠ ᠪᠠ ᠦᠢᠯᠡᠳᠪᠦᠷᠢᠯᠡᠯ᠎ᠦᠨ ᠴᠢᠳᠠᠪᠤᠷᠢ᠂ ᠦᠢᠯᠡᠳᠪᠦᠷᠢᠯᠡᠯ᠎ᠦᠨ ᠠᠮᠢ ᠠᠬᠤᠢ᠂ ᠭᠠᠷᠤᠯᠲᠠ ᠪᠠ ᠣᠷᠣᠯᠭ᠎ᠠ᠎ᠶᠢᠨ ᠨᠡᠮᠡᠭᠳᠡᠯ᠎ᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠨ᠂ ᠬᠠᠩᠭᠠᠯᠭ᠎ᠠ ᠵᠢᠨ ᠪᠠᠲᠤᠯᠠᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠣᠨᠣᠭ ᠲᠥᠬᠦᠭᠡᠷᠦᠮᠵᠢ᠂ ᠡᠵᠡᠩᠨᠡᠯᠲᠡ᠎ᠶᠢᠨ ᠰᠢᠰᠲᠧᠮ᠂ ᠠᠵᠤ ᠦᠢᠯᠡᠰ᠎ᠦᠨ ᠤᠶᠠᠨ ᠬᠠᠲᠠᠨ ᠴᠢᠨᠠᠷ᠂ ᠪᠣᠬᠢᠷᠲᠤᠯ ᠦᠭᠡᠢ ᠬᠥᠭᠵᠢᠯᠲᠡ᠂ ᠲᠦᠷᠦᠯ ᠲᠡᠮᠲᠡᠭ᠎ᠢ ᠭᠠᠳᠠᠭ᠍ᠰᠢ ᠭᠠᠷᠭᠠᠬᠤ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠥᠪᠥᠷ ᠮᠣᠩᠭᠣᠯ᠎ᠢ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ ᠪᠣᠯᠭᠠᠨ ᠪᠦᠲᠦᠭᠡᠨ ᠪᠠᠢᠭᠤᠯᠤᠨ᠎ᠠ᠃ ᠬᠣᠲᠠ ᠬᠥᠳᠡᠭᠡ᠎ᠶᠢᠨ ᠠᠭᠤᠰᠤᠯᠴᠠᠨ ᠬᠥᠭᠵᠢᠬᠦ᠎ᠶᠢ ᠦᠷᠭᠦᠯᠵᠢᠯᠡᠨ ᠠᠬᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠡᠴᠡ᠎ᠶᠢ ᠪᠦᠷᠢᠨᠰᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠣᠲᠣ᠌ ᠦᠶ᠎ᠡ᠎ᠶᠢᠨ ᠠᠮᠢᠳᠤᠷᠠᠯ᠎ᠤᠨ ᠨᠥᠬᠥᠴᠡᠯ᠎ᠢ ᠦᠨᠳᠦᠰᠦᠨ ᠳ᠋ᠡᠭᠡᠨ ᠪᠦᠷᠢᠯᠳᠦᠭᠦᠯᠬᠦ᠎ᠶᠢ ᠠᠬᠢᠭᠤᠯᠵᠤ᠂ ᠠᠵᠢᠯᠯᠠᠵᠤ ᠠᠮᠢᠳᠤᠷᠠᠬᠤ ᠳ᠋ᠤ ᠲᠤᠬᠢᠲᠠᠢ ᠪᠠ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢᠨ ᠲᠣᠭᠲᠠᠭᠤᠨ᠎ᠢᠶᠠᠷ ᠳᠡᠭᠡᠭᠰᠢᠯᠡᠬᠦ᠎ᠶᠢ ᠠᠬᠢᠭᠤᠯᠤᠨ᠎ᠠ ᠭᠡᠵᠦ ᠢᠯᠡᠳᠭᠡᠵᠡᠭᠡᠪᠡ᠃

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ ᠡᠷᠴᠢ ᠬᠦᠪᠴᠢᠯᠡᠨ ᠡᠷᠡᠯᠬᠡᠭᠯᠡᠨ ᠤᠷᠤᠭᠰᠢᠯᠠᠵᠤ ᠨᠠᠢᠳᠠᠪᠤᠷᠢᠵᠢᠭᠤᠯᠤᠯᠲᠠ᠎ᠶᠢ ᠠᠳᠬᠤᠨ᠎ᠠ

ᠪᠥᠬᠥᠳᠡ ᠬᠤᠷᠠᠯ᠎ᠡᠴᠡ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠦᠯᠬᠦᠮᠳᠡᠵᠡᠭᠡᠵᠦ《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠦᠪᠵᠢᠭᠦᠯᠭᠡ᠎ᠶᠢ ᠪᠡᠶᠡᠯᠡᠭᠦᠯᠬᠦ᠎ᠶᠢᠨ ᠲᠥᠯᠥᠭᠡ ᠲᠡᠮᠡᠴᠡᠬᠦ ᠬᠡᠷᠡᠭᠲᠡᠢ ᠭᠡᠵᠤ ᠴᠢᠬᠤᠯᠠᠴᠢᠯᠠᠪᠠ᠃ ᠥᠷᠭᠡᠨ ᠤᠯᠠᠨ ᠺᠠᠳ᠋ᠷᠴᠤᠳ ᠶᠡᠬᠡᠳᠡ ᠵᠣᠷᠢᠭ᠍ᠵᠢᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠦᠨᠡᠨ ᠬᠦ᠌ ᠰᠠᠢᠲᠤᠷ ᠠᠳᠬᠤᠵᠤ᠂ ᠪᠤᠤᠬᠢᠶ᠎ᠡ ᠳᠠᠮᠵᠢᠭᠤᠯᠤᠨ ᠴᠢᠷᠮᠠᠢᠨ ᠠᠵᠢᠯᠯᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠢᠢ ᠰᠢᠶᠣᠣ ᠴᠢᠩ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠠᠭᠠᠨᠮᠥ᠋ᠴᠢᠷ ᠵᠡᠷᠭᠡ ᠰᠣᠶᠣᠯ᠎ᠤᠨ ᠡᠩᠨᠡᠭᠡ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠬᠡᠯᠪᠡᠷᠢ᠎ᠪᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠠᠵᠤ ᠠᠬᠤᠢᠯᠠᠯ᠂ ᠬᠥᠳᠡᠭᠡ ᠲᠣᠰᠬᠣᠨ᠂ ᠪᠠᠢᠭᠤᠯᠭ᠎ᠠ᠂ ᠰᠤᠷᠭᠠᠭᠤᠯᠢ᠎ᠶᠢᠨ ᠬᠦᠷᠢᠶ᠎ᠡ᠂ ᠨᠡᠢᠭᠡᠮ ᠲᠣᠭᠣᠷᠢᠭ᠋᠎ᠲᠤ ᠣᠷᠣᠭᠤᠯᠬᠤ᠎ᠶᠢ ᠠᠬᠢᠭᠤᠯᠤᠨ᠎ᠠ᠃ ᠡᠭᠦᠨ᠎ᠦ ᠬᠠᠮᠲᠤ᠂ ᠨᠢᠭᠡ ᠪᠦᠯᠦᠭ ᠬᠦᠳᠦᠯᠦᠨ ᠳᠠᠭᠠᠭᠤᠯᠬᠤ ᠴᠢᠨᠠᠷᠲᠠᠢ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠷᠥᠯ ᠵᠦᠢᠯ᠂ ᠴᠢᠬᠤᠯᠠ ᠶᠡᠬᠡ ᠲᠥᠷᠥ᠎ᠶᠢᠨ ᠪᠣᠳᠣᠯᠭ᠎ᠠ᠎ᠶᠢ ᠨᠠᠷᠢᠨ ᠨᠢᠮᠪᠠᠢ ᠲᠥᠯᠥᠪᠯᠡᠨ᠎ᠡ᠃ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠡᠭᠦᠷᠭᠡ᠎ᠶᠢᠨ ᠨᠠᠷᠢᠨ ᠲᠠᠩᠰᠠ᠎ᠶᠢ ᠨᠠᠷᠢᠯᠢᠭ᠍ᠵᠢᠭᠤᠯᠵᠤ᠂ ᠮᠥᠷᠳᠡᠨ ᠳᠠᠭᠠᠵᠤ ᠦᠷ᠎ᠡ ᠪᠦᠲᠦᠮᠵᠢ᠎ᠶᠢ ᠠᠰᠠᠭᠤᠬᠤ᠎ᠶᠢ ᠴᠢᠩᠭᠠᠳᠬᠠᠵᠤ᠂ ᠪᠦᠬᠦᠳᠡ ᠬᠤᠷᠠᠯ᠎ᠡᠴᠡ ᠲᠣᠭᠲᠠᠭᠠᠭᠰᠠᠨ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠵᠤᠷᠪᠤᠰ ᠵᠤᠷᠪᠤᠰ᠎ᠢᠶᠠᠷ ᠨᠠᠢᠳᠠᠪᠤᠷᠢᠵᠢᠭᠤᠯᠵᠤ᠂ ᠵᠦᠢᠯ ᠵᠦᠢᠯ᠎ᠢᠶᠡᠷ ᠪᠤᠲᠠᠲᠠᠢᠵᠢᠭᠤᠯᠤᠨ᠂ ᠶᠠᠪᠤᠳᠠᠯ ᠪᠦᠬᠦᠨ᠎ᠳᠦ ᠦᠷ᠎ᠡ ᠪᠦᠲᠦᠮᠵᠢ ᠣᠯᠬᠤ᠎ᠶᠢ ᠪᠠᠲᠤᠯᠠᠵᠤ᠂ ᠰᠣᠶᠣᠯ᠎ᠢᠶᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ᠎ᠢᠶᠠᠷ ᠰᠤᠶᠤᠯ᠎ᠢ ᠲᠤᠪᠤᠢ᠍ᠢᠯᠭᠠᠬᠤ᠎ᠶᠢ ᠦᠨᠡᠨ ᠬᠦ᠌ ᠠᠬᠢᠭᠤᠯᠵᠤ᠂ ᠣᠷᠣᠨ ᠨᠤᠲᠤᠭ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠬᠦ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠤᠶᠤᠨ᠎ᠤ ᠰᠣᠶᠣᠯ᠎ᠤᠨ ᠬᠡᠷᠡᠭᠴᠡᠭᠡ᠎ᠶᠢ ᠬᠠᠩᠭᠠᠬᠤ᠎ᠳᠤ ᠰᠣᠶᠣᠯ ᠵᠢᠭᠤᠯᠴᠢᠯᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠳᠡᠳ᠋ ᠳᠠᠷᠤᠭ᠎ᠠ ᠦ᠋ ᠭᠦᠸᠧ ᠴᠢᠩ᠄ 《ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠡ ᠵᠢᠨ〈ᠤᠮᠠᠷᠠᠲᠤ᠎ᠶᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠨᠠᠢᠳᠠᠪᠤᠷᠢᠵᠢᠭᠤᠯᠵᠤ᠂ 〈ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ〉 ᠪᠣᠯᠣᠨ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ 2027 ᠣᠨ᠎ᠤ ᠵᠢᠯ᠎ᠦᠨ ᠰᠡᠭᠦᠯᠴᠢ᠎ᠡᠴᠡ ᠡᠮᠦᠨ᠎ᠡ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠭᠣᠣᠯ ᠴᠣᠭᠴᠠ᠎ᠶᠢᠨ ᠡᠭᠦᠷᠭᠡ᠎ᠶᠢ ᠦᠨᠳᠦᠰᠦᠨ᠎ᠳᠡᠭᠡᠨ ᠪᠡᠶᠡᠯᠡᠭᠦᠯᠦᠨ᠎ᠡ;2030 ᠣᠨ᠎ᠤ ᠵᠢᠯ᠎ᠦᠨ ᠰᠡᠭᠦᠯᠴᠢ᠎ᠡᠴᠡ ᠡᠮᠦᠨ᠎ᠡ〈ᠤᠮᠠᠷᠠᠲᠦ ᠵᠢᠨ ᠭᠤᠷᠪᠠᠨ ᠤᠷᠤᠨ〉 ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠦᠪᠵᠢᠭᠦᠯᠭᠡ᠎ᠶᠢᠨ ᠡᠭᠦᠷᠭᠡ᠎ᠶᠢ ᠪᠦᠬᠦ ᠲᠠᠯ᠎ᠠ᠎ᠪᠠᠷ ᠪᠡᠶᠡᠯᠡᠭᠦᠯᠵᠦ᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠰᠢᠢᠳᠪᠦᠷᠢᠲᠦ ᠴᠢᠨᠠᠷᠲᠠᠢ ᠢᠯᠠᠯᠲᠠ ᠵᠢ ᠣᠯᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠲᠦᠮᠡᠨ ᠭᠠᠵᠠᠷ᠎ᠤᠨ ᠠᠮᠢ ᠠᠬᠤᠢ ᠵᠢᠨ ᠴᠠᠭᠠᠨ ᠬᠡᠷᠡᠮ᠎ᠢ ᠨᠡᠩ ᠪᠠᠲᠤ ᠪᠡᠬᠢ ᠪᠠᠶ᠋ᠢᠭᠤᠯᠬᠤ᠎ᠪᠠᠷ ᠴᠢᠷᠮᠠᠢᠨ᠎ᠠ》 ᠭᠡᠵᠦ ᠬᠡᠯᠡᠪᠡ᠃

ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭᠴᠢ ᠵᠠᠩ ᠬᠤᠶ ᠢᠦᠢ᠂ ᠪᠦᠬᠦ ᠤᠷᠤᠨ᠎ᠤ ᠠᠵᠢᠯᠴᠢᠨ᠎ᠤ ᠡᠪᠯᠡᠯ᠎ᠦᠨ ᠰᠢᠰᠲᠧᠮ᠎ᠦᠨ ᠬᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠠᠵᠢᠯᠲᠠᠨ ᠠᠵᠢᠯᠴᠢᠨ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠠᠮ᠎ᠤᠨ ᠠᠴᠢ᠎ᠶᠢ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠦ᠂ ᠨᠠᠮ᠎ᠢᠶᠠᠨ ᠳᠠᠭᠠᠨ ᠤᠷᠤᠭᠰᠢᠯᠠᠨ᠎ᠠ;ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠬᠠᠷᠠᠯᠲᠠ ᠪᠣᠯᠭᠠᠵᠤ᠂ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠬᠠᠯᠠᠭᠤᠨ ᠰᠡᠳᠬᠢᠯᠭᠡ᠎ᠶᠢ ᠬᠥᠭᠵᠢᠭᠡᠨ᠎ᠡ;《ᠠᠵᠢᠯᠴᠢᠨ᠎ᠤ ᠡᠪᠯᠡᠯ ᠠᠵᠢᠯ ᠣᠯᠭᠣᠯᠲᠠ᠎ᠶᠢ ᠬᠠᠪᠰᠤᠷᠬᠤ》 ᠵᠡᠷᠭᠡ ᠲᠥᠷᠥᠯ ᠲᠡᠮᠳᠡᠭ᠎ᠤᠨ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠠᠵᠢᠯᠲᠠᠨ ᠠᠵᠢᠯᠴᠢᠨ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠨ᠎ᠡ ᠭᠡᠵᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号