《ᠤᠷᠳᠤᠰ ᠬᠤᠲᠠ ᠢ᠋ᠢᠨ ᠪᠠᠢᠴᠠᠭᠠᠬᠤ ᠠᠵᠢᠯ᠎ᠤᠨ ᠴᠢᠳᠠᠪᠤᠷᠢᠲᠠᠨ》 ᠬᠦᠴᠦᠨ ᠤᠯᠭᠤᠵᠦ ᠬᠡᠷᠡᠭ ᠨᠢᠭᠡᠪᠦᠷᠢ᠎ᠶᠢ ᠴᠢᠨᠠᠷ᠎ᠰᠠᠢᠳᠠᠢ ᠦᠨᠳᠦᠷ ᠪᠦᠲᠦᠮᠵᠢᠲᠠᠢ ᠰᠢᠢᠳᠪᠦᠷᠢᠯᠡᠨ᠎ᠡ
2025-10-27 09:29:54
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

《ᠡᠴᠤᠰ ᠲᠤᠨᠢ ᠲᠤᠯᠲᠠᠯ᠎ᠠ ᠤᠬᠤᠴᠢᠯᠠᠨ ᠠᠰᠠᠭᠤᠬᠤ》 ᠵᠤᠷᠢᠬ ᠢ᠋ᠢᠡᠷ᠂ ᠬᠡᠷᠡᠭ ᠰᠢᠢᠳᠪᠦᠷᠢᠯᠡᠬᠦ ᠤᠷ᠎ᠠ ᠳᠡᠮ᠎ᠢ ᠪᠣᠯᠪᠠᠰᠤᠷᠠᠩᠭᠤᠢ ᠡᠵᠡᠮᠰᠢᠵᠦ᠂ ᠪᠦᠯᠬᠦᠮ᠎ᠦᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠪᠣᠯᠵᠠᠢ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠪᠠᠢᠴᠠᠭᠠᠨ ᠰᠤᠳᠤᠯᠤᠯᠲᠠ᠎ᠶᠢᠨ ᠭᠣᠣᠯᠯᠠᠭ᠍ᠴᠢ ᠴᠢᠳᠠᠪᠤᠷᠢᠲᠠᠨ᠎ᠤ ᠬᠦᠮᠦᠷᠭᠡ᠎ᠳᠤ ᠰᠤᠩᠭᠤᠬᠲᠠᠵᠦ᠂ 《ᠰᠢ᠎ᠶᠢᠨ ᠫᠢᠩ ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠢ᠋ᠢᠨ ᠬᠣᠰᠢᠭᠤ ᠲᠤᠭᠤᠷᠢᠭ᠎ᠤᠨ ᠪᠠᠢᠴᠠᠭᠠᠬᠤ ᠪᠠᠢᠭᠤᠯᠭ᠎ᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠦᠷᠦᠯ᠎ᠦᠨ ᠬᠠᠤᠯᠢ ᠡᠴᠡ ᠵᠥᠷᠢᠴᠡᠭᠰᠡᠨ ᠶᠠᠯᠠᠲᠤ ᠬᠡᠷᠡᠭ᠎ᠢ ᠰᠢᠢᠳᠪᠦᠷᠢᠯᠡᠬᠦ ᠎ᠳᠤ ᠦᠭᠭᠦᠭᠰᠡᠨ ᠰᠡᠩᠬᠡᠷᠡᠭᠦᠯᠦᠯ᠎ᠦᠨ ᠰᠤᠳᠤᠯᠭᠠᠨ》 ᠨᠢ 《ᠠᠷᠪᠠᠨ ᠨᠠᠢ᠍ᠮᠠᠳᠤᠭᠠᠷ ᠬᠤᠭᠤᠴᠠᠭᠠᠨ᠎ᠤ ᠪᠦᠸᠸᠬᠠᠢ ᠲᠠᠩᠭᠢᠰ᠎ᠢ ᠲᠣᠭᠣᠷᠢᠭ᠍ᠰᠠᠨ ᠣᠷᠣᠨ᠎ᠤ ᠬᠠᠤᠯᠢ ᠪᠡᠷ ᠵᠠᠰᠠᠬᠤ ᠶᠠᠷᠢᠶᠠᠨ᠎ᠤ ᠲᠠᠪᠴᠠᠩ》 ᠤ᠋ᠨ ᠥᠭᠦᠯᠡᠯ᠎ᠦᠨ ᠭᠤᠷᠪᠠᠳᠤᠭᠠᠷ ᠳᠡᠰ᠎ᠤᠨ ᠱᠠᠩᠨᠠᠯ᠎ᠢ ᠬᠦᠷᠲᠡᠵᠦ᠂ ᠦᠨᠳᠦᠰᠦᠨ ᠱᠠᠲᠤᠨ᠎ᠤ ᠪᠠᠢᠴᠠᠭᠠᠬᠤ ᠪᠠᠢᠭᠤᠯᠭ᠎ᠠ᠎ᠶᠢᠨ ᠠᠳᠠᠯᠢ ᠲᠥᠷᠥᠯ᠎ᠦᠨ ᠬᠡᠷᠡᠭ᠎ᠢ ᠰᠢᠢᠳᠪᠦᠷᠢᠯᠡᠬᠦ᠎ᠳᠦ ᠠᠰᠢᠭ᠍ᠲᠠᠢ ᠯᠠᠪᠯᠠᠯᠲᠠ ᠬᠠᠩᠭᠠᠪᠠ ᠁ ᠣᠷᠳᠣᠰ ᠬᠣᠲᠠ᠎ᠶᠢᠨ ᠣᠲᠣᠭ᠎ᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠪᠠᠢᠴᠠᠭᠠᠬᠤ ᠲᠤᠰᠢᠶᠠᠯᠲᠠᠨ ᡁᠢ ᠵᠢᠶᠠ ᠶᠣᠣ᠎ᠶᠢᠨ ᠦᠰᠦᠨ ᠪᠣᠢᠵᠢᠭ᠍ᠰᠠᠨ ᠵᠠᠮ ᠮᠥᠷ ᠪᠣᠯ ᠣᠷᠳᠣᠰ ᠬᠣᠲᠠ᠎ᠶᠢᠨ ᠪᠠᠢᠴᠠᠭᠠᠬᠤ ᠪᠠᠢᠭᠤᠯᠭ᠎ᠠ᠎ᠶᠢᠨ 《ᠶᠡᠷᠦᠩᠬᠡᠢ ᠰᠠᠯᠠᠭᠠᠨ᠎ᠤ ᠪᠠᠢᠴᠠᠭᠠᠬᠤ ᠲᠤᠰᠢᠶᠠᠯᠲᠠᠨ》᠎ᠢ᠋ ᠬᠥᠮᠥᠵᠢᠭᠦᠯᠦᠭᠰᠡᠨ ᠦᠷ᠎ᠡ ᠪᠦᠲᠦᠭᠡᠯ᠎ᠦᠨ ᠢᠯᠡᠷᠡᠯ ᠮᠥᠨ᠂ ᠪᠠᠰᠠ ᠴᠤ᠌ ᠲᠣᠰ ᠬᠣᠲᠠ᠎ᠶᠢᠨ ᠪᠠᠢᠴᠠᠭᠠᠬᠤ ᠪᠠᠢᠭᠤᠯᠭ᠎ᠠ᠎ᠶᠢᠨ 《ᠣᠷᠳᠣᠰ ᠬᠤᠲᠠ ᠢ᠋ᠢᠨ ᠪᠠᠢᠴᠠᠭᠠᠬᠤ ᠠᠵᠢᠯ᠎ᠤᠨ ᠴᠢᠳᠠᠪᠤᠷᠢᠲᠠᠨ》 ᠢ᠋ ᠴᠤᠬᠴᠠᠯᠠᠬᠰᠠᠨ ᠬᠤᠷᠢᠶᠠᠩᠭᠤᠢ ᠳᠦᠷᠰᠦ ᠮᠥᠨ᠃

2023 ᠣᠨ᠎ᠳᠤ᠂ ᠣᠷᠳᠣᠰ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠎ᠵᠢᠨ ᠬᠢᠨ 《ᠣᠷᠳᠣᠰ ᠬᠤᠲᠠ ᠢ᠋ᠢᠨ ᠪᠠᠢᠴᠠᠭᠠᠬᠤ ᠠᠵᠢᠯ᠎ᠤᠨ ᠴᠢᠳᠠᠪᠤᠷᠢᠲᠠᠨ》 ᠤ᠋ ᠴᠢᠳᠠᠪᠤᠷᠢᠲᠠᠨ᠎ᠢ ᠬᠥᠮᠥᠵᠢᠭᠦᠯᠬᠦ ᠢᠨᠵᠧᠨᠧᠷᠢᠩ᠎ᠢ ᠡᠬᠢᠯᠡᠭᠦᠯᠵᠦ᠂ 《ᠣᠢᠷ᠎ᠠ᠎ᠶᠢᠨ ᠬᠤᠭᠤᠴᠠᠭᠠᠨ᠎ᠳᠤ ᠡᠬᠢᠯᠡᠨ ᠬᠡᠷᠡᠭᠵᠢᠭᠦᠯᠬᠦ᠂ ᠳᠤᠮᠳᠠ ᠬᠤᠭᠤᠴᠠᠭᠠᠨ᠎ᠳᠤ ᠴᠢᠩᠭᠠᠳᠬᠠᠬᠤ᠂ ᠤᠷᠳᠤ ᠬᠤᠭᠤᠴᠠᠭᠠᠨ᠎ᠳᠤ ᠨᠥᠭᠡᠴᠡᠯᠡᠬᠦ》 ᠶᠡᠷᠦᠩᠬᠡᠢ ᠰᠡᠳᠬᠢᠴᠡ᠎ᠪᠡᠷ᠂ ᠲᠡᠰ ᠳᠠᠪᠬᠤᠷᠭ᠎ᠠ ᠥᠨᠳᠥᠷ᠂ ᠵᠠᠯᠠᠭᠤᠵᠢᠬᠰᠠᠨ᠂ ᠴᠢᠳᠠᠪᠤᠷᠢ ᠴᠢᠩᠭ᠎ᠠ᠂ ᠳᠠᠯᠳᠠ ᠬᠦᠴᠦᠨ᠎ᠢᠶᠡᠷ ᠶᠡᠬᠡ ᠪᠡᠷ ᠪᠠᠷᠢᠮᠵᠢᠶ᠎ᠠ ᠪᠣᠯᠭᠠᠵᠤ᠂ ᠨᠢᠭᠡ ᠪᠦᠯᠦᠭ ᠡᠷᠡᠭᠦᠦ᠎ᠶᠢᠨ ᠬᠡᠷᠡᠭ᠂ ᠢᠷᠭᠡᠨ᠎ᠦ ᠬᠡᠷᠡᠭ᠂ ᠵᠠᠰᠠᠭ ᠵᠠᠬᠢᠷᠭᠠᠨ᠂ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠡᠷᠭᠡ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠴᠢᠳᠠᠪᠤᠷᠢᠲᠠᠨ ᠪᠠ ᠵᠠᠯᠠᠭᠤ ᠪᠡᠯᠡᠳᠬᠡᠯ ᠴᠢᠳᠠᠪᠤᠷᠢᠲᠠᠨ᠎ᠢ ᠰᠢᠯᠢᠨ ᠰᠣᠩᠭᠣᠵᠤ᠂ 《ᠣᠷᠳᠣᠰ ᠬᠤᠲᠠ ᠢ᠋ᠢᠨ ᠪᠠᠢᠴᠠᠭᠠᠬᠤ ᠠᠵᠢᠯ᠎ᠤᠨ ᠴᠢᠳᠠᠪᠤᠷᠢᠲᠠᠨ》 ᠤ᠋ ᠬᠥᠮᠥᠷᠭᠡ᠎ᠳᠦ ᠣᠷᠣᠭᠤᠯᠤᠨ ᠲᠥᠪᠯᠡᠷᠡᠭᠦᠯᠦᠨ ᠬᠥᠮᠥᠵᠢᠭᠦᠯᠵᠦ᠂ ᠴᠢᠳᠠᠪᠤᠷᠢᠲᠠᠨ ᠴᠤᠭᠯᠠᠷᠠᠭᠰᠠᠨ ᠰᠢᠨ᠎ᠡ ᠥᠨᠳᠥᠷᠯᠢᠭ᠎ᠢ ᠴᠢᠷᠮᠠᠢᠨ ᠴᠣᠭᠴᠠᠯᠠᠪᠠ᠃

ᠰᠢᠯᠢᠳᠡᠭ᠎ᠢ ᠨᠢ ᠰᠣᠩᠭᠣᠬᠤ᠎ᠳᠤ ᠬᠦᠴᠦᠷᠬᠡᠭ᠎ᠢ ᠨᠢ ᠬᠥᠮᠥᠵᠢᠭᠦᠯᠬᠦ ᠬᠡᠷᠡᠭᠲᠡᠢ᠃ ᠣᠷᠳᠣᠰ ᠬᠤᠳᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠬᠢᠨ ᠲᠤᠰᠬᠠᠢᠯᠠᠨ ᠬᠥᠮᠥᠷᠭᠡ᠎ᠳᠦ ᠣᠷᠣᠭᠤᠯᠬᠤ ᠴᠢᠳᠠᠪᠤᠷᠢᠲᠠᠨ᠎ᠳᠤ ᠪᠣᠳᠠᠲᠠᠢ᠎ᠲᠠᠢ ᠨᠢᠭ᠍ᠲᠠ ᠨᠡᠢᠴᠡᠭᠰᠡᠨ 《ᠨᠡᠢᠲᠡᠴᠢ ᠴᠢᠨᠠᠷᠲᠠᠢ ᠲᠥᠰᠥᠯ》 ᠪᠠ ᠪᠠᠢᠳᠠᠯ ᠳ᠋ᠤᠨᠢ ᠲᠣᠬᠢᠷᠠᠭᠤᠯᠤᠬᠰᠠᠨ 《ᠥᠪᠡᠷᠮᠢᠴᠡ ᠴᠢᠨᠠᠷᠲᠠᠢ ᠲᠥᠰᠥᠯ》 ᠢ᠋ ᠲᠣᠭᠲᠠᠭᠠᠵᠤ᠂ ᠰᠤᠷᠤᠯᠴᠠᠯᠭ᠎ᠠ ᠬᠥᠮᠦᠵᠢᠯ᠂ ᠦᠢᠯᠡᠳᠦᠯᠭᠡ᠎ᠶᠢᠨ ᠪᠣᠯᠪᠠᠰᠤᠷᠠᠯ ᠪᠠ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠲᠠᠪᠴᠠᠩ᠎ᠢ ᠪᠠᠢᠭᠤᠯᠵᠠᠢ᠃ ᠣᠳᠣᠬᠠᠨ᠎ᠳᠤ᠂ 《ᠣᠷᠳᠣᠰ ᠬᠤᠲᠠ ᠢ᠋ᠢᠨ ᠪᠠᠢᠴᠠᠭᠠᠬᠤ ᠠᠵᠢᠯ᠎ᠤᠨ ᠴᠢᠳᠠᠪᠤᠷᠢᠲᠠᠨ》᠎ᠤ᠋ ᠴᠢᠳᠠᠪᠤᠷᠢᠲᠠᠨ᠎ᠤ ᠬᠥᠮᠥᠷᠭᠡ᠎ᠳᠦ ᠨᠢᠭᠡᠨᠲᠡ 50 ᠨᠡᠷᠡᠰ ᠪᠠᠢᠴᠠᠭᠠᠬᠤ ᠠᠵᠢᠯᠲᠠᠨ ᠪᠠᠢᠵᠤ᠂ ᠡᠭᠦᠨ᠎ᠦ ᠳᠣᠲᠣᠷᠠᠬᠢ 5 ᠨᠡᠷᠡᠰ ᠨᠢ ᠪᠥᠬᠥ ᠣᠷᠣᠨ᠎ᠤ ᠪᠠᠢᠴᠠᠭᠠᠬᠤ ᠲᠤᠬᠠᠢᠯᠠᠭᠰᠠᠨ ᠠᠵᠢᠯ᠎ᠤᠨ ᠲᠤᠰᠬᠠᠢ ᠮᠡᠷᠭᠡᠵᠢᠯᠲᠡᠨ ᠴᠢᠳᠠᠪᠤᠷᠢᠲᠠᠨ᠎ᠤ ᠬᠥᠮᠥᠷᠭᠡ᠎ᠳᠦ ᠰᠣᠩᠭᠣᠭᠳᠠᠨ ᠣᠷᠣᠵᠤ᠂ 20 ᠭᠠᠷᠤᠢ ᠨᠡᠷᠡᠰ ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠦᠢᠯ᠎ᠦᠨ ᠢᠷᠠᠭᠤ ᠠᠯᠳᠠᠷ᠎ᠢ ᠭᠥᠷᠳᠡᠭᠰᠡᠨ ᠪᠠᠢᠨ᠎ᠠ᠃

《ᠣᠷᠳᠣᠰ ᠬᠤᠲᠠ ᠢ᠋ᠢᠨ ᠪᠠᠢᠴᠠᠭᠠᠬᠤ ᠠᠵᠢᠯ᠎ᠤᠨ ᠴᠢᠳᠠᠪᠤᠷᠢᠲᠠᠨ》 ᠤ᠋ ᠴᠢᠳᠠᠪᠤᠷᠢᠲᠠᠨ᠎ᠤ ᠪᠦᠯᠬᠦᠮ᠎ᠦᠨ ᠬᠢᠨ ᠲᠤᠰ ᠪᠡᠶ᠎ᠡ᠎ᠶᠢᠨ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ᠎ᠦᠨ ᠮᠡᠳᠡᠯᠭᠡ ᠪᠣᠯᠣᠨ ᠡᠯᠪᠡᠭ ᠪᠠᠶᠠᠯᠢᠭ᠋ ᠦᠢᠯᠡᠳᠦᠯᠭᠡ᠎ᠶᠢᠨ ᠲᠤᠷᠰᠢᠯᠭ᠎ᠠ᠎ᠪᠠᠷ᠎ᠢᠶᠠᠨ ᠴᠢᠬᠤᠯᠠ ᠶᠡᠬᠡ ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠬᠡᠷᠡᠭ᠎ᠲᠦ ᠬᠠᠨᠳᠤᠬᠤ᠎ᠳᠠᠭᠠᠨ ᠬᠡᠷᠡᠭ᠎ᠦᠨ ᠭᠣᠣᠯᠳᠠᠯᠭ᠎ᠠ᠎ᠶᠢ ᠤᠨᠢᠨ ᠳᠡᠭᠡᠷ᠎ᠡ ᠨᠢ ᠵᠠᠳᠠᠯᠤᠨ ᠰᠢᠨᠵᠢᠯᠡᠵᠦ ᠴᠢᠳᠠᠲᠠᠭ᠃ ᠵᠢᠱ᠌ᠢᠶᠡᠯᠡᠪᠡᠯ ᠵᠠᠷᠢᠮ ᠠᠵᠤ ᠠᠬᠤᠢ᠎ᠶᠢᠨ ᠶᠠᠯᠠᠲᠤ ᠬᠡᠷᠡᠭ᠎ᠦᠨ ᠳᠤᠮᠳᠠ᠂ ᠶᠡᠬᠡ ᠬᠡᠮᠵᠢᠶᠡᠨ᠎ᠦ ᠨᠠᠷᠢᠨ ᠪᠤᠳᠤᠯᠢᠶᠠᠨᠲᠠᠢ ᠲᠠᠨᠭᠰᠠ ᠬᠠᠷ᠎ᠠ᠎ᠶᠢᠨ ᠶᠠᠪᠤᠯᠴᠠᠭ᠎ᠠ ᠪᠠ ᠮᠥᠩᠭᠥᠨ ᠭᠦᠢᠯᠭᠡᠭᠡᠨ᠎ᠦ ᠲᠤᠰᠬᠠᠢ ᠮᠡᠷᠭᠡᠵᠢᠯ᠎ᠦᠨ ᠮᠡᠳᠡᠯᠭᠡ᠎ᠲᠠᠢ ᠬᠣᠯᠪᠣᠭᠳᠠᠵᠤ᠂ ᠲᠡᠳᠡ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠮᠥᠩᠭᠥᠨ ᠭᠦᠢᠯᠭᠡᠭᠡᠨ᠎ᠦ ᠲᠦᠷᠦ᠎ᠶᠢᠨ ᠪᠣᠳᠣᠯᠭ᠎ᠠ᠎ᠶᠢ ᠭᠦᠨᠵᠡᠭᠡᠢ ᠰᠤᠳᠤᠯᠬᠤ᠎ᠪᠠᠷ ᠳᠠᠮᠵᠢᠨ᠂ ᠬᠡᠷᠡᠭ᠎ᠦᠨ ᠭᠡᠷᠡᠴᠢ ᠪᠠᠷᠢᠮᠲᠠ᠎ᠶᠢᠨ ᠬᠡᠯᠬᠢᠶ᠎ᠡ᠎ᠶᠢ ᠡᠮᠬᠢᠯᠡᠨ ᠲᠢᠭᠯᠡᠵᠦ᠂ ᠬᠡᠷᠡᠭ ᠰᠢᠢᠳᠪᠦᠷᠢᠯᠡᠬᠦ᠎ᠳᠦ ᠪᠡᠷᠬᠡᠲᠡᠢ ᠠᠰᠠᠭᠤᠳᠠᠯ᠎ᠢ ᠠᠮᠵᠢᠯᠲᠠ᠎ᠲᠠᠢ᠎ᠪᠠᠷ ᠰᠢᠢᠳᠪᠦᠷᠢᠯᠡᠵᠦ᠂ ᠬᠡᠷᠡᠭ ᠰᠢᠢᠳᠪᠦᠷᠢᠯᠡᠬᠦ ᠶᠠᠰᠦ ᠴᠢᠨᠠᠷ ᠪᠠ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ; ᠡᠷᠬᠡ ᠲᠤᠰᠢᠶᠠᠯ᠎ᠢᠶᠠᠨ ᠠᠰᠢᠭ᠍ᠯᠠᠨ ᠬᠢᠭᠰᠡᠨ ᠶᠠᠯᠠᠲᠤ ᠬᠡᠷᠡᠭ᠎ᠢ ᠰᠢᠢᠳᠪᠦᠷᠢᠯᠡᠬᠦ ᠶᠠᠪᠤᠴᠠ᠎ᠳᠤ᠂ ᠲᠡᠳᠡ ᠭᠢᠷᠠᠬᠠᠢ ᠠᠵᠢᠭ᠍ᠯᠠᠬᠤ ᠴᠢᠳᠠᠪᠤᠷᠢ ᠪᠠ ᠴᠠᠭᠠᠷᠠᠭᠰᠠᠨ ᠲᠤᠷᠰᠢᠨ ᠪᠠᠢᠴᠠᠭᠠᠬᠤ ᠴᠢᠳᠠᠪᠤᠷᠢ᠎ᠪᠠᠷ᠎ᠢᠶᠠᠨ ᠬᠡᠷᠡᠭ᠎ᠦᠨ ᠰᠦᠪᠡᠭᠴᠢ᠎ᠶᠢ ᠭᠦᠨ ᠠᠭᠤᠳᠠᠯᠵᠤ᠂ ᠢᠯᠵᠠᠷᠠᠮᠠᠯ ᠡᠲᠡᠭᠡᠳ᠎ᠢ ᠳᠠᠯᠳᠠᠯᠠᠬᠤ ᠭᠠᠵᠠᠷ ᠦᠭᠡᠢ ᠪᠣᠯᠭᠠᠵᠠᠢ; ᠲᠡᠳᠡ ᠪᠠᠰᠠ ᠬᠢᠨᠠᠯᠲᠠ ᠲᠠᠯᠪᠢᠬᠤ ᠵᠠᠭᠪᠤᠷ᠎ᠤᠨ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠢᠳᠡᠪᠬᠢᠲᠡᠢ ᠰᠦᠪᠡᠭᠴᠢᠯᠡᠵᠦ᠂ ᠲᠣᠮᠣ᠌ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠷᠭᠡᠵᠢᠯ᠎ᠢ ᠠᠰᠢᠭ᠍ᠯᠠᠨ᠂ ᠶᠡᠬᠡ ᠬᠡᠮᠵᠢᠶᠡᠨ᠎ᠦ ᠬᠡᠷᠡᠭ᠎ᠦᠨ ᠮᠡᠳᠡᠭᠡ ᠵᠠᠩᠭᠢ᠎ᠶᠢ ᠵᠠᠳᠠᠯᠤᠨ ᠬᠠᠷᠭᠤᠭᠤᠯᠵᠦ᠂ ᠡᠭᠦᠨ᠎ᠦ ᠳᠤᠮᠳᠠ᠎ᠡᠴᠨ  ᠬᠢᠨᠠᠯᠲᠠ ᠲᠠᠯᠪᠢᠬᠤ ᠰᠦᠪᠡᠭᠴᠢ᠎ᠶᠢ ᠢᠯᠡᠷᠡᠭᠦᠯᠦᠨ᠂ ᠨᠢᠭᠡ ᠪᠦᠯᠦᠭ ᠪᠤᠷᠤᠭᠤ ᠬᠡᠷᠡᠭ ᠪᠠ ᠬᠠᠤᠯᠢ ᠲᠣᠭᠲᠠᠭᠠᠯ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠵᠠᠯᠠᠷᠠᠭᠤᠯᠵᠤ᠂ ᠲᠤᠬᠠᠢ᠎ᠶᠢᠨ ᠬᠥᠮᠥᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠪᠠ᠃

ᠡᠭᠦᠨ᠎ᠦ ᠬᠠᠮᠲᠤ᠂ 《ᠤᠷᠳᠤᠰ ᠬᠤᠳᠠ ᠵᠢᠨ ᠪᠠᠢᠴᠠᠭᠠᠬᠤ ᠠᠵᠢᠯ ᠤ᠋ᠨ ᠴᠢᠳᠠᠪᠤᠷᠢᠳᠠᠨ》 ᠴᠢᠳᠠᠪᠤᠷᠢᠳᠠᠨ ᠎ᠢ ᠬᠥᠮᠥᠵᠢᠭᠦᠯᠬᠦ ᠢᠨᠵᠧᠨᠧᠷᠢᠩ ᠨᠢ 《ᠵᠠᠯᠠᠭᠤ ᠴᠢᠳᠠᠪᠤᠷᠢᠳᠠᠨ + ᠯᠧᠺᠲ᠋ᠣᠷ᠎ᠤᠨ ᠪᠦᠯᠬᠦᠮ + ᠬᠡᠷᠡᠭ ᠰᠢᠢᠳᠪᠦᠷᠢᠯᠡᠬᠦ ᠪᠦᠯᠬᠦᠮ》 ᠭᠡᠬᠦ ᠭᠤᠷᠪᠠᠨ ᠬᠡᠮᠵᠢᠯᠲᠦ ᠬᠥᠮᠥᠵᠢᠭᠦᠯᠬᠦ ᠰᠢᠰᠲᠧᠮ᠎ᠢ ᠪᠠᠢᠭᠤᠯᠵᠤ᠂ ᠴᠢᠳᠠᠪᠤᠷᠢᠲᠠᠨ᠎ᠤ ᠴᠢᠳᠠᠪᠤᠷᠢ᠎ᠶᠢᠨ ᠦᠰᠦᠷᠦᠯᠲᠡ᠎ᠶᠢ ᠪᠡᠶᠡᠯᠡᠭᠦᠯᠵᠦ᠂ ᠦᠷ᠎ᠡ ᠪᠦᠲᠦᠭᠡᠯ᠎ᠦᠨ ᠬᠤᠪᠢᠷᠠᠭᠤᠯᠤᠯᠲᠠ ᠢᠯᠡᠳᠲᠡ ᠪᠣᠯᠵᠤ᠂ ᠲᠦᠷᠦᠯ ᠲᠡᠮᠳᠡᠭ᠎ᠦᠨ ᠦᠢᠯᠡᠳᠦᠯ ᠨᠢ ᠲᠣᠪᠣᠢᠮ᠎ᠠ ᠪᠣᠯᠪᠠ᠃ ᠴᠢᠳᠠᠪᠤᠷᠢᠲᠠᠨ᠎ᠤ ᠬᠥᠮᠥᠷᠭᠡ᠎ᠳᠦ᠂ 12 ᠵᠠᠯᠠᠭᠤ ᠴᠢᠳᠠᠪᠤᠷᠢᠳᠠᠨ ᠲᠤᠰᠢᠶᠠᠯ ᠳᠡᠪᠰᠢᠬᠦ ᠪᠤᠶᠤ ᠴᠢᠬᠤᠯᠠ ᠰᠢᠯᠵᠢᠯᠲᠡ ᠬᠢᠵᠦ᠂ 3 ᠵᠠᠯᠠᠭᠤ ᠴᠢᠳᠠᠪᠤᠷᠢᠳᠠᠨ ᠪᠥᠬᠥ ᠤᠯᠤᠰ᠎ᠤᠨ ᠪᠠᠢᠴᠠᠭᠠᠬᠤ ᠪᠠᠢᠭᠤᠯᠭ᠎ᠠ᠎ᠶᠢᠨ ᠲᠤᠬᠠᠢᠯᠠᠭᠰᠠᠨ ᠠᠵᠢᠯ᠎ᠤᠨ ᠴᠢᠳᠠᠪᠤᠷᠢᠲᠠᠨ᠎ᠤ ᠬᠥᠮᠥᠷᠭᠡ᠎ᠳᠦ ᠰᠣᠩᠭᠣᠭᠳᠠᠵᠤ᠂ 2 ᠵᠠᠯᠠᠭᠤ ᠴᠢᠳᠠᠪᠤᠷᠢᠳᠠᠨ ᠪᠥᠬᠥ ᠤᠯᠤᠰ᠎ᠤᠨ ᠪᠠᠢᠴᠠᠭᠠᠬᠤ ᠪᠠᠢᠭᠤᠯᠭ᠎ᠠ᠎ᠶᠢᠨ ᠲᠤᠬᠠᠢᠯᠠᠭᠰᠠᠨ ᠠᠵᠢᠯ᠎ᠤᠨ ᠤᠷᠤᠯᠳᠤᠭᠠᠨ᠎ᠳᠤ ᠵᠢᠱ᠌ᠢᠶᠡᠴᠢ ᠴᠢᠳᠠᠪᠤᠷᠢᠲᠠᠨ᠎ᠤ ᠴᠣᠯᠠ ᠭᠥᠷᠳᠡᠪᠡ; ᠯᠧᠺᠲ᠋ᠣᠷ᠎ᠤᠨ ᠪᠦᠯᠬᠦᠮ᠎ᠤ᠋ᠨ ᠬᠢᠨ ᠪᠠᠢᠴᠠᠭᠠᠬᠤ ᠠᠵᠢᠯ᠎ᠤᠨ ᠮᠡᠳᠡᠯᠭᠡ᠎ᠶᠢ ᠤᠯᠠᠮᠵᠢᠯᠠᠬᠤ ᠴᠢᠬᠤᠯᠠ ᠬᠦᠴᠦᠨ ᠪᠣᠯᠵᠤ᠂ 19 ᠯᠧᠺᠲ᠋ᠣᠷ ᠡᠴᠡ ᠪᠠᠢᠭᠤᠯᠭ᠎ᠠ᠂ ᠰᠤᠷᠭᠠᠭᠤᠯᠢ᠂ ᠬᠥᠳᠡᠭᠡ ᠲᠣᠰᠬᠣᠨ᠎ᠳᠤ ᠭᠦᠨᠵᠡᠭᠡᠢᠷᠡᠨ᠂ ᠬᠠᠤᠯᠢ  ᠴᠠᠭᠠᠵᠠ ᠎ᠵᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠵᠢᠴᠢ ᠲᠤᠬᠠᠢᠯᠠᠭᠰᠠᠨ ᠠᠵᠢᠯ᠎ᠤᠨ ᠣᠨᠣᠯ᠎ᠤᠨ ᠮᠡᠳᠡᠯᠭᠡ᠎ᠶᠢᠨ ᠲᠠᠢᠯᠤᠮᠵᠢ᠎ᠶᠢ 50 ᠭᠠᠷᠤᠢ ᠤᠳᠠᠭ᠎ᠠ ᠥᠷᠨᠢᠭᠦᠯᠪᠡ; 15 ᠬᠡᠷᠡᠭ ᠰᠢᠢᠳᠪᠦᠷᠢᠯᠡᠬᠦ ᠪᠦᠯᠬᠦᠮ ᠎ᠤ᠋ᠨ ᠬᠢᠨ ᠣᠷᠴᠢᠨ ᠲᠤᠭᠤᠷᠢᠨ ᠤ᠋  ᠡᠬᠢ ᠪᠠᠶᠠᠯᠢᠭ᠋᠂ ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ᠂ ᠢᠷᠭᠡᠨ᠎ᠦ ᠬᠡᠷᠡᠭ ᠤ᠋ᠨ  ᠪᠠᠢᠴᠠᠭᠠᠬᠤ ᠠᠵᠢᠯ ᠤ᠋ᠨ  ᠬᠦᠷᠢᠶᠡᠨ᠎ᠳᠦ ᠲᠣᠪᠣᠢᠮ᠎ᠠ ᠦᠷ᠎ᠡ ᠪᠦᠲᠦᠭᠡᠯ ᠣᠯᠵᠤ᠂ ᠬᠡᠷᠡᠭ ᠰᠢᠢᠳᠪᠦᠷᠢᠯᠡᠬᠦ ᠴᠢᠳᠠᠪᠤᠷᠢ ᠨᠢ ᠲᠠᠰᠤᠷᠠᠯᠲᠠ ᠦᠭᠡᠢ ᠳᠡᠭᠡᠭᠰᠢᠯᠡᠪᠡ᠃ 《ᠤᠷᠳᠤᠰ ᠬᠤᠳᠠ ᠵᠢᠨ ᠪᠠᠢᠴᠠᠭᠠᠬᠤ ᠠᠵᠢᠯ ᠤ᠋ᠨ ᠴᠢᠳᠠᠪᠤᠷᠢᠳᠠᠨ》 ᠴᠢᠳᠠᠪᠤᠷᠢᠳᠠᠨ ᠢ᠋ ᠬᠥᠮᠥᠵᠢᠭᠦᠯᠬᠦ ᠢᠨᠵᠧᠨᠧᠷᠢᠩ ᠎ᠤ᠋ᠨ ᠬᠢᠨ ᠣᠷᠳᠣᠰ ᠬᠣᠲᠠ᠎ᠶᠢᠨ ᠪᠠᠢᠴᠠᠭᠠᠬᠤ ᠪᠠᠢᠭᠤᠯᠭ᠎ᠠ᠎ᠶᠢᠨ ᠴᠢᠳᠠᠪᠤᠷᠢᠲᠠᠨ᠎ᠤ ᠡᠩᠨᠡᠭᠡ᠎ᠶᠢᠨ ᠪᠦᠬᠦᠯᠢ ᠴᠣᠭᠴᠠ᠎ᠶᠢᠨ ᠬᠥᠭᠵᠢᠯᠲᠡ᠎ᠶᠢ ᠳᠠᠶ᠋ᠢᠴᠢᠯᠠᠵᠤ᠂ ᠣᠷᠳᠣᠰ᠎ᠬᠤᠳᠠ ᠵᠢᠨ ᠪᠠᠢᠴᠠᠭᠠᠬᠤ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃

ᠣᠢᠷ᠎ᠠ᠎ᠳᠤ 《ᠤᠷᠳᠤᠰ ᠬᠤᠳᠠ ᠵᠢᠨ ᠪᠠᠢᠴᠠᠭᠠᠬᠤ ᠠᠵᠢᠯ ᠤ᠋ᠨ ᠴᠢᠳᠠᠪᠤᠷᠢᠳᠠᠨ》 ᠴᠢᠳᠠᠪᠤᠷᠢᠲᠠᠨ᠎ᠤ ᠬᠥᠮᠥᠷᠭᠡ᠎ᠳᠦ ᠰᠣᠩᠭᠣᠭᠳᠠᠭᠰᠠᠨ ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠵᠠᠯᠠᠭᠤ ᠪᠠᠢᠴᠠᠭᠠᠬᠤ ᠲᠤᠰᠢᠶᠠᠯᠲᠠᠨ ᠪᠦᠬᠡ᠄ 《ᠡᠴᠦᠰ᠎ᠲᠡᠬᠡᠨ 〈ᠤᠷᠳᠤᠰ ᠬᠤᠳᠠ ᠵᠢᠨ ᠪᠠᠢᠴᠠᠭᠠᠬᠤ ᠠᠵᠢᠯ ᠤ᠋ᠨ ᠴᠢᠳᠠᠪᠤᠷᠢᠳᠠᠨ〉 ᠴᠢᠳᠠᠪᠤᠷᠢᠲᠠᠨ᠎ᠤ ᠬᠥᠮᠥᠷᠭᠡ᠎ᠳᠦ ᠤᠷᠤᠯ᠎ᠠ᠂ ᠡᠨᠡ ᠨᠢ ᠢᠷᠠᠭᠤ ᠠᠯᠳᠠᠷ ᠪᠣᠯᠬᠤ᠎ᠪᠠᠷ ᠪᠠᠷᠠᠬᠤ ᠦᠭᠡᠢ ᠨᠠᠩ ᠴᠤ᠌ ᠬᠦᠨᠳᠦ ᠬᠠᠷᠢᠭᠤᠴᠠᠯᠭ᠎ᠠ ᠪᠣᠯᠬᠤ ᠶᠤᠮ᠃ ᠪᠢ ᠥᠪᠡᠷᠮᠢᠴᠡ ᠣᠨᠴᠠᠯᠢᠭ᠋᠎ᠲᠠᠢ᠎ᠪᠠᠷ ᠪᠤᠢᠵᠢᠭᠤᠯᠬᠤ ᠲᠥᠰᠥᠯ᠎ᠦᠨ ᠱᠠᠭᠠᠷᠳᠠᠯᠭ᠎ᠠ ᠶᠣᠰᠣᠭᠠᠷ᠂ ᠲᠤᠬᠠᠢᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ᠂ ᠬᠡᠷᠡᠭ ᠨᠢᠭᠡᠪᠦᠷᠢ᠎ᠶᠢ ᠴᠢᠨᠠᠷ ᠰᠠᠢᠲᠠᠢ ᠰᠢᠢᠳᠪᠦᠷᠢᠯᠡᠨ᠎ᠡ》 ᠭᠡᠵᠦ ᠰᠡᠳᠬᠢᠯ ᠳᠣᠭᠳᠣᠯᠤᠨ ᠬᠡᠯᠡᠨ᠎ᠠ᠃

ᠪᠠᠢᠴᠠᠭᠠᠬᠤ ᠡᠩᠨᠡᠭᠡᠨ᠎ᠦ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠥᠯᠥᠭᠡ᠂ ᠣᠷᠳᠣᠰ ᠬᠤᠳᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠪᠠᠰᠠ ᠤᠳᠤᠷᠢᠳᠬᠤ ᠺᠠᠳ᠋ᠷ ᠶᠠᠷᠢᠶᠠᠨ᠎ᠤ ᠲᠠᠪᠴᠠᠩ᠎ᠳᠤ ᠭᠠᠷᠬᠤ᠂ ᠪᠠᠢᠴᠠᠭᠠᠬᠤ ᠲᠤᠰᠢᠶᠠᠯᠲᠠᠨ ᠨᠢ ᠪᠠᠢᠴᠠᠭᠠᠬᠤ ᠲᠤᠰᠢᠶᠠᠯᠲᠠᠨ᠎ᠳᠠᠭᠠᠨ ᠵᠢᠭᠠᠬᠤ᠂ ᠵᠢᠯᠣᠭᠣᠳᠤᠯᠭ᠎ᠠ᠎ᠶᠢᠨ ᠴᠢᠨᠠᠷᠲᠠᠢ ᠬᠡᠷᠡᠭ᠎ᠦᠨ ᠵᠢᠱ᠌ᠢᠶ᠎ᠡ᠎ᠶᠢ ᠬᠢᠴᠢᠶᠡᠯ᠎ᠦᠨ ᠲᠠᠩᠬᠢᠮ᠎ᠳᠤ ᠣᠷᠣᠭᠤᠯᠬᠤ ᠵᠡᠷᠭᠡ ᠬᠥᠮᠥᠵᠢᠭᠦᠯᠬᠦ ᠵᠠᠭᠪᠤᠷ᠎ᠢ ᠶᠡᠬᠡ᠎ᠪᠡᠷ ᠬᠡᠷᠡᠭᠵᠢᠭᠦᠯᠵᠦ᠂ ᠲᠢᠩᠬᠢᠮ᠎ᠦᠨ ᠰᠢᠭᠦᠯᠲᠡ᠎ᠶᠢᠨ ᠦᠵᠡᠭᠦᠯᠭᠡ᠂ ᠲᠤᠬᠠᠢᠯᠠᠭᠰᠠᠨ ᠠᠵᠢᠯ᠎ᠤᠨ ᠤᠷᠤᠯᠳᠤᠭᠠᠨ᠎ᠵᠡᠷᠭᠡ ᠎ᠵᠢ ᠥᠷᠭᠡᠨ᠎ᠢᠶᠡᠷ ᠥᠷᠨᠢᠭᠦᠯᠵᠦ᠂ ᠲᠤᠰᠢᠶᠠᠯ ᠡᠭᠦᠷᠭᠡᠯᠡᠨ ᠪᠣᠯᠪᠠᠰᠤᠷᠠᠬᠤ ᠵᠢᠴᠢ ᠠᠩᠬᠢ ᠲᠠᠭᠠᠵᠤ ᠰᠤᠷᠤᠯᠴᠠᠬᠤ ᠡᠷᠴᠢᠮ᠎ᠢ ᠴᠢᠩᠭᠠᠷᠠᠭᠤᠯᠵᠤ᠂ ᠪᠠᠢᠴᠠᠭᠠᠬᠤ ᠠᠵᠢᠯᠲᠠᠨ᠎ᠤ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠡᠭᠡᠭᠰᠢᠯᠡᠭᠦᠯᠪᠡ᠃ ᠲᠤᠰ ᠬᠣᠷᠢᠶ᠎ᠠ᠎ᠵᠢᠨ ᠬᠢᠨ ᠤᠷᠢᠳ ᠬᠣᠵᠢᠳ 18 ᠰᠢᠯᠢᠳᠡᠭ ᠵᠠᠯᠠᠭᠤ ᠺᠠᠳ᠋ᠷ᠎ᠢ ᠵᠣᠬᠢᠶᠠᠨ ᠪᠠᠢᠭᠤᠯᠤᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ᠎ᠳᠤ ᠣᠷᠣᠯᠴᠠᠭᠤᠯᠵᠤ᠂ ᠬᠣᠶᠠᠷ ᠱᠠᠲᠤᠨ᠎ᠤ ᠪᠠᠢᠴᠠᠭᠠᠬᠤ ᠬᠣᠷᠢᠶ᠎ᠠ ᠨᠢ 62 ᠬᠣᠣᠰᠯᠠᠯ ᠪᠠᠢᠭᠤᠯᠤᠨ ᠬᠠᠪᠰᠤᠷᠤᠨ ᠳᠠᠭᠠᠭᠤᠯᠬᠤ ᠪᠦᠯᠬᠦᠮ ᠪᠠᠢᠭᠤᠯᠵᠤ᠂ ᠪᠠᠢᠴᠠᠭᠠᠬᠤ ᠠᠵᠢᠯᠲᠠᠨ᠎ᠤ 《ᠬᠡᠷᠡᠭ ᠨᠢᠭᠡᠪᠦᠷᠢ᠎ᠶᠢ ᠴᠢᠨᠠᠷ ᠰᠠᠢᠳᠠᠢ ᠥᠨᠳᠥᠷ ᠪᠦᠲᠦᠮᠵᠢᠲᠡᠢ ᠰᠢᠢᠳᠪᠦᠷᠢᠯᠡᠬᠦ》 ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃

ᠣᠷᠳᠣᠰ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ ᠼᠤᠤ ᠽᠢ ᠭᠠᠩ᠄ 《ᠪᠢᠳᠡ ᠪᠠᠢᠴᠠᠭᠠᠬᠤ ᠠᠵᠢᠯᠲᠠᠨ᠎ᠤ ᠠᠵᠢᠯ ᠮᠡᠷᠭᠡᠵᠢᠯ᠎ᠦᠨ ᠬᠥᠭᠵᠢᠯᠲᠡ᠎ᠶᠢᠨ 〈ᠪᠥᠬᠥ ᠤᠷᠤᠯᠳᠤᠭᠠᠨ᠎ᠤ ᠵᠠᠮ〉᠎ᠢ᠋ ᠦᠷᠭᠦᠯᠵᠢᠯᠡᠨ ᠰᠠᠭᠠᠳ ᠦᠭᠡᠢ ᠨᠠᠪᠲᠠᠷᠡᠭᠦᠯᠵᠦ᠂ ᠡᠷᠳᠡᠮ ᠴᠢᠳᠠᠪᠤᠷᠢ ᠨᠢ ᠰᠠᠢᠨ᠂ ᠲᠤᠬᠠᠢᠯᠠᠭᠰᠠᠨ ᠠᠵᠢᠯ ᠎ᠳᠠᠭᠠᠨ ᠰᠢᠯᠢᠳᠡᠭ ᠲᠤᠰᠬᠠᠢᠵᠢᠭ᠍ᠰᠠᠨ ᠪᠠᠢᠴᠠᠭᠠᠬᠤ ᠡᠩᠨᠡᠭᠡ᠎ᠶᠢ ᠳᠠᠪᠲᠠᠨ ᠪᠣᠯᠪᠠᠰᠤᠷᠠᠭᠤᠯᠵᠤ᠂ ᠶᠡᠬᠡ ᠲᠠᠯ᠎ᠠ᠎ᠳᠤ ᠨᠠᠩ ᠰᠠᠢᠨ ᠦᠢᠯᠡᠴᠢᠯᠡᠵᠦ᠂ ᠠᠷᠠᠳ ᠲᠦᠮᠡᠨ᠎ᠦ ᠲᠥᠯᠥᠭᠡ ᠬᠠᠤᠯᠢ ᠬᠡᠷᠡᠭᠵᠢᠬᠦᠯᠵᠦ᠂ ᠬᠠᠤᠯᠢ᠎ᠪᠠᠷ ᠵᠠᠰᠠᠬᠤ᠎ᠳᠤ ᠨᠡᠩ ᠶᠡᠬᠡ ᠬᠠᠷᠢᠭᠤᠴᠠᠯᠭ᠎ᠠ ᠡᠬᠦᠷᠬᠡᠯᠡᠨ᠎ᠡ》 ᠬᠡᠵᠤ ᠬᠠᠷᠠᠯᠳᠠ ᠵᠤᠷᠢᠯᠳᠠ ᠪᠠᠨ ᠲᠤᠳᠤᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号