ᠠᠤᠭ᠎ᠠ ᠶᠡᠬᠡ ᠰᠢᠨ᠎ᠡ ᠵᠢᠷᠤᠭ ᠲᠥᠰᠥᠪ᠎ᠢ ᠵᠢᠷᠤᠭᠯᠠᠵᠤ ᠰᠦᠷ ᠳᠠᠯᠠᠢᠴᠠᠲᠠᠢ ᠰᠢᠨ᠎ᠡ ᠠᠶᠠᠨ᠎ᠳᠦ ᠡᠷᠡᠯᠬᠡᠭᠯᠡᠨ ᠤᠷᠤᠭᠰᠢᠯᠠᠨ᠎ᠡ
2025-10-27 10:07:21
ᠵᠣᠬᠢᠶᠠᠭ᠍ᠴᠢ᠄
​ ᠬᠠᠨ ᠱᠢᠤᠸᠠᠢ ᠷᠦ᠋ ᠯᠢ ᠶᠦᠩ ᠲᠤᠤ ᠯᠢ ᠭᠦᠸᠧ ᠫᠢᠩ ᠺᠠᠩ ᠯᠢ ᠨᠠ ᠠᠨᠢᠷ ᠶᠠᠩ ᠸᠧᠢ
ᠣᠩᠱᠢᠭ᠍ᠰᠠᠨ ᠣᠳᠠᠭ᠎ᠠ᠄
★★★☆☆

︱ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ ᠠᠵᠤ ᠠᠬᠤᠢ᠎ᠶᠢᠨ ᠡᠲᠡᠭᠡᠳ᠎ᠦᠨ ᠬᠥᠮᠥᠰ᠎ᠦᠨ ᠳᠤᠮᠳᠠ ᠴᠢᠩᠭ᠎ᠠ ᠲᠤᠰᠬᠠᠯ ᠭᠠᠷᠪᠠ

10 ᠰᠠᠷ᠎ᠠ᠎ᠶᠢᠨ 20 ᠎ᠡᠴᠡ 23 ᠎ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ ᠪᠡᠭᠡᠵᠢᠩ᠎ᠳᠦ ᠬᠤᠷᠠᠯᠳᠤᠪᠠ᠃ ᠣᠢᠷ᠎ᠠ᠎ᠶᠢᠨ ᠡᠳᠦᠷ᠎ᠦᠳ᠎ᠲᠦ᠂ ᠥᠪᠥᠷ ᠮᠣᠩᠭᠣᠯ᠎ᠤᠨ ᠠᠵᠤ ᠠᠬᠤᠢ᠎ᠶᠢᠨ ᠡᠲᠡᠭᠡᠳ᠎ᠦᠨ ᠬᠥᠮᠥᠰ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠤᠯᠠᠨ᠎ᠢᠶᠠᠷ᠎ᠢᠶᠠᠨ ᠤᠯᠤᠰ᠎ᠤᠨ ᠬᠥᠭᠵᠢᠯᠲᠡ᠎ᠶᠢᠨ ᠴᠢᠬᠤᠯᠠ ᠶᠡᠬᠡ ᠰᠢᠨ᠎ᠡ ᠠᠵᠠ ᠲᠣᠬᠢᠶᠠᠯ᠎ᠢ ᠢᠳᠡᠪᠬᠢᠲᠡᠢ ᠡᠵᠡᠮᠳᠡᠵᠦ᠂ ᠨᠡᠩ ᠥᠷᠭᠡᠨ ᠬᠠᠷᠡᠴᠡ᠎ᠪᠠᠷ ᠬᠥᠭᠵᠢᠯᠲᠡ᠎ᠶᠢ ᠲᠥᠯᠥᠪᠵᠢᠭᠦᠯᠵᠦ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠤ ᠨᠡᠩ ᠭᠢᠯᠠᠯᠵᠠᠮ᠎ᠠ ᠴᠠᠭ ᠦᠶ᠎ᠡ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ᠎ᠶᠢ ᠪᠠᠭᠲᠠᠭᠠᠵᠤ ᠪᠣᠳᠠᠲᠠᠢ᠎ᠪᠠᠷ ᠠᠵᠢᠯᠯᠠᠬᠤ ᠢᠷᠠᠭᠤ ᠬᠠᠭᠤᠳᠠᠰᠦ ᠵᠢ ᠵᠢᠷᠤᠭᠯᠠᠨ᠎ᠠ

ᠰᠢᠨ᠎ᠡ ᠵᠢᠷᠤᠭ ᠲᠥᠰᠥᠪ ᠨᠢ ᠬᠦᠰᠡᠯ ᠡᠷᠡᠮᠡᠯᠵᠡᠯ᠎ᠢ ᠠᠴᠢᠶᠠᠯᠠᠨ᠂ ᠲᠡᠮᠡᠴᠡᠯ᠎ᠦᠨ ᠵᠣᠷᠢᠭ᠋᠎ᠢ ᠬᠥᠪᠴᠢᠯᠡᠵᠦ᠂ ᠰᠢᠨ᠎ᠡ ᠠᠶᠠᠨ᠎ᠳᠤ ᠠᠵᠠ ᠲᠣᠬᠢᠶᠠᠯ ᠳᠦᠭᠦᠷᠡᠩ ᠬᠦᠯᠢᠶᠡᠵᠤ᠂ ᠬᠥᠮᠥᠰ᠎ᠢ ᠵᠣᠷᠢᠭ᠍ᠵᠢᠭᠤᠯᠤᠨ ᠤᠷᠤᠭᠰᠢᠯᠠᠭᠤᠯᠤᠨ᠎ᠠ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠡᠴᠡ ᠢᠷᠡᠭᠡᠳᠦᠢ᠎ᠶᠢᠨ ᠲᠠᠪᠤᠨ ᠵᠢᠯ᠎ᠳᠡᠬᠢ ᠮᠠᠨ᠎ᠤ ᠤᠯᠤᠰ᠎ᠤᠨ ᠬᠥᠭᠵᠢᠯᠲᠡ᠎ᠶᠢᠨ ᠲᠤᠬᠠᠢ ᠦᠵᠦ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭᠯᠠᠯᠲᠠ ᠬᠢᠭᠰᠡᠨ ᠨᠢ ᠢᠯᠠᠯᠲᠠ᠎ᠶᠢᠨ ᠡᠷᠴᠢᠨ ᠳᠡᠭᠡᠷ᠎ᠡ᠎ᠪᠡᠨ ᠤᠷᠤᠭᠰᠢᠯᠠᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ  ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭ᠎ᠠ ᠵᠢᠨ ᠶᠡᠷᠦᠩᠬᠡᠢ ᠳᠠᠢᠴᠢᠯᠠᠯᠲᠠ᠂ ᠶᠡᠷᠦᠩᠬᠡᠢ ᠪᠠᠢᠷᠢᠯᠠᠭᠤᠯᠤᠯᠳᠠ ᠮᠥᠨ》 ᠭᠡᠵᠤ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠲᠣᠪᠴᠢᠶᠠᠨ ᠳᠠᠷᠤᠭ᠎ᠠ ᠭᠤᠤ ᠸᠠᠩ ᠳ᠋ᠦᠩ ᠬᠡᠯᠡᠪᠡ᠃

ᠭᠣᠸ᠋ ᠸᠠᠩ ᠳ᠋ᠦᠩ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠪᠦᠬᠦ ᠰᠢᠰᠲᠧᠮ᠎ᠦᠨ ᠬᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠥᠩᠭᠥᠨ ᠭᠦᠢᠯᠭᠡᠭᠡᠨ᠎ᠦ ᠠᠵᠢᠯ᠎ᠤᠨ ᠤᠯᠤᠰ ᠲᠥᠷᠥᠴᠢ ᠴᠢᠨᠠᠷ᠂ ᠠᠷᠠᠳᠴᠢ ᠴᠢᠨᠠᠷ᠎ᠢ ᠴᠠᠭ ᠢᠮᠠᠭᠲᠠ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ ᠪᠠ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠦ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠦᠢᠯᠡᠰ᠎ᠦᠨ ᠬᠥᠭᠵᠢᠯᠲᠡ᠎ᠶᠢ ᠰᠦᠪᠡᠭᠴᠢᠯᠡᠬᠦ ᠰᠡᠳᠬᠢᠴᠡ᠂ ᠠᠵᠢᠯ᠎ᠢ ᠠᠬᠢᠭᠤᠯᠬᠤ ᠠᠷᠭ᠎ᠠ ᠬᠡᠮᠵᠢᠶ᠎ᠡ᠂ ᠮᠥᠩᠭᠥᠨ ᠭᠦᠢᠯᠭᠡᠭᠡᠨ᠎ᠢᠶᠡᠷ ᠤᠯᠤᠰ᠎ᠤᠨ ᠲᠦᠯᠦᠭᠡ ᠵᠢᠳᠬᠦᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠣᠷᠣᠨ ᠨᠤᠲᠤᠭ᠎ᠤᠨ ᠳᠤᠮᠳᠠ ᠪᠠᠭ᠎ᠠ ᠬᠠᠤᠯᠢ᠎ᠶᠢᠨ ᠡᠷᠬᠡᠲᠡᠨ᠎ᠦ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠥᠭᠡᠷᠡᠴᠢᠯᠡᠯᠲᠡ ᠲᠦᠭᠰᠢᠭᠦᠷᠢ᠎ᠶᠢ ᠠᠷᠢᠯᠭᠠᠬᠤ ᠵᠢ ᠦᠷᠭᠦᠯᠵᠢᠯᠡᠨ ᠭᠦᠨᠵᠡᠭᠡᠢᠷᠡᠭᠦᠯᠵᠦ᠂ 《ᠳᠡᠯᠪᠡᠷᠡᠬᠦ ᠲᠦᠭᠰᠢᠭᠦᠷᠢ》 ᠶ᠋ᠢ ᠰᠡᠷᠭᠡᠢᠯᠡᠬᠦ᠎ᠶᠢ ᠣᠳᠣᠬᠠᠨ᠎ᠤ ᠬᠢᠨᠠᠯᠲᠠ ᠬᠠᠮᠢᠶᠠᠷᠤᠯᠲᠠ᠎ᠶᠢᠨ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠬᠢᠨᠠᠯᠲᠠ ᠬᠠᠮᠢᠶᠠᠷᠤᠯᠲᠠ᠎ᠶᠢᠨ ᠰᠢᠰᠲ᠋ᠸᠮ᠎ᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠴᠢᠩᠭ᠎ᠠ ᠬᠢᠨᠠᠨ ᠬᠠᠮᠢᠶᠠᠷᠬᠤ ᠠᠭᠤᠷ ᠠᠮᠢᠰᠬᠤᠯ᠎ᠢ ᠪᠡᠬᠢᠵᠢᠭᠦᠯᠵᠦ᠂ ᠬᠢᠨᠠᠨ ᠬᠠᠮᠢᠶᠠᠷᠬᠤ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠲᠥᠪ ᠎ᠤᠨ ᠪᠠ ᠣᠷᠣᠨ ᠨᠤᠲᠤᠭ᠎ᠤᠨ ᠬᠠᠮᠵᠢᠯᠴᠠᠬᠤ ᠲᠣᠭᠲᠡᠴᠡ᠎ᠶᠢ ᠪᠣᠳᠠᠲᠠᠢᠵᠢᠭᠤᠯᠵᠤ᠂ ᠮᠥᠩᠭᠥᠨ ᠭᠦᠢᠯᠭᠡᠭᠡᠨ᠎ᠦ ᠬᠡᠷᠡᠭᠯᠡᠭᠴᠢᠳ᠎ᠦᠨ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢᠲᠤᠷ ᠭᠦᠢᠴᠡᠳᠬᠡᠵᠦ᠂ ᠰᠢᠶᠠᠨ᠎ᠤ ᠬᠡᠪᠴᠢᠶᠡᠨ᠎ᠦ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠭᠦᠨᠵᠡᠭᠡᠢᠷᠡᠭᠦᠯᠤᠨ᠎ᠡ᠃ ᠠᠵᠤ ᠠᠬᠤᠢ᠎ᠶᠢᠨ ᠬᠥᠭᠵᠢᠯᠲᠡ᠎ᠶᠢ ᠬᠦᠴᠦᠯᠡᠨ ᠳᠡᠮᠵᠢᠵᠦ᠂ ᠮᠥᠩᠭᠥᠨ ᠭᠦᠢᠯᠭᠡᠭᠡᠨ᠎ᠦ ᠠᠵᠢᠯ᠎ᠤᠨ ᠦᠨᠳᠦᠰᠦᠨ ᠵᠣᠷᠢᠯᠲᠠ᠎ᠶᠢ ᠪᠠᠲᠤ ᠡᠵᠡᠮᠳᠡᠵᠤ᠂ ᠮᠥᠩᠭᠥᠨ ᠭᠦᠢᠯᠭᠡᠭᠡᠨ᠎ᠦ 《ᠲᠠᠪᠤᠨ ᠲᠤᠮᠤ ᠶᠠᠪᠤᠳᠠᠯ》 ᠢ᠋ ᠭᠦᠨᠵᠡᠭᠡᠢ ᠰᠠᠢᠲᠤᠷ ᠬᠢᠵᠦ᠂ 《ᠲᠠᠪᠤᠨ ᠶᠡᠬᠡ ᠡᠭᠦᠷᠭᠡ》 ᠳ᠋ᠤ ᠦᠢᠯᠡᠴᠢᠯᠡᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠨᠠᠩ ᠰᠠᠢᠲᠤᠷ ᠳᠡᠮᠵᠢᠨ᠎ᠡ ᠭᠡᠵᠤ ᠢᠯᠡᠳᠬᠡᠪᠡ᠃

《ᠪᠦᠭᠦᠳᠡ ᠬᠤᠷᠠᠯ ᠡᠴᠡ ᠢᠳᠡᠭᠡᠨ ᠪᠠ ᠡᠮ᠎ᠦᠨ ᠵᠦᠢᠯᠡᠰ᠎ᠦᠨ ᠠᠮᠤᠷ ᠲᠦᠪᠰᠢᠨ᠎ᠤ ᠪᠦᠬᠦ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠂ ᠢᠳᠡᠭᠡᠨ᠎ᠦ ᠦᠢᠯᠡᠳᠪᠦᠷᠢᠯᠡᠯ᠎ᠦᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠶᠢᠨ ᠬᠠᠤᠯᠢ ᠬᠡᠷᠡᠭᠵᠢᠭᠦᠯᠬᠦ ᠠᠵᠢᠯᠲᠠᠨ ᠪᠣᠯᠤᠭᠰᠠᠨ᠎ᠤ ᠬᠤᠪᠢ᠎ᠳᠤ ᠡᠭᠦᠷᠭᠡ  ᠥᠩᠭᠡ ᠭᠡᠷᠡᠯᠲᠡᠢ ᠪᠥᠭᠡᠳ ᠬᠠᠷᠢᠭᠤᠴᠠᠯᠭ᠎ᠠ  ᠬᠦᠨᠳᠦ ᠴᠢᠬᠤᠯᠠ ᠭᠡᠳᠡᠭ᠎ᠢ ᠭᠦᠨᠵᠡᠭᠡᠢ ᠣᠢᠯᠠᠭᠠᠵᠤ ᠪᠠᠢᠨ᠎ᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠢᠳᠡᠭᠡᠨ᠎ᠦ ᠦᠢᠯᠡᠳᠪᠦᠷᠢᠯᠡᠯ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠶᠢᠨ ᠭᠠᠵᠠᠷ᠎ᠤᠨ ᠳᠠᠷᠤᠭ᠎ᠠ ᠹᠠᠩ᠎ᠳ᠋ᠦᠩ ᠯᠢᠶᠠᠩ᠂ ᠡᠷᠬᠡᠪᠰᠢ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠢᠳᠡᠭᠡᠨ᠎ᠦ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠨᠠᠷᠢᠨ ᠬᠢᠨᠠᠮᠠᠭᠠᠢ ᠲᠥᠯᠥᠪᠯᠡᠵᠦ᠂ 《ᠢᠳᠡᠭᠡᠨ᠎ᠦ ᠠᠮᠤᠷ ᠲᠦᠪᠰᠢᠨ᠎ᠦ ᠪᠦᠬᠦ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠠᠯᠪᠠᠨ ᠲᠢᠨᠭᠭᠢᠮ᠎ᠤᠨ ᠰᠠᠨᠠᠯ》ᠤ᠋ᠨ ᠱᠠᠭᠠᠷᠳᠠᠯᠭ᠎ᠠ ᠲᠠᠢ ᠬᠠᠷᠭᠤᠭᠤᠯᠵᠦ᠂ ᠶᠠᠭ ᠰᠠᠶᠢᠬᠠᠨ ᠪᠠᠢᠭᠤᠯᠵᠤ ᠪᠠᠢᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠦ ᠠᠮᠤᠷ ᠲᠦᠪᠰᠢᠨ᠎ᠦ ᠮᠥᠷᠳᠡᠬᠦ ᠰᠢᠰᠲᠧᠮ᠎ᠢᠶᠡᠷ ᠭᠠᠷᠳᠠᠴᠠ ᠪᠣᠯᠭᠠᠵᠤ᠂ ᠮᠠᠯ ᠠᠵᠤ ᠠᠬᠤᠢ ᠲᠠᠷᠢᠶᠠᠯᠠᠩ᠂ ᠣᠶ ᠰᠢᠭᠤᠢ ᠨᠤᠲᠤᠭ ᠪᠡᠯᠴᠢᠭᠡᠷ᠂ ᠪᠣᠭᠣᠮᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠲᠠᠷᠢᠶᠠᠨ ᠭᠠᠵᠠᠷ᠎ᠡᠴᠡ ᠬᠣᠭᠣᠯᠠᠨ ᠰᠢᠷᠡᠭᠡ ᠬᠦᠷᠲᠡᠯᠡᠬᠢ ᠪᠥᠬᠥ ᠬᠡᠯᠬᠢᠶ᠎ᠡ ᠵᠢᠨ ᠢᠳᠡᠭᠡᠨ᠎ᠦ ᠠᠮᠤᠷ ᠲᠦᠪᠰᠢᠨ᠎ᠦ ᠮᠥᠷᠳᠡᠬᠦ ᠠᠵᠢᠯ᠎ᠢ ᠥᠷᠨᠢᠭᠦᠯᠵᠦ᠂ ᠢᠳᠡᠭᠡᠨ᠎ᠦ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠲᠣᠣᠷ ᠰᠦᠯᠵᠢᠶ᠎ᠡ᠎ᠶᠢ ᠤᠯᠠᠮ ᠨᠢᠭᠡ ᠠᠯᠬᠤᠮ ᠨᠢᠭ᠍ᠲᠠ ᠰᠦᠯᠵᠢᠵᠦ᠂ ᠬᠢᠨᠠᠯᠲᠠ ᠬᠠᠮᠢᠶᠠᠷᠤᠯᠲᠠ᠎ᠶᠢᠨ ᠬᠠᠮᠳᠤᠷᠠᠯ ᠬᠦᠴᠦᠨ᠎ᠢ ᠪᠦᠷᠢᠯᠳᠦᠭᠦᠯᠬᠦ᠎ᠶᠢ ᠠᠬᠢᠭᠤᠯᠵᠤ᠂ ᠢᠳᠡᠭᠡᠨ᠎ᠦ ᠪᠥᠬᠥ ᠬᠡᠯᠬᠢᠶ᠎ᠡ᠎ᠶᠢᠨ《ᠴᠢᠭᠯᠡᠯ ᠳᠠᠭᠠᠤ ᠨᠡᠭᠡᠵᠤ ᠪᠣᠯᠬᠤ᠂ ᠰᠦᠷᠭᠡᠦ ᠴᠢᠭᠯᠡᠯ᠎ᠢᠶᠡᠷ ᠮᠦᠷᠳᠡᠵᠤ ᠪᠣᠯᠬᠤ᠂ ᠲᠦᠭᠰᠢᠭᠦᠷᠢ᠎ᠶᠢ ᠡᠵᠡᠮᠳᠡᠵᠦ ᠪᠣᠯᠬᠤ᠂ ᠬᠠᠷᠢᠭᠤᠴᠠᠯᠭ᠎ᠠ ᠨᠡᠬᠡᠮᠵᠢᠯᠡᠵᠦ ᠪᠣᠯᠬᠤ》 ᠬᠠᠷᠠᠯᠲᠠ᠎ᠶᠢ ᠪᠡᠶᠡᠯᠡᠭᠦᠯᠦᠨ᠎ᠡ ᠭᠡᠵᠤ ᠢᠯᠡᠳᠬᠡᠪᠡ᠃

ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ ᠬᠠᠷᠢᠭᠤᠴᠠᠯᠭ᠎ᠠ ᠡᠭᠦᠷᠭᠡᠯᠡᠯ᠎ᠤᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠨ᠎ᠡ

ᠪᠥᠬᠥᠳᠡ ᠬᠤᠷᠠᠯ᠎ᠡᠴᠡ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠦᠨ ᠪᠤᠵᠠᠭᠠᠢᠷᠠᠭᠤᠯᠤᠨ᠎ᠠ᠃ ᠠᠵᠤ ᠠᠬᠤᠢ᠎ᠶᠢ ᠬᠥᠭᠵᠢᠭᠦᠯᠬᠦ ᠬᠦᠴᠦᠯᠡᠴᠡ ᠵᠢ ᠪᠣᠳᠠᠲᠤ ᠴᠣᠭᠴᠠ᠎ᠶᠢᠨ ᠠᠵᠤ ᠠᠬᠤᠢ ᠳᠡᠭᠡᠷ᠎ᠡ ᠲᠠᠯᠪᠢᠬᠤ᠎ᠶᠢ ᠪᠠᠷᠢᠮᠲᠠᠯᠠᠵᠤ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ᠂ ᠠᠭᠤᠰᠤᠯᠴᠠᠭᠤᠯᠬᠤ ᠴᠢᠭᠯᠡᠯ᠎ᠢ ᠪᠠᠷᠢᠮᠲᠠᠯᠠᠵᠤ᠂ ᠦᠢᠯᠡᠳᠬᠦ ᠦᠢᠯᠡᠰ᠎ᠦᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠂ ᠰᠦᠯᠵᠢᠶᠡᠨ᠎ᠦ ᠬᠦᠴᠦᠷᠬᠡᠭ ᠤᠯᠤᠰ᠎ᠢ ᠲᠦᠷᠭᠡᠳᠬᠡᠨ ᠪᠠᠢᠭᠤᠯᠵᠤ᠂ ᠦᠢᠯᠡᠳᠬᠦ ᠦᠢᠯᠡᠰ᠎ᠦᠨ ᠵᠦᠢ ᠵᠣᠬᠢᠰᠲᠠᠢ ᠬᠤᠪᠢ᠎ᠶᠢᠨ ᠵᠢᠩ᠎ᠢ ᠪᠠᠲᠤᠯᠠᠵᠤ᠂ ᠲᠡᠷᠢᠭᠦᠨ᠎ᠦ ᠦᠢᠯᠡᠳᠬᠦ ᠦᠢᠯᠡᠰ᠎ᠢᠶᠡᠷ ᠭᠣᠣᠯᠯᠠᠭ᠍ᠴᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠤᠨ᠎ᠠ ᠭᠡᠵᠤ ᠳᠤᠷᠠᠳᠴᠠᠢ᠃

ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠨᠠᠮ᠎ᠤᠨ ᠬᠤᠷᠢᠶ᠎ᠠ᠎ᠵᠢᠨ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠰᠦᠨ ᠯᠢᠶᠠᠩ ᠸᠸᠨ᠂ ᠡᠨᠡ ᠨᠢ ᠡᠨᠧᠷᠭᠢ᠎ᠶᠢᠨ ᠠᠵᠢᠯ ᠲᠦᠷᠦᠯ᠎ᠦᠨ ᠬᠥᠭᠵᠢᠯᠲᠡ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠲᠣᠮᠣ᠌ ᠬᠡᠯᠪᠡᠷᠢ᠎ᠶᠢᠨ ᠡᠨᠧᠷᠭᠢ᠎ᠶᠢᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ ᠪᠠᠢᠷᠢ ᠲᠣᠭᠲᠠᠭᠠᠯᠲᠠ᠎ᠲᠠᠢ ᠨᠢᠭ᠍ᠲᠠ ᠤᠶᠠᠯᠳᠤᠭᠤᠯᠤᠨ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠤ ᠠᠵᠤ ᠠᠬᠤᠢᠯᠠᠯ᠎ᠤᠨ ᠬᠥᠭᠵᠢᠯᠲᠡ᠎ᠶᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠤᠯᠠᠮᠵᠢᠯᠠᠯᠲᠤ ᠬᠡᠰᠡᠭ᠎ᠢ ᠲᠠᠰ ᠳᠡᠪᠰᠢᠭᠦᠯᠦᠨ ᠥᠭᠡᠷᠡᠴᠢᠯᠡᠬᠦ᠂ ᠰᠢᠨ᠎ᠡ᠎ᠪᠡᠷ ᠬᠥᠭᠵᠢᠭᠰᠡᠨ ᠬᠡᠰᠡᠭ᠎ᠦᠨ ᠬᠡᠪᠴᠢᠶ᠎ᠡ᠎ᠶᠢ ᠥᠷᠭᠡᠳᠬᠡᠬᠦ ᠪᠠ ᠵᠠᠭᠪᠤᠷ᠎ᠤᠨ ᠰᠢᠨ᠎ᠡ᠎ᠶᠢ ᠡᠭᠦᠳᠬᠦ᠂ ᠢᠵᠢ ᠪᠦᠷᠢᠳᠦᠭᠦᠯᠬᠦ ᠬᠡᠰᠡᠭ᠎ᠦᠨ ᠴᠢᠳᠠᠪᠤᠷᠢ᠎ᠶᠢ ᠲᠣᠬᠢᠷᠠᠭᠤᠯᠬᠤ ᠪᠠ ᠵᠦᠷᠢᠶᠡᠵᠢᠭᠦᠯᠦᠨ ᠬᠥᠭᠵᠢᠭᠦᠯᠬᠦ᠎ᠶᠢ ᠤᠯᠠᠮ ᠴᠢᠨᠠᠭᠰᠢᠳᠠ ᠠᠬᠢᠭᠤᠯᠵᠤ᠂ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ᠂ ᠣᠶᠤᠨᠴᠢᠯᠠᠨ ᠥᠭᠡᠷᠡᠴᠢᠯᠡᠬᠦ᠂ ᠲᠣᠭᠠᠴᠢᠯᠠᠨ ᠲᠠᠰ ᠳᠡᠪᠰᠢᠭᠦᠯᠬᠦ᠂ ᠪᠣᠬᠢᠷᠲᠤᠯ ᠦᠭᠡᠢ ᠲᠡᠢᠰᠢ ᠬᠤᠪᠢᠷᠠᠭᠤᠯᠬᠤ᠎ᠪᠠᠷ ᠳᠠᠮᠵᠢᠭᠤᠯᠤᠨ᠂ ᠡᠯ᠎ᠡ ᠠᠵᠤ ᠦᠢᠯᠡᠰ᠎ᠦᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠨᠡᠮᠡᠭᠳᠡᠯ᠎ᠦᠨ ᠰᠢᠨ᠎ᠡ ᠬᠥᠳᠡᠯᠭᠡᠭᠴᠢ ᠡᠨᠧᠷᠭᠢ᠎ᠶᠢ ᠪᠣᠢᠵᠢᠭᠤᠯᠤᠨ᠂ ᠲᠡᠷᠢᠭᠦᠨ᠎ᠦ ᠥᠨᠳᠥᠷ ᠪᠦᠲᠦᠮᠵᠢᠲᠡᠶ ᠴᠢᠬᠤᠯᠠ ᠡᠨᠧᠷᠭᠢ᠎ᠶᠢᠨ ᠠᠵᠤ ᠠᠬᠤᠢᠯᠠᠯ᠎ᠢ ᠲᠦᠷᠭᠡᠳᠬᠡᠨ ᠪᠦᠲᠦᠭᠡᠨ ᠪᠠᠢᠭᠤᠯᠤᠨ᠎ᠠ; ᠡᠭᠦᠨ᠎ᠦ ᠬᠠᠮᠲᠤ ᠲᠦᠷᠦᠯ ᠵᠦᠢᠯ᠎ᠦᠨ ᠪᠠᠢᠷᠢᠰᠢᠭᠤᠯᠤᠯᠲᠠ᠂ ᠬᠠᠮᠲᠤᠷᠠᠯᠴᠠᠵᠤ ᠬᠠᠮᠲᠤ᠎ᠪᠠᠷ ᠪᠠᠶ᠋ᠢᠭᠤᠯᠬᠤ ᠳᠤᠮᠳᠠ ᠣᠷᠣᠨ ᠨᠤᠲᠤᠭ᠎ᠤᠨ ᠬᠥᠭᠵᠢᠯᠲᠡ᠎ᠶᠢᠨ ᠬᠡᠷᠡᠭᠴᠡᠭᠡ᠎ᠶᠢ ᠬᠠᠮᠲᠤ ᠳ᠋ᠤᠨᠢ ᠬᠠᠷᠠᠭᠠᠯᠵᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠯᠤᠰ ᠲᠦᠷᠦ᠎ᠶᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠦᠨ᠎ᠡ ᠭᠡᠵᠦ ᠢᠯᠡᠳᠭᠡᠪᠡ᠃

ᠰᠢᠩ᠎ᠲᠠᠢ ᠪᠦᠲᠦᠭᠡᠨ ᠪᠠᠢᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠨᠠᠮ᠎ᠤᠨ ᠬᠤᠷᠢᠶ᠎ᠠ᠎ᠵᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠬᠠᠨ ᠫᠢᠩ᠄《ᠪᠥᠬᠥᠳᠡ ᠬᠤᠷᠠᠯ᠎ᠡᠴᠡ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠷᠠᠭᠤᠯᠬᠤ ᠬᠡᠷᠡᠭᠲᠡᠢ ᠭᠡᠵᠦ ᠳᠤᠷᠠᠳᠪᠠ᠃ ᠡᠨᠡ ᠨᠢ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠵᠢᠩᠬᠢᠨᠢ᠎ᠪᠡᠷ ᠬᠡᠷᠡᠭᠵᠢᠭᠦᠯᠦᠭᠰᠡᠨ 〈ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠠᠬᠢᠭᠤᠯᠬᠤ ᠬᠠᠤᠯᠢ〉 ᠲᠠᠢ ᠨᠢᠭ᠍ᠲᠠ ᠠᠪᠴᠠᠯᠳᠤᠵᠤ᠂ ᠤᠯᠤᠰ ᠡᠴᠡ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠦᠷᠭᠦᠯᠵᠢᠯᠡᠨ ᠳᠡᠮᠵᠢᠬᠦ ᠪᠠᠲᠤ ᠵᠣᠭᠰᠣᠯᠲᠠ᠎ᠶᠢ ᠳᠠᠬᠢᠨᠲᠠ ᠢᠯᠡᠷᠡᠭᠦᠯᠪᠡ᠃ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯᠲᠠᠨ ᠪᠣᠯᠤᠭᠰᠠᠨ᠎ᠤ ᠬᠤᠪᠢ᠎ᠳᠤ᠂ ᠪᠢ ᠮᠠᠰᠢ ᠶᠡᠬᠡ ᠵᠣᠷᠢᠭ᠍ᠵᠢᠭᠤᠯᠤᠯ ᠣᠯᠣᠭᠰᠠᠨ ᠪᠥᠭᠡᠳ ᠠᠷᠠᠳ᠎ᠤᠨ ᠡᠵᠡᠩᠨᠡᠯᠲᠡ᠎ᠶᠢᠨ ᠠᠵᠤ ᠠᠬᠤᠢ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠴᠢᠬᠤᠯᠠ ᠡᠭᠦᠷᠭᠡ ᠡᠭᠦᠷᠭᠡᠯᠡᠵᠦ ᠪᠠᠢᠬᠤ᠎ᠶᠢ ᠨᠡᠩ ᠭᠦᠨᠵᠡᠭᠡᠢ ᠲᠠᠨᠢᠵᠤ ᠣᠯᠪᠠ᠃ ᠵᠠᠯᠭᠠᠭᠠᠳ᠂ ᠪᠢᠳᠡ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ ᠪᠡᠷ ᠳᠠᠮᠵᠢᠭᠤᠯᠤᠨ  ᠠᠵᠤ ᠦᠢᠯᠡᠰ᠎ᠦᠨ ᠲᠠᠰ ᠳᠠᠪᠰᠢᠯᠲᠠ ᠳ᠋ᠦ ᠡᠨ᠋ᠸᠷᠬᠢ ᠤᠯᠭᠤᠵᠦ᠂ ᠪᠠᠷᠢᠯᠭ᠎ᠠ᠎ᠶᠢᠨ ᠠᠵᠤ ᠦᠢᠯᠡᠰ᠎ᠦᠨ ᠣᠶᠤᠨᠴᠢᠯᠠᠬᠤ᠂ ᠪᠣᠬᠢᠷᠲᠤᠯ ᠦᠭᠡᠢ ᠪᠣᠯᠬᠤ᠂ ᠠᠭᠤᠰᠤᠯᠴᠠᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶᠢᠨ ᠦᠢᠯᠡᠰ᠎ᠦᠨ ᠳᠠᠭᠠᠭᠤᠯᠤᠭᠴᠢ ᠠᠵᠤ ᠠᠬᠤᠢᠯᠠᠯ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠰᠢᠭᠤᠴᠢ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠪᠢᠳᠡ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ᠎ᠤᠨ ᠥᠷᠲᠡᠭᠡ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ ᠵᠡᠷᠭᠡ ᠪᠠᠷᠢᠯᠭ᠎ᠠ᠎ᠶᠢᠨ ᠠᠵᠤ ᠦᠢᠯᠡᠰ᠎ᠦᠨ ᠳᠡᠭᠡᠳᠦ ᠴᠢᠳᠠᠪᠬᠢᠳᠦ ᠰᠢᠨ᠎ᠡ᠎ᠶᠢ ᠡᠭᠦᠳᠬᠦ ᠲᠠᠪᠴᠠᠩ᠎ᠳᠤ ᠲᠦᠰᠢᠭᠯᠡᠨ᠂ ᠬᠡᠷᠡᠭᠯᠡᠭᠡᠨ᠎ᠦ ᠣᠶᠤᠨᠴᠢ᠎ᠪᠠᠷ ᠪᠠᠶ᠋ᠢᠭᠤᠯᠬᠤ᠂ ᠪᠣᠬᠢᠷᠲᠤᠯ ᠦᠭᠡᠢ᠎ᠪᠡᠷ ᠪᠠᠶ᠋ᠢᠭᠤᠯᠬᠤ᠂ ᠤᠭᠰᠠᠷᠠᠮᠠᠯ ᠮᠠᠶᠢᠭ᠋᠎ᠢᠶᠠᠷ ᠪᠠᠶ᠋ᠢᠭᠤᠯᠬᠤ ᠵᠡᠷᠭᠡ ᠰᠢᠨ᠎ᠡ ᠬᠡᠯᠪᠡᠷᠢ᠎ᠶᠢᠨ ᠪᠠᠶ᠋ᠢᠭᠤᠯᠬᠤ ᠠᠷᠭ᠎ᠠ ᠮᠠᠶᠢᠭ᠋᠎ᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶᠢᠨ ᠦᠢᠯᠡᠰ᠎ᠦᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠎ᠶᠢ ᠬᠥᠲᠥᠯᠥᠨ ᠳᠠᠭᠠᠭᠤᠯᠤᠨ᠎ᠠ》 ᠭᠡᠪᠡ᠃

《ᠪᠦᠬᠦ ᠤᠯᠤᠰ᠎ᠲᠤ ᠦᠢᠯᠡᠴᠢᠯᠡᠬᠦ ᠣᠷᠣᠨ ᠪᠦᠰᠡ᠎ᠶᠢᠨ ᠴᠢᠨᠠᠷᠲᠠᠢ ᠠᠭᠠᠷ᠎ᠤᠨ ᠠᠶᠠᠯᠠᠯ᠎ᠤᠨ ᠺᠣᠮᠫᠠᠨᠢ ᠪᠣᠯᠤᠭᠰᠠᠨ᠎ᠤ ᠬᠤᠪᠢ᠎ᠳᠤ᠂ ᠪᠢᠳᠠ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠣᠢᠯᠠᠭᠠᠵᠤ ᠪᠠᠢᠨ᠎ᠠ》᠃ ᠲᠢᠶᠠᠨᠵᠢᠨ᠎ᠤ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠵᠢᠢ ᠯᠧᠢ᠂ ᠲᠢᠶᠠᠨᠵᠢᠨ᠎ᠤ ᠠᠭᠠᠷ᠎ᠤᠨ ᠠᠶᠠᠯᠠᠯ᠎ᠤᠨ ᠺᠣᠮᠫᠠᠨᠢ ᠤᠬᠠᠮᠰᠠᠷ᠎ᠡᠴᠡ᠎ᠪᠠᠨ ᠠᠵᠤ ᠠᠬᠤᠢᠯᠠᠯ᠎ᠤᠨ ᠬᠥᠭᠵᠢᠯᠲᠡ᠎ᠪᠡᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠭᠤᠯᠵᠤ᠂ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃ ᠲᠢᠶᠠᠨᠵᠢᠨ ᠠᠭᠠᠷ ᠠᠶᠠᠯᠠᠯ᠎ᠤᠨ ᠥᠪᠥᠷ ᠮᠣᠩᠭᠣᠯ᠎ᠳᠠᠬᠢ ᠬᠤᠪᠢᠶᠠᠷᠢ ᠺᠣᠮᠫᠠᠨᠢ 2011 ᠣᠨ᠎ᠳᠤ ᠪᠠᠢᠭᠤᠯᠤᠭᠳᠠᠭᠰᠠᠨ᠎ᠡᠴᠡ ᠨᠠᠭᠠᠰᠢ᠂ ᠥᠪᠥᠷ ᠮᠣᠩᠭᠣᠯ᠎ᠤᠨ ᠣᠷᠣᠨ ᠪᠦᠰᠡ᠎ᠶᠢᠨ ᠠᠭᠠᠷ᠎ᠤᠨ ᠠᠶᠠᠯᠠᠯ᠎ᠤᠨ ᠱᠤᠭᠤᠮ᠎ᠢ ᠨᠢᠭᠡᠨᠲᠡ 31 ᠵᠤᠷᠪᠤᠰ ᠡᠵᠡᠩᠨᠡᠵᠦ᠂ ᠠᠶᠠᠯᠠᠯ ᠨᠡᠪᠲᠡᠷᠡᠬᠦ ᠬᠣᠲᠠ 23 ᠪᠣᠯᠤᠭᠰᠠᠨ ᠪᠥᠭᠡᠳ ᠥᠪᠥᠷ ᠮᠣᠩᠭᠣᠯ᠎ᠤᠨ ᠣᠷᠣᠨ ᠪᠦᠰᠡ᠎ᠳᠦ ᠬᠥᠬᠡᠡᠡᠣᠲᠠ᠂ ᠲᠦᠩᠯᠢᠶᠣᠣ᠂ ᠬᠠᠢᠯᠠᠷ ᠭᠤᠷᠪᠠᠨ ᠬᠣᠨᠣᠭᠯᠠᠬᠤ ᠰᠠᠭᠤᠷᠢᠨ᠎ᠢ ᠪᠠᠢᠭᠤᠯᠪᠠ᠃ ᠲᠠᠷᠠᠭᠠᠴᠢ᠎ᠶᠢᠨ ᠠᠯᠬᠤᠮ᠎ᠳᠤ᠂ ᠺᠣᠮᠫᠠᠨᠢ ᠵᠢᠨ ᠬᠢᠨ ᠥᠪᠥᠷ ᠮᠣᠩᠭᠣᠯ ᠣᠷᠣᠨ᠎ᠤ ᠠᠶᠠᠯᠠᠯ᠎ᠤᠨ ᠱᠤᠭᠤᠮ᠎ᠤᠨ ᠲᠤᠤᠷ᠎ᠤᠨ ᠪᠠᠢᠷᠢᠰᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ᠎ᠤ ᠳᠣᠲᠣᠷᠠᠬᠢ ᠪᠠ ᠣᠷᠣᠨ᠎ᠤ ᠭᠠᠳᠠᠨᠠᠬᠢ ᠬᠣᠲᠠ᠎ᠶᠢᠨ ᠬᠣᠭᠣᠷᠣᠨᠳᠣᠬᠢ ᠡᠭᠡᠯᠵᠢ ᠰᠤᠯᠢᠬᠤ ᠬᠣᠯᠪᠣᠭᠠᠰᠤ᠎ᠶᠢ ᠴᠢᠩᠭᠠᠳᠬᠠᠵᠤ᠂ ᠥᠪᠥᠷ ᠮᠣᠩᠭᠣᠯ ᠪᠠ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ ᠵᠡᠷᠭᠡ ᠭᠣᠣᠯ ᠪᠣᠯᠬᠤ ᠬᠣᠲᠠ᠎ᠶᠢᠨ ᠪᠦᠯᠦᠭᠵᠢᠯ᠎ᠦᠨ ᠬᠣᠭᠣᠷᠣᠨᠳᠣᠬᠢ ᠠᠭᠠᠷ᠎ᠤᠨ ᠠᠶᠠᠯᠠᠯ᠎ᠤᠨ ᠬᠠᠷᠢᠯᠴᠠᠭ᠎ᠠ᠎ᠶᠢ ᠭᠦᠨᠵᠡᠭᠡᠢᠷᠡᠭᠦᠯᠵᠦ᠂ ᠣᠷᠣᠨ ᠪᠦᠰᠡ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠪᠠ ᠰᠣᠶᠣᠯ ᠢᠷᠭᠡᠨᠰᠢᠯ᠎ᠦᠨ ᠰᠣᠯᠢᠯᠴᠠᠭᠠᠨ᠎ᠤ ᠵᠠᠮ᠎ᠢ ᠤᠯᠠᠮ ᠴᠢᠨᠠᠭᠰᠢᠳᠠ ᠰᠢᠯᠤᠭᠤᠳᠬᠠᠨ᠎ᠠ ᠭᠡᠵᠦ ᠢᠯᠡᠳᠬᠡᠪᠡ᠃

ᠪᠣᠳᠠᠲᠤ ᠪᠠᠢᠳᠠᠯ᠎ᠳᠤ ᠰᠠᠭᠤᠷᠢᠯᠠᠨ ᠠᠷᠠᠳ᠎ᠤᠨ ᠲᠥᠯᠥᠭᠡ ᠭᠡᠬᠦ᠌ ᠬᠠᠭᠤᠳᠠᠰᠤ᠎ᠶ᠋ᠢ ᠪᠢᠴᠢᠭ᠌ᠯᠡᠨ᠎ᠡ

ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠪᠦᠬᠦ᠌ ᠨᠠᠮ ᠪᠦᠬᠦ᠌ ᠤᠯᠤᠰ᠎ᠤᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠃ ᠥᠷᠭᠡᠨ ᠣᠯᠠᠨ ᠺᠠᠳ᠋ᠷ ᠣᠯᠠᠨ ᠲᠦᠮᠡᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠭᠠᠷᠳᠠᠬᠤ ᠴᠡᠭ ᠪᠠ ᠬᠦᠴᠦᠯᠡᠬᠦ᠌ ᠴᠡᠭ᠎ᠢᠶᠡᠨ ᠣᠨᠣᠪᠴᠢᠲᠠᠶ ᠣᠯᠵᠤ᠂ ᠥᠪᠡᠷ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠡᠷᠡᠯᠬᠡᠭ᠌ᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ ᠢᠯᠡᠳᠬᠡᠵᠡᠭᠡᠪᠡ᠃

ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠥᠷᠭᠡᠨ ᠣᠯᠠᠨ ᠺᠠᠳ᠋ᠷ ᠠᠵᠢᠯᠲᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠴᠠᠬᠢᠯᠭᠠᠨ ᠬᠦᠴᠦᠨ᠎ᠦ ᠠᠮᠤᠷ ᠲᠦᠪᠱᠢᠨ ᠲᠣᠭ᠍ᠲᠠᠭᠤᠨ ᠬᠠᠩᠭᠠᠯᠭ᠎ᠠ᠎ᠶ᠋ᠢ ᠪᠠᠲᠤᠯᠠᠬᠤ᠂ ᠡᠨᠧᠷᠭᠢ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠳᠡᠢᠰᠢ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠤᠨᠳᠤᠤᠰᠢᠭᠤᠯᠬᠤ᠎ᠪᠠᠷ ᠵᠣᠷᠢᠭ ᠱᠢᠭᠤᠳᠴᠠᠶ᠃

ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠪᠠᠶᠠᠨᠨᠠᠭᠤᠷ᠎ᠤᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠰᠡᠯᠪᠢᠨ ᠵᠠᠰᠠᠬᠤ ᠲᠤᠷᠱᠢᠬᠤ ᠬᠠᠮᠢᠶᠠᠷᠤᠯᠲᠠ᠎ᠶ᠋ᠢᠨ ᠭᠠᠵᠠᠷ᠎ᠤᠨ ᠪᠠᠢᠴᠠᠭᠠᠨ ᠵᠠᠰᠠᠭ᠍ᠴᠢ ᠵᠢᠶᠠ ᠸᠧᠶ᠂ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌ ᠱᠢᠨ᠎ᠡ ᠮᠡᠳᠡᠯᠭᠡ᠂ ᠱᠢᠨ᠎ᠡ ᠮᠡᠷᠭᠡᠵᠢᠯ᠎ᠢ ᠭᠦᠨᠵᠡᠭᠡᠶ ᠰᠤᠷᠤᠯᠴᠠᠵᠤ᠂ ᠥᠪᠡᠷ᠎ᠦᠨ ᠪᠠᠢᠴᠠᠭᠠᠨ ᠵᠠᠰᠠᠬᠤ ᠴᠢᠳᠠᠪᠤᠷᠢ ᠪᠠ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ᠂ ᠠᠮᠤᠷ ᠲᠦᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠪᠡ᠃ ᠪᠦᠯᠦᠭ᠌ᠯᠡᠯ᠎ᠦᠨ ᠪᠠᠶᠠᠨᠨᠠᠭᠤᠷ᠎ᠲᠠᠬᠢ ᠴᠠᠬᠢᠯᠭᠠᠨ ᠬᠠᠩᠭᠠᠬᠤ ᠺᠣᠮᠫᠠᠨᠢ᠎ᠶ᠋ᠢᠨ ᠡᠵᠡᠩᠨᠡᠨ ᠪᠣᠷᠣᠯᠠᠭᠤᠯᠬᠤ ᠦᠢᠯᠡᠴᠢᠯᠡᠭᠡᠨ᠎ᠦ ᠬᠡᠯᠲᠡᠰ᠎ᠦᠨ ᠳᠠᠷᠤᠭ᠎ᠠ ᠶᠠᠩ ᠺᠠᠢ ᠯᠦᠩ᠂ ᠤᠬᠠᠮᠰᠠᠷ ᠡᠴᠡ᠎ᠪᠠᠨ ᠥᠪᠡᠷ᠎ᠦᠨ ᠠᠵᠢᠯ᠎ᠢᠶᠠᠨ ᠤᠯᠤᠰ᠎ᠤᠨ ᠶᠡᠬᠡ ᠲᠠᠯ᠎ᠠ᠎ᠳᠤ ᠲᠠᠯᠪᠢᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠵᠢᠷᠤᠭ ᠲᠥᠰᠦᠪ᠎ᠲᠦ ᠨᠡᠩ ᠰᠠᠢᠲᠤᠷ ᠦᠢᠯᠡᠴᠢᠯᠡᠬᠦ᠌ ᠪᠠ ᠠᠭᠤᠰᠤᠯᠴᠠᠭᠤᠯᠵᠤ᠂ 《ᠠᠷᠠᠳ᠎ᠤᠨ ᠴᠠᠬᠢᠯᠭᠠᠨ ᠦᠢᠯᠡᠰ ᠠᠷᠠᠳ ᠲᠦᠮᠡᠨ᠎ᠦ ᠲᠥᠯᠥᠭᠡ ᠪᠠᠢᠬᠤ》 ᠵᠣᠷᠢᠯᠲᠠ᠎ᠶ᠋ᠢ ᠢᠮᠠᠭ᠍ᠲᠠ ᠪᠠᠷᠢᠮᠲᠠᠯᠠᠵᠤ᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ ᠭᠡᠵᠦ᠍ ᠢᠯᠡᠳᠭᠡᠪᠡ᠃

《ᠪᠢᠳᠡ ᠦᠶ᠋ᠯᠡᠳᠬᠦᠨ ᠪᠠ ᠦᠶ᠋ᠯᠡᠴᠢᠯᠡᠭᠡ᠎ᠪᠡᠨ ᠲᠠᠰᠤᠷᠠᠯᠲᠠ ᠥᠬᠡᠶ ᠲᠠᠰ ᠳᠡᠪᠱᠢᠭᠦᠯᠵᠦ᠍᠂ ᠲᠤᠰᠭᠠᠶ ᠮᠡᠷᠭᠡᠵᠢᠯ᠎ᠦᠨ ᠬᠦᠷᠢᠶᠡᠨ᠎ᠳᠡᠬᠢ ᠬᠥᠭ᠌ᠵᠢᠯᠲᠡ᠎ᠲᠡᠶ ᠠᠳᠠᠯᠢ ᠳᠠᠪᠲᠠᠮᠵᠢ᠎ᠲᠠᠶ ᠪᠣᠯᠭᠠᠵᠤ᠂ ᠣᠯᠠᠨ ᠡᠱᠢᠲᠦ ᠲᠠᠨᠢᠨ ᠮᠡᠳᠡᠬᠦᠶ᠎ᠶ᠋ᠢᠨ ᠲᠠᠰ ᠳᠠᠪᠱᠢᠯᠲᠠ᠎ᠲᠠᠶ ᠠᠳᠠᠯᠢ ᠳᠠᠪᠲᠠᠮᠵᠢ᠎ᠲᠠᠶ ᠪᠣᠯᠭᠠᠵᠤ᠂ ᠬᠡᠷᠡᠭ᠌ᠯᠡᠭᠡᠨ᠎ᠦ ᠣᠷᠴᠢᠨ ᠨᠥᠬᠥᠴᠡᠯ᠎ᠦᠨ ᠬᠤᠪᠢᠷᠠᠯᠲᠠ ᠪᠠ ᠬᠡᠷᠡᠭ᠌ᠯᠡᠭ᠌ᠴᠢᠳ᠎ᠦᠨ ᠬᠡᠷᠡᠭ᠌ᠴᠡᠭᠡ ᠱᠠᠭᠠᠷᠳᠠᠯᠭ᠎ᠠ᠎ᠲᠠᠶ ᠠᠳᠠᠯᠢ ᠳᠠᠪᠲᠠᠮᠵᠢ᠎ᠲᠠᠶ ᠪᠣᠯᠭᠠᠵᠤ᠂ ᠲᠣᠭᠠᠴᠢᠯᠠᠯᠲᠠ᠂ ᠤᠶᠤᠨᠴᠢᠯᠠᠯᠲᠠ᠎ᠶ᠋ᠢ ᠪᠣᠳᠠᠲᠠᠶ ᠠᠵᠢᠯ᠎ᠤᠨ ᠪᠠᠢᠳᠠᠯ᠎ᠳᠤ ᠬᠡᠷᠡᠭ᠌ᠯᠡᠵᠦ᠍᠂ ᠬᠡᠷᠡᠭ᠌ᠯᠡᠭ᠌ᠴᠢᠳ᠎ᠲᠦ ᠨᠢᠳᠤᠨ ᠳ᠋ᠦ ᠦᠵᠡᠭᠳᠡᠮ᠎ᠠ ᠭᠠᠷ ᠲᠦ᠍ ᠪᠠᠷᠢᠬᠳᠠᠮ᠎ᠠ ᠰᠠᠢᠲᠠᠶ ᠦᠶ᠋ᠯᠡᠳᠬᠦᠨ ᠪᠠ ᠦᠶ᠋ᠯᠡᠴᠢᠯᠡᠭᠡ᠎ᠶ᠋ᠢ ᠪᠣᠶ ᠪᠣᠯᠭᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠦᠨᠡᠨ ᠬᠦ᠌ ᠬᠠᠩᠭᠠᠵᠤ᠂ ᠠᠵᠤ ᠠᠬᠤᠢᠯᠠᠯ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠦᠨ᠎ᠡ》ᠭᠡᠵᠦ ᠢᠯᠢ ᠣᠲᠣ ᠦᠶ᠎ᠡ᠎ᠶ᠋ᠢᠨ ᠤᠶᠤᠨᠲᠤ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ ᠰᠦᠨ ᠲᠠᠯᠬ᠎ᠠ᠎ᠶ᠋ᠢᠨ ᠪᠥᠬᠥ᠌ ᠪᠥᠮᠪᠥᠷᠴᠡᠭ᠎ᠦᠨ ᠤᠶᠤᠨᠲᠤ ᠦᠢᠯᠡᠳᠪᠦᠷᠢᠯᠡᠯ᠎ᠤᠨ ᠬᠡᠪ ᠳᠠᠭᠤᠷᠢᠶᠠᠯ᠎ᠤᠨ ᠰᠠᠭᠤᠷᠢᠨ᠎ᠤ ᠶᠠᠰᠤ ᠴᠢᠨᠠᠷ ᠮᠡᠷᠭᠡᠵᠢᠯ᠎ᠦᠨ ᠬᠡᠯᠲᠡᠰ᠎ᠦᠨ ᠶᠠᠰᠤ ᠴᠢᠨᠠᠷ ᠮᠡᠷᠭᠡᠵᠢᠯ᠎ᠦᠨ ᠳᠠᠭᠠᠭᠠᠮᠠᠯ ᠱᠢᠤᠢ ᠹᠠ ᠳ᠋ᠦᠩ ᠬᠡᠯᠡᠪᠡ᠃

ᠱᠢᠤᠢ ᠹᠠ ᠳ᠋ᠦᠩ᠂ ᠢᠯᠢ ᠪᠦᠯᠦᠭ᠌ᠯᠡᠯ ᠢᠮᠠᠭ᠍ᠲᠠ 《ᠢᠯᠢ ᠪᠣᠯ ᠳᠠᠷᠤᠢ ᠶᠠᠰᠤ ᠴᠢᠨᠠᠷ》 ᠭᠡᠬᠦ᠌ ᠢᠲᠡᠭᠡᠯ ᠪᠢᠱᠢᠷᠡᠯ᠎ᠢ ᠪᠠᠲᠤ ᠰᠠᠬᠢᠵᠤ᠂ ᠶᠠᠰᠤ ᠴᠢᠨᠠᠷ᠎ᠢ ᠠᠮᠢ ᠨᠠᠰᠤ᠎ᠪᠠᠷ ᠦᠵᠡᠵᠦ᠍᠂ 《ᠬᠡᠷᠡᠭ᠌ᠯᠡᠭ᠌ᠴᠢᠳ᠎ᠢᠶᠡᠷ ᠭᠣᠣᠯ ᠪᠣᠯᠭᠠᠬᠤ》 ᠬᠥᠭ᠌ᠵᠢᠯᠲᠡ᠎ᠶ᠋ᠢᠨ ᠵᠠᠭ᠍ᠪᠤᠷ᠎ᠢ ᠪᠠᠢᠭᠤᠯᠵᠤ᠂ ᠶᠠᠰᠤ ᠴᠢᠨᠠᠷ᠎ᠤᠨ ᠠᠮᠤᠷ ᠲᠦᠪᠱᠢᠨ᠎ᠢ ᠪᠦᠬᠦ᠌ ᠬᠡᠯᠬᠢᠶ᠎ᠡ᠎ᠳᠦ ᠲᠤᠭᠤᠱᠢᠯᠠᠭᠤᠯᠵᠤ᠂ 《ᠭᠤᠷᠪᠠᠨ ᠳᠡᠰ》 ᠤ᠋ᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠪᠠᠢᠭᠤᠯᠵᠤ᠂ 《ᠭᠤᠷᠪᠠᠨ ᠱᠤᠭᠤᠮ》 ᠤ᠋ᠨ ᠶᠠᠰᠤ ᠴᠢᠨᠠᠷ᠎ᠢ ᠡᠵᠡᠮᠳᠡᠬᠦ᠌ ᠪᠠᠷᠢᠮᠵᠢᠶ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠡᠬᠢ ᠡᠭᠦᠰᠦᠯ᠎ᠡᠴᠡ ᠦᠵᠦᠭᠦᠷ ᠬᠦᠷᠲᠡᠯᠡᠬᠢ ᠪᠦᠬᠦ᠌ ᠵᠠᠩᠭᠢᠯᠠᠭ᠎ᠠ᠎ᠶ᠋ᠢᠨ ᠴᠡᠭ᠎ᠢ ᠡᠵᠡᠮᠳᠡᠬᠦ᠌᠎ᠶ᠋ᠢ ᠪᠡᠶᠡᠯᠡᠭᠦᠯᠵᠦ᠍᠂ ᠬᠡᠷᠡᠭ᠌ᠯᠡᠭ᠌ᠴᠢᠳ᠎ᠦᠨ 《ᠢᠳᠡᠭᠡᠨ ᠤᠮᠳᠠᠭᠠᠨ᠎ᠤ ᠠᠮᠤᠷ ᠲᠦᠪᠱᠢᠨ》 ᠢ᠋ ᠦᠨᠡᠨ ᠬᠦ᠌ ᠪᠠᠲᠤᠯᠠᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号