ᠪᠠᠶᠠᠨᠨᠠᠭᠤᠷ ᠬᠤᠲᠠ᠎ᠶᠢᠨ ᠤᠷᠠᠳ᠎ᠤᠨ ᠬᠣᠢᠲᠤ ᠬᠣᠰᠢᠭᠤᠨ ᠤ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠬᠢᠴᠢᠶᠡᠯ᠎ᠦᠨ ᠭᠡᠷ᠎ᠲᠦ ᠨᠤᠮ ᠤᠩᠰᠢᠯᠭ᠎ᠠ ᠵᠢᠨ ᠴᠡᠬᠡᠯᠬᠡᠨ ᠳᠠᠭᠤᠨ ᠬᠤᠯᠠ ᠡᠴᠡ ᠳᠤᠭᠤᠯᠳᠠᠨ᠎ᠠ᠃ ᠰᠤᠷᠤᠭ᠍ᠴᠢᠳ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠬᠡᠯᠡ ᠪᠢᠴᠢᠭ᠎ᠤᠨ ᠰᠣᠩᠭᠣᠳᠠᠭ ᠵᠣᠬᠢᠶᠠᠯ ᠢ᠋ ᠬᠠᠮᠳᠤ ᠪᠡᠷ ᠤᠩᠰᠢᠵᠤ ᠪᠠᠢᠭ᠎ᠠ ᠨᠢ ᠡᠨᠡ ᠪᠢᠯᠡ᠃ ᠲᠣᠰ ᠰᠤᠷᠭᠠᠭᠤᠯᠢ ᠵᠢᠭᠠᠨ ᠰᠤᠷᠭᠠᠯᠲᠠ᠎ᠶᠢᠨ ᠦᠭᠡ ᠬᠡᠯᠡᠨ᠎ᠦ ᠰᠢᠰᠲᠧᠮ᠎ᠦᠨ ᠬᠡᠯᠪᠡᠷᠢ᠎ᠪᠡᠨ ᠲᠣᠭᠲᠠᠭᠤᠨ᠎ᠢᠶᠠᠷ ᠬᠤᠪᠢᠷᠠᠭᠤᠯᠬᠤ᠎ᠶᠢ ᠪᠡᠶᠡᠯᠡᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠭᠦᠨᠵᠡᠭᠡᠢ ᠳᠡᠯᠭᠡᠷᠡᠭᠦᠯᠬᠦ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠤᠨ ᠬᠥᠭᠵᠢᠭᠦᠯᠬᠦ ᠴᠣᠩᠬᠤᠪᠴᠢ ᠪᠣᠯᠤᠭᠰᠠᠨ ᠪᠠᠢᠯ᠎ᠠ᠃
2020 ᠣᠨ᠎ᠤ ᠨᠠᠮᠤᠷ ᠠ᠋ᠴᠠ ᠡᠬᠢᠯᠡᠨ ᠤᠯᠤᠰ᠎ᠤᠨ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ᠎ᠶᠢ ᠢᠳᠡᠪᠬᠢᠲᠡᠢ ᠪᠡᠷ ᠴᠤᠤᠷᠢᠶᠠᠳᠤᠵᠤ᠂ ᠬᠡᠯᠡ ᠪᠢᠴᠢᠭ᠂ ᠲᠡᠦᠬᠡ᠂ ᠶᠣᠰᠣ᠌ ᠮᠣᠷᠠᠯ ᠬᠢᠭᠡᠳ ᠬᠠᠤᠯᠢ᠎ᠪᠠᠷ ᠵᠠᠰᠠᠬᠤᠢ ᠭᠤᠷᠪᠠᠨ ᠲᠥᠷᠥᠯ᠎ᠦᠨ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠵᠦ᠂ ᠪᠥᠬᠥ ᠲᠠᠯ᠎ᠠ᠎ᠪᠠᠷ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠪᠡᠷ ᠬᠢᠴᠢᠶᠡᠯᠯᠡᠬᠦ ᠪᠤᠯᠪᠠ᠃ ᠬᠡᠳᠦᠨ ᠵᠢᠯ ᠰᠢᠰᠲᠧᠮ᠎ᠲᠠᠢ ᠠᠬᠢᠭᠤᠯᠬᠤ᠎ᠪᠠᠷ ᠳᠡᠮᠵᠢᠨ ᠣᠳᠣᠬᠠᠨ᠎ᠳᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠡᠯ᠎ᠡ ᠣᠨ᠎ᠳᠤ ᠨᠢᠭᠡᠨᠲᠡ ᠭᠤᠷᠪᠠᠨ ᠲᠥᠷᠥᠯ᠎ᠦᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠬᠢᠭᠡᠳ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶᠢ ᠨᠡᠢᠳᠡᠮ ᠬᠠᠮᠤᠷᠬᠤ᠎ᠶᠢ ᠪᠡᠶᠡᠯᠡᠭᠦᠯᠵᠦ᠂ ᠵᠢᠭᠠᠨ ᠰᠤᠷᠭᠠᠯᠲᠠ ᠡᠮᠬᠢ ᠳᠢᠭ᠌ᠯᠢᠮ᠎ᠲᠠᠢ᠂ ᠪᠠᠭ᠍ᠰᠢ ᠰᠤᠷᠤᠭ᠍ᠴᠢ ᠡᠶ᠎ᠡ ᠵᠤᠬᠢᠴᠠᠩᠭᠤᠢ ᠶᠡᠬᠡ ᠰᠠᠢᠨ ᠪᠠᠢᠳᠠᠯ᠎ᠢ ᠪᠤᠢ ᠪᠤᠯᠭᠠᠪᠠ᠃
ᠬᠡᠯᠪᠡᠷᠢ᠎ᠪᠡᠨ ᠬᠤᠪᠢᠷᠠᠭᠤᠯᠬᠤ ᠭᠡᠭᠴᠢ ᠲᠡᠢᠮᠦ ᠬᠢᠯᠪᠠᠷ ᠶᠠᠪᠤᠳᠠᠯ ᠪᠢᠰᠢ ᠪᠢᠯᠡ᠃ ᠠᠩᠬᠠᠨ᠎ᠤ ᠬᠤᠭᠤᠴᠠᠭᠠᠨ᠎ᠤ ᠰᠤᠷᠤᠭ᠍ᠴᠢᠳ᠎ᠤᠨ ᠬᠡᠯᠡᠨ᠎ᠦ ᠰᠠᠭᠤᠷᠢ ᠪᠠᠭᠤᠷᠠᠢ᠂ ᠵᠢᠭᠠᠨ ᠰᠤᠷᠭᠠᠯᠲᠠ᠎ᠶᠢᠨ ᠡᠬᠢ ᠪᠠᠶᠠᠯᠢᠭ᠋ ᠬᠦᠷᠦᠯᠴᠡᠬᠦ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠰᠤᠷᠭᠠᠭᠤᠯᠢ ᠵᠢᠨ ᠬᠢᠨ 2021 ᠣᠨ᠎ᠳᠤ ᠰᠤᠷᠭᠠᠭᠤᠯᠢ᠎ᠶᠢᠨ ᠡᠬᠢ ᠪᠠᠶᠠᠯᠢᠭ᠋᠎ᠤᠨ ᠪᠠᠢᠭᠤᠯᠤᠯᠲᠠ᠎ᠶᠢᠨ ᠢᠨᠵᠧᠨᠧᠷᠢᠩ ᠢ ᠡᠬᠢᠯᠡᠭᠦᠯᠵᠦ᠂ ᠭᠣᠣᠯᠯᠠᠭ᠍ᠴᠢ ᠪᠠᠭ᠍ᠰᠢ᠎ᠨᠠᠷ᠎ᠢ ᠵᠣᠬᠢᠶᠠᠨ ᠪᠠᠢᠭᠤᠯᠤᠨ《ᠠᠩᠬ᠎ᠠ ᠳᠤᠮᠳᠠᠳᠤ᠎ᠶᠢᠨ ᠬᠡᠯᠡ ᠪᠢᠴᠢᠭ᠎ᠦᠨ ᠬᠦᠨᠳᠦ ᠬᠦᠴᠢᠷ ᠦᠬᠡᠰ᠎ᠦᠨ ᠮᠣᠩᠭᠣᠯ ᠬᠢᠲᠠᠳ ᠬᠠᠷᠢᠴᠠᠭᠤᠯᠤᠭᠰᠠᠨ ᠭᠠᠷ ᠠᠪᠤᠯᠭ᠎ᠠ》᠂ 《ᠠᠩᠬ᠎ᠠ ᠳᠤᠮᠳᠠᠳᠤ᠎ᠶᠢᠨ ᠲᠡᠦᠬᠡ᠎ᠶᠢᠨ ᠨᠡᠷ᠎ᠡ ᠲᠣᠮᠢᠶ᠎ᠠ᠎ᠶᠢᠨ ᠮᠣᠩᠭᠣᠯ ᠬᠢᠲᠠᠳ ᠬᠠᠷᠢᠴᠠᠭᠤᠯᠤᠭᠰᠠᠨ ᠬᠦᠰᠦᠨᠦᠭᠲᠦ》 ᠵᠡᠷᠭᠡ ᠲᠤᠰᠠᠯᠠᠬᠤ ᠮᠠᠲᠧᠷᠢᠶᠠᠯ᠎ᠢ ᠨᠠᠢᠷᠠᠭᠤᠯᠤᠨ ᠪᠢᠴᠢᠵᠦ᠂ ᠰᠤᠷᠤᠭ᠍ᠴᠢᠳ᠎ᠤᠨ ᠦᠭᠡ ᠬᠡᠯᠡᠨ᠎ᠦ ᠣᠢᠯᠠᠭᠠᠯᠲᠠ᠎ᠶᠢᠨ ᠬᠦᠴᠢᠷᠳᠡᠯ᠎ᠢ ᠳᠠᠪᠠᠬᠤ᠎ᠳᠤ ᠬᠠᠪᠰᠤᠷᠤᠮᠵᠢ ᠪᠣᠯᠭᠠᠭᠰᠠᠨ᠎ᠢᠶᠠᠷ ᠪᠠᠷᠠᠬᠤ ᠦᠭᠡᠢ ᠪᠠᠰᠠ ᠪᠠᠭ᠍ᠰᠢ᠎ᠶᠢᠨ ᠵᠢᠭᠠᠨ ᠰᠤᠷᠭᠠᠯᠲᠠ ᠳ᠋ᠤ ᠬᠦᠴᠦᠲᠡᠢ ᠪᠠᠭᠠᠵᠢ ᠬᠠᠩᠭᠠᠭᠰᠠᠨ ᠪᠠᠢᠨ᠎ᠠ᠃
ᠪᠠᠭ᠍ᠰᠢ ᠪᠣᠯ ᠰᠤᠷᠭᠠᠨ ᠬᠥᠮᠦᠵᠢᠯ᠎ᠦᠨ ᠬᠡᠯᠪᠡᠷᠢ᠎ᠪᠡᠨ ᠬᠤᠪᠢᠷᠠᠭᠤᠯᠬᠤ ᠭᠣᠣᠯᠯᠠᠭ᠍ᠴᠢ ᠬᠦᠴᠦᠨ ᠮᠥᠨ᠃ ᠰᠤᠷᠭᠠᠭᠤᠯᠢ᠎ᠵᠢᠨ ᠬᠢᠨ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠴᠢᠳᠠᠪᠤᠷᠢ᠎ᠶᠢᠨ ᠪᠠᠷᠢᠮᠵᠢᠶ᠎ᠠ᠎ᠳᠤ ᠬᠦᠷᠬᠦ ᠪᠣᠯᠪᠠᠰᠤᠷᠠᠯ᠂ ᠲᠤᠰᠬᠠᠢ ᠵᠢᠭᠠᠨ ᠰᠤᠷᠭᠠᠯᠲᠠ᠎ᠶᠢᠨ ᠰᠤᠳᠤᠯᠤᠨ ᠰᠤᠷᠤᠯᠴᠠᠬᠤ᠂ ᠰᠤᠷᠭᠠᠭᠤᠯᠢ ᠠᠯᠤᠰᠯᠠᠨ ᠲᠣᠭᠣᠷᠢᠨ ᠦᠵᠡᠵᠦ ᠰᠤᠷᠤᠯᠴᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠪᠠᠭ᠍ᠰᠢ᠎ᠶᠢᠨ ᠬᠡᠯᠡᠨ᠎ᠦ ᠬᠡᠪ ᠪᠣᠯᠪᠠᠰᠤᠷᠠᠯ ᠪᠠ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠰᠢᠰᠲᠧᠮ᠎ᠲᠠᠢ ᠳᠡᠭᠡᠭᠰᠢᠯᠡᠭᠦᠯᠪᠡ᠃ ᠡᠭᠦᠨ᠎ᠡᠴᠡ ᠭᠠᠳᠠᠨ᠎ᠠ᠂ ᠲᠤᠰ ᠰᠤᠷᠭᠠᠭᠤᠯᠢ ᠪᠠᠰᠠ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠲᠠᠢ ᠭᠦᠨᠵᠡᠭᠡᠢ ᠬᠠᠮᠲᠤᠷᠠᠯᠴᠠᠬᠤ ᠬᠠᠷᠢᠴᠠᠭ᠎ᠠ ᠪᠠᠢᠭᠤᠯᠵᠤ᠂ 《ᠤᠯᠠᠮᠵᠢᠯᠠᠬᠤ ᠬᠠᠪᠰᠤᠷᠬᠤ ᠳᠠᠭᠠᠭᠤᠯᠬᠤ》 ᠬᠡᠯᠪᠡᠷᠢ ᠪᠡᠷ 16 ᠬᠤᠤᠰ ᠪᠠᠭᠰᠢ ᠠᠵᠢᠯ ᠲᠦᠷᠦᠯᠵᠢᠡᠷ ᠬᠠᠪᠰᠤᠷᠤᠯᠴᠠᠵᠤ᠂ ᠲᠣᠰ ᠰᠤᠷᠭᠠᠭᠤᠯᠢ᠎ᠶᠢᠨ ᠪᠠᠭ᠍ᠰᠢ ᠨᠠᠷ᠎ᠤᠨ ᠵᠢᠭᠠᠨ ᠰᠤᠷᠭᠠᠯᠳᠠ ᠵᠢᠨ ᠴᠢᠳᠠᠪᠤᠷᠢ ᠵᠢ ᠦᠳᠳᠡᠷ ᠲᠦᠷᠭᠡᠨ ᠵᠢᠡᠷ ᠲᠡᠭᠡᠭᠰᠢᠯᠡᠬᠦᠯᠵᠡᠢ᠃ ᠵᠠᠯᠠᠭᠤ ᠪᠠᠭ᠍ᠰᠢ ᠶᠠᠩ ᠰᠡᠴᠡᠨ᠄ 《ᠵᠢᠱ᠌ᠢᠶ᠎ᠡ ᠦᠵᠡᠭᠦᠯᠬᠦ ᠬᠢᠴᠢᠶᠡᠯ ᠪᠣᠯᠣᠨ ᠶᠡᠷᠦᠳᠡ ᠵᠢᠨ ᠵᠢᠭᠠᠬᠤ ᠵᠢ ᠰᠤᠳᠤᠯᠬᠤ᠎ᠪᠠᠷ ᠲᠠᠮᠵᠢᠨ ᠪᠢ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠨᠠᠢᠷᠠᠭᠤᠯᠤᠨ ᠪᠢᠴᠢᠭᠰᠡᠨ ᠣᠢᠯᠠᠭᠠᠭᠳᠠᠬᠤᠨ ᠪᠣᠯᠣᠨ ᠵᠢᠭᠠᠨ ᠰᠤᠷᠭᠠᠬᠤ ᠠᠷᠭ᠎ᠠ ᠶᠢᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠢ ᠪᠣᠯᠵᠤ᠂ ᠬᠢᠴᠢᠶᠡᠯ᠎ᠦᠨ ᠲᠠᠩᠬᠢᠮ᠎ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ》 ᠭᠡᠪᠡ᠃
ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠲᠠᠨᠢᠨ ᠮᠡᠳᠡᠷᠡᠬᠦᠢ ᠪᠠ ᠰᠤᠷᠤᠯᠴᠠᠬᠤ ᠤᠷᠮ᠎ᠠ ᠪᠠᠬ᠎ᠠ᠎ᠶ᠋ᠢ ᠨᠡᠮᠡᠭ᠌ᠳᠡᠭᠦᠯᠬᠦ᠌᠎ᠶ᠋ᠢᠨ ᠲᠥᠯᠥᠭᠡ ᠰᠤᠷᠭᠠᠭᠤᠯᠢ᠎ᠠᠴᠠ ᠬᠢᠲᠠᠳ ᠥᠰᠥᠭ᠎ᠤᠨ ᠰᠣᠨᠣᠰᠴᠤ᠌ ᠪᠢᠴᠢᠬᠦ᠌ ᠤᠷᠤᠯᠳᠤᠭᠠᠨ᠂ ᠳᠤᠮᠳᠠᠳᠤ᠎ᠶ᠋ᠢᠨ ᠰᠣᠩᠭᠣᠳᠠᠭ ᠪᠦᠲᠦᠭᠡᠯ᠎ᠦᠨ ᠤᠩᠱᠢᠯᠭ᠎ᠠ᠂ ᠬᠢᠴᠢᠶᠡᠯ᠎ᠤᠨ ᠲᠡᠪᠳᠡᠷ᠎ᠤᠨ ᠵᠦᠴᠦᠭᠡ᠎ᠶ᠋ᠢᠨ ᠦᠵᠡᠭᠦᠯᠭᠡ ᠵᠡᠷᠭᠡ ᠦᠭᠡ ᠬᠡᠯᠡᠨ᠎ᠦ ᠰᠣᠶᠣᠯ᠎ᠤᠨ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠪᠡ᠃ ᠡᠳᠡᠭᠡᠷ ᠠᠵᠢᠯᠯᠠᠭ᠎ᠠ ᠨᠢ ᠰᠤᠷᠭᠠᠭᠤᠯᠢ᠎ᠶ᠋ᠢᠨ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠰᠤᠷᠤᠭ᠍ᠴᠢᠳ᠎ᠲᠤ ᠬᠢᠲᠠᠳ ᠬᠡᠯᠡᠨ᠎ᠦ ᠷᠢᠳᠢ ᠱᠢᠳᠢ ᠪᠠ ᠰᠣᠶᠣᠯ᠎ᠤᠨ ᠠᠭᠤᠯᠤᠭ᠍ᠳᠠᠬᠤᠨ᠎ᠢ ᠮᠡᠳᠡᠷᠡᠭᠦᠯᠪᠡ᠃ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠨ ᠰᠤᠷᠭᠠᠭᠤᠯᠢ ᠵᠢᠨ ᠬᠢᠨ ᠪᠠᠰᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠭᠤᠷᠪᠠᠳᠤᠭᠠᠷ ᠣᠨ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠤᠭ᠍ᠴᠢᠳ᠎ᠲᠤ ᠴᠢᠭ᠌ᠯᠡᠭᠦᠯᠦᠨ 《ᠭᠤᠤᠯᠳᠠᠯᠭ᠎ᠠ᠎ᠲᠠᠶ ᠬᠢᠴᠢᠶᠡᠯ ᠲᠥᠷᠥᠯ ᠢ ᠴᠢᠩᠭᠠᠷᠠᠭᠤᠯᠬᠤ ᠢᠨᠵᠧᠨᠧᠷᠢᠩ 》 ᠢ᠋ ᠬᠡᠷᠡᠭ᠌ᠵᠢᠭᠦᠯᠵᠦ᠍᠂ ᠡᠷᠲᠡ ᠰᠤᠷᠤᠯᠴᠠᠬᠤ ᠪᠠ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡᠨ᠎ᠦ ᠴᠠᠭ᠎ᠢ ᠠᠱᠢᠭ᠍ᠯᠠᠨ ᠵᠥᠷᠢᠶ᠎ᠡ᠎ᠶ᠋ᠢ ᠨᠥᠬᠥᠪᠥᠷᠢᠯᠡᠬᠦ᠌ ᠵᠢᠭᠠᠨ ᠰᠤᠷᠭᠠᠯᠲᠠ ᠥᠷᠨᠢᠭᠦᠯᠵᠦ᠍᠂ ᠰᠤᠷᠤᠭ᠍ᠴᠢᠳ᠎ᠤᠨ ᠰᠠᠭᠤᠷᠢ᠎ᠶ᠋ᠢ ᠪᠡᠬᠢᠵᠢᠭᠦᠯᠪᠡ᠃
ᠰᠤᠷᠭᠠᠭᠤᠯᠢ᠎ᠶ᠋ᠢᠨ ᠵᠠᠬᠢᠷᠤᠯ ᠤᠶᠤᠨᠪᠠᠭᠠᠲᠤᠷ᠄ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠪᠣᠯ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠰᠤᠷᠤᠭ᠍ᠴᠢᠳ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ ᠪᠣᠯᠤᠨ ᠢᠷᠡᠭᠡᠳᠦᠢ᠎ᠶ᠋ᠢᠨ ᠨᠡᠢᠭᠡᠮ᠎ᠳᠦ ᠠᠭᠤᠰᠤᠯᠴᠠᠬᠤ᠎ᠳᠤ ᠦᠢᠯᠡᠴᠢᠯᠡᠬᠦ᠌ ᠴᠢᠬᠤᠯᠠ ᠠᠷᠭ᠎ᠠ ᠵᠠᠮ ᠪᠣᠯᠤᠨ᠎ᠠ᠃ ᠪᠢᠳᠡ ᠵᠢᠭᠠᠨ ᠰᠤᠷᠭᠠᠬᠤ ᠠᠷᠭ᠎ᠠ ᠪᠤᠳᠤᠯᠭ᠎ᠠ᠎ᠪᠠᠨ ᠦᠷᠭᠦᠯᠵᠢᠯᠡᠨ ᠱᠢᠯᠢᠳᠡᠭ᠌ᠵᠢᠭᠦᠯᠵᠦ᠍᠂ ᠡᠬᠢ ᠪᠠᠶᠠᠯᠢᠭ᠎ᠤᠨ ᠬᠠᠩᠭᠠᠯᠭ᠎ᠠ᠎ᠪᠠᠨ ᠪᠠᠶᠠᠯᠢᠭ᠍ᠵᠢᠭᠤᠯᠵᠤ᠂ ᠰᠤᠷᠤᠭ᠍ᠴᠢᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠡᠬᠢ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠎ᠢ ᠪᠡᠶᠡᠯᠡᠭᠦᠯᠬᠦ ᠳ᠋ᠤ ᠬᠠᠪᠰᠤᠷᠤᠮᠵᠢ ᠦᠵᠡᠬᠦᠯᠵᠦ᠂ ᠨᠡᠩ ᠰᠠᠢ᠌ᠨ ᠦᠰᠦᠨ ᠪᠣᠢᠵᠢᠯᠲᠠ᠎ᠶ᠋ᠢ ᠪᠡᠶᠡᠯᠡᠭᠦᠯᠦᠨ᠎ᠡ》 ᠬᠡᠯ᠎ᠠ᠃
ᠣᠢᠯᠠᠭᠠᠭ᠍ᠰᠠᠨ᠎ᠢᠶᠠᠷ᠂ ᠤᠷᠠᠳ᠎ᠤᠨ ᠬᠣᠢᠲᠤ ᠬᠣᠱᠢᠭᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠯ᠎ᠡ ᠰᠤᠷᠤᠯᠭ᠎ᠠ᠎ᠶ᠋ᠢᠨ ᠱᠠᠲᠤ᠂ ᠡᠯ᠎ᠡ ᠬᠢᠴᠢᠶᠡᠯ ᠲᠥᠷᠥᠯ᠎ᠳᠦ ᠪᠦᠬᠦᠨ᠎ᠢ ᠪᠦᠷᠬᠦᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠰᠤᠷᠭᠠᠭᠤᠯᠢ ᠨᠡᠢᠯᠡᠭᠦᠯᠦᠨ ᠠᠩᠭᠢ ᠨᠡᠢᠯᠡᠭᠦᠯᠬᠦ᠌᠂ ᠬᠣᠯᠢᠯᠳᠤᠭᠤᠯᠤᠨ ᠠᠩᠭᠢ ᠲᠣᠬᠢᠷᠠᠭᠤᠯᠬᠤ᠂ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠲᠤᠷᠱᠢᠯᠲᠠ᠎ᠶ᠋ᠢᠨ ᠠᠩᠭᠢ ᠡᠷᠭᠢᠯᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠪᠡ᠃ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢᠨ ᠲᠠᠯ᠎ᠠ᠎ᠪᠠᠷ᠂ ᠱᠢᠯᠢᠳᠡᠭ᠎ᠢ ᠨᠢ ᠰᠣᠩᠭᠣᠨ ᠴᠢᠩᠭ᠎ᠠ᠎ᠵᠢ ᠨᠢ ᠲᠣᠬᠢᠷᠠᠭᠤᠯᠬᠤ᠎ᠶ᠋ᠢ ᠪᠠᠷᠢᠮᠲᠠᠯᠠᠨ᠂ 《ᠭᠤᠷᠪᠠᠨ ᠬᠢᠴᠢᠶᠡᠯ》 ᠤ᠋ᠨ ᠪᠠᠭ᠍ᠰᠢ ᠶ᠋ᠢ ᠦᠷᠭᠦᠯᠵᠢᠯᠡᠨ ᠨᠥᠬᠥᠪᠥᠷᠢᠯᠡᠵᠦ᠍᠂ ᠱᠢᠰᠲ᠋ᠧᠮᠲᠦ ᠪᠣᠯᠪᠠᠰᠤᠷᠠᠯ ᠪᠠ ᠠᠵᠢᠯ᠎ᠤᠨ ᠪᠠᠢᠷᠢ ᠡᠭᠡᠯᠵᠢᠯᠡᠬᠦ᠌ ᠰᠣᠯᠢᠯᠴᠠᠭ᠎ᠠ᠎ᠶ᠋ᠢ ᠥᠷᠨᠢᠭᠦᠯᠦᠨ᠂ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢ ᠴᠢᠩᠭᠠᠳᠭᠠᠵᠤ᠂ ᠵᠢᠭᠠᠨ ᠰᠤᠷᠭᠠᠯᠲᠠ᠎ᠶ᠋ᠢᠨ ᠤᠷᠤᠯᠳᠤᠭᠠᠨ᠎ᠢ ᠥᠷᠭᠡᠨ᠎ᠢᠶᠡᠷ ᠵᠣᠬᠢᠶᠠᠨ ᠪᠠᠢᠭᠤᠯᠵᠤ᠂ ᠪᠠᠭ᠍ᠰᠢ ᠰᠤᠷᠤᠭ᠍ᠴᠢᠳ᠎ᠤᠨ ᠵᠢᠭᠠᠨ ᠰᠤᠷᠭᠠᠬᠤ ᠪᠠ ᠰᠤᠷᠤᠯᠴᠠᠬᠤ ᠢᠳᠡᠪᠬᠢᠵᠢᠯ ᠢ ᠬᠥᠭ᠌ᠵᠢᠭᠡᠪᠡ᠃ ᠡᠭᠦᠨ᠎ᠦ ᠬᠠᠮᠲᠤ᠂ ᠲᠤᠬᠠᠶ᠎ᠶ᠋ᠢᠨ ᠭᠠᠵᠠᠷ᠎ᠤᠨ ᠰᠤᠷᠭᠠᠨ ᠬᠥᠮᠦᠵᠢᠯ᠎ᠦᠨ ᠣᠷᠣᠭᠤᠯᠤᠯᠲᠠ ᠵᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠰᠤᠷᠭᠠᠭᠤᠯᠢ ᠡᠷᠭᠢᠯᠡᠬᠦ᠌ ᠨᠥᠬᠥᠴᠡᠯ᠎ᠢ ᠰᠠᠢᠵᠢᠷᠠᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠬᠣᠱᠢᠭᠤ᠂ ᠰᠤᠷᠭᠠᠭᠤᠯᠢ᠂ ᠠᠩᠭᠢ᠂ ᠪᠠᠭ᠍ᠰᠢ ᠳᠥᠷᠪᠡᠨ ᠱᠠᠲᠤᠨ᠎ᠤ ᠳᠠᠭᠠᠭᠠᠴᠢᠯᠠᠨ ᠬᠣᠯᠪᠣᠭᠠᠯᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠴᠢᠨᠠᠷ ᠰᠠᠢᠲᠠᠶ ᠰᠤᠷᠭᠠᠭᠤᠯᠢ ᠬᠢᠭᠡᠳ ᠤᠤᠯ ᠤᠨ ᠦᠨᠳᠦᠰᠦᠲᠡᠨ ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠬᠣᠯᠪᠣᠭᠠᠯᠠᠨ ᠬᠠᠮᠲᠤ᠎ᠪᠠᠷ ᠪᠠᠢᠭᠤᠯᠬᠤ᠎ᠶ᠋ᠢ ᠠᠬᠢᠭᠤᠯᠵᠤ᠂ ᠡᠬᠢ ᠪᠠᠶᠠᠯᠢᠭ ᠢ ᠬᠠᠮᠲᠤ᠎ᠪᠠᠷ ᠡᠳ᠋ᠯᠡᠬᠦ᠌᠂ ᠲᠤᠷᠱᠢᠯᠭ᠎ᠠ᠎ᠪᠠᠨ ᠬᠠᠷᠢᠯᠴᠠᠨ ᠨᠡᠪᠲᠡᠷᠡᠯᠴᠡᠬᠦ᠌᠎ᠶ᠋ᠢ ᠠᠬᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠪᠡ᠃