ᠪᠤᠤ ᠭᠠᠩ ᠬᠤᠷᠠᠯ᠎ᠢ ᠡᠷᠬᠢᠯᠡᠵᠡᠢ
10 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
ᠬᠤᠷᠠᠯ ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠳᠦ ᠬᠤᠷᠠᠯᠳᠤᠭᠤᠯᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠰᠠᠢᠲᠤᠷ ᠤᠬᠠᠭᠤᠯᠵᠤ ᠰᠠᠢᠲᠤᠷ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠮᠥᠨ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂《ᠳᠥᠷᠪᠡᠨ ᠤᠬᠠᠮᠰᠠᠷ》 ᠢ᠋ᠶ᠋ᠡᠨ ᠴᠢᠩᠭᠠᠳᠭᠠᠵᠤ᠂ 《ᠳᠥᠷᠪᠡᠨ ᠢᠲᠡᠭᠡᠯ》 ᠢ᠋ᠶ᠋ᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠠᠭᠠᠭᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠢᠯᠡᠰ᠎ᠦᠨ ᠱᠢᠨ᠎ᠡ ᠦᠷ᠎ᠡ ᠪᠦᠲᠦᠮᠵᠢ ᠣᠯᠬᠤ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ᠃ 《ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠰᠠᠨᠠᠭᠤᠯᠭ᠎ᠠ》 ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠦᠨᠳᠦᠰᠦᠨ ᠪᠠᠲᠤᠯᠠᠭ᠎ᠠ᠎ᠶ᠋ᠢ ᠪᠠᠲᠤ ᠡᠵᠡᠮᠱᠢᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠤᠬᠠᠮᠰᠠᠷ᠎ᠢ ᠪᠠᠲᠤ ᠴᠤᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭᠠᠵᠤ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠣᠨ᠎ᠤ 《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ ᠪᠣᠯᠤᠨ ᠡᠯ᠎ᠡ ᠬᠦᠷᠢᠶᠡᠨ᠎ᠦ ᠲᠤᠰᠭᠠᠶ ᠵᠦᠶ᠋ᠯ᠎ᠦᠨ ᠲᠥᠯᠥᠪᠵᠢᠭᠦᠯᠭᠡ᠎ᠶ᠋ᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠲᠦᠯᠦᠪᠵᠢᠬᠦᠯᠭᠡ ᠵᠢ ᠨᠠᠢᠷᠠᠭᠤᠯᠤᠨ ᠵᠤᠬᠢᠶᠠᠬᠤ ᠴᠢᠨᠠᠷ ᠴᠢᠠᠰᠠᠭ᠎ᠠ ᠵᠢ ᠪᠦᠬᠦ ᠳᠠᠯ᠎ᠠ ᠪᠡᠷ ᠳᠡᠭᠡᠭᠰᠢᠯᠡᠬᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠵᠢᠯ᠎ᠦᠨ ᠡᠴᠦᠰ ᠪᠣᠯᠲᠠᠯ᠎ᠠ ᠬᠣᠶᠠᠷᠬᠠᠨ ᠰᠠᠷ᠎ᠠ ᠦᠯᠡᠳᠡᠵᠦ᠍ ᠪᠤᠢ᠂ ᠠᠰᠠᠭᠤᠳᠠᠯ᠎ᠤᠨ ᠵᠠᠩᠭᠢᠯᠠᠭ᠎ᠠ᠎ᠶ᠋ᠢ ᠣᠨᠣᠪᠴᠢᠲᠠᠢ ᠣᠯᠵᠤ᠂ ᠠᠵᠤ ᠠᠬᠤᠢ᠎ᠶ᠋ᠢᠨ ᠡᠷᠭᠢᠯᠲᠡ᠎ᠶ᠋ᠢᠨ ᠲᠤᠬᠢᠷᠠᠭᠤᠯᠤᠯᠳᠠ᠎ᠶ᠋ᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠪᠠ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠠᠢᠮᠠᠭ ᠬᠤᠳᠠ᠎ᠶ᠋ᠢ ᠦᠨᠡᠨ ᠬᠦ᠌ ᠬᠠᠪᠰᠤᠷᠤᠨ ᠬᠦᠴᠢᠷᠳᠡᠯ᠎ᠢ ᠨᠢ ᠱᠢᠢᠳᠪᠦᠷᠢᠯᠡᠨ ᠥᠭ᠌ᠴᠦ᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠰᠠᠢᠲᠤᠷ ᠠᠳᠭᠤᠵᠤ᠂ ᠶᠡᠬᠡ ᠳᠡᠭᠡᠳᠦ ᠰᠤᠷᠭᠠᠭᠤᠯᠢ᠎ᠡᠴᠡ ᠲᠡᠭᠦᠰᠦᠭ᠌ᠰᠡᠳ᠂ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ ᠵᠡᠷᠭᠡ ᠭᠣᠣᠯᠳᠠᠯᠭ᠎ᠠ᠎ᠲᠠᠶ ᠬᠥᠮᠦᠰ᠎ᠤᠨ ᠠᠵᠢᠯ ᠣᠯᠭᠣᠯᠲᠠ ᠵᠢ ᠵᠢᠯᠤᠭᠤᠳᠬᠤ ᠬᠠᠪᠰᠤᠷᠤᠨ ᠲᠡᠳᠬᠦᠬᠦ᠎ᠶ᠋ᠢ ᠴᠢᠩᠭᠠᠳᠭᠠᠵᠤ᠂ ᠳᠤᠯᠠᠭᠠᠯᠠᠭ᠎ᠠ ᠬᠠᠩᠭᠠᠬᠤ᠂ ᠭᠠᠮᠱᠢᠭ᠎ᠤᠨ ᠳᠠᠷᠠᠭᠠᠬᠢ ᠰᠡᠷᠭᠦᠭᠡᠵᠦ᠍ ᠲᠠᠬᠢᠨ ᠪᠦᠳᠦᠭᠡᠨ ᠪᠠᠢᠭᠤᠯᠬᠤ᠂ ᠭᠠᠮᠱᠢᠭ᠍ᠳᠠᠭ᠍ᠰᠠᠨ ᠤᠯᠠᠨ ᠲᠦᠮᠡᠨ᠎ᠢ ᠲᠥᠪᠬᠢᠨᠡᠭᠦᠯᠬᠦ᠌ ᠪᠠ ᠠᠮᠢᠳᠤᠷᠠᠯ᠎ᠢ ᠨᠢ ᠪᠠᠲᠤᠯᠠᠬᠤ ᠵᠡᠷᠭᠡ ᠠᠵᠢᠯ᠎ᠢ ᠰᠠᠢᠲᠤᠷ ᠬᠢᠵᠦ᠍᠂ ᠤᠯᠠᠨ ᠲᠦᠮᠡᠨ᠎ᠢ ᠬᠠᠯᠠᠭᠤᠨ ᠳᠤᠯᠠᠭᠠᠬᠠᠨ ᠡᠪᠦᠯᠵᠢᠭᠦᠯᠬᠦ᠌ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ ᠪᠣᠯᠤᠨ ᠲᠣᠭ᠍ᠲᠠᠭᠤᠨ᠎ᠢ ᠬᠠᠮᠠᠭᠠᠯᠠᠬᠤ ᠠᠵᠢᠯ᠎ᠢ ᠰᠠᠢᠲᠤᠷ ᠬᠢᠵᠦ᠍᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠠᠭᠤᠷᠬᠠᠢ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠪᠠᠷᠢᠯᠭ᠎ᠠ᠎ᠶ᠋ᠢᠨ ᠠᠵᠢᠯ᠂ ᠵᠤᠭ᠎ᠠ ᠴᠡᠨᠭᠬᠡᠭᠦᠨᠤ ᠭᠠᠵᠠᠷ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ ᠭᠡᠮ ᠰᠣᠭᠣᠭ᠎ᠢ ᠵᠠᠰᠠᠬᠤ᠎ᠶ᠋ᠢ ᠴᠢᠩᠭᠠᠳᠭᠠᠵᠤ᠂ ᠵᠥᠷᠢᠴᠡᠯ ᠵᠠᠭᠤᠷᠠᠯᠳᠤᠭᠠᠨ᠎ᠢ ᠭᠦᠨᠵᠡᠭᠡᠢ ᠪᠠᠢᠴᠠᠭᠠᠨ ᠱᠢᠢᠳᠪᠦᠷᠢᠯᠡᠵᠦ᠍᠂ ᠨᠡᠢᠭᠡᠮ᠎ᠦᠨ ᠠᠮᠤᠷ᠎ᠢ ᠬᠠᠮᠠᠭᠠᠯᠠᠬᠤ ᠲᠠᠯ᠎ᠡ ᠪᠡᠷ ᠬᠢ ᠪᠦᠬᠦᠯᠢ ᠴᠣᠭ᠍ᠴᠠ᠎ᠶ᠋ᠢᠨ ᠰᠡᠷᠭᠡᠢᠯᠡᠨ ᠡᠵᠡᠮᠳᠡᠬᠦ᠌ ᠠᠵᠢᠯ᠎ᠢ ᠴᠢᠩᠭᠠᠳᠭᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ ᠪᠠᠰᠠ 《ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭ᠌ᠵᠢᠭᠦᠯᠬᠦ᠌ ᠰᠠᠨᠠᠯ》 ᠢ᠋ ᠰᠤᠳᠤᠯᠵᠠᠢ᠃