ᠬᠤᠤᠰ ᠵᠠᠭᠤᠨ᠎ᠢ ᠬᠤᠯᠪᠤᠭᠰᠠᠨ 《ᠬᠣᠶᠠᠷ ᠮᠣᠩᠭᠣᠯ ᠭᠡᠷ》
2025-10-27 09:55:53
ᠵᠣᠬᠢᠶᠠᠭ᠍ᠴᠢ᠄
ᠪᠤᠤ ᠰᠠᠷᠠᠭᠤᠯ ᠰᠡᠷᠭᠦᠯᠡᠩᠴᠡᠴᠡᠭ ᠶᠢᠰᠦᠨ᠎ᠡ ᠨᠠᠢᠷᠠᠭ
ᠣᠩᠱᠢᠭ᠍ᠰᠠᠨ ᠣᠳᠠᠭ᠎ᠠ᠄
★★★☆☆

ᠡᠬᠡ ᠤᠯᠤᠰ᠎ᠤᠨ ᠮᠠᠨᠢ ᠤᠮᠠᠷᠠᠳᠦ ᠬᠢᠯᠢ᠂ ᠪᠣᠷᠣᠳᠣᠬᠣᠢ ᠵᠢᠨ ᠡᠪᠦᠷ᠎ᠲᠤ ᠪᠠᠢᠷᠢᠯᠠᠭ᠎ᠠ ᠤᠷᠠᠳ᠎ᠤᠨ ᠳᠤᠮᠳᠠᠳᠤ ᠬᠣᠰᠢᠭᠤᠨ᠎ᠳᠤ ᠤᠷᠠᠳ ᠨᠤᠳᠤᠭ᠎ᠤᠨ ᠠᠷᠠᠳ ᠳᠦᠮᠡᠨ ᠠᠭᠤᠤ  ᠨᠠᠮ᠎ᠤᠨ ᠵᠢᠨᠨ ᠤᠳᠤᠷᠢᠳᠤᠯᠭ᠎ᠠ ᠵᠢ ᠴᠤᠤᠷᠢᠶᠠᠳᠤᠨ ᠳᠠᠭᠠᠵᠦ ᠡᠷᠬᠡ ᠮᠡᠳᠡᠨ ᠡᠵᠡᠨ ᠰᠠᠭᠤᠬᠤ᠎ᠳᠤ ᠬᠤᠪᠢᠰᠬᠠᠯ᠎ᠤᠨ ᠰᠠᠭᠤᠷᠢᠨ ᠪᠣᠯᠵᠤ᠂ ᠮᠠᠯᠴᠢᠨ ᠠᠷᠠᠳ᠎ᠤᠨ ᠳᠤᠮᠳᠠ ᠨᠠᠮ ᠲᠦᠷᠥ ᠵᠢᠨ ᠳᠠᠭᠤᠨ ᠬᠣᠭᠣᠯᠠᠢ᠎ᠶᠢ ᠳᠠᠮᠵᠢᠭᠤᠯᠬᠤ᠎ᠳᠤ ᠵᠠᠭᠤᠴᠢ ᠪᠣᠯᠵᠤ᠂ ᠳᠤᠮᠳᠠᠳᠦ ᠮᠤᠩᠭᠤᠯ ᠬᠤᠶᠠᠷ ᠤᠯᠤᠰ᠎ᠤᠨ ᠭᠠᠳᠠᠭᠠᠳᠤ ᠨᠡᠭᠡᠭᠡᠯᠲᠡ᠎ᠶᠢ ᠠᠬᠢᠭᠤᠯᠬᠤ᠎ᠳᠤ ᠨᠠᠢᠷᠠᠮᠳᠠᠯ᠎ᠤᠨ ᠬᠥᠭᠥᠷᠭᠡ ᠪᠣᠯᠵᠦ᠂ ᠤᠷᠠᠳ ᠨᠤᠳᠤᠭ᠎ᠤᠨ ᠤᠯᠤᠰ ᠲᠦᠷᠥ᠂ ᠰᠣᠶᠣᠯ᠂ ᠠᠵᠤ ᠠᠬᠤᠢ ᠵᠢᠨ ᠬᠥᠭᠵᠢᠯ᠂  ᠬᠤᠪᠢᠰᠬᠠᠯ᠎ᠤᠨ ᠲᠡᠦᠬᠡ ᠵᠢᠨ ᠭᠡᠷᠡᠴᠢ ᠪᠤᠯᠤᠭᠰᠠᠨ 《ᠬᠣᠶᠠᠷ ᠮᠣᠩᠭᠣᠯ ᠭᠡᠷ》 ᠮᠤᠨᠠ ᠠᠭᠤᠯᠠ᠎ᠶᠢᠨ ᠬᠣᠷᠮᠣᠢ ᠡᠴᠡ ᠡᠬᠡ ᠣᠷᠣᠨ᠎ᠤ ᠪᠠᠨ ᠭᠡᠷᠡᠯ ᠰᠠᠴᠤᠷᠠᠩᠭᠤᠢ ᠲᠡᠦᠬᠡ᠎ᠶᠢ ᠬᠠᠭᠤᠴᠢᠯᠠᠭᠰᠠᠭᠠᠷ ᠪᠠᠢᠳᠠᠭ᠃


QQ20251027-095946.png


ᠡᠷᠬᠡ ᠴᠢᠯᠦᠭᠡᠨ᠎ᠦ ᠮᠥᠩᠬᠡ ᠵᠢᠨ ᠪᠠᠭᠤᠴᠠ ︱《ᠬᠣᠶᠠᠷ ᠮᠣᠩᠭᠣᠯ ᠭᠡᠷ》

1950 ᠣᠨ᠎ᠤ 7 ᠰᠠᠷ᠎ᠠ ᠵᠢᠨ 18᠎ᠤ᠋ ᠡᠳᠦᠷ᠂ ᠤᠯᠠᠭᠠᠨᠬᠣᠲᠠ ᠡᠴᠡ ᠢᠷᠡᠭᠰᠡᠨ ᠵᠠᠯᠠᠭᠤ ᠬᠤᠪᠢᠰᠬᠠᠯᠴᠢᠳ᠎ᠤᠨ ᠤᠷᠳᠤ ᠬᠤᠭᠤᠴᠠᠭᠠᠨ᠎ᠤ ᠤᠬᠠᠭᠤᠯᠭ᠎ᠠ ᠵᠢᠴᠢ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢᠶᠤᠸᠠᠨ ᠮᠤᠵᠢ ᠵᠢᠨ ᠨᠠᠮ᠎ᠤᠨ ᠬᠤᠷᠢᠶᠠᠨ᠎ᠤ ᠲᠤᠮᠢᠯᠠᠯᠲᠠ ᠪᠡᠷ᠂ ᠤᠯᠠᠭᠠᠨᠴᠠᠪ ᠠᠢᠮᠠᠭ ᠡᠴᠡ ᠢᠷᠡᠭᠰᠡᠨ ᠦᠢᠯᠡᠳᠪᠦᠷᠢᠯᠡᠯ ᠵᠢᠡᠷ ᠵᠠᠰᠠᠭ ᠪᠠᠢᠭᠤᠯᠬᠤ ᠠᠵᠢᠯ᠎ᠤᠨ ᠪᠦᠯᠭᠦᠮ᠎ᠦᠨ ᠭᠢᠨ᠎ᠤ ᠳᠡᠮᠵᠢᠯᠭᠡ ᠳᠣᠣᠷ᠎ᠠ᠂ ᠪᠤᠮᠪᠠᠲᠠᠢ ᠵᠢᠨ ᠰᠦᠮ᠎ᠡ ᠵᠢᠨ ᠳᠡᠷᠭᠡᠳᠡᠬᠢ ᠤᠯᠠᠭᠠᠨ᠌ᠣ᠋ᠪᠤᠭ᠎ᠠ᠎ᠶᠢᠨ ᠬᠠᠭᠤᠴᠢᠪᠲᠤᠷ ᠬᠣᠶᠠᠷ ᠮᠣᠩᠭᠣᠯ ᠭᠡᠷ᠎ᠲᠦ ᠤᠷᠠᠳ᠎ᠤᠨ ᠲᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠬᠤᠪᠢᠰᠬᠠᠯ᠎ᠤᠨ ᠪᠤᠤᠬᠢᠶ᠎ᠠ᠎ᠶᠢ ᠭᠠᠷᠳᠠᠨ ᠮᠡᠨᠳᠤᠯᠡᠯ᠎ᠡ᠃

︱ᠰᠦᠢᠶᠤᠸᠠᠨ ᠮᠤᠵᠢ 1949 ᠣᠨ᠎ᠤ 9 ᠰᠠᠷ᠎ᠠ᠎ᠳᠦ ᠨᠠᠢᠷᠠᠮᠳᠠᠯ᠎ᠢᠶᠡᠷ ᠴᠢᠯᠦᠭᠡᠯᠡᠭᠳᠡᠵᠦ᠂ 1950 ᠣᠨ᠎ᠳᠤ ᠰᠦᠢᠶᠤᠸᠠᠨ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ ᠡᠴᠡ ᠤᠤᠯ᠎ᠤᠨ ᠳᠤᠮᠳᠠᠳᠤ ᠭᠦᠩ᠎ᠤᠨ ᠬᠣᠰᠢᠭᠤ᠎ᠶᠢ ᠤᠷᠠᠳ᠎ᠤᠨ ᠲᠤᠮᠳᠠᠳᠤ ᠬᠣᠰᠢᠭᠤ ᠭᠡᠵᠦ ᠨᠡᠷᠡᠯᠡᠪᠡ᠃ 7 ᠰᠠᠷ᠎ᠠ ᠵᠢᠨ 8᠎ᠤ᠋ ᠡᠳᠦᠷ᠂  ᠰᠦᠢᠶᠤᠸᠠᠨ ᠮᠤᠵᠢ ᠵᠢᠨ ᠨᠠᠮ᠎ᠤᠨ ᠬᠣᠷᠢᠶ᠎ᠠ ᠵᠠᠰᠠᠭ᠎ᠦᠨ ᠣᠷᠳᠣᠨ ᠡᠴᠡ ᠲᠦᠪᠰᠢᠨ ᠨᠥᠬᠥᠷ ᠵᠢᠡᠷ ᠲᠥᠯᠥᠭᠡᠯᠡᠭᠦᠯᠦᠭᠰᠡᠨ ᠦᠢᠯᠡᠳᠪᠦᠷᠢᠯᠡᠯ ᠵᠢᠡᠷ ᠵᠠᠰᠠᠭ ᠪᠠᠢᠭᠤᠯᠬᠤ ᠠᠵᠢᠯ᠎ᠤᠨ ᠪᠦᠯᠭᠦᠮ᠎ᠤᠨ ᠠᠷᠪᠠ ᠰᠢᠬᠠᠮ ᠬᠥᠮᠥᠰ᠎ᠢ ᠲᠣᠮᠢᠯᠠᠨ᠂ ᠤᠷᠠᠳ᠎ᠤᠨ ᠳᠤᠮᠳᠠᠳᠤ ᠬᠣᠰᠢᠭᠤᠨ᠎ᠤ ᠬᠠᠭᠤᠴᠢᠨ ᠵᠠᠰᠠᠭ᠎ᠤᠨ ᠡᠷᠬᠡ᠎ᠶᠢ ᠰᠢᠯᠵᠢᠭᠦᠯᠦᠨ ᠬᠠᠮᠢᠶᠠᠷᠤᠭᠤᠯᠵᠤ᠂ ᠬᠣᠰᠢᠭᠤᠨ᠎ᠤ ᠵᠠᠰᠠᠭ ᠵᠠᠬᠢᠷᠭᠠᠨ᠎ᠤ ᠠᠵᠢᠯ᠎ᠤᠨ ᠵᠥᠪᠯᠡᠯ᠎ᠢ ᠪᠠᠢᠭᠤᠯᠤᠨ ᠲᠦᠪᠰᠢᠨ᠎ᠢ ᠳᠡᠳ᠋ ᠱᠦᠵᠢ᠎ᠪᠡᠷ ᠲᠣᠮᠢᠯᠠᠵᠤ᠂ ᠬᠣᠰᠢᠭᠤ ᠪᠠᠢᠭᠤᠯᠬᠤ ᠠᠵᠢᠯ᠎ᠢ ᠬᠠᠷᠢᠭᠤᠴᠠᠭᠤᠯᠵᠠᠢ ᠭᠡᠵᠦ ᠤᠷᠠᠳ ᠲᠡᠦᠬᠡ ᠰᠣᠶᠣᠯ᠎ᠤᠨ ᠰᠤᠳᠤᠯᠤᠭᠠᠴᠢ ᠪᠢᠯᠢᠭ ᠶᠠᠷᠢᠨ᠎ᠠ᠃

1950 ᠣᠨ᠎ᠤ 7 ᠰᠠᠷ᠎ᠠ ᠵᠢᠨ 18 ᠎ᠤ᠋ ᠡᠳᠦᠷ᠂ ᠤᠷᠠᠳ᠎ᠤᠨ ᠲᠤᠮᠳᠠᠳᠤ ᠬᠣᠰᠢᠭᠤᠨ᠎ᠤ ᠠᠩᠬᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠮᠪᠠᠲᠠᠢ ᠵᠢᠨ ᠰᠦᠮ᠎ᠡ᠎ᠶᠢᠨ ᠬᠠᠵᠠᠭᠤᠳᠠᠭᠢ ᠤᠯᠠᠭᠠᠨ᠌ᠣ᠋ᠪᠤᠭ᠎ᠠ᠎ᠳᠤ ᠬᠤᠷᠠᠯᠳᠤᠵᠤ᠂ ᠤᠷᠠᠳ᠎ᠤᠨ ᠲᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠪᠠᠢᠭᠤᠯᠤᠭᠳᠠᠭᠰᠠᠨ᠎ᠢ ᠲᠤᠩᠬᠠᠭᠯᠠᠨ᠂ ᠦᠪᠡᠳᠡᠭᠰᠢ ᠶᠡᠬᠡ ᠨᠠᠭᠠᠳᠤᠮ᠎ᠤᠨ ᠬᠤᠷᠠᠯ ᠡᠷᠭᠢᠯᠡᠵᠦ᠂ ᠬᠣᠰᠢᠭᠤᠨ᠎ᠤ ᠡᠯ᠎ᠡ ᠦᠨᠳᠦᠰᠦᠲᠡᠨ᠎ᠦ ᠠᠷᠠᠳ ᠲᠦᠮᠡᠨ ᠬᠠᠮᠲᠤ ᠪᠡᠷ ᠡᠨᠡ ᠬᠦ᠌ ᠲᠡᠦᠬᠡᠲᠦ ᠮᠥᠴᠡ᠎ᠶᠢ ᠲᠡᠮᠳᠡᠭᠯᠡᠪᠡ᠃

ᠨᠡᠢᠭᠡᠮ᠎ᠤᠨ ᠠᠮᠤᠷ ᠲᠦᠪᠰᠢᠨ᠂ ᠠᠷᠠᠳ ᠲᠦᠮᠡᠨ᠎ᠦ ᠠᠮᠤᠷ ᠮᠡᠨᠳᠦ᠎ᠶᠢ ᠪᠠᠲᠤᠯᠠᠵᠤ᠂ ᠰᠢᠨᠡᠬᠡᠨ ᠮᠡᠨᠳᠦᠯᠡᠭᠰᠡᠨ ᠠᠷᠠᠳ᠎ᠤᠨ ᠵᠠᠰᠠᠭ᠎ᠤᠨ ᠡᠷᠬᠡ ᠪᠠᠨ ᠪᠡᠬᠢᠵᠢᠭᠦᠯᠵᠦ᠂ ᠵᠠᠰᠠᠭ ᠲᠦᠷᠤ᠎ᠳᠤ ᠡᠪᠳᠡᠯᠡᠭᠡ ᠬᠢᠬᠦ ᠭᠡᠰᠡᠨ ᠳᠡᠭᠡᠷᠡᠮ ᠲᠠᠩᠨᠠᠭᠤᠯ᠎ᠤᠨ ᠠᠮᠲᠠᠲᠤ ᠵᠡᠭᠦᠳᠦ᠎ᠶᠢ ᠨᠢ ᠪᠤᠲᠠ ᠨᠢᠷᠭᠡᠬᠦ ᠵᠢᠨ ᠲᠥᠯᠥᠭᠡ᠂  ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠡᠴᠡ ᠠᠷᠠᠳ ᠤᠯᠠᠨ᠎ᠢ ᠳᠠᠢᠴᠢᠯᠠᠨ ᠳᠡᠭᠡᠷᠡᠮ ᠲᠠᠩᠨᠠᠭᠤᠯ᠎ᠢ ᠰᠥᠨᠥᠭᠡᠬᠦ ᠪᠠᠢᠯᠳᠤᠭᠠᠨ᠎ᠢ ᠡᠬᠢᠯᠡᠭᠦᠯᠵᠦ᠂ ᠬᠣᠶᠠᠷ ᠵᠢᠯ ᠰᠢᠬᠠᠮ᠎ᠤᠨ ᠬᠠᠲᠠᠭᠤᠵᠢᠯᠲᠠᠢ ᠱᠦᠭᠦᠷᠳᠡᠯᠲᠡ ᠪᠡᠷ ᠳᠠᠮᠵᠢᠨ 1952 ᠣᠨ᠎ᠤ 1 ᠰᠠᠷ᠎ᠠ ᠪᠤᠯᠬᠤ᠎ᠳᠤ ᠪᠣᠷᠣᠳᠣᠬᠣᠢ ᠪᠠ ᠤᠷᠠᠳ᠎ᠤᠨ ᠲᠠᠯ᠎ᠠ ᠨᠤᠲᠤᠭ᠎ᠢ ᠦᠢᠮᠡᠭᠦᠯᠦᠨ ᠲᠦᠢᠪᠡᠭᠡᠵᠦ ᠪᠠᠢᠭᠰᠠᠨ ᠳᠡᠭᠡᠷᠡᠮ᠎ᠢ ᠪᠦᠭᠦᠨ᠎ᠢ ᠤᠰᠠᠳᠬᠠᠵᠤ ᠂ ᠠᠷᠠᠳ ᠲᠦᠮᠡᠨ᠎ᠳᠦ ᠠᠮᠤᠷ ᠲᠠᠢᠪᠤᠩ᠎ᠢ ᠠᠪᠴᠢᠷᠠᠵᠤ ᠦᠭᠭᠦᠯ᠎ᠡ᠃

ᠨᠠᠷᠠ ᠪᠠᠨ ᠲᠠᠭᠠᠪᠠᠯ ᠳᠠᠭᠠᠷᠠᠬᠤ ᠦᠭᠡᠢ

ᠨᠠᠮ ᠵᠢᠡᠨ ᠲᠠᠭᠠᠪᠠᠯ ᠪᠤᠷᠤᠭᠤᠳᠠᠬᠤ ᠦᠭᠡᠢ

ᠠᠷᠠᠳ᠎ᠤᠨ ᠵᠠᠰᠠᠭ ᠠᠷᠠᠳ ᠲᠠᠭᠠᠨ ᠡᠭᠡᠯᠢᠲᠡᠢ

ᠠᠷᠠᠳ ᠲᠦᠮᠡᠨ ᠴᠡᠷᠢᠭ ᠠᠩᠭᠢ ᠳ᠋ᠠᠭᠠᠨ ᠬᠠᠢᠷᠠᠲᠠᠢ

ᠬᠥᠳᠡᠯᠮᠦᠷᠢᠴᠢᠨ ᠠᠷᠠᠳ ᠡᠷᠬᠡ ᠮᠡᠳᠡᠨ ᠡᠵᠡᠨ ᠰᠠᠭᠤᠵᠤ

ᠭᠠᠭᠴᠠ ᠬᠦ᠌ ᠨᠡᠢᠭᠡᠮ ᠵᠢᠷᠤᠮ  ᠰᠠᠶᠢ ᠲᠤᠮᠳᠠᠳᠤ ᠤᠯᠤᠰ᠎ᠢ ᠠᠪᠤᠷᠠᠵᠤ ᠴᠢᠳᠠᠨ᠎ᠠ

ᠲᠤᠬᠠᠢ ᠵᠢᠨ ᠦᠶ᠎ᠡ᠎ᠳᠤ ᠮᠤᠨᠠ ᠠᠭᠤᠯᠠ᠎ᠠᠴᠠ ᠬᠥᠨᠳᠡᠯᠡᠨ ᠰᠦᠮ᠎ᠡ ᠭᠦᠷᠳᠡᠯ᠎ᠡ᠂ ᠬᠥᠳᠡᠭᠡ ᠲᠠᠯ᠎ᠠ ᠡᠴᠡ ᠭᠣᠪᠢ ᠭᠠᠩᠭ᠎ᠠ ᠭᠦᠷᠳᠡᠯ᠎ᠠ᠂ ᠠᠷᠠᠳ ᠲᠦᠮᠡᠨ  ᠠᠭᠤᠤ  ᠨᠠᠮ ᠪᠠ ᠠᠷᠠᠳ ᠎ᠤᠨ ᠵᠠᠰᠠᠭ᠎ᠤᠨ ᠣᠷᠳᠣᠨ ᠵᠢᠡᠨ ᠢᠩᠭᠢᠵᠦ ᠯᠡ ᠮᠠᠭᠲᠠᠨ ᠳᠠᠭᠤᠯᠠᠳᠠᠭ ᠪᠠᠢᠵᠠᠢ᠃

ᠨᠠᠮ ᠲᠦᠷᠥ ᠵᠢᠨ ᠰᠡᠳᠬᠢᠯ᠎ᠦᠨ ᠳᠠᠭᠤᠨ ᠬᠣᠭᠣᠯᠠᠢ  ︱ 《 ᠬᠣᠶᠠᠷ ᠮᠣᠩᠭᠣᠯ ᠭᠡᠷ》

ᠬᠠᠳᠤᠨ ᠭᠣᠣᠯ᠎ᠦᠨ ᠰᠢᠮᠡᠲᠦ ᠤᠷᠤᠰᠬᠠᠯ ᠪᠣᠷᠣᠳᠣᠬᠣᠢ᠎ᠶᠢᠨ ᠠᠭᠤᠳᠠᠮ ᠲᠠᠯ᠎ᠠ᠎ᠶᠢ ᠤᠮᠳᠠᠯᠠᠨ᠂ ᠴᠢᠨ ᠬᠠᠨ ᠤᠯᠤᠰ᠎ᠤᠨ ᠦᠶ᠎ᠡ ᠡᠴᠡ ᠤᠯᠪᠠᠭ᠎ᠠ ᠲᠠᠢ ᠤᠷᠳᠤ ᠴᠠᠭᠠᠨ ᠬᠡᠷᠡᠮ ᠲᠡᠦᠬᠡ᠎ᠶᠢ ᠬᠠᠭᠤᠴᠢᠯᠠᠨ ᠦᠯᠢᠭᠡᠷᠯᠡᠵᠦ᠂ ᠨᠡᠭᠦᠳᠡᠯ ᠮᠠᠯᠵᠢᠯ ᠲᠠᠷᠢᠶᠠᠯᠠᠩ᠎ᠤᠨ ᠰᠣᠶᠣᠯ ᠪᠣᠯᠪᠠᠰᠤᠨ ᠲᠡᠦᠬᠡ ᠵᠢᠨ ᠤᠷᠳᠤ᠎ᠳᠤ ᠡᠭᠡᠨᠡᠭᠰᠢᠭᠡ ᠤᠷᠠᠳ᠎ᠤᠨ ᠲᠤᠮᠳᠠᠳᠤ ᠬᠣᠰᠢᠭᠤ ᠨᠢ ᠮᠠᠨ᠎ᠤ ᠣᠷᠣᠨ᠎ᠤ ᠪᠠᠨ ᠤᠮᠠᠷᠠᠲᠤ ᠬᠢᠯᠢ ᠵᠢᠨ ᠰᠣᠶᠣᠯ᠎ᠤᠨ ᠲᠠᠪᠤᠨ ᠴᠢᠬᠤᠯᠠ ᠡᠯᠧᠮᠧᠨ᠋ᠲ᠎ᠢ ᠠᠭᠤᠯᠤᠭᠰᠠᠨ ᠪᠠᠶᠠᠯᠢᠭ᠋ ᠨᠤᠲᠤᠭ ᠪᠢᠯᠡ᠃

1980 ᠣᠨ᠎ᠳᠤ ᠡᠨᠡ ᠬᠦ᠌ ᠲᠡᠦᠬᠡ ᠰᠣᠶᠣᠯ᠎ᠤᠨ ᠭᠦᠨ ᠵᠤᠵᠠᠭᠠᠨ ᠬᠥᠷᠥᠰᠥᠨ ᠳᠡᠭᠡᠷ᠎ᠡ ᠮᠠᠨ᠎ᠤ ᠣᠷᠣᠨ᠎ᠤ ᠬᠠᠮᠤᠭ᠎ᠤᠨ ᠠᠩᠬᠠᠨ᠎ᠤ ᠮᠠᠯᠵᠢᠬᠤ ᠣᠷᠣᠨ᠎ᠤ ᠲᠠᠯ᠎ᠠ ᠨᠤᠲᠤᠭ᠎ᠤᠨ ᠰᠣᠶᠣᠯ᠎ᠤᠨ ᠥᠷᠲᠡᠭᠡ ᠴᠣᠩᠵᠢ ᠰᠤᠮᠤ ᠵᠢᠨ ᠰᠠᠷᠠᠭᠤᠯᠳᠠᠯ᠎ᠠ ᠭᠠᠴᠠᠭᠠᠨ ᠎ᠳᠡᠬᠢ ᠬᠣᠶᠠᠷ ᠮᠣᠩᠭᠣᠯ ᠭᠡᠷ᠎ᠲᠦ ᠡᠷᠦᠭᠡ ᠪᠠᠨ ᠳᠠᠲᠠᠨ ᠡᠭᠦᠳᠡ ᠪᠠᠨ ᠰᠡᠬᠦᠵᠦ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠨᠠᠮ᠎ᠤᠨ ᠲᠠᠭᠤ ᠬᠣᠭᠣᠯᠠᠢ᠎ᠶᠢ ᠮᠠᠯᠴᠢᠨ ᠲᠦᠮᠡᠨ᠎ᠳᠤ ᠳᠠᠮᠵᠢᠭᠤᠯᠬᠤ᠂ ᠤᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ ᠵᠡᠷᠭᠡ ᠴᠠᠭ ᠦᠶᠡᠴᠢ ᠴᠢᠨᠠᠷᠲᠠᠢ ᠴᠢᠬᠤᠯᠠ ᠡᠭᠦᠷᠭᠡ᠎ᠶᠢ ᠭᠦᠢᠴᠡᠳᠬᠡᠭᠰᠡᠭᠡᠷ ᠢᠷᠡᠵᠡᠢ᠃

ᠲᠠᠯ᠎ᠠ ᠨᠤᠲᠤᠭ᠎ᠤᠨ ᠰᠣᠶᠣᠯ᠎ᠤᠨ ᠥᠷᠲᠡᠭᠡ ᠨᠢ 90 ᠲᠡᠭᠰᠢ ᠳᠥᠷᠪᠡᠯᠵᠢᠨ ᠮᠧᠲᠷ ᠲᠠᠯᠠᠪᠠᠢ᠎ᠳᠠᠭᠠᠨ ᠬᠥᠳᠡᠯᠭᠡᠭᠡᠨ᠎ᠦ ᠲᠠᠰᠤᠭ᠂ ᠦᠵᠡᠭᠦᠯᠭᠡ᠎ᠶᠢᠨ ᠲᠠᠰᠤᠭ᠂ ᠨᠣᠮ᠎ᠤᠨ ᠥᠷᠥᠭᠡ ᠵᠡᠷᠭᠡ ᠤᠯᠠᠨ ᠬᠤᠪᠢᠶᠠᠷᠢ ᠲᠣᠭᠣᠷᠢᠭ᠋᠎ᠢ ᠪᠠᠭᠲᠠᠭᠠᠵᠤ᠂ ᠪᠠᠷᠢᠯᠭ᠎ᠠ᠂ ᠴᠢᠳᠠᠮᠵᠢ ᠵᠢᠨ ᠲᠠᠯ᠎ᠠ ᠪᠡᠷ ᠪᠦᠷ ᠮᠠᠨ᠎ᠤ ᠣᠷᠣᠨ᠎ᠳᠤ᠂ ᠲᠡᠷᠡᠴᠢᠯᠡᠨ ᠪᠦᠭᠦ ᠤᠯᠤᠰ᠎ᠤᠨ ᠬᠡᠪᠴᠢᠶᠡᠨ᠎ᠳᠤ ᠬᠠᠮᠤᠭ ᠡᠴᠡ ᠣᠨᠴᠠᠯᠠᠭᠳᠠᠬᠤ ᠮᠠᠯᠵᠢᠬᠤ ᠣᠷᠣᠨ᠎ᠤ ᠰᠣᠶᠣᠯ᠎ᠤᠨ ᠥᠷᠲᠡᠭᠡ ᠵᠢᠨ ᠨᠢᠭᠡ ᠪᠠᠢᠯ᠎ᠠ᠃ 《ᠮᠠᠨ᠎ᠤ ᠴᠣᠩᠵᠢ ᠪᠣᠯ ᠬᠢᠲᠠᠳ ᠮᠣᠩᠭᠣᠯ ᠳᠠᠭᠤᠷ ᠲᠥᠪᠡᠳ ᠤᠯᠨᠨ ᠦᠨᠳᠦᠰᠦᠲᠡᠨ ᠲᠠᠢ ᠰᠤᠮᠤ ᠪᠤᠯᠬᠤ ᠶᠤᠮ᠃ ᠲᠤᠬᠠᠢ ᠵᠢᠨ ᠦᠶᠡᠰ ᠴᠡᠷᠢᠭ ᠠᠷᠠᠳ ᠭᠡᠵᠦ ᠢᠯᠭᠠᠯ ᠦᠭᠡᠢ᠂ ᠦᠨᠳᠦᠰᠦᠲᠡᠨ ᠶᠠᠰᠤᠲᠠᠨ ᠢᠯᠭᠠᠯ ᠦᠭᠡᠢ ᠬᠠᠷᠢᠯᠴᠠᠨ ᠨᠢᠭᠡ ᠭᠡᠷ᠎ᠤᠨ ᠬᠥᠮᠥᠨ ᠮᠡᠲᠦ ᠪᠦᠯᠬᠦᠮᠳᠡᠵᠦ᠂ ᠰᠣᠶᠣᠯ᠎ᠤᠨ ᠥᠷᠲᠡᠭᠡᠨ᠎ᠳᠡᠭᠡᠨ ᠬᠠᠮᠲᠤ ᠪᠡᠷ ᠲᠠᠷᠢᠶᠠᠯᠠᠩ ᠳ᠋ᠠᠵᠠᠢ ᠡᠴᠡ ᠰᠤᠷᠤᠯᠴᠠᠨ᠂ ᠬᠤᠪᠢᠰᠬᠠᠯᠲᠤ ᠳᠠᠭᠤᠤ ᠰᠤᠷᠴᠤ᠂ ᠬᠠᠮᠲᠤ ᠪᠡᠷ ᠲᠤᠬ᠍ᠯᠠᠯᠳᠠ ᠭᠠᠷᠭᠠᠨ᠂ ᠪᠠᠰᠠ ᠥᠷᠲᠡᠭᠡᠨ᠎ᠤ ᠷᠠᠳᠢᠣ᠋ ᠪᠡᠷ ᠳᠠᠮᠵᠢᠭᠤᠯᠤᠨ ᠨᠠᠮ᠎ᠤᠨ ᠲᠦᠷᠥ ᠵᠢᠨ ᠪᠣᠳᠣᠯᠭ᠎ᠠ᠂ ᠰᠢᠨᠵᠢᠯᠡᠬᠦ ᠤᠬᠠᠭᠠᠨᠴᠢ ᠪᠡᠷ ᠮᠠᠯ ᠮᠠᠯᠵᠢᠬᠤ ᠵᠢ ᠰᠤᠷᠤᠯᠴᠠᠳᠠᠭ ᠪᠠᠢᠭᠰᠠᠨ ᠶᠤᠮ᠃ ᠲᠤᠬᠠᠢ ᠵᠢᠨ ᠵᠢᠯ ᠮᠠᠨ᠎ᠤ ᠰᠣᠶᠣᠯ᠎ᠤᠨ ᠥᠷᠲᠡᠭᠡ ᠨᠢ ᠤᠯᠤᠰ ᠳᠠᠶᠠᠭᠠᠷ ᠲᠸ᠋ ᠠᠯᠳᠠᠷᠰᠢᠨ᠂ ᠠᠷᠠᠳ᠎ᠤᠨ ᠡᠳᠦᠷ᠎ᠤᠨ ᠰᠣᠨᠢᠨ ᠳᠡᠭᠡᠷ᠎ᠡ ᠨᠡᠢᠲᠡᠯᠡᠭᠳᠡᠵᠦ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠤᠷᠳᠤᠨ᠎ᠦ ᠲᠡᠷᠢᠭᠦᠯᠡᠭᠴᠢ ᠪᠠᠢᠭᠰᠠᠨ ᠪᠦᠭᠡ ᠨᠦᠬᠦᠷ ᠡᠴᠡ ᠲᠤᠰᠬᠠᠢ ᠪᠢᠴᠢᠭᠡᠰᠦ ᠪᠢᠴᠢᠨ ᠪᠡᠯᠡᠭᠯᠡᠭᠰᠡᠨ ᠪᠠᠢᠳᠠᠭ》ᠭᠡᠵᠦ ᠤᠷᠠᠳ᠎ᠤᠨ ᠲᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠳᠥᠷᠪᠡᠳᠦᠭᠡᠷ ᠲᠡᠰ᠎ᠤᠨ ᠪᠠᠢᠴᠠᠭᠠᠨ ᠰᠤᠳᠤᠯᠤᠭ᠍ᠴᠢ᠂ ᠴᠣᠩᠵᠢ ᠰᠤᠮᠤ ᠵᠢᠨ ᠤᠤᠭᠠᠯ ᠵᠤᠤ ᠵᠢᠶᠦ᠋ᠨ ᠶᠠᠷᠢᠨ᠎ᠠ᠃

ᠴᠠᠭ ᠦᠶ᠎ᠡ᠎ᠶᠢᠨ ᠲᠥᠯᠥᠭᠡᠯᠡᠬᠦ ᠴᠢᠨᠠᠷ ᠪᠣᠯᠣᠨ ᠬᠠᠮᠠᠭᠠᠯᠠᠯᠲᠠ᠎ᠶᠢᠨ ᠦᠨ᠎ᠡ ᠥᠷᠲᠡᠭ ᠵᠢᠡᠷ ᠮᠠᠰᠢ ᠥᠨᠳᠥᠷ ᠴᠣᠩᠵᠢ ᠰᠤᠮᠤ ᠵᠢᠨ ᠮᠠᠯᠴᠢᠳ᠎ᠤᠨ ᠰᠣᠶᠣᠯ᠎ᠤᠨ ᠥᠷᠲᠡᠭᠡ ᠨᠢ 2011 ᠣᠨ ᠪᠤᠯᠬᠤ᠎ᠳᠤ ᠪᠠᠶᠠᠨᠨᠠᠭᠤᠷ ᠬᠤᠲᠠ᠎ᠶᠢᠨ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠶᠢᠨ ᠨᠢᠭᠡᠴᠡ᠎ᠪᠠᠷ ᠦᠨᠡᠯᠡᠭᠳᠡᠵᠦ᠂ ᠲᠡᠦᠬᠡ ᠰᠣᠶᠣᠯ᠎ᠤᠨ ᠬᠠᠮᠠᠭᠠᠯᠠᠯᠲᠠ᠎ᠶᠢᠨ ᠬᠦᠷᠢᠶᠡᠨ᠎ᠳᠠᠬᠢ ᠪᠠᠢᠷᠢ ᠰᠠᠭᠤᠷᠢ ᠪᠠᠨ ᠤᠯᠠᠮ ᠪᠠᠲᠤᠳᠬᠠᠭᠰᠠᠨ ᠶᠤᠮ᠃ ᠬᠡᠳᠦᠨ ᠠᠷᠪᠠᠨ ᠵᠢᠯ᠎ᠤᠨ ᠲᠤᠷᠰᠢ ᠲᠠᠯ᠎ᠠ ᠨᠤᠲᠤᠭ᠎ᠤᠨ ᠰᠣᠶᠣᠯ᠎ᠤᠨ ᠦᠷᠳᠡᠭᠡ ᠨᠢ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ ᠪᠡᠷ ᠳᠠᠮᠵᠢᠭᠤᠯᠤᠨ ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠬᠢᠯᠭᠡ᠎ᠶᠢ ᠮᠠᠯᠴᠢᠳ᠎ᠤᠨ ᠳᠤᠮᠳᠠ ᠳᠡᠯᠭᠡᠷᠡᠭᠦᠯᠦᠨ᠂ ᠰᠣᠶᠣᠯ᠎ᠤᠨ ᠠᠵᠢᠯᠯᠠᠭ᠎ᠠ᠎ᠪᠠᠷ ᠳᠠᠮᠵᠢᠭᠤᠯᠤᠨ ᠠᠷᠠᠳ ᠲᠦᠮᠡᠨ᠎ᠤ ᠤᠯᠤᠰ ᠭᠡᠷ ᠵᠢᠡᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠎ᠶᠢ ᠤᠷᠢᠶᠠᠯᠠᠨ ᠳᠠᠢᠴᠢᠯᠠᠵᠤ᠂ ᠶᠠᠭ ᠡᠳᠡᠭᠡᠷ ᠲᠡᠦᠬᠡ ᠵᠢᠨ ᠤᠷᠲᠤ᠎ᠳᠤ ᠦᠷᠡᠯᠡᠨ ᠵᠢᠮᠢᠰᠯᠡᠭᠰᠡᠨ ᠵᠣᠷᠢᠭ᠋ ᠰᠠᠨᠠᠭᠠᠨ᠎ᠤ ᠬᠤᠷᠠᠮᠳᠤᠯ ᠨᠢ ᠴᠣᠩᠵᠢ᠎ᠶᠢ ᠮᠢᠩᠭᠠᠨ ᠵᠢᠯ᠎ᠤᠨ ᠴᠡᠷᠢᠭ ᠳᠠᠢᠨ᠎ᠤ  ᠪᠣᠭᠣᠮᠲᠠ ᠴᠠᠢᠵᠠ ᠪᠠᠢᠭᠰᠠᠨ ᠡᠴᠡ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠤᠨ ᠰᠠᠭᠤᠷᠢᠨ ᠪᠣᠯᠭᠠᠪᠠ᠃

ᠣᠳᠣᠬᠠᠨ᠎ᠳᠤ ᠰᠠᠭᠤᠷᠢᠨ ᠨᠢ ᠲᠠᠯ᠎ᠠ ᠨᠤᠲᠤᠭ᠎ᠤᠨ ᠰᠣᠶᠣᠯ᠎ᠤᠨ ᠥᠷᠲᠡᠭᠡᠨ᠎ᠤ ᠴᠠᠭ ᠦᠶᠡᠴᠢ ᠵᠣᠷᠢᠭ᠋ ᠰᠠᠨᠠᠭ᠎ᠠ᠎ᠶᠢ ᠦᠷᠭᠦᠯᠵᠢᠯᠡᠨ ᠤᠯᠠᠮᠵᠢᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢᠶᠠᠷ ᠬᠢᠯᠢ ᠬᠢᠵᠠᠭᠠᠷ᠎ᠤᠨ ᠠᠮᠤᠷ ᠲᠣᠭᠲᠠᠭᠤᠨ᠎ᠢ ᠬᠠᠮᠠᠭᠠᠯᠠᠨ᠂ ᠨᠡᠩ ᠴᠤ᠌ ᠢᠲᠡᠭᠡᠯ ᠵᠣᠷᠢᠭ᠋ ᠵᠢᠡᠨ ᠬᠥᠪᠴᠢᠯᠡᠨ ᠪᠦᠯᠬᠦᠮᠳᠡᠨ ᠲᠡᠮᠡᠴᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠡᠬᠢᠵᠢᠭᠦᠯᠬᠦ᠎ᠳᠦ ᠬᠦᠴᠦᠷᠬᠡᠭ ᠶᠡᠬᠡ ᠬᠥᠳᠡᠯᠭᠡᠭᠴᠢ ᠬᠦᠴᠦᠨ᠎ᠢ ᠨᠡᠮᠡᠷᠢᠯᠡᠭᠰᠡᠭᠡᠷ ᠁

ᠳᠤᠮᠳᠠᠳᠤ ᠮᠣᠩᠭᠣᠯ᠎ᠤᠨ ᠨᠠᠢᠷᠠᠮᠳᠠᠯ᠎ᠤᠨ ᠬᠥᠭᠥᠷᠭᠡ ︱《ᠬᠣᠶᠠᠷ ᠮᠣᠩᠭᠣᠯ ᠭᠡᠷ》

ᠥᠭᠡᠷᠡᠴᠢᠯᠡᠯᠲᠡ ᠨᠡᠭᠡᠭᠡᠯᠲᠡ ᠵᠢᠨ ᠤᠷᠢᠬᠠᠨ ᠰᠠᠯᠬᠢ ᠡᠬᠡ ᠭᠠᠵᠠᠷ᠎ᠢ ᠢᠯᠪᠢᠨ᠂ ᠳᠤᠮᠳᠠᠳᠤ ᠤᠯᠤᠰ ᠰᠦᠷ ᠳᠠᠯᠠᠢᠴᠠ ᠲᠠᠢ ᠪᠡᠷ ᠬᠥᠭᠵᠢᠯᠲᠡ ᠵᠢᠨ ᠵᠠᠮ ᠵᠢᠡᠨ ᠡᠬᠢᠯᠡᠭᠦᠯᠵᠦ᠂ ᠬᠦᠴᠦᠨ ᠲᠡᠭᠦᠯᠳᠡᠷ ᠪᠥᠭᠡᠳ ᠪᠦᠲᠦᠮᠵᠢᠲᠡᠶ ᠠᠯᠢ ᠣᠯᠠᠨ ᠲᠥᠷᠥ᠎ᠶᠢᠨ ᠪᠣᠳᠣᠯᠭ᠎ᠠ ᠠᠵᠤ ᠠᠬᠤᠢ᠎ᠶᠢᠨ ᠠᠮᠢᠵᠢᠷᠠᠯ᠎ᠤᠨ ᠬᠦᠴᠦᠨ᠎ᠤ ᠥᠷᠨᠢᠯᠲᠡ᠎ᠶᠢ ᠪᠤᠢ ᠪᠣᠯᠭᠠᠯ᠎ᠠ᠃

ᠭᠠᠭᠴᠠᠮᠣᠳᠤ 1989 ᠣᠨ᠎ᠤ 12 ᠰᠠᠷ᠎ᠠ᠎ᠳᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠢᠡᠷ ᠳᠤᠮᠳᠠᠳᠤ ᠮᠣᠩᠭᠣᠯ᠎ᠤᠨ ᠬᠢᠯᠢ᠎ᠶᠢᠨ ᠠᠷᠠᠯᠵᠢᠶ᠎ᠠ ᠬᠤᠳᠠᠯᠳᠤᠭᠠᠨ᠎ᠤ ᠲᠦᠷ ᠴᠠᠭ᠎ᠤᠨ ᠪᠠᠷᠠᠭ᠎ᠠ ᠳᠠᠮᠵᠢᠭᠤᠯᠬᠤ ᠴᠡᠭ ᠪᠣᠯᠵᠠᠢ᠃ ᠰᠠᠯᠬᠢ ᠰᠢᠭᠤᠷᠭ᠎ᠠ᠎ᠶᠢ ᠬᠠᠯᠬᠠᠯᠠᠨ᠂ ᠠᠷᠠᠯᠵᠢᠶᠠᠴᠢᠳ᠎ᠢ ᠬᠥᠯ ᠠᠮᠠᠷᠠᠭᠠᠬᠤ ᠵᠢᠨ ᠲᠤᠯᠠᠳᠠ᠂ ᠡᠭᠡᠷᠡᠮ᠎ᠡ ᠲᠠᠯ᠎ᠠ ᠳᠡᠭᠡᠷ᠎ᠡ ᠬᠣᠶᠠᠷ ᠮᠣᠩᠭᠣᠯ ᠭᠡᠷ ᠪᠣᠰᠬᠠᠵᠤ᠂ ᠬᠢᠯᠢ ᠵᠢᠨ ᠬᠠᠮᠠᠭᠠᠯᠠᠯᠲᠠ ᠵᠢᠨ ᠪᠠᠢᠴᠠᠭᠠᠬᠤ ᠦᠷᠲᠡᠭᠡ ᠪᠠᠢᠭᠤᠯᠤᠨ᠂ ᠲᠤᠮᠳᠠᠳᠤ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠬᠥᠭᠥᠷᠭᠡ᠎ᠶᠢ ᠬᠣᠯᠪᠣᠵᠤ ᠡᠬᠢᠯᠡᠪᠡ᠃《ᠬᠢᠯᠢ᠎ᠶᠢᠨ ᠪᠣᠭᠣᠮᠲᠠ᠎ᠶᠢ ᠠᠩᠬ᠎ᠠ ᠪᠠᠢᠭᠤᠯᠬᠤ ᠦᠶᠡᠰ ᠨᠥᠬᠥᠴᠡᠯ ᠨᠢ ᠲᠤᠢᠯ᠎ᠤᠨ ᠪᠠᠷᠤᠭᠲᠠᠢ᠂ ᠠᠷᠠᠯᠵᠢᠶᠠᠨ᠎ᠤ ᠴᠡᠭ ᠨᠢ ᠵᠦᠪᠭᠡᠨ ᠬᠣᠶᠠᠷᠬᠠᠨ ᠮᠣᠩᠭᠣᠯ ᠭᠡᠷ ᠯᠡ ᠪᠠᠢᠵᠤ᠂ ᠠᠷᠠᠰᠤ ᠰᠢᠷᠢ᠂ ᠨᠣᠣᠰᠣ᠌ ᠨᠣᠣᠯᠣᠭᠤᠷ ᠵᠡᠷᠭᠡ ᠮᠠᠯ᠎ᠤᠨ ᠠᠰᠢᠭ᠋ ᠰᠢᠮ᠎ᠡ᠎ᠶᠢ ᠭᠠᠳᠠᠭᠠᠳᠤ ᠡᠴᠡ ᠣᠷᠣᠭᠤᠯᠵᠤ᠂ ᠡᠳᠦᠷ ᠲᠤᠳᠤᠮ᠎ᠤᠨ ᠬᠡᠷᠡᠭᠯᠡᠭᠡᠨ᠎ᠦ ᠵᠦᠢᠯᠡᠰ᠎ᠢ ᠭᠠᠳᠠᠭ᠍ᠰᠢ ᠭᠠᠷᠭᠠᠳᠠᠭ᠃ ᠮᠠᠨ᠎ᠤ ᠬᠡᠳᠦᠨ ᠺᠠᠳ᠋ᠷ ᠴᠠᠭᠳᠠᠭ᠎ᠠ ᠥᠷᠯᠥᠭᠡ ᠪᠦᠷᠢ ᠬᠠᠯᠢᠭᠤᠲᠤ ᠪᠠᠯᠭᠠᠰᠤ ᠡᠴᠡ ᠵᠢᠫ ᠲᠡᠷᠭᠡᠨ ᠳ᠋ᠡᠭᠡᠨ ᠰᠢᠬᠠᠯᠴᠠᠵᠤ ᠭᠠᠷᠤᠭᠠᠳ᠂ ᠡᠳᠦᠷ ᠪᠦᠷᠢ ᠢᠷᠡᠵᠦ ᠶᠠᠪᠤᠬᠤ ᠵᠢᠨ 270 ᠭᠠᠷᠤᠢ ᠺᠢᠯᠣᠮᠧᠲᠷ ᠠᠶᠠᠯᠠᠵᠤ ᠮᠠᠰᠢ ᠬᠠᠲᠠᠭᠤᠵᠢᠯᠲᠠᠢ ᠪᠠᠢᠭᠰᠠᠨ》ᠭᠡᠵᠦ ᠭᠠᠭᠴᠠᠮᠣᠳᠤ ᠬᠢᠯᠢ᠎ᠶᠢᠨ ᠪᠠᠢᠴᠠᠭᠠᠯᠲᠠ ᠵᠢᠨ ᠥᠷᠲᠡᠭᠡᠨ᠎ᠤ ᠠᠩᠬᠠᠨ᠎ᠤ ᠥᠷᠲᠡᠭᠡᠨ ᠳᠠᠷᠤᠭ᠎ᠠ ᠪᠠᠢᠭᠰᠠᠨ ᠳᠠᠮᠷᠢᠨ ᠶᠠᠷᠢᠨ᠎ᠠ᠃

ᠲᠤᠬᠠᠢ ᠵᠢᠨ ᠦᠶ᠎ᠡ᠎ᠳᠤ ᠭᠠᠭᠴᠠᠮᠣᠳᠤ ᠬᠢᠯᠢ ᠵᠢᠨ ᠪᠣᠭᠣᠮᠲᠠ᠎ᠳᠤ ᠵᠢᠯ᠎ᠦᠨ ᠲᠦᠷᠪᠡᠨ ᠤᠯᠠᠷᠢᠯ ᠵᠢᠡᠷ ᠰᠠᠯᠬᠢ ᠰᠠᠯᠬᠢᠯᠠᠵᠤ᠂ ᠠᠭᠠᠭᠢᠮ᠎ᠠ ᠵᠣᠨ ᠬᠠᠬᠢᠷ ᠡᠪᠦᠯ᠂ ᠤᠰᠤ ᠴᠠᠭᠢᠯᠭᠠᠨ ᠵᠤᠬ᠍ᠰᠤᠬᠤ ᠦᠵᠡᠭᠳᠡᠯ ᠪᠠᠢᠩᠭᠤ ᠡᠭᠦᠰᠴᠦ᠂ ᠪᠠᠢᠭᠠᠯᠢ ᠣᠷᠴᠢᠨ᠎ᠤ ᠨᠥᠬᠥᠴᠡᠯ ᠮᠠᠰᠢ ᠬᠠᠲᠠᠭᠤ ᠪᠡᠷᠬᠡᠰᠢᠶᠡᠯ ᠲᠠᠢ ᠴᠤ᠌᠂ ᠠᠷᠠᠰᠤᠨ ᠭᠤᠲᠤᠯ᠂ ᠳᠡᠪᠡᠯ ᠲᠡᠷᠯᠢᠭ ᠵᠢᠡᠷ ᠵᠢᠡᠨ ᠭᠣᠶᠣᠭᠰᠠᠨ ᠮᠣᠩᠭᠣᠯ ᠤᠯᠤᠰ᠎ᠤᠨ ᠢᠷᠭᠡᠳ ᠪᠥᠭᠡᠮ ᠵᠢᠡᠷ ᠵᠢᠡᠨ ᠬᠢᠯᠢ ᠳᠡᠭᠡᠷ᠎ᠡ ᠢᠷᠡᠵᠦ ᠠᠷᠠᠯᠵᠢᠶᠠᠯᠠᠬᠤ ᠨᠢ ᠬᠢᠯᠢ ᠵᠢᠨ ᠪᠣᠭᠣᠮᠲᠠ ᠵᠢᠨ ᠥᠪᠡᠷᠮᠢᠴᠡ ᠨᠢᠭᠡᠨ ᠦᠵᠡᠭᠳᠡᠯ ᠪᠣᠯᠵᠤ ᠬᠥᠮᠥᠰ᠎ᠦᠨ ᠴᠡᠭᠡᠵᠢᠨ᠎ᠳᠦ ᠬᠠᠳᠠᠩᠰᠢᠭ᠍ᠰᠠᠨ ᠪᠠᠢᠪᠠ᠃

1992 ᠣᠨ᠎ᠳᠤ ᠭᠠᠭᠴᠠᠮᠣᠳᠤ ᠨᠢ ᠤᠯᠤᠰ᠎ᠤᠨ ᠨᠢᠭᠡᠳᠦᠭᠡᠷ ᠲᠦᠷᠦᠯ᠎ᠤᠨ ᠤᠯᠠᠷᠢᠯ᠎ᠤᠨ ᠴᠢᠨᠠᠷᠲᠠᠢ ᠨᠡᠭᠡᠭᠡᠯᠲᠡ ᠬᠢᠬᠦ ᠪᠣᠭᠣᠮᠲᠠ ᠪᠣᠯᠵᠤ᠂ ᠪᠣᠯᠣᠳ᠂ ᠱᠦᠢᠨᠢ ᠵᠡᠷᠭᠡ ᠲᠦᠭᠦᠬᠡᠢ ᠮᠠᠲᠧᠷᠢᠶᠠᠯ᠎ᠤᠨ ᠠᠷᠠᠯᠵᠢᠶ᠎ᠠ᠎ᠶᠢ ᠥᠷᠨᠢᠭᠦᠯᠵᠦ ᠡᠬᠢᠯᠡᠭᠰᠡᠨ ᠪᠠ ᠥᠭᠡᠷᠡᠴᠢᠯᠡᠯᠲᠡ ᠨᠡᠭᠡᠭᠡᠯᠲᠡ᠎ᠶᠢᠨ ᠡᠷᠴᠢᠮ ᠲᠠᠢ ᠶᠠᠪᠤᠭᠳᠠᠬᠤ᠎ᠶᠢ ᠳᠠᠭᠠᠯᠳᠤᠨ ᠪᠣᠭᠣᠮᠲᠠ᠎ᠶᠢᠨ ᠠᠷᠠᠯᠵᠢᠶᠠᠨ᠎ᠤ ᠬᠡᠮᠵᠢᠶ᠎ᠡ ᠨᠢ ᠦᠷᠭᠦᠯᠵᠢᠯᠡᠨ ᠨᠡᠮᠡᠭᠳᠡᠵᠦ᠂ 2009 ᠣᠨ ᠪᠤᠯᠬᠤ᠎ᠳᠤ ᠲᠡᠰ ᠳᠡᠪᠰᠢᠭᠡᠳ ᠪᠠᠢᠩᠭᠤ ᠵᠢᠨ ᠴᠢᠨᠠᠷᠲᠠᠢ ᠨᠡᠭᠡᠭᠡᠯᠲᠡ ᠬᠢᠬᠦ ᠵᠠᠰᠠᠮᠠᠯ ᠵᠠᠮ᠎ᠤᠨ ᠪᠣᠭᠣᠮᠲᠠ ᠪᠣᠯᠵᠤ᠂ 2025 ᠣᠨ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠦᠨ ᠵᠥᠪᠰᠢᠶᠡᠷᠡᠯ ᠵᠢᠡᠷ ᠡᠬᠡ ᠬᠠᠭᠤᠷᠠᠢ ᠵᠢᠨ ᠬᠢᠯᠢ ᠵᠢᠨ ᠪᠣᠭᠣᠮᠲᠠ ᠵᠢᠨ ᠭᠡᠯᠪᠡᠷᠢ ᠵᠢᠨ ᠤᠯᠤᠰ᠎ᠤᠨ ᠪᠠᠷᠠᠭᠠᠨ᠎ᠤ ᠭᠦᠢᠯᠭᠡᠭᠡᠨ᠎ᠤ ᠬᠦᠢᠰᠦ ᠪᠣᠯᠪᠠ᠃

ᠬᠡᠳᠦᠨ ᠠᠷᠪᠠᠨ ᠵᠢᠯ᠎ᠦᠨ ᠲᠤᠷᠰᠢ ᠭᠠᠭᠴᠠᠮᠣᠳᠤ ᠬᠢᠯᠢ ᠵᠢᠨ ᠪᠣᠭᠣᠮᠲᠠ ᠨᠢ ᠣᠷᠣᠨ ᠪᠠᠢᠷᠢ ᠵᠢᠨ ᠳᠠᠪᠠᠭᠤᠯᠢᠭ᠋ ᠵᠢᠡᠨ ᠨᠡᠭᠡᠭᠡᠯᠲᠡ ᠬᠢᠬᠦ ᠳᠠᠪᠠᠭᠤᠯᠢᠭ᠋᠂ ᠬᠥᠭᠵᠢᠯᠲᠡ ᠵᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ ᠪᠡᠷ ᠪᠦᠲᠦᠭᠡᠨ ᠪᠠᠢᠭᠤᠯᠬᠤ᠎ᠳᠦ ᠢᠳᠡᠪᠬᠢᠲᠡᠢ ᠠᠭᠤᠰᠤᠯᠴᠠᠨ᠂《ᠬᠣᠶᠠᠷᠬᠠᠨ ᠮᠣᠩᠭᠣᠯ ᠭᠡᠷ》ᠡᠴᠡ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠭᠠᠵᠠᠷ ᠪᠤᠯᠬᠤ ᠯᠤᠲᠤ ᠶᠡᠬᠡ ᠬᠤᠪᠢᠷᠠᠯᠲᠠ᠎ᠶᠢ ᠪᠡᠶᠡᠯᠡᠭᠦᠯᠵᠦ᠂ ᠲᠡᠦᠬᠡᠲᠦ ᠴᠢᠨᠠᠷᠲᠠᠢ ᠬᠥᠭᠵᠢᠯ᠎ᠤᠨ ᠬᠠᠭᠤᠳᠠᠰᠤ᠎ᠢ ᠪᠢᠴᠢᠭᠯᠡᠭᠰᠡᠨ ᠶᠤᠮ᠃

ᠬᠤᠪᠢᠰᠬᠠᠯ᠎ᠤᠨ ᠵᠣᠷᠢᠭ᠋ ᠰᠠᠨᠠᠭ᠎ᠠ᠂ ᠨᠠᠮ᠎ᠤᠨ ᠬᠠᠢᠷ᠎ᠠ ᠬᠠᠯᠠᠮᠵᠢ᠂ ᠬᠥᠭᠵᠢᠯ᠎ᠤᠨ ᠪᠡᠯᠭᠡᠳᠡᠯ ᠪᠣᠯᠤᠭᠰᠠᠨ 《ᠬᠣᠶᠠᠷ ᠮᠣᠩᠭᠣᠯ》 ᠭᠡᠷ ᠮᠠᠨᠢ ᠰᠢᠨ᠎ᠡ ᠡᠷᠡᠨ᠎ᠤ ᠭᠦᠭ ᠠᠶᠠᠰ ᠲᠤ᠌ ᠴᠣᠬᠢᠯᠭ᠎ᠠ ᠨᠡᠢᠯᠡᠨ ᠤᠷᠠᠳ ᠨᠤᠲᠤᠭ᠎ᠤᠨ ᠵᠢᠡᠨ ᠬᠠᠯᠠᠭᠤᠨ ᠡᠯᠢᠭᠡᠨ᠎ᠳᠤ ᠲᠠᠢᠪᠤᠩ ᠪᠠᠭᠤᠳᠠᠯᠯᠠᠭᠰᠠᠭᠠᠷ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号